ᠬᠥᠯᠥᠨ ᠪᠤᠶᠢᠷ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ ᠪᠣᠯ | ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠢᠩᠬᠢᠨᠢ ᠰᠠᠯᠠᠭ᠎ᠠ ᠶᠢᠨ ᠲᠡᠰ ᠤᠨ ᠲᠣᠮᠢᠯᠠᠭᠰᠠᠨ ᠪᠠᠶᠢᠭᠤᠯᠤᠮᠵᠢᠪᠣᠯᠣᠨᠠ᠃ | | | ᠨᠢᠭᠡ᠂ ᠭᠤᠣᠯ ᠡᠭᠦᠷᠭᠡ ᠲᠤᠰᠢᠶᠠᠯ | | | ᠭᠤᠣᠯᠳᠠᠭᠤ ᠰᠢᠨ᠎ᠡ ᠪᠠᠷᠭᠤ ᠵᠡᠭᠦᠨ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠪᠠ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠵᠤ᠂ ᠲᠣᠪᠴᠢᠶ᠎ᠠ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | | | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | | | ︵ᠨᠢᠭᠡ︶ ᠵᠠᠰᠠᠭ ᠵᠠᠬᠢᠷᠭᠠᠨ ᠤ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠢ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ | ᠳᠣᠲᠣᠭᠠᠳᠤ ᠶᠢᠨ ᠰᠢᠮᠳᠠᠭᠤᠯᠤᠨ ᠪᠠᠶᠢᠴᠠᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠣᠷᠴᠢᠨ ᠲᠣᠭᠤᠷᠢᠨ ᠤ ᠵᠠᠬᠢᠳᠠᠯ ᠰᠣᠷᠪᠤᠯᠵᠢᠯᠠᠭ᠎ᠠ᠂ ᠶᠠᠷᠢᠶ᠎ᠠ | ᠬᠡᠯᠡᠯᠴᠡᠭᠡᠨ ᠤ ᠪᠠᠶᠢᠳᠠᠯ ᠤᠨ ᠬᠠᠮᠢᠶᠠᠷᠤᠯᠲᠠ᠂ ᠤᠬᠠᠭᠤᠯᠭ᠎ᠠ ᠬᠥᠮᠦᠵᠢᠯ᠂ ᠰᠣᠨᠢᠨ ᠮᠡᠳᠡᠭᠡ ᠨᠡᠶᠢᠲᠡᠯᠡᠬᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠬᠤᠷᠠᠯ ᠤᠨ | ᠶᠠᠪᠤᠳᠠᠯ ᠤᠨ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠨᠢᠭᠤᠴᠠ ᠴᠢᠬᠤᠯᠠ ᠵᠦᠢᠯ᠂ ᠲᠠᠩᠰᠠ ᠡᠪᠬᠡᠮᠡᠯ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ | ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠵᠠᠰᠠᠭ ᠤᠨ ᠶᠠᠪᠤᠳᠠᠯ ᠤᠨ ᠬᠡᠷᠡᠭ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ | ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠯ ᠵᠡᠷᠭᠡ ᠠᠵᠢᠯ ᠢ ᠬᠠᠷᠢᠭᠤᠴᠠᠨ᠎ᠠ᠃ | ᠪᠥᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ | ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠲᠠᠢ ᠬᠠᠮᠵᠢᠯᠴᠠᠨ ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠭ ᠵᠠᠬᠢᠷᠭᠠᠨ ᠤ | ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠬᠡᠷᠡᠭᠵᠢᠭᠦᠯᠦᠨ᠎ᠡ᠃ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ | ᠪᠠᠶᠢᠭᠤᠯᠤᠯ ᠤᠨ ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ | ᠠᠮᠠᠷᠠᠭᠰᠠᠨ ᠬᠥᠮᠥᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠶᠡᠷᠦᠩᠬᠡᠶᠢᠯᠡᠭᠰᠡᠨ ᠴᠢᠨᠠᠷᠲᠠᠢ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ | ᠬᠠᠷᠠᠯᠲᠠ ᠪᠠ ᠬᠢᠨᠠᠨ ᠰᠢᠯᠭᠠᠬᠤ ᠲᠥᠯᠥᠪᠯᠡᠭᠡ ᠶᠢ ᠨᠠᠶᠢᠳᠠᠪᠤᠷᠢᠵᠢᠭᠤᠯᠤᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠪᠦᠷᠢᠳᠬᠡᠯ᠂ ᠪᠣᠬᠢᠷᠲᠤᠯ ᠤᠨ ᠡᠬᠢ | ᠰᠤᠷᠪᠤᠯᠵᠢ ᠶᠢᠨ ᠨᠡᠶᠢᠳᠡᠮ ᠪᠠᠶᠢᠴᠠᠭᠠᠯᠲᠠ᠂ ᠪᠣᠬᠢᠷᠲᠤᠯ ᠤᠨ ᠡᠬᠢ ᠰᠤᠷᠪᠤᠯᠵᠢ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠪᠠ ᠠᠮᠢ | ᠠᠬᠤᠢ ᠶᠢᠨ ᠣᠷᠴᠢᠨ ᠲᠣᠭᠤᠷᠢᠨ ᠤ ᠪᠠᠶᠢᠳᠠᠯ ᠤᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠰᠢᠭᠤᠨ ᠤ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠡᠵᠡᠮᠳᠡᠬᠦ ᠶᠡᠷᠦᠩᠬᠡᠶᠢᠯᠡᠭᠰᠡᠨ ᠵᠣᠬᠢᠴᠠᠭᠤᠯᠭ᠎ᠠ ᠪᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠠᠷᠢᠭᠤᠨ | ᠴᠡᠪᠡᠷ ᠬᠥᠭᠵᠢᠯᠲᠡ ᠶᠢᠨ ᠲᠣᠭᠲᠠᠴᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠬᠤ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ | ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠠᠮᠢ ᠠᠬᠤᠢ ᠶᠢᠨ ᠣᠷᠴᠢᠨ ᠲᠣᠭᠤᠷᠢᠨ ᠤ ᠬᠠᠷᠢᠶ᠎ᠠ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠲᠥᠯᠥᠪᠯᠡᠭᠡ ᠪᠠ ᠲᠥᠷᠥᠯ ᠵᠦᠢᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠪᠡᠯᠡ | ᠮᠥᠩᠭᠦ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠠᠵᠢᠯ ᠢ ᠵᠣᠬᠢᠶᠠᠨ ᠪᠠᠶᠢᠭᠤᠯᠤᠨ ᠪᠥᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯ ᠢ ᠡᠭᠦᠷᠭᠡᠯᠡᠵᠦ᠂ ᠣᠷᠴᠢᠯ ᠠᠵᠤ ᠠᠬᠤᠢ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ | ᠬᠥᠭᠵᠢᠯᠲᠡ ᠶᠢ ᠵᠢᠯᠤᠭᠤᠳᠬᠤ ᠪᠠ ᠠᠬᠢᠭᠤᠯᠬᠤ ᠳᠤ ᠣᠷᠣᠯᠴᠠᠨ᠎ᠠ᠃ ᠡᠷᠬᠡ ᠣᠯᠭᠤᠯᠲᠠ ᠶᠢ ᠦᠨᠳᠦᠰᠦᠯᠡᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠣᠷᠣᠨ | ᠪᠦᠰᠡ᠂ ᠲᠥᠯᠦᠪᠵᠢᠭᠦᠯᠭᠡ᠂ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠪᠤᠶᠤ ᠬᠢᠨᠠᠨ | ᠪᠠᠶᠢᠴᠠᠭᠠᠬᠤ ᠶᠢ ᠡᠭᠦᠷᠭᠡᠯᠡᠨ᠎ᠡ᠃ ᠪᠥᠬᠦ ᠬᠤᠰᠢᠭᠤᠨ ᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠶᠡᠷᠦᠩᠬᠡᠶᠢᠯᠡᠭᠰᠡᠨ ᠵᠣᠬᠢᠴᠠᠭᠤᠯᠭ᠎ᠠ ᠪᠠ ᠬᠠᠮᠢᠶᠠᠷᠤᠯᠲᠠ ᠶᠢᠨ | ᠠᠵᠢᠯ ᠢ ᠡᠭᠦᠷᠭᠡᠯᠡᠨ᠎ᠡ᠃ ᠠᠮᠢ ᠠᠬᠤᠢ ᠶᠢᠨ ᠣᠷᠴᠢᠨ ᠨᠥᠬᠦᠴᠡᠯ ᠤᠨ ᠣᠷᠣᠬᠤ ᠵᠥᠪᠰᠢᠶᠡᠷᠡᠯ ᠤᠨ ᠲᠣᠳᠣᠷᠬᠠᠢ ᠬᠠᠭᠤᠳᠠᠰᠤ ᠶᠢ ᠵᠣᠬᠢᠶᠠᠨ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠤᠨ ᠳᠦᠷᠢᠮ ᠢ ᠨᠠᠶᠢᠳᠠᠪᠤᠷᠢᠵᠢᠭᠤᠯᠤᠨ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠵᠣᠬᠢᠴᠠᠭᠤᠯᠤᠨ ᠬᠠᠮᠵᠢᠯᠴᠠᠵᠤ᠂ ᠰᠢᠨ᠎ᠡ ᠪᠠᠷᠭᠤ ᠵᠡᠭᠦᠨ ᠬᠤᠰᠢᠭᠤᠨ ᠤ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠶᠡᠷᠦᠩᠬᠡᠶᠢᠯᠡᠨ ᠬᠠᠷᠢᠭᠤᠴᠠᠨ᠎ᠠ᠃ | | ᠬᠠᠷᠢᠭᠤᠴᠠᠯᠭᠠᠲᠠᠨ᠄ ᠴᠧᠨ ᠭᠦᠸ᠋ ᠵᠢᠶᠦ᠋ᠨ | ᠠᠵᠢᠯᠯᠠᠬᠤ ᠬᠠᠶ᠋ᠢᠭ᠄ ᠠᠮᠤᠭᠤᠯᠠᠩ ᠪᠠᠯᠭᠠᠰᠤᠨ ᠤ ᠭᠠᠨᠵᠤᠤᠷ ᠵᠡᠭᠡᠯᠢ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠲᠣᠪᠴᠢᠶ᠎ᠠ ᠶᠢᠨ ᠠᠵᠢᠯᠯᠠᠬᠤ | ᠠᠰᠠᠷ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ http://www.xzq.gov.cn/OpennessContent/showList/775/0/page_1.html | ᠠᠵᠢᠯ ᠤᠨ ᠤᠲᠠᠰᠤ᠄ 0470 ︱ 6601355 | ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | | | ︵ᠬᠤᠶᠠᠷ︶ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠲ᠋ᠣᠺ᠃ ᠪᠥᠬᠦ ᠬᠤᠰᠢᠭᠤᠨ ᠤ ᠭᠠᠵᠠᠷ ᠳᠡᠭᠡᠷᠡᠬᠢ ᠤᠰᠤᠨ ᠤ ᠠᠮᠢ ᠠᠬᠤᠢ ᠶᠢᠨ ᠣᠷᠴᠢᠨ | ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠪᠠ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ | ᠲᠥᠯᠦᠪᠵᠢᠭᠦᠯᠭᠡ ᠶᠢ ᠬᠠᠷᠢᠭᠤᠴᠠᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ | ᠬᠢᠨᠠᠨ ᠬᠠᠮᠢᠶᠠᠷᠴᠤ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢ | ᠡᠭᠦᠷᠭᠡᠯᠡᠨ᠎ᠡ᠃ ᠪᠥᠬᠦ ᠬᠤᠰᠢᠭᠤᠨ ᠤ ᠠᠭᠠᠷ ᠮᠠᠨᠳᠠᠯ᠂ ᠬᠡᠷᠡᠯ᠂ ᠦᠮᠡᠬᠡᠢ ᠦᠨᠦᠷ᠂ ᠴᠢᠯᠠᠭᠤᠵᠢᠮᠠᠯ ᠤᠨ ᠡᠨᠧᠷᠭᠢ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠭᠠᠷ ᠮᠠᠨᠳᠠᠯ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ ᠠᠭᠠᠷ ᠮᠠᠨᠳᠠᠯ ᠤᠨ ᠣᠷᠴᠢᠨ ᠠᠬᠤᠢ ᠶᠢᠨ ᠶᠠᠰᠤ ᠴᠢᠨᠠᠷ ᠢ ᠰᠠᠶᠢᠵᠢᠷᠠᠭᠤᠯᠬᠤ ᠬᠠᠷᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ | ᠰᠢᠯᠭᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠣᠷᠣᠨ | ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠠᠵᠢᠯ ᠢ ᠬᠠᠮᠵᠢᠯᠴᠠᠨ ᠥᠷᠨᠢᠭᠦᠯᠦᠨ᠎ᠡ᠃ ᠪᠥᠬᠦ ᠬᠤᠰᠢᠭᠤᠨ ᠤ | ᠬᠥᠷᠥᠰᠥ ᠰᠢᠷᠣᠢ᠂ ᠭᠠᠵᠠᠷ ᠳᠣᠣᠷᠠᠬᠢ ᠤᠰᠤ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠵᠢᠯᠤᠭᠤᠳᠬᠤ᠂ ᠵᠣᠬᠢᠴᠠᠭᠤᠯᠬᠤ ᠪᠠ ᠬᠢᠨᠠᠯᠲᠠ | ᠲᠠᠯᠪᠢᠵᠤ᠂ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠥᠳᠡᠭᠡ ᠲᠣᠰᠬᠤᠨ ᠤ ᠣᠯᠠᠨ ᠡᠬᠢᠲᠦ ᠪᠣᠬᠢᠷᠲᠤᠯ ᠢ ᠰᠡᠷᠭᠡᠶᠢᠯᠡᠨ | ᠵᠠᠰᠠᠬᠤ ᠵᠡᠷᠭᠡ ᠠᠵᠢᠯ ᠳᠤ ᠬᠢᠨᠠᠯᠲᠠ ᠲᠠᠯᠪᠢᠬᠤ ᠪᠠ ᠵᠢᠯᠣᠭᠤᠳᠤᠨ᠎ᠠ᠃ ᠪᠥᠬᠦ ᠬᠤᠰᠢᠭᠤᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠬᠢᠮᠢ ᠶᠢᠨ ᠪᠣᠳᠠᠰ᠂ ᠬᠦᠨᠳᠦ | ᠲᠡᠮᠦᠷᠯᠢᠭ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠰᠠᠴᠤᠷᠠᠭ ᠴᠢᠨᠠᠷᠲᠠᠢ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠪᠠ ᠰᠢᠢᠳᠪᠦᠷᠢᠯᠡᠬᠦ ᠪᠡᠯᠡᠳᠬᠡᠮᠵᠢ ᠦᠷᠡᠨ ︵ᠲᠤᠷᠢ︶ ᠤ ᠠᠭᠤᠷᠬᠠᠢ ᠪᠣᠯᠣᠨ ᠰᠠᠴᠤᠷᠠᠭ ᠴᠢᠨᠠᠷᠲᠠᠢ ᠳᠠᠭᠠᠯᠳᠤᠪᠤᠷᠢ ᠬᠦᠳᠡᠷ᠂ ᠴᠠᠬᠢᠯᠭᠠᠨ ᠰᠣᠷᠢᠨᠵᠢᠨ | ᠰᠠᠴᠤᠷᠠᠭ ᠤᠨ ᠲᠣᠨᠣᠭᠯᠠᠯ ᠪᠣᠯᠣᠨ ᠪᠡᠯᠡᠳᠬᠡᠮᠵᠢ᠂ ᠰᠠᠴᠤᠷᠠᠭ ᠴᠢᠨᠠᠷᠲᠠᠢ ᠪᠣᠳᠠᠰ ᠤᠨ ᠲᠡᠭᠡᠭᠡᠪᠦᠷᠢ ᠶᠢᠨ ᠰᠠᠴᠤᠷᠠᠭ ᠤᠨ ᠠᠶᠤᠯ ᠦᠭᠡᠢ ᠶᠢᠨ ᠪᠠ ᠰᠠᠴᠤᠷᠠᠭ ᠤᠨ | ᠣᠷᠴᠢᠨ ᠲᠣᠭᠤᠷᠢᠨ ᠤ ᠬᠠᠮᠠᠭᠠᠯᠠᠯᠲᠠ᠂ ᠰᠠᠴᠤᠷᠠᠭ ᠴᠢᠨᠠᠷᠲᠠᠢ ᠪᠣᠬᠢᠷᠲᠤᠯ ᠢ ᠵᠠᠰᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ ᠰᠠᠴᠤᠷᠠᠭ ᠤᠨ | ᠣᠷᠴᠢᠨ ᠲᠣᠭᠤᠷᠢᠨ ᠢ ᠬᠢᠨᠠᠨ ᠬᠡᠮᠵᠢᠬᠦ ᠠᠵᠢᠯ ᠢ ᠬᠠᠮᠵᠢᠯᠴᠠᠨ ᠥᠷᠨᠢᠭᠦᠯᠦᠨ᠎ᠡ᠃ ᠪᠥᠬᠦ ᠬᠤᠰᠢᠭᠤᠨ ᠤ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ | ᠠᠵᠢᠯ ᠢ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ ᠪᠠᠶᠢᠴᠠᠭᠠᠨ ᠦᠨᠡᠯᠡᠬᠦ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠵᠢᠱᠢᠬᠦ | ᠪᠠ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠥᠷᠲᠡᠭᠡ ᠴᠡᠭ ᠤᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠥᠷᠨᠢᠭᠦᠯᠵᠦ᠂ ᠠᠮᠢ ᠠᠬᠤᠢ ᠶᠢᠨ | ᠣᠷᠴᠢᠨ ᠲᠣᠭᠤᠷᠢᠨ ᠤ ᠬᠢᠨᠠᠨ ᠬᠡᠮᠵᠢᠬᠦ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠮᠵᠢᠨ ᠥᠷᠨᠢᠭᠦᠯᠦᠨ᠎ᠡ᠃ ᠪᠥᠬᠦ | ᠬᠤᠰᠢᠭᠤᠨ ᠤ ᠪᠣᠬᠢᠷᠲᠤᠯ ᠤᠨ ᠡᠬᠢ ᠶᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠬᠤ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠢ | ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠵᠠᠷᠯᠠᠨ ᠨᠡᠶᠢᠲᠡᠯᠡᠬᠦ ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠠᠮᠢ ᠠᠬᠤᠢ ᠶᠢᠨ | ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠢᠨᠠᠷᠲᠠᠢ ᠮᠡᠳᠡᠭᠦᠯᠦᠯᠲᠡ ᠪᠠ ᠴᠢᠬᠤᠯᠠ ᠶᠡᠭᠡ ᠠᠮᠢ ᠠᠬᠤᠢ ᠶᠢᠨ ᠣᠷᠴᠢᠨ ᠲᠣᠭᠤᠷᠢᠨ ᠤ ᠮᠡᠳᠡᠭᠡ ᠵᠠᠩᠭᠢ ᠶᠢ ᠨᠡᠶᠢᠲᠡᠯᠡᠨ᠎ᠡ | ᠃ ᠪᠦᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶ᠎ᠠ ᠪᠦᠬᠦᠢ ᠬᠢᠨᠠᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ᠂ ᠠᠮᠢᠳᠤ ᠪᠣᠳᠠᠰ ᠤᠨ ᠤᠳᠤᠮᠯᠠᠯ ᠤᠨ ᠡᠬᠢ | ᠪᠠᠶᠠᠯᠢᠭ ᠤᠨ ᠬᠠᠮᠠᠭᠠᠯᠠᠯᠲᠠ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠢᠳᠤ ᠪᠣᠳᠠᠰ ᠤᠨ | ᠮᠡᠷᠭᠡᠵᠢᠯ ᠤᠨ ᠣᠷᠴᠢᠨ ᠲᠣᠭᠤᠷᠢᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ᠂ ᠠᠮᠢᠳᠤ ᠪᠣᠳᠠᠰ ᠤᠨ ᠳᠦᠷᠰᠦ ︵ᠤᠳᠤᠮᠯᠠᠯ ᠤᠨ ᠡᠬᠢ ᠪᠠᠶᠠᠯᠢᠭ ᠪᠠᠭᠲᠠᠨ᠎ᠠ︶ | ᠶᠢ ᠬᠠᠮᠠᠭᠠᠯᠠᠬᠤ ᠠᠵᠢᠯ ᠢ ᠬᠠᠮᠵᠢᠯᠴᠠᠨ ᠥᠷᠨᠢᠭᠦᠯᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ᠂ ᠠᠮᠢᠳᠤ ᠪᠣᠳᠠᠰ ᠤᠨ ᠤᠳᠤᠮᠯᠠᠯ ᠤᠨ | ᠡᠬᠢ ᠪᠠᠶᠠᠯᠢᠭ ᠤᠨ ᠬᠠᠮᠠᠭᠠᠯᠠᠯᠲᠠ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ | ᠬᠤᠰᠢᠭᠤᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ᠂ ᠨᠤᠭᠤ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ | ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠵᠡᠷᠭᠡ ᠠᠵᠢᠯ ᠳᠤ ᠬᠢᠨᠠᠯᠲᠠ ᠲᠠᠯᠪᠢᠨ᠎ᠠ᠃ ᠠᠮᠢ ᠠᠬᠤᠢ ᠶᠢᠨ ᠪᠠᠶᠢᠳᠠᠯ ᠢ ᠦᠨᠡᠯᠡᠨ ᠵᠢᠱᠢᠬᠦ ᠶᠢ ᠬᠠᠮᠵᠢᠯᠴᠠᠨ ᠥᠷᠨᠢᠭᠦᠯᠵᠦ᠂ | ᠠᠮᠢ ᠠᠬᠤᠢ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ | ᠠᠵᠢᠯ ᠳᠤ ᠣᠷᠣᠯᠴᠠᠭᠤᠯᠤᠨ᠎ᠠ᠃ | | | ᠬᠠᠷᠢᠭᠤᠴᠠᠯᠭᠠᠲᠠᠨ᠄ ᠴᠢᠩ ᠮᠧᠢ | ᠠᠵᠢᠯᠯᠠᠬᠤ ᠬᠠᠶ᠋ᠢᠭ᠄ ᠠᠮᠤᠭᠤᠯᠠᠩ ᠪᠠᠯᠭᠠᠰᠤᠨ ᠤ ᠭᠠᠨᠵᠤᠤᠷ ᠵᠡᠭᠡᠯᠢ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠲᠣᠪᠴᠢᠶ᠎ᠠ ᠶᠢᠨ ᠠᠵᠢᠯᠯᠠᠬᠤ | ᠠᠰᠠᠷ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ http://www.xzq.gov.cn/OpennessContent/showList/775/0/page_1.html | ᠠᠵᠢᠯ ᠤᠨ ᠤᠲᠠᠰᠤ᠄ 0470 ︱ 6601355 | ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | | | ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠳᠦᠷᠢᠮ ᠤᠨ ᠰᠲ᠋ᠣᠺ᠃ ᠪᠥᠬᠦ ᠬᠤᠰᠢᠭᠤᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠵᠤ ᠪᠠᠶᠢᠭᠠᠳ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ | ᠡᠮᠬᠢᠯᠡᠨ ᠬᠢᠨᠠᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯᠯᠠᠭᠠᠨ ᠤ ᠠᠵᠢᠯ ᠢ ᠬᠠᠷᠢᠭᠤᠴᠠᠭᠤᠯᠤᠨ᠎ᠠ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ | ᠬᠠᠤᠯᠢ ᠶᠣᠰᠣᠨ ᠤ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ ᠢᠶᠠᠷ ᠵᠠᠷᠭᠤ ᠬᠦᠯᠢᠶᠡᠯᠭᠡᠬᠦ ᠵᠡᠷᠭᠡ | ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ᠂ | ᠬᠠᠤᠯᠢ ᠲᠣᠭᠲᠠᠭᠠᠯ᠂ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠣᠷᠴᠢᠨ | ᠲᠣᠭᠤᠷᠢᠨ ᠢ ᠬᠠᠮᠠᠭᠠᠯᠠᠬᠤ ᠲᠥᠬᠦᠭᠡᠷᠦᠮᠵᠢ ᠶᠢ ᠬᠠᠮᠲᠤ ᠳᠤᠨᠢ ᠵᠢᠷᠤᠵᠤ ᠲᠥᠯᠥᠪᠯᠡᠬᠦ᠂ ᠬᠠᠮᠲᠤ ᠳᠤᠨᠢ ᠪᠠᠷᠢᠬᠤ᠂ ᠬᠠᠮᠲᠤ ᠳᠤᠨᠢ ᠠᠰᠢᠭᠯᠠᠯᠲᠠ ᠳᠤ ᠣᠷᠣᠭᠤᠯᠤᠨ | ᠬᠡᠷᠡᠭᠯᠡᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | | | ᠬᠠᠷᠢᠭᠤᠴᠠᠯᠭᠠᠲᠠᠨ᠄ ᠴᠢᠩ ᠮᠧᠢ | ᠠᠵᠢᠯᠯᠠᠬᠤ ᠬᠠᠶ᠋ᠢᠭ᠄ ᠠᠮᠤᠭᠤᠯᠠᠩ ᠪᠠᠯᠭᠠᠰᠤᠨ ᠤ ᠬᠥᠯᠥᠨ ᠶᠡᠭᠡ ᠵᠡᠭᠡᠯᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠠᠯᠪᠠᠨ | ᠠᠰᠠᠷ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ http://www.xzq.gov.cn/OpennessContent/showList/775/0/page_1.html | ᠠᠵᠢᠯ ᠤᠨ ᠤᠲᠠᠰᠤ᠄ 0470 ︱ 6601355 | ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | | | ᠬᠠᠷᠢᠭᠤᠴᠠᠯᠭᠠᠲᠠᠨ᠄ ᠶᠢᠨ ᠴᠢᠥᠸᠠᠨ | ᠠᠵᠢᠯᠯᠠᠬᠤ ᠬᠠᠶ᠋ᠢᠭ᠄ ᠠᠮᠤᠭᠤᠯᠠᠩ ᠪᠠᠯᠭᠠᠰᠤᠨ ᠤ ᠬᠥᠯᠥᠨ ᠶᠡᠭᠡ ᠵᠡᠭᠡᠯᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠠᠯᠪᠠᠨ | ᠠᠰᠠᠷ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ http://www.xzq.gov.cn/OpennessContent/showList/775/0/page_1.html | ᠠᠵᠢᠯ ᠤᠨ ᠤᠲᠠᠰᠤ᠄ 0470 ︱ 6601355 | ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | | | | | | | | | | | |