ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︵ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠭᠡᠵᠦ ᠲᠣᠪᠴᠢᠯᠠᠨ᠎ᠠ︶ | ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ | | ᠨᠢᠭᠡ᠂ ᠭᠤᠣᠯ ᠡᠭᠦᠷᠭᠡ ᠬᠠᠷᠢᠭᠤᠴᠠᠯᠭ᠎ᠠ | | | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ ᠪᠥᠬᠦ ᠲᠠᠯ᠎ᠠ ᠪᠠᠷ | ᠬᠠᠤᠯᠢ ᠶᠣᠰᠣᠭᠠᠷ ᠬᠤᠰᠢᠭᠤ ᠪᠠᠨ ᠵᠠᠰᠠᠬᠤ ᠪᠠ ᠵᠠᠰᠠᠭ ᠵᠠᠬᠢᠷᠭᠠᠨ ᠤ ᠬᠠᠤᠯᠢ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠡᠷᠡᠭᠦᠦ ᠰᠢᠢᠳᠬᠡᠯ ᠢ | ᠭᠦᠢᠴᠡᠳᠬᠡᠬᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ᠂ ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ ᠠᠵᠢᠯ ᠢ ᠨᠢᠭᠡᠳᠦᠯᠲᠡᠢ | ᠲᠥᠯᠥᠪᠯᠡᠬᠦ ᠭᠤᠣᠯ ᠰᠢᠵᠢᠮ ᠪᠣᠯᠭᠠᠬᠤ ᠶᠢ ᠪᠠᠷᠢᠮᠲᠠᠯᠠᠬᠤ᠂ ᠡᠯ᠎ᠡ ᠵᠦᠢᠯ ᠤᠨ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃ | ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ | ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ | ︵ᠭᠤᠷᠪᠠ︶ ᠬᠠᠤᠯᠢ ᠶᠣᠰᠣᠭᠠᠷ ᠬᠤᠰᠢᠭᠤ ᠪᠠᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠬᠤ ᠶᠢ ᠬᠠᠷᠢᠭᠤᠴᠠᠨ᠎ᠠ᠃ ᠪᠥᠬᠦ ᠲᠠᠯ᠎ᠠ ᠪᠠᠷ ᠬᠠᠤᠯᠢ ᠪᠠᠷ | ᠬᠤᠰᠢᠭᠤ ᠶᠢ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ | ᠵᠣᠬᠢᠴᠠᠭᠤᠯᠤᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠶᠢ ᠵᠠᠰᠠᠬᠤ ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ | ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠶᠢ ᠵᠠᠰᠠᠬᠤ ᠵᠥᠪᠯᠡᠯ ᠤᠨ | ᠲᠣᠭᠲᠠᠭᠠᠭᠰᠠᠨ ᠵᠦᠢᠯᠡᠰ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠰᠢᠮᠳᠠᠭᠤᠯᠵᠤ᠂ ᠬᠤᠯᠪᠣᠭᠳᠠᠯ | ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠳᠥᠷᠪᠡ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠡᠯ᠎ᠡ | ᠰᠤᠮᠤ ᠪᠠᠯᠭᠠᠰᠤ ᠶᠢᠨ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠶᠡᠷᠦᠩᠬᠡᠶᠢᠯᠡᠨ ᠵᠣᠬᠢᠴᠠᠭᠤᠯᠵᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠥᠭᠡᠷᠡᠴᠢᠯᠡᠯᠲᠡ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠤ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ | ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠬᠡᠷᠡᠭ ᠢ ᠬᠠᠷᠢᠭᠤᠴᠠᠨ ᠰᠢᠢᠳᠪᠦᠷᠢᠯᠡᠵᠦ᠂ ᠪᠤᠰᠤᠳ | ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠤᠰᠢᠭᠤᠨ ᠤ ᠵᠠᠰᠠᠭ ᠤᠨ | ᠣᠷᠳᠣᠨ ᠤ ᠡᠯ᠎ᠡ ᠠᠵᠢᠯ ᠤᠨ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ | ᠠᠵᠢᠯ ᠢ ᠬᠠᠷᠢᠭᠤᠴᠠᠨ᠎ᠠ᠃ | ︵ᠲᠠᠪᠤ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠦᠪᠵᠢᠭᠦᠯᠭᠡ ᠶᠢ ᠬᠠᠷᠢᠭᠤᠴᠠᠨ ᠲᠣᠭᠲᠠᠭᠠᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ | ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ ᠶᠢ ᠠᠬᠢᠭᠤᠯᠤᠨ᠎ᠠ᠃ ᠪᠥᠬᠦ | ᠬᠤᠰᠢᠭᠤᠨ ᠤ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ | ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ | ᠬᠠᠷᠢᠭᠤᠴᠠᠨ ᠵᠢᠯᠣᠭᠤᠳᠤᠨ᠎ᠠ᠃ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠬᠠᠷᠢᠭᠤᠴᠠᠨ ᠠᠬᠢᠭᠤᠯᠤᠨ᠎ᠠ᠃ ᠪᠥᠬᠦ ᠬᠤᠰᠢᠭᠤᠨ ᠤ ᠨᠡᠶᠢᠭᠡᠮ | ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠢ ᠵᠢᠯᠣᠭᠤᠳᠤᠨ ᠬᠠᠮᠢᠶᠠᠷᠤᠨ᠎ᠠ᠃ ᠪᠥᠬᠦ ᠬᠤᠰᠢᠭᠤᠨ ᠤ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ | ᠬᠥᠮᠥᠰ ᠢ ᠬᠠᠪᠰᠤᠷᠤᠨ ᠬᠥᠮᠥᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃ | ︵ᠳᠣᠯᠤᠭ᠎ᠠ︶ ᠪᠥᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠬᠠᠷᠢᠭᠤᠴᠠᠨ᠎ᠠ᠃ ᠪᠥᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠤᠰᠢᠭᠤ᠂ ᠰᠤᠮᠤ ᠪᠠᠯᠭᠠᠰᠤ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ | ᠪᠠᠶᠠᠯᠢᠭ ᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠤᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ | ᠲᠤᠰᠠᠯᠠᠮᠵᠢ᠂ ᠠᠯᠪᠠᠨ ᠭᠡᠷᠡᠴᠢᠯᠡᠭᠡ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠤᠭᠤᠳᠬᠤ ᠪᠠ | ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠠᠩᠬ᠎ᠠ ᠬᠢᠨᠠᠯᠲᠠ ᠶᠢᠨ ᠠᠵᠢᠯ ᠵᠢᠴᠢ ᠬᠠᠤᠯᠢᠴᠢ ᠶᠢᠨ ᠠᠵᠢᠯ ᠡᠷᠭᠢᠯᠡᠬᠦ | ᠬᠢᠷᠢ ᠬᠡᠮ ᠢ ᠬᠢᠨᠠᠨ ᠬᠠᠷᠭᠤᠭᠤᠯᠬᠤ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠤᠯᠢᠴᠢ ᠶᠢᠨ ᠠᠵᠢᠯ ᠲᠦᠷᠦᠯ ᠤᠨ ᠨᠠᠮ ᠤᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠨᠠᠢᠮᠠ︶ ᠪᠥᠬᠦ ᠬᠤᠰᠢᠭᠤᠨ ᠤ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ | ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠲᠥᠯᠥᠪᠵᠢᠭᠦᠯᠵᠦ᠂ ᠵᠣᠬᠢᠴᠠᠭᠤᠯᠵᠤ᠂ ᠵᠢᠯᠣᠭᠤᠳᠤᠨ᠎ᠠ᠃ | ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠬᠤ ᠪᠠ ᠬᠢᠨᠠᠯᠲᠠ ᠲᠠᠯᠪᠢᠵᠤ᠂ ᠪᠥᠬᠦ ᠬᠤᠰᠢᠭᠤᠨ ᠤ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠶᠡᠷᠦᠩᠬᠡᠶᠢᠯᠡᠭᠰᠡᠨ ᠬᠢᠨᠠᠨ ᠪᠠᠶᠢᠴᠠᠭᠠᠯᠲᠠ ᠵᠡᠷᠭᠡ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ | ᠬᠠᠷᠢᠭᠤᠴᠠᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠬᠠᠤᠯᠢ ᠬᠡᠷᠡᠭᠵᠢᠭᠦᠯᠬᠦ ᠠᠵᠢᠯᠲᠠᠨ ᠤ ᠵᠦᠢ ᠶᠣᠰᠣᠨ ᠤ | ᠬᠠᠤᠯᠢ ᠬᠡᠷᠡᠭᠵᠢᠭᠦᠯᠬᠦ ᠡᠷᠬᠡ ᠠᠰᠢᠭ ᠢ ᠬᠠᠮᠠᠭᠠᠯᠠᠬᠤ ᠶᠢ ᠬᠠᠷᠢᠭᠤᠴᠠᠨ᠎ᠠ᠃ | ︵ᠶᠢᠰᠦ︶ ᠪᠥᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ | ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠶᠢ ᠬᠠᠷᠢᠭᠤᠴᠠᠵᠤ᠂ ᠬᠤᠲᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠪᠠ ᠪᠠᠶᠢᠷᠢᠯᠠᠭᠤᠯᠤᠨ᠎ᠠ᠃ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ | ᠲᠤᠰᠠᠯᠠᠮᠵᠢ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ | ᠢ ᠵᠢᠯᠣᠭᠤᠳᠤᠨ᠂ ᠬᠢᠨᠠᠨ ᠪᠠᠶᠢᠴᠠᠭᠠᠨ᠎ᠠ᠃ | ︵ᠠᠷᠪᠠ︶ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠠᠵᠢᠯ ᠢ ᠲᠥᠯᠥᠪᠵᠢᠭᠦᠯᠬᠦ᠂ ᠬᠡᠷᠡᠭᠵᠢᠭᠦᠯᠬᠦ᠂ ᠵᠢᠯᠤᠭᠤᠳᠬᠤ ᠶᠢ | ᠬᠠᠷᠢᠭᠤᠴᠠᠨ᠎ᠠ᠃ | ︵ᠠᠷᠪᠠᠨ ᠨᠢᠭᠡ︶ ᠪᠥᠬᠦ ᠬᠤᠰᠢᠭᠤᠨ ᠤ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ | ᠲᠥᠯᠥᠪᠵᠢᠭᠦᠯᠬᠦ᠂ ᠵᠣᠬᠢᠴᠠᠭᠤᠯᠬᠤ᠂ ᠵᠢᠯᠤᠭᠤᠳᠬᠤ ᠶᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ | ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ︵ᠠᠷᠪᠠᠨ ᠭᠤᠷᠪᠠ︶ ᠰᠠᠯᠠᠭ᠎ᠠ ᠮᠥᠴᠢᠷ ᠤᠨ ᠭᠤᠣᠯ ᠪᠣᠯᠬᠤ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠨᠡᠷᠡᠶᠢᠳᠦᠯ᠂ ᠡᠷᠬᠡ ᠬᠠᠷᠢᠭᠤᠴᠠᠯᠭ᠎ᠠ ᠶᠢᠨ ᠲᠥᠷᠥᠯ ᠬᠡᠯᠪᠡᠷᠢ᠂ ᠲᠣᠭᠲᠠᠭᠠᠭᠰᠠᠨ ᠦᠨᠳᠦᠰᠦᠯᠡᠯ᠂ ᠬᠠᠷᠢᠭᠤᠴᠠᠯᠭ᠎ᠠ ᠪᠠᠨ | ᠭᠦᠢᠴᠡᠳᠬᠡᠬᠦ ᠠᠷᠭ᠎ᠠ ᠮᠠᠶ᠋ᠢᠭ᠂ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠵᠡᠷᠭᠡ ᠶᠢ ᠵᠦᠢᠯ ᠳᠠᠷᠠᠭᠠᠯᠠᠨ ᠲᠣᠳᠣᠷᠬᠠᠶᠢᠯᠠᠨ᠎ᠠ᠃ ᠡᠭᠦᠨ ᠤ ᠰᠠᠭᠤᠷᠢᠨ ᠳᠡᠭᠡᠷ᠎ᠡ᠂ ᠬᠡᠷᠡᠭ | ᠡᠷᠬᠢᠯᠡᠬᠦ ᠵᠦᠭᠯᠡᠭᠦᠷ᠂ ᠠᠵᠢᠯᠯᠠᠭᠠᠨ ᠤ ᠴᠤᠪᠤᠷᠠᠯ ᠵᠢᠷᠤᠭ ᠵᠡᠷᠭᠡ ᠶᠢ ᠲᠣᠭᠲᠠᠭᠠᠵᠤ᠂ ᠵᠠᠰᠠᠭ ᠵᠠᠬᠢᠷᠭᠠᠨ ᠤ ᠵᠢᠷᠤᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠡᠷᠬᠡ ᠶᠢᠨ ᠠᠵᠢᠯᠯᠠᠭᠠᠨ ᠢ ᠵᠢᠷᠤᠮᠵᠢᠭᠤᠯᠤᠨ᠎ᠠ᠃ | | | ᠬᠤᠶᠠᠷ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠳᠣᠣᠷ᠎ᠠ ᠵᠢᠭᠰᠠᠭᠠᠭᠰᠠᠨ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄ | | | ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠭ᠎ᠠ ᠶᠢᠨ ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ | ᠮᠠᠲ᠋ᠧᠷᠢᠶᠠᠯ᠂ ᠳᠠᠩᠰᠠ ᠡᠪᠬᠡᠮᠡᠯ᠂ ᠲᠤᠭ᠎ᠠ ᠪᠦᠷᠢᠳᠬᠡᠯ᠂ ᠨᠢᠭᠤᠴᠠ ᠶᠢ ᠬᠠᠮᠠᠭᠠᠯᠠᠬᠤ᠂ ᠬᠦᠯᠢᠶᠡᠨ ᠠᠪᠬᠤ᠂ ᠵᠠᠬᠢᠳᠠᠯ ᠰᠣᠷᠪᠤᠯᠵᠢᠯᠠᠭ᠎ᠠ᠂ ᠪᠠᠶᠢᠭᠤᠯᠭ᠎ᠠ ᠶᠢᠨ ᠠᠷᠤ | ᠲᠠᠯ᠎ᠠ ᠶᠢᠨ ᠦᠢᠯᠡᠴᠢᠯᠡᠭᠡᠨ ᠤ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠨ᠎ᠠ᠃ ᠠᠯᠪᠠᠨ ᠪᠢᠴᠢᠭ᠂ ᠬᠤᠷᠠᠯ ᠢᠶᠠᠷ | ᠲᠣᠭᠲᠠᠭᠠᠭᠰᠠᠨ ᠵᠦᠢᠯᠡᠰ ᠵᠢᠴᠢ ᠤᠳᠤᠷᠢᠳᠤᠯᠭ᠎ᠠ ᠶᠢᠨ ᠬᠤᠯᠪᠣᠭᠳᠠᠯ ᠪᠦᠬᠦᠢ ᠵᠢᠭᠠᠪᠤᠷᠢ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ | ᠳᠣᠲᠣᠭᠠᠳᠤ ᠳᠠᠭᠠᠨ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ | ᠶᠠᠪᠤᠳᠠᠯ᠂ ᠡᠳ᠋ ᠪᠣᠳᠠᠰ ᠤᠨ ᠲᠣᠨᠣᠭᠯᠠᠯ ᠪᠠ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠲᠥᠰᠥᠪ | ᠪᠠ ᠲᠥᠰᠥᠪ ᠤᠨ ᠭᠦᠢᠴᠡᠳᠬᠡᠯ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠪᠠ ᠵᠠᠰᠠᠭ ᠤᠨ | ᠣᠷᠳᠣᠨ ᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢᠨ ᠶᠡᠷᠦᠩᠬᠡᠢ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠵᠥᠭᠡᠯᠡᠨ ᠲᠣᠨᠤᠭ᠂ ᠲᠠᠪᠴᠠᠩ ᠤᠨ ᠬᠤᠯᠪᠣᠭᠳᠠᠬᠤ᠂ ᠰᠤᠳᠤᠯᠤᠨ ᠨᠡᠭᠡᠭᠡᠬᠦ᠂ | ᠪᠦᠲᠦᠭᠡᠨ ᠪᠠᠶᠢᠭᠤᠯᠬᠤ ᠪᠠ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠪᠠᠴᠢᠮ | ᠪᠠᠶᠢᠳᠠᠯ ᠢ ᠠᠷᠭᠠᠴᠠᠨ ᠵᠢᠯᠤᠭᠤᠳᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠪᠠ ᠶᠡᠷᠦᠩᠬᠡᠶᠢᠯᠡᠨ ᠵᠣᠬᠢᠴᠠᠭᠤᠯᠵᠤ ᠲᠣᠬᠢᠷᠠᠭᠤᠯᠬᠤ ᠠᠵᠢᠯ ᠢ ᠡᠭᠦᠷᠭᠡᠯᠡᠨ᠎ᠡ | ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠤᠬᠠᠭᠤᠯᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠨᠢᠭᠤᠴᠠ ᠶᠢ | ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠥᠭᠡᠷᠡᠴᠢᠯᠡᠯᠲᠡ ᠪᠠ ᠰᠤᠳᠤᠯᠭᠠᠨ ᠤ ᠠᠵᠢᠯ ᠢ ᠬᠠᠷᠢᠭᠤᠴᠠᠨ ᠠᠬᠢᠭᠤᠯᠤᠨ᠎ᠠ᠃ | ︵ᠬᠤᠶᠠᠷ︶ ᠬᠠᠤᠯᠢ ᠶᠣᠰᠣᠭᠠᠷ ᠬᠤᠰᠢᠭᠤ ᠪᠠᠨ ᠵᠠᠰᠠᠬᠤ ᠠᠵᠢᠯ ᠤᠨ ᠲᠠᠰᠤᠭ ︵ᠬᠠᠤᠯᠢ ᠶᠣᠰᠣᠭᠠᠷ ᠬᠤᠰᠢᠭᠤ ᠪᠠᠨ ᠵᠠᠰᠠᠬᠤ ᠠᠯᠪᠠᠨ ᠭᠡᠷ ᠤᠨ ᠨᠠᠷᠢᠨ | ᠪᠢᠴᠢᠭᠡᠴᠢ ᠶᠢᠨ ᠰᠲ᠋ᠣᠺ ᠤᠨ ᠫᠠᠶᠢᠰᠠ ᠶᠢ ᠡᠯᠭᠦᠨ᠎ᠡ︶᠃ ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠶᠢ ᠵᠠᠰᠠᠬᠤ ᠣᠨᠣᠯ ᠬᠢᠭᠡᠳ ᠦᠢᠯᠡᠳᠦᠯᠭᠡ ᠶᠢᠨ ᠪᠠᠶᠢᠴᠠᠭᠠᠨ | ᠰᠤᠳᠤᠯᠤᠯᠲᠠ ᠶᠢᠨ ᠠᠵᠢᠯ ᠢ ᠥᠷᠨᠢᠭᠦᠯᠵᠦ᠂ ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠶᠢ ᠵᠠᠰᠠᠬᠤ ᠠᠵᠢᠯ ᠤᠨ ᠲᠥᠯᠦᠪᠵᠢᠭᠦᠯᠭᠡ ᠶᠢᠨ ᠰᠠᠨᠠᠭᠤᠯᠭ᠎ᠠ ᠶᠢ | ᠵᠣᠬᠢᠴᠠᠭᠤᠯᠬᠤ ᠠᠵᠢᠯ ᠢ ᠳᠠᠭᠠᠭᠠᠨ ᠭᠦᠢᠴᠡᠳᠬᠡᠨ᠎ᠡ᠃ ᠬᠤᠰᠢᠭᠤ ᠶᠢ ᠪᠥᠬᠦ ᠲᠠᠯ᠎ᠠ ᠪᠠᠷ ᠬᠠᠤᠯᠢ ᠶᠣᠰᠣᠭᠠᠷ ᠵᠠᠰᠠᠬᠤ ᠬᠠᠮᠢᠶ᠎ᠠ ᠪᠦᠬᠦᠢ ᠴᠢᠬᠤᠯᠠ ᠪᠢᠴᠢᠭ | ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠢ ᠪᠠᠶᠢᠭᠤᠯᠬᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ ᠰᠠᠨᠠᠯ ᠪᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠨᠡᠶᠢᠭᠡᠮ ᠠᠴᠠ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠲᠣᠭᠲᠠᠭᠠᠬᠤ ᠲᠥᠷᠥᠯ ᠵᠦᠢᠯ ᠤᠨ ᠰᠠᠨᠠᠭᠤᠯᠭ᠎ᠠ ᠶᠢ ᠴᠤᠭᠯᠠᠭᠤᠯᠬᠤ ᠬᠤᠯᠪᠣᠭᠳᠠᠯ | ᠪᠦᠬᠦᠢ ᠠᠵᠢᠯ ᠢ ᠬᠠᠷᠢᠭᠤᠴᠠᠨ᠎ᠠ᠃ ᠬᠤᠰᠢᠭᠤ ᠶᠢ ᠪᠥᠬᠦ ᠲᠠᠯ᠎ᠠ ᠪᠠᠷ ᠬᠠᠤᠯᠢ ᠪᠠᠷ ᠵᠠᠰᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠣᠨ ᠤ | ᠰᠢᠮᠳᠠᠭᠤᠯᠤᠨ ᠪᠠᠶᠢᠴᠠᠭᠠᠬᠤ ᠠᠵᠢᠯ ᠤᠨ ᠲᠥᠯᠥᠪᠯᠡᠭᠡ ᠪᠠ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠬᠠᠷᠢᠭᠤᠴᠠᠨ ᠲᠣᠭᠲᠠᠭᠠᠵᠤ᠂ ᠴᠢᠬᠤᠯᠠ ᠶᠡᠭᠡ ᠲᠤᠰᠬᠠᠢ | ᠵᠦᠢᠯ ᠤᠨ ᠰᠢᠮᠳᠠᠭᠤᠯᠤᠨ ᠪᠠᠶᠢᠴᠠᠭᠠᠬᠤ ᠪᠠ ᠣᠨ ᠤ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠮᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ | ᠰᠠᠨᠠᠯ ᠪᠠ ᠬᠠᠷᠢᠭᠤᠴᠠᠯᠭ᠎ᠠ ᠬᠡᠯᠡᠯᠴᠡᠬᠦ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ᠡᠯ᠎ᠡ ᠰᠤᠮᠤ ᠪᠠᠯᠭᠠᠰᠤᠨ ᠤ ᠡᠯ᠎ᠡ ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ | ᠠᠵᠢᠯ ᠤᠨ ᠴᠢᠬᠤᠯᠠ ᠲᠣᠭᠲᠠᠭᠠᠯ ᠪᠠ ᠲᠥᠰᠥᠯ ᠤᠨ ᠳᠠᠩᠰᠠᠯᠠᠯᠲᠠ ᠶᠢ ᠬᠦᠯᠢᠶᠡᠨ᠎ᠡ᠃ | ᠬᠠᠤᠯᠢ ᠪᠠᠷ ᠬᠤᠰᠢᠭᠤ ᠪᠠᠨ ᠵᠠᠰᠠᠬᠤ ᠠᠯᠪᠠᠨ ᠭᠡᠷ ᠤᠨ ᠨᠠᠷᠢᠨ ᠪᠢᠴᠢᠭᠡᠴᠢ ᠶᠢᠨ ᠲᠠᠰᠤᠭ ᠨᠢ ᠬᠤᠰᠢᠭᠤᠨ ᠤ ᠪᠥᠬᠦ ᠲᠠᠯ᠎ᠠ ᠪᠠᠷ ᠬᠠᠤᠯᠢ ᠪᠠᠷ | ᠬᠤᠰᠢᠭᠤ ᠪᠠᠨ ᠵᠠᠰᠠᠬᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠬᠠᠤᠯᠢ ᠪᠠᠷ ᠵᠠᠰᠠᠬᠤ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠶᠢ | ᠬᠠᠷᠢᠭᠤᠴᠠᠨ᠎ᠠ᠃ ᠬᠤᠯᠪᠣᠭᠳᠠᠯ ᠪᠦᠬᠦᠢ ᠬᠠᠤᠯᠢ ᠪᠠᠷ ᠵᠠᠰᠠᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠤᠯᠢ ᠪᠠᠷᠢᠬᠤ ᠵᠠᠰᠠᠭ ᠵᠠᠬᠢᠷᠭᠠᠨ ᠤ ᠰᠢᠰᠲ᠋ᠧᠮ ᠤᠨ | ᠬᠠᠤᠯᠢ ᠪᠠᠷ ᠵᠠᠰᠠᠬᠤ ᠠᠵᠢᠯ ᠢ ᠵᠢᠯᠣᠭᠤᠳᠤᠨ᠎ᠠ᠃ | ︵ᠭᠤᠷᠪᠠ︶ ᠠᠷᠠᠳ ᠲᠦᠮᠡᠨ ᠬᠠᠤᠯᠢ ᠪᠠᠷ ᠵᠠᠰᠠᠬᠤ ᠰᠲ᠋ᠣᠺ ᠲᠤ ᠣᠷᠣᠯᠴᠠᠬᠤ ᠪᠠ ᠲᠡᠭᠦᠨ ᠢ ᠠᠬᠢᠭᠤᠯᠤᠨ᠎ᠠ᠃ ᠪᠥᠬᠦ ᠬᠤᠰᠢᠭᠤᠨ ᠤ ᠠᠷᠠᠳ ᠣᠯᠠᠨ ᠤ | ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ᠂ ᠠᠬᠢᠭᠤᠯᠬᠤ᠂ ᠬᠢᠨᠠᠯᠲᠠ ᠲᠠᠯᠪᠢᠬᠤ ᠶᠢ ᠪᠠᠲᠤᠯᠠᠬᠤ ᠳᠦᠷᠢᠮ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠷᠠᠳ ᠤᠨ ᠪᠦᠯᠬᠦᠮ᠂ ᠤᠯᠠᠨ ᠲᠦᠮᠡᠨ ᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠠᠵᠢᠯ ᠳᠤ ᠣᠷᠣᠯᠴᠠᠬᠤ ᠪᠠ ᠲᠡᠭᠦᠨ ᠢ ᠳᠡᠮᠵᠢᠬᠦ ᠶᠢ ᠵᠢᠯᠣᠭᠤᠳᠤᠨ᠎ᠠ᠃ ᠪᠥᠬᠦ | ᠬᠤᠰᠢᠭᠤᠨ ᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠤᠨ᠎ᠠ᠃ ᠪᠥᠬᠦ ᠬᠤᠰᠢᠭᠤᠨ ᠤ ᠠᠷᠠᠳ ᠤᠨ | ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ ᠪᠠ ᠠᠵᠢᠯ ᠲᠥᠷᠥᠯ ᠤᠨ ᠴᠢᠨᠠᠷᠲᠠᠢ᠂ ᠲᠤᠰᠬᠠᠢ ᠮᠡᠷᠭᠡᠵᠢᠯ ᠤᠨ ᠴᠢᠨᠠᠷᠲᠠᠢ ᠡᠶᠡᠳᠡᠭᠦᠯᠭᠡ ᠶᠢᠨ ᠠᠵᠢᠯ ᠢ | ᠵᠢᠯᠤᠭᠤᠳᠬᠤ ᠪᠠ ᠡᠭᠦᠷᠭᠡᠯᠡᠨ᠎ᠡ᠃ ᠪᠥᠬᠦ ᠬᠤᠰᠢᠭᠤᠨ ᠤ ᠠᠷᠠᠳ ᠤᠨ ᠬᠠᠪᠰᠤᠷᠤᠨ ᠰᠢᠭᠦᠭᠴᠢ ᠶᠢᠨ ᠠᠵᠢᠯ ᠢ ᠵᠢᠯᠤᠭᠤᠳᠴᠤ᠂ ᠠᠷᠠᠳ ᠤᠨ ᠬᠢᠨᠠᠯᠲᠠ | ᠲᠠᠯᠪᠢᠭᠴᠢ ᠶᠢᠨ ᠬᠥᠮᠥᠨ ᠰᠣᠩᠭᠤᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠪᠰᠤᠷᠤᠨ ᠰᠤᠷᠭᠠᠵᠤ ᠲᠥᠪᠬᠢᠨᠡᠭᠦᠯᠬᠦ ᠠᠵᠢᠯ ᠢ | ᠵᠢᠯᠤᠭᠤᠳᠬᠤ ᠪᠠ ᠡᠭᠦᠷᠭᠡᠯᠡᠨ᠎ᠡ᠃ | ︵ᠳᠥᠷᠪᠡ︶ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠲ᠋ᠣᠺ᠃ ᠪᠥᠬᠦ ᠬᠤᠰᠢᠭᠤᠨ ᠤ ᠬᠠᠤᠯᠢ | ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠪᠠ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠪᠠ ᠵᠣᠬᠢᠴᠠᠭᠤᠯᠤᠨ ᠠᠬᠢᠭᠤᠯᠬᠤ ᠠᠵᠢᠯ ᠢ | ᠬᠠᠷᠢᠭᠤᠴᠠᠵᠤ᠂ ᠪᠥᠬᠦ ᠬᠤᠰᠢᠭᠤᠨ ᠤ ᠬᠠᠤᠯᠢᠴᠢ᠂ ᠠᠯᠪᠠᠨ ᠭᠡᠷᠡᠴᠢᠯᠡᠭᠡᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ ; ᠪᠥᠬᠦ ᠬᠤᠰᠢᠭᠤᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ᠂ | ᠬᠠᠤᠯᠢᠴᠢ᠂ ᠠᠯᠪᠠᠨ ᠭᠡᠷᠡᠴᠢᠯᠡᠭᠴᠢ ᠶᠢ ᠵᠢᠯᠤᠭᠤᠳᠴᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ ; ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠵᠢᠯᠤᠭᠤᠳᠬᠤ ᠪᠠ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ ; ᠰᠢᠭᠤᠳ ᠬᠠᠷᠢᠶ᠎ᠠ ᠠᠯᠪᠠᠨ ᠭᠡᠷᠡᠴᠢᠯᠡᠭᠡ ᠶᠢᠨ | ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ ᠬᠠᠷᠢᠭᠤᠴᠠᠨ᠎ᠠ ; ᠠᠯᠪᠠᠨ ᠭᠡᠷᠡᠴᠢᠯᠡᠭᠴᠢ ᠶᠢ ᠲᠣᠮᠢᠯᠠᠬᠤ ᠶᠢ ᠬᠢᠨᠠᠨ ᠬᠠᠷᠭᠤᠭᠤᠯᠵᠤ ᠮᠡᠳᠡᠭᠦᠯᠬᠦ | ᠠᠵᠢᠯ ᠢ ᠬᠠᠷᠢᠭᠤᠴᠠᠨ᠎ᠠ᠃ | ︵ᠲᠠᠪᠤ︶ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ᠃ ᠡᠷᠡᠭᠦᠦ ᠰᠢᠢᠳᠬᠡᠯ ᠢ ᠭᠦᠢᠴᠡᠳᠬᠡᠬᠦ ᠪᠣᠳᠠᠲᠤ ᠴᠣᠭᠴᠠ | ᠪᠣᠯᠤᠭᠰᠠᠨ ᠤ ᠬᠤᠪᠢ ᠳᠤ᠂ ᠪᠦᠭᠦ ᠬᠤᠰᠢᠭᠤᠨ ᠤ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ᠂ | ᠬᠠᠮᠢᠶᠠᠷᠤᠯᠲᠠ ᠶᠢᠨ ᠳᠦᠷᠢᠮ ᠪᠠ ᠪᠣᠳᠠᠲᠠᠢ ᠠᠵᠢᠯ ᠤᠨ ᠡᠭᠦᠷᠭᠡ ᠶᠢᠨ ᠲᠣᠬᠢᠷᠠᠭᠤᠯᠤᠯᠲᠠ ᠶᠢ ᠰᠤᠳᠤᠯᠤᠨ ᠲᠣᠭᠲᠠᠭᠠᠬᠤ ᠶᠢ ᠪᠣᠳᠠᠲᠠᠢ ᠪᠠᠷ ᠡᠭᠦᠷᠭᠡᠯᠡᠨ᠎ᠡ ; ᠪᠥᠬᠦ | ᠬᠤᠰᠢᠭᠤᠨ ᠤ ᠨᠡᠶᠢᠭᠡᠮ ᠲᠣᠭᠤᠷᠢᠭ ᠤᠨ ᠡᠷᠡᠭᠦᠦ ᠰᠢᠢᠳᠬᠡᠯ ᠭᠦᠢᠴᠡᠳᠬᠡᠵᠦ ᠪᠠᠶᠢᠭ᠎ᠠ ᠬᠥᠮᠥᠰ ᠢ ᠬᠢᠨᠠᠨ ᠬᠠᠮᠢᠶᠠᠷᠬᠤ ᠪᠠ ᠴᠠᠭᠠᠵᠠᠯᠠᠬᠤ ᠵᠠᠷᠯᠢᠭ ᠢ ᠬᠡᠷᠡᠭᠵᠢᠭᠦᠯᠬᠦ ᠶᠢ | ᠬᠠᠷᠢᠭᠤᠴᠠᠨ᠎ᠠ ; ᠪᠥᠬᠦ ᠬᠤᠰᠢᠭᠤᠨ ᠤ ᠨᠡᠶᠢᠭᠡᠮ ᠲᠣᠭᠤᠷᠢᠭ ᠤᠨ ᠡᠷᠡᠭᠦᠦ ᠰᠢᠢᠳᠬᠡᠯ ᠭᠦᠢᠴᠡᠳᠬᠡᠵᠦ ᠪᠠᠶᠢᠭ᠎ᠠ ᠬᠥᠮᠥᠰ ᠤᠨ ᠵᠠᠯᠠᠷᠠᠭᠤᠯᠬᠤ ᠶᠢ ᠳᠠᠩᠰᠠᠯᠠᠬᠤ᠂ | ᠬᠥᠳᠡᠯᠦᠩᠭᠦᠢ ᠪᠠᠷ ᠬᠢᠨᠠᠨ ᠬᠠᠮᠢᠶᠠᠷᠬᠤ ᠪᠠ ᠵᠠᠯᠠᠷᠠᠭᠤᠯᠬᠤ ᠶᠢ ᠵᠣᠭᠰᠤᠭᠠᠬᠤ ᠶᠢ ᠬᠢᠨᠠᠨ ᠰᠢᠯᠭᠠᠵᠤ ᠲᠡᠮᠳᠡᠭᠯᠡᠬᠦ ᠶᠢ ᠬᠠᠷᠢᠭᠤᠴᠠᠨ᠎ᠠ ; ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠨᠡᠪᠲᠡᠷᠡᠯᠴᠡᠨ ᠵᠣᠬᠢᠴᠠᠭᠤᠯᠵᠤ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠤᠨ ᠳᠤᠮᠳᠠᠬᠢ ᠲᠣᠪᠣᠶᠢᠮ᠎ᠠ ᠠᠰᠠᠭᠤᠳᠠᠯ ᠢ ᠰᠤᠳᠤᠯᠤᠨ | ᠰᠢᠢᠳᠪᠦᠷᠢᠯᠡᠨ᠎ᠡ ; ᠡᠯ᠎ᠡ ᠰᠤᠮᠤ ︵ᠪᠠᠯᠭᠠᠰᠤ︶ ᠶᠢᠨ ᠨᠡᠶᠢᠭᠡᠮ ᠲᠣᠭᠤᠷᠢᠭ ᠲᠤ ᠵᠠᠯᠠᠷᠠᠭᠤᠯᠬᠤ ᠠᠵᠢᠯ ᠤᠨ ᠥᠷᠨᠢᠯᠲᠡ ᠶᠢ ᠰᠢᠮᠳᠠᠭᠤᠯᠵᠤ᠂ ᠪᠠᠶᠢᠴᠠᠭᠠᠬᠤ ᠪᠠ ᠬᠢᠨᠠᠨ | ᠰᠢᠯᠭᠠᠨ᠎ᠠ ; ᠨᠡᠶᠢᠭᠡᠮ ᠤᠨ ᠠᠵᠢᠯᠲᠠᠨ᠂ ᠨᠡᠶᠢᠭᠡᠮ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠤᠷᠢᠨ ᠬᠡᠷᠡᠭᠯᠡᠬᠦ᠂ ᠬᠠᠮᠢᠶᠠᠷᠬᠤ᠂ ᠬᠢᠨᠠᠨ ᠰᠢᠯᠭᠠᠬᠤ ᠵᠡᠷᠭᠡ ᠠᠵᠢᠯ ᠢ | ᠬᠠᠷᠢᠭᠤᠴᠠᠨ ᠵᠢᠯᠣᠭᠤᠳᠤᠨ᠎ᠠ ; ᠥᠯᠥ ᠬᠤᠷᠢᠬᠤ ᠡᠷᠡᠭᠦᠦ ᠶᠢᠨ ᠰᠢᠭᠦᠯᠲᠡ ᠶᠢᠨ ᠡᠮᠦᠨᠡᠬᠢ ᠪᠠᠶᠢᠴᠠᠭᠠᠯᠲᠠ᠂ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠳᠠᠭᠠᠭᠠᠨ | ᠭᠦᠢᠴᠡᠳᠬᠡᠨ᠎ᠡ ; ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠤᠨ ᠤᠬᠠᠭᠤᠯᠭ᠎ᠠ᠂ ᠪᠣᠯᠪᠠᠰᠤᠷᠠᠭᠤᠯᠤᠯ ᠪᠠ ᠲᠤᠬᠠᠶᠢᠯᠠᠭᠰᠠᠨ ᠠᠵᠢᠯ ᠤᠨ ᠰᠤᠳᠤᠯᠭᠠᠨ ᠤ | ᠠᠵᠢᠯ ᠵᠡᠷᠭᠡ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠵᠤ ᠬᠢᠨᠠᠯᠲᠠ ᠲᠠᠯᠪᠢᠬᠤ ᠠᠯᠪᠠᠨ ᠭᠡᠷ᠃ ᠪᠥᠬᠦ ᠬᠤᠰᠢᠭᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠂ ᠬᠢᠨᠠᠯᠲᠠ ᠲᠠᠯᠪᠢᠵᠤ᠂ ᠪᠠᠶᠢᠴᠠᠭᠠᠵᠤ᠂ ᠴᠢᠩᠭ᠎ᠠ ᠵᠢᠷᠤᠮᠵᠢᠭᠤᠨ ᠲᠥᠪ ᠭᠤᠥᠯᠴᠢ ᠪᠣᠯᠪᠠᠰᠤᠨ ᠢᠶᠠᠷ | ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠬᠤ ᠶᠢᠨ ᠨᠡᠶᠢᠳᠡᠮ ᠤᠨ ᠴᠢᠨᠠᠷᠲᠠᠢ ᠴᠢᠬᠤᠯᠠ ᠴᠢᠨᠠᠷ ᠤᠨ ᠠᠰᠠᠭᠤᠳᠠᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠮᠠᠭᠠᠳᠯᠠᠨ ᠲᠣᠭᠲᠠᠭᠠᠬᠤ ᠪᠠ ᠨᠡᠶᠢᠲᠡᠯᠡᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠤ ᠬᠢᠷᠢ ᠬᠡᠮ ᠢ ᠬᠢᠨᠠᠨ ᠬᠠᠷᠭᠤᠭᠤᠯᠬᠤ᠂ ᠪᠣᠯᠪᠠᠰᠤᠷᠠᠭᠤᠯᠤᠯ ᠰᠢᠯᠭᠠᠯᠲᠠ | ᠪᠠ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠠᠷᠢᠭᠤᠴᠠᠨ᠎ᠠ᠃ | ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠡᠭᠦᠷᠭᠡᠯᠡᠵᠦ᠂ ᠬᠤᠰᠢᠭᠤᠨ ᠲᠣᠰ ᠱᠠᠲᠤᠨ ᠤ ᠴᠢᠬᠤᠯᠠ ᠶᠡᠭᠡ | ᠵᠠᠰᠠᠭ ᠵᠠᠬᠢᠷᠭᠠᠨ ᠤ ᠬᠡᠷᠡᠭ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠠᠭᠠᠯᠳᠤᠯᠭ᠎ᠠ ᠶᠢ | ᠭᠥᠯᠢᠶᠡᠨ ᠠᠪᠤᠨ᠎ᠠ᠃ ᠬᠤᠰᠢᠭᠤᠨ ᠠᠷᠠᠳ ᠤᠨ ᠵᠠᠰᠠᠭ ᠤᠨ ᠣᠷᠳᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ | ᠬᠠᠤᠯᠢ ᠳᠦᠷᠢᠮ ᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠬᠤᠰᠢᠭᠤᠨ ᠵᠠᠰᠠᠭ ᠤᠨ ᠣᠷᠳᠣᠨ ᠤ ᠡᠯ᠎ᠡ ᠠᠵᠢᠯ ᠤᠨ ᠰᠠᠯᠠᠭ᠎ᠠ ᠮᠥᠴᠢᠷ ᠤᠨ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠪᠠ ᠣᠨᠳᠣᠣ ᠰᠠᠨᠠᠯ ᠲᠠᠢ ᠭᠤᠶᠤᠴᠢᠯᠠᠬᠤ ᠠᠵᠢᠯ ᠢ ᠬᠠᠷᠢᠭᠤᠴᠠᠨ᠎ᠠ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ ᠰᠠᠨᠠᠯ ᠪᠠ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠤᠨ᠎ᠠ᠃ | ︵ᠳᠣᠯᠤᠭ᠎ᠠ︶ ᠤᠯᠤᠰ ᠲᠥᠷᠥ ᠶᠢᠨ ᠴᠠᠭᠳᠠᠭᠠᠨ ᠤ ᠠᠵᠢᠯ ᠤᠨ ᠠᠯᠪᠠᠨ ᠭᠡᠷ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ᠂ ᠤᠬᠠᠭᠤᠯᠭ᠎ᠠ ᠶᠢᠨ ᠠᠵᠢᠯ ᠢ ᠵᠢᠯᠣᠭᠤᠳᠤᠨ᠎ᠠ ; ᠡᠷᠬᠡ | ᠮᠡᠳᠡᠯ ᠤᠨ ᠬᠡᠪᠴᠢᠶ᠎ᠡ ᠶᠣᠰᠣᠭᠠᠷ ᠲᠣᠪᠴᠢᠶ᠎ᠠ ᠶᠢᠨ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠺᠠᠳ᠋ᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ; | ᠲᠣᠪᠴᠢᠶ᠎ᠠ ᠶᠢᠨ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ ᠵᠡᠷᠭᠡ ᠠᠵᠢᠯ ᠢ | ᠬᠠᠷᠢᠭᠤᠴᠠᠨ᠎ᠠ ; ᠠᠯᠪᠠᠨ ᠪᠠᠶᠢᠭᠤᠯᠭ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ | ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠰᠢᠪᠠᠳᠠᠨ ᠪᠠᠶᠢᠴᠠᠭᠠᠬᠤ ᠠᠵᠢᠯ ᠢ ᠡᠭᠦᠷᠭᠡᠯᠡᠨ᠎ᠡ ; ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ | ᠤᠯᠤᠰ ᠲᠦᠷᠦ ᠶᠢᠨ ᠤᠨᠤᠯ ᠤᠨ ᠪᠣᠯᠪᠠᠰᠤᠷᠠᠯ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠬᠥᠬᠢᠭᠦᠯᠦᠨ ᠱᠠᠩᠨᠠᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠢᠰᠲ᠋ᠧᠮ ᠤᠨ ᠪᠠᠶᠢᠭᠤᠯᠭ᠎ᠠ ᠵᠢᠴᠢ ᠬᠠᠤᠯᠢ ᠬᠡᠷᠡᠭᠵᠢᠭᠦᠯᠬᠦ ᠠᠵᠢᠯᠲᠠᠨ ᠤ ᠵᠦᠢ ᠶᠣᠰᠣᠨ ᠤ ᠬᠠᠤᠯᠢ ᠬᠡᠷᠡᠭᠵᠢᠭᠦᠯᠬᠦ ᠡᠷᠬᠡ ᠠᠰᠢᠭ ᠢ ᠬᠠᠮᠠᠭᠠᠯᠠᠬᠤ ᠶᠢ | ᠬᠠᠷᠢᠭᠤᠴᠠᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠰᠢᠭᠤ ᠪᠠᠨ ᠵᠠᠰᠠᠬᠤ ᠠᠯᠪᠠᠨ ᠭᠡᠷ ᠤᠨ ᠨᠠᠷᠢᠨ ᠪᠢᠴᠢᠭᠡᠴᠢ ᠶᠢᠨ ᠲᠠᠰᠤᠭ ᠢ | ᠪᠠᠶᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠰᠢᠭᠤ ᠪᠠᠨ ᠵᠠᠰᠠᠬᠤ ᠠᠯᠪᠠᠨ ᠭᠡᠷ ᠤᠨ ᠪᠠᠶᠢᠭᠤᠯᠭ᠎ᠠ ᠶᠢᠨ ᠨᠠᠮ ᠤᠨ ᠵᠣᠬᠢᠶᠠᠨ | ᠪᠠᠶᠢᠭᠤᠯᠤᠯᠲᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ᠂ ᠤᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ | ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ᠬᠤᠰᠢᠭᠤᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠰᠢᠭᠤ ᠪᠠᠨ ᠵᠠᠰᠠᠬᠤ ᠠᠯᠪᠠᠨ ᠭᠡᠷ ᠤᠨ ᠨᠠᠷᠢᠨ | ᠪᠢᠴᠢᠭᠡᠴᠢ ᠶᠢᠨ ᠲᠠᠰᠤᠭ ᠢ ᠪᠠᠶᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠰᠢᠭᠤ ᠪᠠᠨ ᠵᠠᠰᠠᠬᠤ ᠠᠯᠪᠠᠨ ᠭᠡᠷ ᠤᠨ ᠡᠳᠦᠷ | ᠳᠤᠲᠤᠮ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ᠂ ᠤᠯᠠᠨ ᠲᠦᠮᠡᠨ ᠤ ᠪᠦᠯᠬᠦᠮ | ᠵᠡᠷᠭᠡ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠬᠠᠮᠢᠶ᠎ᠠ ᠪᠦᠬᠦᠢ ᠠᠵᠢᠯ ᠤᠨ ᠶᠡᠷᠦᠩᠬᠡᠶᠢᠯᠡᠭᠰᠡᠨ ᠵᠣᠬᠢᠴᠠᠭᠤᠯᠭ᠎ᠠ ᠶᠢ | ᠬᠠᠷᠢᠭᠤᠴᠠᠨ᠎ᠠ᠃ | ︵ᠨᠠᠢᠮᠠ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠰᠲ᠋ᠣᠺ᠃ ᠪᠥᠬᠦ ᠬᠤᠰᠢᠭᠤᠨ ᠤ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | ᠪᠥᠬᠦ ᠬᠤᠰᠢᠭᠤᠨ ᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ | ᠪᠥᠬᠦ ᠠᠷᠠᠳ ᠢᠶᠠᠷ ᠢᠶᠠᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠶᠢ ᠠᠬᠢᠭᠤᠯᠤᠨ᠎ᠠ᠃ ᠪᠥᠬᠦ ᠬᠤᠰᠢᠭᠤᠨ ᠤ ᠤᠯᠤᠰ ᠤᠨ ᠠᠵᠢᠯᠲᠠᠳ ᠤᠨ ᠬᠠᠤᠯᠢ ᠶᠢ ᠰᠤᠷᠴᠤ | ᠬᠠᠤᠯᠢ ᠶᠢ ᠬᠡᠷᠡᠭᠯᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ | ᠪᠠᠶᠢᠭᠤᠯᠬᠤ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠠᠵᠢᠯ ᠢ | ᠵᠢᠯᠣᠭᠤᠳᠤᠨ᠎ᠠ᠃ | ︵ᠶᠢᠰᠦ︶ ᠵᠠᠰᠠᠭ ᠵᠠᠬᠢᠷᠭᠠᠨ ᠤ ᠳᠠᠬᠢᠨ ᠵᠥᠪᠯᠡᠬᠦ ᠲᠠᠰᠤᠭ᠃ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠬᠠᠷᠢᠭᠤᠴᠠᠨ ᠭᠦᠢᠴᠡᠳᠬᠡᠨ᠎ᠡ᠃ ᠪᠥᠬᠦ ᠬᠤᠰᠢᠭᠤᠨ ᠤ ᠬᠥᠨᠳᠡᠯᠡᠨ ᠠᠴᠠ | ᠲᠠᠰᠤᠯᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠬᠠᠤᠯᠢ ᠳᠦᠷᠢᠮ ᠤᠨ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠢᠰᠲ᠋ᠧᠮ ᠤᠨ ᠬᠠᠤᠯᠢ ᠳᠦᠷᠢᠮ ᠤᠨ ᠠᠵᠢᠯ ᠢ ᠬᠠᠷᠢᠭᠤᠴᠠᠨ᠎ᠠ᠃ | ︵ᠠᠷᠪᠠ︶ ᠬᠠᠤᠯᠢ ᠴᠠᠭᠠᠵᠠ ᠶᠢᠨ ᠲᠤᠰᠠᠯᠠᠮᠵᠢ ᠶᠢᠨ ᠲᠠᠰᠤᠭ ︵ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ | ᠲᠥᠪ ᠤᠨ ᠫᠠᠶᠢᠰᠠ ᠶᠢ ᠡᠯᠭᠦᠨ᠎ᠡ︶᠃ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠪᠥᠬᠦ | ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠪᠥᠬᠦ ᠬᠤᠰᠢᠭᠤᠨ ᠤ | ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ ᠴᠠᠭᠠᠵᠠ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ ᠬᠠᠤᠯᠢ | ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠬᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ | ᠳᠠᠭᠠᠭᠠᠨ ᠰᠢᠢᠳᠪᠦᠷᠢᠯᠡᠬᠦ᠂ ᠬᠠᠤᠯᠢᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ | ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠢ ᠲᠣᠮᠢᠯᠠᠵᠤ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠪᠦᠷᠢ | ᠥᠭᠭᠦᠨ᠎ᠡ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠲᠤᠰᠬᠠᠢ ᠣᠷᠣᠨ ᠲᠤᠭ᠎ᠠ 33 ᠪᠣᠶ᠂ ᠡᠭᠦᠨ ᠳᠤ | ᠲᠣᠪᠴᠢᠶ᠎ᠠ ᠶᠢᠨ ᠪᠠᠶᠢᠭᠤᠯᠤᠯᠭ᠎ᠠ 15᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ 18 ᠪᠣᠶ᠃ ᠰᠠᠯᠠᠭᠠᠨ ᠤ ᠳᠡᠰ ᠤᠨ ᠤᠳᠤᠷᠢᠳᠤᠯᠭ᠎ᠠ ᠶᠢᠨ | ᠲᠤᠰᠢᠶᠠᠯ ᠤᠨ ᠲᠤᠭ᠎ᠠ 4 ᠬᠥᠮᠥᠨ ︵1 ᠵᠢᠩᠬᠢᠨᠢ 3 ᠳᠡᠳ᠋︶ ᠪᠠᠶᠢᠨ᠎ᠠ᠃ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 3 ᠬᠥᠮᠥᠨ ᠢ | ᠲᠣᠬᠢᠷᠠᠭᠤᠯᠤᠨ᠎ᠠ᠃ | | ᠬᠠᠷᠢᠭᠤᠴᠠᠯᠭᠠᠲᠠᠨ᠄ ᠪᠦᠦ ᠴᠦᠨ ᠰᠢᠶᠠ | ᠬᠠᠷᠢᠯᠴᠠᠬᠤ ᠬᠠᠶ᠋ᠢᠭ᠄ ᠠᠮᠤᠭᠤᠯᠠᠩ ᠪᠠᠯᠭᠠᠰᠤᠨ ᠤ ᠲᠥᠪ ᠵᠡᠭᠡᠯᠢ ᠶᠢᠨ ᠪᠠᠷᠠᠭᠤᠨ ᠲᠠᠯ᠎ᠠ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ http://www.xzq.gov.cn/OpennessContent/showList/755/0/page_1.html | ᠠᠵᠢᠯ ᠤᠨ ᠤᠲᠠᠰᠤ᠄ 0470 ︱ 6602148 | ᠠᠵᠢᠯᠯᠠᠬᠤ ᠴᠠᠭ᠄ 9᠄ 00 ︱ 12᠄ 00 14᠄ 00 ︱ 17᠄ 00 | | | ᠭᠤᠷᠪᠠ᠂ ᠲᠣᠮᠢᠯᠠᠭᠰᠠᠨ ᠪᠠᠶᠢᠭᠤᠯᠤᠮᠵᠢ᠄ | | | ᠠᠮᠤᠭᠤᠯᠠᠩ ᠤᠨ ᠬᠠᠤᠯᠢ ᠴᠠᠭᠠᠵᠠ ᠶᠢᠨ ᠭᠠᠵᠠᠷ᠂ ᠴᠠᠭᠠᠨ ᠲᠤᠰᠢᠶᠠᠯ ᠤᠨ ᠬᠠᠤᠯᠢ ᠴᠠᠭᠠᠵᠠ ᠶᠢᠨ ᠭᠠᠵᠠᠷ᠂ ᠦᠪᠦᠷᠪᠤᠯᠠᠭ ᠤᠨ ᠬᠠᠤᠯᠢ ᠴᠠᠭᠠᠵᠠ ᠶᠢᠨ | ᠭᠠᠵᠠᠷ᠂ ᠰᠢᠨᠡᠪᠤᠯᠠᠭ ᠤᠨ ᠬᠠᠤᠯᠢ ᠴᠠᠭᠠᠵᠠ ᠶᠢᠨ ᠭᠠᠵᠠᠷ᠂ ᠵᠢᠪᠬᠤᠯᠠᠩᠲᠤ ᠬᠠᠤᠯᠢ ᠴᠠᠭᠠᠵᠠ ᠶᠢᠨ ᠭᠠᠵᠠᠷ᠂ ᠭᠠᠨᠵᠤᠤᠷ ᠤᠨ ᠬᠠᠤᠯᠢ ᠴᠠᠭᠠᠵᠠ ᠶᠢᠨ ᠭᠠᠵᠠᠷ᠂ | ᠬᠠᠨᠳᠠᠭᠠᠢ ᠶᠢᠨ ᠬᠠᠤᠯᠢ ᠴᠠᠭᠠᠵᠠ ᠶᠢᠨ ᠭᠠᠵᠠᠷ ᠵᠡᠷᠭᠡ 7 ᠲᠣᠮᠢᠯᠠᠭᠰᠠᠨ ᠪᠠᠶᠢᠭᠤᠯᠤᠮᠵᠢ ᠲᠠᠢ᠃ | ︵ᠨᠢᠭᠡ︶ ᠭᠤᠣᠯ ᠡᠭᠦᠷᠭᠡ ᠬᠠᠷᠢᠭᠤᠴᠠᠯᠭ᠎ᠠ᠃ ᠠᠷᠠᠳ ᠤᠨ ᠡᠶᠡᠳᠡᠭᠦᠯᠭᠡ ᠶᠢᠨ ᠠᠵᠢᠯ ᠢ ᠵᠢᠯᠣᠭᠤᠳᠤᠨ ᠬᠠᠮᠢᠶᠠᠷᠴᠤ᠂ ᠠᠷᠠᠳ ᠤᠨ ᠬᠤᠭᠤᠷᠣᠨᠳᠣᠬᠢ | ᠲᠦᠪᠡᠭ ᠪᠤᠳᠤᠯᠢᠶᠠᠨ ᠲᠠᠢ ᠵᠢᠭᠤᠷᠠᠯᠳᠤᠭᠠᠨ ᠢ ᠡᠶᠡᠳᠡᠭᠦᠯᠬᠦ ᠳᠤ ᠣᠷᠣᠯᠴᠠᠨ᠎ᠠ ; ᠨᠡᠶᠢᠭᠡᠮ ᠲᠣᠭᠤᠷᠢᠭ ᠠᠴᠠ ᠵᠠᠯᠠᠷᠠᠭᠤᠯᠬᠤ ᠡᠳᠦᠷ ᠲᠤᠳᠤᠮ ᠤᠨ ᠠᠵᠢᠯ ᠢ ᠡᠭᠦᠷᠭᠡᠯᠡᠵᠦ᠂ | ᠨᠡᠶᠢᠭᠡᠮ ᠲᠣᠭᠤᠷᠢᠭ ᠲᠤ ᠡᠷᠡᠭᠦᠦ ᠰᠢᠢᠳᠬᠡᠯ ᠭᠦᠢᠴᠡᠳᠬᠡᠵᠦ ᠪᠠᠶᠢᠭ᠎ᠠ ᠬᠥᠮᠥᠰ ᠢ ᠬᠠᠮᠢᠶᠠᠷᠬᠤ᠂ ᠬᠥᠮᠥᠵᠢᠭᠦᠯᠬᠦ ᠪᠠ ᠬᠠᠪᠰᠤᠷᠬᠤ ᠠᠵᠢᠯ ᠢ ᠵᠣᠬᠢᠶᠠᠨ ᠪᠠᠶᠢᠭᠤᠯᠵᠤ | ᠥᠷᠨᠢᠭᠦᠯᠦᠨ᠎ᠡ ; ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠵᠢᠯᠣᠭᠤᠳᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠨᠢᠭᠡᠴᠢ ᠶᠢ ᠵᠣᠬᠢᠴᠠᠭᠤᠯᠤᠨ ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯ ᠢ ᠥᠷᠨᠢᠭᠦᠯᠦᠨ᠎ᠡ ; ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠤᠨ ᠠᠵᠢᠯ ᠢ | ᠵᠣᠬᠢᠶᠠᠨ ᠪᠠᠶᠢᠭᠤᠯᠵᠤ ᠥᠷᠨᠢᠭᠦᠯᠦᠨ᠎ᠡ ; ᠦᠨᠳᠦᠰᠦᠨ ᠱᠠᠲᠤᠨ ᠤ ᠬᠠᠤᠯᠢ ᠶᠣᠰᠣᠭᠠᠷ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠮᠤ ︵ᠪᠠᠯᠭᠠᠰᠤ︶ | ᠶᠢᠨ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠠᠮᠢᠶᠠᠷᠬᠤ ᠳᠤ ᠬᠠᠤᠯᠢ ᠴᠠᠭᠠᠵᠠ ᠶᠢᠨ ᠰᠠᠨᠠᠯ ᠪᠠ ᠰᠠᠨᠠᠭᠤᠯᠭ᠎ᠠ | ᠬᠠᠩᠭᠠᠨ᠎ᠠ ; ᠦᠨᠳᠦᠰᠦᠨ ᠱᠠᠲᠤᠨ ᠤ ᠵᠠᠰᠠᠭ ᠤᠨ ᠣᠷᠳᠣᠨ ᠢ ᠬᠠᠪᠰᠤᠷᠴᠤ ᠪᠠᠶᠢᠭᠠᠳ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠨ᠎ᠡ ; ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠳᠤ ᠣᠷᠣᠯᠴᠠᠬᠤ ; ᠳᠡᠭᠡᠳᠦ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠣᠯᠣᠨ ᠰᠤᠮᠤ | ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠳᠠᠭᠠᠭᠠᠯᠭᠠᠭᠰᠠᠨ ᠨᠡᠶᠢᠭᠡᠮ ᠤᠨ ᠲᠣᠭᠲᠠᠭᠤᠨ ᠢ | ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠪᠡᠶᠡᠯᠡᠭᠦᠯᠦᠨ᠎ᠡ᠃ | ︵ᠬᠤᠶᠠᠷ︶ ᠠᠵᠢᠯᠲᠠᠨ ᠤ ᠣᠷᠣᠨ ᠲᠤᠭ᠎ᠠ᠃ ᠠᠮᠤᠭᠤᠯᠠᠩ ᠤᠨ ᠬᠠᠤᠯᠢ ᠴᠠᠭᠠᠵᠠ ᠶᠢᠨ ᠭᠠᠵᠠᠷ ᠲᠤ 3 ᠨᠡᠷ᠎ᠡ᠂ ᠴᠠᠭᠠᠨ ᠲᠤᠰᠢᠶᠠᠯ ᠤᠨ ᠬᠠᠤᠯᠢ | ᠴᠠᠭᠠᠵᠠ ᠶᠢᠨ ᠭᠠᠵᠠᠷ ᠲᠤ 3 ᠨᠡᠷ᠎ᠡ᠂ ᠦᠪᠦᠷᠪᠤᠯᠠᠭ ᠤᠨ ᠬᠠᠤᠯᠢ ᠴᠠᠭᠠᠵᠠ ᠶᠢᠨ ᠭᠠᠵᠠᠷ ᠲᠤ 3 ᠨᠡᠷ᠎ᠡ᠂ ᠰᠢᠨᠡᠪᠤᠯᠠᠭ ᠤᠨ ᠬᠠᠤᠯᠢ ᠴᠠᠭᠠᠵᠠ ᠶᠢᠨ ᠭᠠᠵᠠᠷ ᠲᠤ 3 | ᠨᠡᠷ᠎ᠡ᠂ ᠵᠢᠪᠬᠤᠯᠠᠩᠲᠤ ᠬᠠᠤᠯᠢ ᠴᠠᠭᠠᠵᠠ ᠶᠢᠨ ᠭᠠᠵᠠᠷ ᠲᠤ 2 ᠨᠡᠷ᠎ᠡ᠂ ᠭᠠᠨᠵᠤᠤᠷ ᠤᠨ ᠬᠠᠤᠯᠢ ᠴᠠᠭᠠᠵᠠ ᠶᠢᠨ ᠭᠠᠵᠠᠷ ᠲᠤ 2 ᠨᠡᠷ᠎ᠡ᠂ ᠬᠠᠨᠳᠠᠭᠠᠢ ᠶᠢᠨ ᠬᠠᠤᠯᠢ | ᠴᠠᠭᠠᠵᠠ ᠶᠢᠨ ᠭᠠᠵᠠᠷ ᠲᠤ 2 ᠨᠡᠷ᠎ᠡ ᠪᠤᠶ᠃ | | | ᠬᠠᠷᠢᠭᠤᠴᠠᠯᠭᠠᠲᠠᠨ᠄ ᠪᠦᠦ ᠴᠦᠨ ᠰᠢᠶᠠ | ᠬᠠᠶ᠋ᠢᠭ᠄ ᠠᠮᠤᠭᠤᠯᠠᠩ ᠪᠠᠯᠭᠠᠰᠤᠨ ᠤ ᠲᠥᠪ ᠵᠡᠭᠡᠯᠢ ᠶᠢᠨ ᠪᠠᠷᠠᠭᠤᠨ ᠲᠠᠯ᠎ᠠ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ http://www.xzq.gov.cn/OpennessContent/showList/755/0/page_1.html | ᠠᠵᠢᠯ ᠤᠨ ᠤᠲᠠᠰᠤ᠄ 0470 ︱ 6602148 | ᠠᠵᠢᠯᠯᠠᠬᠤ ᠴᠠᠭ᠄ 9᠄ 00 ︱ 12᠄ 00 14᠄ 00 ︱ 17᠄ 00 | | | | | | | | | | | | | | | |