ᠰᠢᠨ᠎ᠡ ᠪᠠᠷᠭᠤ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶᠠᠨ ᠤ ᠪᠠᠶᠢᠭᠤᠯᠤᠮᠵᠢ ᠶᠢᠨ ᠡᠭᠦᠷᠭᠡ ᠲᠤᠰᠢᠶᠠᠯ
ᠨᠡᠶᠢᠲᠡᠯᠡᠭᠰᠡᠨ ᠴᠠᠭ᠄
2024/7/11
          ᠰᠢᠨ᠎ᠡ ᠪᠠᠷᠭᠤ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠬᠤᠷᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ᠄          ︵ᠨᠢᠭᠡ︶ ᠦᠨᠳᠦᠰᠦᠲᠡᠨ ᠤ ᠠᠵᠢᠯ ᠤᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠦᠨᠳᠦᠰᠦᠲᠡᠨ ᠤ ᠤᠨᠤᠯ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠲᠦᠷᠦ ᠶᠢᠨ ᠪᠣᠳᠣᠯᠭ᠎ᠠ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ᠂ ᠠᠷᠭ᠎ᠠ ᠵᠢᠴᠢ ᠬᠥᠭᠵᠢᠭᠦᠯᠦᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠪᠠᠳᠠᠨ ᠪᠠᠶᠢᠴᠠᠭᠠᠨ᠎ᠠ᠃ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃          ︵ᠬᠤᠶᠠᠷ︶ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠪᠠ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢ ᠬᠠᠷᠢᠭᠤᠴᠠᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠭᠰᠠᠨ ᠬᠡᠷᠡᠭ ᠶᠠᠪᠤᠳᠠᠯ ᠢ ᠬᠢᠨᠠᠵᠤ ᠰᠢᠢᠳᠪᠦᠷᠢᠯᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ᠂ ᠯᠠᠯᠤ ᠶᠢᠨ ᠢᠳᠡᠭᠡᠨ ᠤ ᠬᠠᠮᠢᠶᠠᠷᠤᠯᠲᠠ ᠳᠤ ᠬᠤᠯᠪᠣᠭᠳᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠪᠦᠷᠢᠯᠳᠦᠭᠦᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠵᠣᠬᠢᠴᠠᠭᠤᠯᠤᠨ ᠬᠠᠮᠠᠭᠠᠯᠠᠬᠤ ᠠᠵᠢᠯ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃          ︵ᠭᠤᠷᠪᠠ︶ ᠴᠥᠭᠡᠨ ᠲᠣᠭᠠᠲᠤ ᠦᠨᠳᠦᠰᠦᠲᠡᠨ  ᠤ ᠦᠢᠯᠡᠰ ᠪᠣᠯᠣᠨ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ  ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠠᠵᠢᠯ  ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠣᠨᠴᠠᠭᠠᠶ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠢᠪᠠᠳᠠᠵᠤ ᠪᠠᠶᠢᠭᠠᠳ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠠᠬᠢ ᠬᠡᠷᠡᠭᠵᠢᠭᠦᠯᠦᠯᠲᠡ᠂ ᠵᠣᠯᠭᠠᠯᠳᠤᠯ ᠢ ᠠᠬᠢᠭᠤᠯᠤᠨ᠎ᠠ᠃ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠬᠡᠷᠡᠭᠰᠡᠯ ᠤᠨ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠬᠤ ᠳᠤ ᠣᠷᠣᠯᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠢ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠪᠠ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠰᠤᠷᠠᠭ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ᠃          ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠠᠯ᠎ᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭ᠎ᠠ ᠭᠠᠵᠠᠷ ᠣᠷᠣᠨ ᠤ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠤᠬᠠᠢ ᠣᠨᠴᠠᠭᠠᠶ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠦᠨᠳᠦᠰᠦᠲᠡᠨ ᠤ ᠰᠣᠶᠣᠯ ᠤᠨ ᠠᠵᠢᠯᠯᠠᠭ᠎ᠠ᠂ ᠪᠡᠯᠭᠡᠯᠡᠬᠦ ᠠᠵᠢᠯᠯᠠᠭ᠎ᠠ ᠪᠠ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠨ ᠡᠷᠬᠢᠯᠡᠨ᠎ᠡ᠃          ︵ᠲᠠᠪᠤ︶ ᠴᠥᠭᠡᠨ ᠲᠣᠭᠠᠲᠤ ᠦᠨᠳᠦᠰᠦᠲᠡᠨ  ᠤ ᠦᠭᠡ ᠬᠡᠯᠡ ᠥᠰᠥᠭ ᠪᠢᠴᠢᠭ  ᠤᠨ ᠬᠠᠮᠢᠶ᠎ᠠ ᠪᠦᠬᠦᠢ ᠠᠵᠢᠯ  ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ ᠵᠢᠴᠢ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠪᠦᠲᠦᠭᠡᠯ᠂ ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠬᠦ ᠠᠵᠢᠯ ᠢ ᠵᠢᠯᠣᠭᠤᠳᠤᠨ᠎ᠠ᠃          ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠭᠠᠳᠤ ᠲᠠᠢ ᠰᠣᠯᠢᠯᠴᠠᠭ᠎ᠠ ᠬᠢᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠭᠠᠳᠤ ᠯᠤᠭ᠎ᠠ ᠶᠢᠨ ᠪᠠ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠣᠷᠣᠯᠴᠠᠪᠠ᠃          ︵ᠳᠣᠯᠤᠭ᠎ᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠬᠤ ᠶᠢ ᠬᠠᠷᠢᠭᠤᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ᠂ ᠬᠥᠮᠥᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃          ︵ᠨᠠᠢᠮᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ᠰᠢᠨ᠎ᠡ ᠪᠠᠷᠭᠤ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄          ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠵᠣᠬᠢᠴᠠᠭᠤᠯᠬᠤ ᠪᠠ ᠰᠢᠪᠠᠳᠠᠨ ᠰᠢᠢᠳᠪᠦᠷᠢᠯᠡᠭᠦᠯᠬᠦ ᠶᠢ ᠬᠠᠷᠢᠭᠤᠴᠠᠨ᠎ᠠ ; ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠠᠵᠢᠯ ᠢ ᠵᠣᠬᠢᠶᠠᠨ ᠪᠠᠶᠢᠭᠤᠯᠤᠨ᠎ᠠ ; ᠪᠠᠶᠢᠭᠤᠯᠭ᠎ᠠ ᠶᠢᠨ ᠠᠯᠪᠠᠨ ᠪᠢᠴᠢᠭ ᠴᠠᠬᠢᠯᠭᠠᠨ ᠮᠡᠳᠡᠭᠡ ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ ᠮᠠᠲ᠋ᠧᠷᠢᠶᠠᠯ᠂ ᠳᠠᠩᠰᠠ ᠡᠪᠬᠡᠮᠡᠯ᠂ ᠮᠡᠳᠡᠭᠡ ᠵᠠᠩᠭᠢ᠂ ᠨᠢᠭᠤᠴᠠ  ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠡᠳ᠋ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠦᠯᠢᠶᠡᠨ ᠠᠪᠬᠤ ᠵᠡᠷᠭᠡ ᠠᠵᠢᠯ ᠢ ᠬᠠᠷᠢᠭᠤᠴᠠᠨ᠎ᠠ ; ᠪᠠᠶᠢᠭᠤᠯᠭ᠎ᠠ ᠶᠢᠨ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠲᠤᠰᠢᠶᠠᠯ ᠬᠠᠪᠰᠤᠷᠭᠠᠭᠰᠠᠨ ᠭᠡᠰᠢᠭᠦᠨ ᠨᠢᠭᠡᠴᠢ ᠲᠠᠢ ᠬᠠᠷᠢᠯᠴᠠᠵᠤ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠬᠤᠷᠢᠶ᠎ᠠ ᠶᠢᠨ ᠲᠤᠰᠢᠶᠠᠯ ᠬᠠᠪᠰᠤᠷᠭᠠᠭᠰᠠᠨ ᠭᠡᠰᠢᠭᠦᠨ ᠤ ᠳᠦᠷᠢᠮ ᠢ ᠬᠡᠷᠡᠭᠵᠢᠭᠦᠯᠦᠨ᠎ᠡ ; ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠳᠠᠩᠰᠠᠯᠠᠬᠤ ᠠᠵᠢᠯ ᠢ ᠳᠠᠭᠠᠭᠠᠨ ᠭᠦᠢᠴᠡᠳᠬᠡᠨ᠎ᠡ᠄ ᠬᠤᠯᠪᠣᠭᠳᠠᠯ ᠪᠦᠬᠦᠢ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠰᠢᠭᠤᠨ ᠤ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠲᠠᠯ᠎ᠠ ᠶᠢᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠵᠢᠴᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ ; ᠦᠨᠳᠦᠰᠦᠲᠡᠨ ᠤ ᠲᠦᠷᠦ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠨ᠎ᠠ ; ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ ᠳᠤ ᠬᠤᠯᠪᠣᠭᠳᠠᠬᠤ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ ; ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠢ ᠪᠠᠲᠤᠯᠠᠬᠤ ᠶᠠᠪᠤᠳᠠᠯ ᠳᠤ ᠬᠢᠨᠠᠯᠲᠠ ᠲᠠᠯᠪᠢᠵᠤ ᠰᠢᠢᠳᠪᠦᠷᠢᠯᠡᠨ᠎ᠡ ; ᠯᠠᠯᠤ ᠶᠢᠨ ᠢᠳᠡᠭᠡᠨ ᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ ; ᠦᠨᠳᠦᠰᠦᠲᠡᠨ ᠤ ᠬᠠᠷᠢᠴᠠᠭᠠᠨ ᠤ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢᠨ ᠠᠰᠠᠭᠤᠳᠠᠯ ᠢ ᠰᠤᠳᠤᠯᠵᠤ᠂ ᠬᠤᠯᠪᠣᠭᠳᠠᠯ ᠪᠦᠬᠦᠢ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠳᠠᠭᠠᠭᠠᠨ ᠬᠢᠨ᠎ᠡ ; ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ ; ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠳᠠᠭᠠᠭᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠢᠪᠠᠳᠠᠵᠤ ᠪᠠᠶᠢᠭᠠᠳ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠎ ᠨᠢ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠪᠠ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠬᠢᠨᠠᠵᠤ ᠪᠠᠶᠢᠴᠠᠭᠠᠨ᠎ᠠ᠃ ᠦᠨᠳᠦᠰᠦᠲᠡᠨ ᠤ ᠭᠠᠵᠠᠷ ᠣᠷᠣᠨ ᠤ ᠲᠤᠭ᠎ᠠ ᠪᠦᠷᠢᠳᠬᠡᠯ ᠤᠨ ᠵᠠᠳᠠᠯᠤᠯᠲᠠ ᠪᠠ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ ; ᠦᠨᠳᠦᠰᠦᠲᠡᠨ ᠤ ᠭᠠᠵᠠᠷ ᠣᠷᠣᠨ ᠤ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠯᠴᠠᠬᠤ᠂ ᠠᠵᠤ ᠠᠬᠤᠢ ᠲᠧᠭᠨᠢᠭ ᠮᠡᠷᠭᠡᠵᠢᠯ ᠤᠨ ᠲᠠᠯ᠎ᠠ ᠪᠠᠷ ᠬᠠᠮᠲᠤᠷᠠᠨ ᠠᠵᠢᠯᠯᠠᠬᠤ ᠪᠠ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠬᠤ ᠳᠤ ᠣᠷᠣᠯᠴᠠᠨ᠎ᠠ ; ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠪᠠ ᠶᠠᠳᠠᠭᠤ ᠶᠢ ᠲᠡᠳᠬᠦᠬᠦ ᠠᠵᠢᠯ ᠳᠤ ᠣᠷᠣᠯᠴᠠᠨ᠎ᠠ᠃          ︵ᠬᠤᠶᠠᠷ︶ ᠮᠣᠩᠭᠤᠯ ᠦᠭᠡ ᠬᠡᠯᠡ ᠥᠰᠥᠭ ᠪᠢᠴᠢᠭ ᠤᠨ ᠲᠠᠰᠤᠭ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠲᠠᠯ᠎ᠠ ᠪᠠᠷ ᠬᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠤᠬᠠᠭᠤᠯᠬᠤ ᠶᠢᠨ ᠬᠠᠮᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠄ ᠰᠢᠨ᠎ᠡ ᠪᠠᠷᠭᠤ ᠵᠡᠭᠦᠨ ᠬᠤᠰᠢᠭᠤᠨ ᠤ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠢ ᠬᠤᠷᠸ᠎ᠠ ᠬᠠᠮᠢᠶᠠᠷᠤᠨ᠎ᠠ ; ᠪᠥᠬᠦ ᠬᠤᠰᠢᠭᠤᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠠᠵᠢᠯ ᠤᠨ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ ; ᠪᠥᠬᠦ ᠬᠤᠰᠢᠭᠤᠨ ᠤ ᠮᠣᠩᠭᠤᠯ ᠦᠭᠡ ᠬᠡᠯᠡ ᠥᠰᠥᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠰᠣᠯᠢᠯᠴᠠᠬᠤ᠂ ᠪᠣᠯᠪᠠᠰᠤᠷᠠᠭᠤᠯᠬᠤ ᠠᠵᠢᠯ ᠢ ᠵᠢᠯᠣᠭᠤᠳᠤᠨ᠎ᠠ ; ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠨ᠎ᠡ ; ᠪᠥᠬᠦ ᠬᠤᠰᠢᠭᠤᠨ ᠤ ᠮᠣᠩᠭᠤᠯ ᠦᠭᠡ ᠬᠡᠯᠡ ᠥᠰᠥᠭ ᠪᠢᠴᠢᠭ ᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠠᠵᠢᠯ ᠢ ᠵᠢᠯᠣᠭᠤᠳᠤᠨ ᠠᠬᠢᠭᠤᠯᠵᠤ᠂ ᠪᠥᠬᠦ ᠬᠤᠰᠢᠭᠤᠨ ᠤ ᠮᠣᠩᠭᠤᠯ ᠬᠡᠯᠡᠨ ᠤ ᠨᠡᠷ᠎ᠡ ᠲᠣᠮᠢᠶ᠎ᠠ᠂ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ᠂ ᠮᠣᠩᠭᠤᠯ ᠬᠡᠯᠡᠨ ᠤ ᠵᠥᠪ ᠪᠢᠴᠢᠯᠭᠡ ᠶᠢᠨ ᠠᠷᠭ᠎ᠠ ᠶᠢ ᠳᠡᠯᠭᠡᠷᠡᠭᠦᠯᠦᠨ ᠬᠡᠷᠡᠭᠯᠡᠬᠦ ᠪᠣᠳᠠᠲᠠᠢ ᠠᠵᠢᠯ ᠢ ᠡᠭᠦᠷᠭᠡᠯᠡᠨ᠎ᠡ᠃ ᠮᠣᠩᠭᠤᠯ ᠦᠭᠡ ᠬᠡᠯᠡ ᠥᠰᠥᠭ ᠪᠢᠴᠢᠭ ᠢ ᠰᠤᠷᠤᠯᠴᠠᠵᠤ ᠬᠡᠷᠡᠭᠯᠡᠬᠦ ᠠᠵᠢᠯ ᠤᠨ ᠬᠥᠬᠢᠭᠦᠯᠦᠨ ᠱᠠᠩᠨᠠᠬᠤ ᠠᠵᠢᠯᠯᠠᠭ᠎ᠠ ᠶᠢ ᠳᠠᠭᠠᠭᠠᠨ ᠡᠷᠭᠢᠯᠡᠨ᠎ᠡ᠃          ︵ᠭᠤᠷᠪᠠ︶ ᠨᠡᠶᠢᠭᠡᠮ ᠤᠨ ᠬᠥᠭᠵᠢᠯᠲᠡ ᠶᠢᠨ ᠰᠲ᠋ᠣᠺ᠃ ᠪᠥᠬᠦ ᠬᠤᠰᠢᠭᠤᠨ ᠤ ᠴᠥᠭᠡᠨ ᠲᠣᠭᠠᠲᠤ ᠦᠨᠳᠦᠰᠦᠲᠡᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠤᠷᠠᠯᠢᠭ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠣᠨᠢᠨ ᠮᠡᠳᠡᠭᠡ ᠬᠡᠪᠯᠡᠯ᠂ ᠨᠡᠶᠢᠭᠡᠮ ᠤᠨ ᠬᠥᠭᠵᠢᠯᠲᠡ ᠶᠢᠨ ᠦᠢᠯᠡᠰ ᠤᠨ ᠣᠨᠴᠠᠭᠠᠶ ᠠᠰᠠᠭᠤᠳᠠᠯ ᠢ ᠰᠤᠳᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ ; ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠵᠦ ᠰᠢᠯᠢᠨ ᠳᠡᠪᠰᠢᠭᠦᠯᠬᠦ ᠪᠠ ᠲᠠᠨᠢᠯᠴᠠᠭᠤᠯᠬᠤ ᠠᠵᠢᠯ ᠢ ᠳᠠᠭᠠᠭᠠᠨ ᠬᠢᠨ᠎ᠡ ; ᠰᠤᠷᠭᠠᠨ ᠬᠥᠮᠦᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠤ ᠰᠤᠷᠭᠠᠨ ᠬᠥᠮᠦᠵᠢᠯ ᠤᠨ ᠲᠤᠰᠠᠯᠠᠮᠵᠢ ᠦᠵᠡᠭᠦᠯᠬᠦ ᠪᠠ ᠦᠨᠳᠦᠰᠦᠲᠡᠨ ᠤ ᠰᠤᠷᠭᠠᠨ ᠬᠥᠮᠦᠵᠢᠯ ᠤᠨ ᠲᠡᠳᠬᠦᠨ ᠳᠡᠮᠵᠢᠬᠦ ᠬᠤᠯᠪᠣᠭᠳᠠᠯ ᠪᠦᠬᠦᠢ ᠬᠡᠷᠡᠭ ᠶᠠᠪᠤᠳᠠᠯ ᠢ ᠥᠷᠨᠢᠭᠦᠯᠦᠨ᠎ᠡ ; ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠦᠨᠳᠦᠰᠦᠲᠡᠨ ᠤ ᠰᠣᠶᠣᠯ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠦᠨᠳᠦᠰᠦᠲᠡᠨ ᠤ ᠡᠮ ᠡᠮᠨᠡᠯᠭᠡ ᠶᠢ ᠠᠭᠤᠳᠠᠯᠤᠨ ᠡᠮᠬᠢᠳᠬᠡᠬᠦ ᠪᠠ ᠦᠨᠳᠦᠰᠦᠲᠡᠨ ᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠥᠷᠨᠢᠭᠦᠯᠦᠨ᠎ᠡ ; ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠ ᠬᠥᠬᠢᠭᠦᠯᠦᠨ ᠰᠠᠶᠢᠰᠢᠶᠠᠬᠤ ᠠᠵᠢᠯ ᠢ ᠳᠠᠭᠠᠭᠠᠨ ᠭᠦᠢᠴᠡᠳᠬᠡᠨ᠎ᠡ᠄ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠄ ᠦᠨᠳᠦᠰᠦᠲᠡᠨ ᠤ ᠪᠦᠷᠢᠯᠳᠦᠭᠦᠨ ᠤ ᠬᠠᠮᠢᠶᠠᠷᠤᠯᠲᠠ ᠶᠢᠨ ᠠᠵᠢᠯ ᠤᠨ ᠪᠠᠶᠢᠭᠤᠯᠭ᠎ᠠ ᠶᠢᠨ ᠨᠠᠮ ᠤᠨ ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ᠂ ᠤᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃           ᠬᠠᠷᠢᠭᠤᠴᠠᠯᠭᠠᠲᠠᠨ᠄  ᠣᠳᠣᠨᠭᠡᠷᠡᠯ          ᠠᠵᠢᠯᠯᠠᠬᠤ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠠᠰᠠᠷ ᠤᠨ ᠳᠥᠷᠪᠡᠳᠦᠭᠡᠷ ᠳᠠᠪᠬᠤᠷᠭ᠎ᠠ          ᠠᠯᠪᠠᠨ ᠤᠲᠠᠰᠤ᠄ 0470 ︱ 6601950          ᠠᠵᠢᠯᠯᠠᠬᠤ ᠴᠠᠭ᠄ ᠦᠳᠡ ᠶᠢᠨ ᠡᠮᠦᠨᠡᠬᠢ 9᠄ 00 ︱ 12᠄ 00᠂ ᠦᠳᠡ ᠶᠢᠨ ᠬᠤᠶᠢᠨᠠᠬᠢ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶          ᠰᠢᠤᠳᠠᠨ ᠳ᠋ᠤᠭᠠᠷ᠄ 021200ᠢᠮᠧᠯ᠄ xzqmsj@163.com          ᠰᠦᠯᠵᠢᠶᠡᠨ ᠤ ᠬᠠᠶ᠋ᠢᠭ᠄ http://www.xzq.gov.cn/OpennessContent/showList/752/0/page_1.html             
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ