ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠪᠠᠶᠢᠭᠤᠯᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/7/12
         ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︵ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ᠨᠢᠭᠡ᠂ ᠭᠤᠣᠯ ᠡᠭᠦᠷᠭᠡ ᠬᠠᠷᠢᠭᠤᠴᠠᠯᠭ᠎ᠠ         ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠳ᠋ ᠤᠨ ᠵᠠᠰᠠᠭ ᠭᠠᠶᠢᠯᠢ ᠶᠢᠨ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠠᠵᠢᠯ ᠤᠨ ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ᠂ ᠥᠭᠡᠷᠡᠴᠢᠯᠡᠯᠲᠡ ᠶᠢᠨ ᠲᠥᠰᠥᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠬᠤᠷᠸ᠎ᠠ ᠠᠵᠤ ᠠᠬᠤᠢ  ᠶᠢᠨ ᠪᠠᠶᠢᠳᠠᠯ  ᠢ ᠰᠤᠳᠤᠯᠤᠨ ᠵᠠᠳᠠᠯᠵᠤ᠂ ᠪᠥᠬᠦ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ  ᠶᠢᠨ ᠵᠢᠱᠢᠭᠰᠡᠨ ᠬᠠᠷᠠᠯᠲᠠ  ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠡᠳ᠋ ᠤᠨ ᠵᠠᠰᠠᠭ ᠭᠠᠶᠢᠯᠢ  ᠶᠢᠨ ᠲᠥᠷᠥ  ᠶᠢᠨ ᠪᠣᠳᠣᠯᠭ᠎ᠠ ᠎ ᠶᠢ ᠬᠡᠷᠡᠭᠯᠡᠨ ᠬᠤᠷᠸ᠎ᠠ ᠲᠣᠬᠢᠷᠠᠭᠤᠯᠤᠯ ᠡᠵᠡᠮᠳᠡᠯ  ᠢ ᠬᠡᠷᠡᠭᠵᠢᠭᠦᠯᠬᠦ ᠪᠠ ᠲᠥᠰᠥᠪ  ᠢ ᠶᠡᠷᠦᠩᠬᠡᠶᠢᠯᠡᠨ ᠲᠡᠩᠴᠡᠭᠦᠯᠬᠦ ᠠᠷᠭ᠎ᠠ ᠬᠡᠮᠵᠢᠶ᠎ᠡ ᠪᠥᠬᠦ ᠬᠤᠰᠢᠭᠤᠨ ᠤ ᠡᠳ᠋ ᠤᠨ ᠵᠠᠰᠠᠭ ᠤᠨ ᠪᠠᠶᠢᠭᠤᠯᠤᠮᠵᠢ ᠶᠢᠨ ᠠᠵᠢᠯᠯᠠᠭᠠᠨ ᠤ ᠪᠠᠶᠢᠳᠠᠯ ᠢ ᠰᠤᠳᠤᠯᠤᠨ ᠰᠢᠨᠵᠢᠨ᠎ᠡ᠃         ︵ᠬᠤᠶᠠᠷ︶ ᠬᠤᠰᠢᠭᠤᠨ ᠲᠣᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠠᠷᠢᠭᠤᠴᠠᠨ ᠬᠠᠮᠢᠶᠠᠷᠤᠨ᠎ᠠ᠃ ᠣᠨ ᠤ ᠪᠥᠬᠦ ᠬᠤᠰᠢᠭᠤᠨ ᠤ ᠲᠥᠰᠥᠪ ᠤᠨ ᠲᠥᠰᠥᠯ ᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠨᠠᠨ ᠬᠠᠷᠭᠤᠭᠤᠯᠬᠤ ᠶᠢᠨ ᠬᠠᠮᠲᠤ ᠪᠥᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠢ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠨ᠎ᠠ᠃ ᠬᠤᠰᠢᠭᠤᠨ ᠲᠣᠰ ᠱᠠᠲᠤᠨ ᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠲᠤᠭ᠎ᠠ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ ᠮᠥᠴᠢᠷ ︵ᠨᠢᠭᠡᠴᠢ︶᠎ ᠤᠨ ᠣᠨ ᠤ ᠲᠥᠰᠥᠪ ᠪᠠ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠵᠤ ᠴᠣᠬᠤᠯᠠᠪᠤᠷᠢᠯᠠᠬᠤ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠡᠳ᠋ ᠤᠨ ᠵᠠᠰᠠᠭ ᠤᠨ ᠲᠥᠰᠥᠪ᠂ ᠭᠦᠢᠴᠡᠳᠭᠡᠯᠲᠡ ᠪᠠ ᠲᠥᠰᠥᠪ ᠤᠨ ᠭᠦᠢᠴᠡᠳᠬᠡᠯ ᠵᠡᠷᠭᠡ ᠪᠠᠶᠢᠳᠠᠯ ᠢᠶᠠᠨ ᠮᠡᠳᠡᠭᠦᠯᠦᠨ᠎ᠡ᠃ ᠰᠤᠮᠤ ︵ᠪᠠᠯᠭᠠᠰᠤ︶᠎ ᠶᠢᠨ ᠡᠳ᠋ ᠤᠨ ᠵᠠᠰᠠᠭ ᠯᠤᠭ᠎ᠠ ᠶᠢᠨ ᠵᠢᠯ ᠤᠨ ᠡᠴᠦᠰ ᠤᠨ ᠲᠥᠰᠥᠪ ᠤᠨ ᠭᠦᠢᠴᠡᠳᠬᠡᠯ ᠤᠨ ᠵᠦᠢᠯᠡᠰ ᠢ ᠭᠦᠢᠴᠡᠳᠬᠡᠨ᠎ᠡ᠃         ︵ᠭᠤᠷᠪᠠ︶ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ  ᠤᠨ ᠣᠷᠳᠣᠨ  ᠤ ᠴᠢᠨᠠᠷᠲᠠᠢ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠪᠠᠷᠢᠮᠲᠠ ᠶᠢ ᠬᠠᠮᠢᠶᠠᠷᠤᠨ᠎ᠠ᠃ ᠰᠤᠭᠤᠯᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠷᠭ᠎ᠠ ᠶᠢ ᠬᠡᠷᠡᠭᠵᠢᠭᠦᠯᠵᠦ᠂ ᠰᠤᠭᠤᠯᠤᠭ᠎ᠠ ᠶᠢᠨ ᠵᠠᠬ᠎ᠠ ᠳᠡᠯᠭᠡᠭᠦᠷ ᠢ ᠬᠠᠮᠢᠶᠠᠷᠴᠤ᠂ ᠰᠤᠭᠤᠯᠤᠭ᠎ᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃         ︵ᠳᠥᠷᠪᠡ︶ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠨ᠎ᠠ ; ᠪᠥᠬᠦ ᠬᠤᠰᠢᠭᠤᠨ ᠤ ᠤᠯᠤᠰ ᠤᠨ ᠰᠠᠩ ᠤᠨ ᠲᠤᠬᠠᠶᠢᠯᠠᠭᠰᠠᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠨ᠎ᠠ ; ᠣᠷᠣᠨ ᠨᠤᠲᠤᠭ ᠤᠨ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠬᠦ ᠪᠥᠭᠡᠳ ᠬᠢᠨᠠᠵᠤ ᠬᠠᠮᠢᠶᠠᠷᠤᠨ᠎ᠠ᠃         ︵ᠲᠠᠪᠤ︶ ᠵᠠᠰᠠᠭ ᠵᠠᠬᠢᠷᠭᠠᠨ ᠠᠵᠢᠯ ᠦᠢᠯᠡᠰ  ᠤᠨ  ᠨᠢᠭᠡᠴᠢ  ᠶᠢᠨ ᠤᠯᠤᠰ  ᠤᠨ ᠥᠮᠴᠢᠯᠡᠯᠲᠦ ᠬᠥᠷᠥᠩᠭᠡ  ᠶᠢᠨ ᠬᠠᠮᠢᠶᠠᠷᠤᠯᠲᠠ  ᠶᠢᠨ ᠠᠵᠢᠯ  ᠢ ᠬᠠᠷᠢᠭᠤᠴᠠᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂  ᠪᠥᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ  ᠶᠢ ᠬᠠᠮᠢᠶᠠᠷᠤᠯᠲᠠ ᠶᠢᠨ ᠳᠦᠷᠢᠮ ᠢᠶᠠᠷ ᠬᠠᠮᠢᠶᠠᠷᠤᠨ᠎ᠠ᠃ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯ ᠤᠨ ᠡᠳ᠋ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠪᠠ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠵᠣᠬᠢᠴᠠᠭᠤᠯᠤᠨ ᠬᠠᠮᠵᠢᠯᠴᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠤᠷᠰᠢᠨ ᠬᠠᠮᠢᠶᠠᠷᠬᠤ ᠠᠵᠢᠯ ᠢ ᠬᠠᠷᠢᠭᠤᠴᠠᠨ᠎ᠠ᠃         ︵ᠵᠢᠷᠭᠤᠭ᠎ᠠ︶ ᠵᠠᠰᠠᠭ  ᠤᠨ ᠪᠡᠯᠡ ᠣᠷᠣᠭᠤᠯᠤᠯᠲᠠ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠬᠤᠰᠢᠭᠤᠨ ᠤ ᠡᠳ᠋ ᠤᠨ ᠵᠠᠰᠠᠭ ᠤᠨ ᠠᠵᠤ ᠠᠬᠤᠢ ᠶᠢᠨ ᠬᠥᠭᠵᠢᠯᠲᠡ ᠶᠢᠨ ᠵᠠᠷᠤᠯᠭ᠎ᠠ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠵᠢᠴᠢ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠳ᠋ ᠤᠨ ᠵᠠᠰᠠᠭ ᠤᠨ ᠰᠠᠯᠭᠠᠨ ᠥᠭᠬᠦ ᠵᠣᠭᠤᠰ ᠢ ᠭᠦᠢᠴᠡᠳᠬᠡᠬᠦ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠤᠰᠢᠭᠤᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠣᠷᠣᠯᠴᠠᠨ᠎ᠠ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠬᠡᠷᠡᠭᠵᠢᠭᠦᠯᠦᠨ᠎ᠡ᠃         ︵ᠳᠣᠯᠤᠭ᠎ᠠ︶ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠠᠵᠢᠯ ᠢ ᠬᠠᠷᠢᠭᠤᠴᠠᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠨᠠᠶᠢᠷᠠᠭᠤᠯᠤᠨ ᠵᠣᠬᠢᠶᠠᠨ᠎ᠠ ; ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ︵ᠰᠠᠭᠤᠷᠢ ᠮᠥᠩᠭᠦ︶᠎ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃         ︵  ᠨᠠᠢᠮᠠ︶ ᠵᠠᠰᠠᠭ  ᠤᠨ ᠣᠷᠳᠣᠨ  ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠬᠠᠤᠯᠢ ᠶᠣᠰᠣᠭᠠᠷ ᠲᠣᠭᠲᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠢᠵᠠᠭᠠᠷᠯᠠᠭᠰᠠᠨ ᠲᠤᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ ; ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢ ᠨᠢᠭᠡᠳᠦᠯᠲᠡᠢ ᠬᠠᠮᠢᠶᠠᠷᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃         ︵ᠶᠢᠰᠦ︶ ᠬᠤᠰᠢᠭᠤᠨ ᠲᠠᠰ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠠᠵᠢᠯ ᠢ ᠬᠠᠷᠢᠭᠤᠴᠠᠨ᠎ᠠ᠃ ᠬᠤᠰᠢᠭᠤᠨ ᠲᠠᠰ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠪᠠ ᠬᠤᠷᠢᠶᠠᠩᠭᠤᠶᠢᠯᠠᠬᠤ ᠶᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠰᠢᠭᠤᠨ ᠲᠠᠰ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢ ᠬᠤᠷᠢᠶᠠᠨ ᠠᠪᠤᠨ᠎ᠠ᠃ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠪᠠ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠵᠣᠬᠢᠴᠠᠭᠤᠯᠭ᠎ᠠ ᠬᠠᠮᠵᠢᠯᠴᠠᠭ᠎ᠠ ᠶᠢᠨ ᠬᠤᠯᠪᠣᠭᠳᠠᠯ ᠪᠦᠬᠦᠢ ᠲᠦᠷᠦ ᠎ ᠶᠢᠨ ᠪᠣᠳᠣᠯᠭ᠎ᠠ ᠶᠢ ᠲᠣᠭᠲᠠᠭᠠᠨ᠎ᠠ᠃         ︵ᠠᠷᠪᠠ︶ ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠠᠵᠢᠯ ᠢ ᠬᠠᠷᠢᠭᠤᠴᠠᠨ ᠬᠠᠮᠢᠶᠠᠷᠤᠨ᠎ᠠ᠃ ᠨᠢᠭᠲᠠᠯᠠᠨ ᠪᠤᠳᠤᠬᠤ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠢᠷᠤᠮᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠢᠭᠲᠠᠯᠠᠨ ᠪᠤᠳᠤᠬᠤ ᠬᠠᠤᠯᠢ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠤᠳᠤᠬᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ ; ᠥᠪᠡᠷᠲᠡᠭᠡᠨ ᠵᠠᠰᠠᠬᠤ ᠣᠷᠣᠨ ᠪᠠ ᠬᠤᠲᠠ ᠶᠢ ᠬᠠᠮᠵᠢᠨ ᠪᠥᠬᠦ ᠬᠤᠰᠢᠭᠤᠨ ᠤ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠪᠠ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠢᠴᠢ ᠡᠳ᠋ ᠬᠥᠷᠥᠩᠭᠡ ᠶᠢ ᠦᠨᠡᠯᠡᠨ ᠵᠢᠱᠢᠬᠦ ᠬᠠᠮᠢᠶ᠎ᠠ ᠪᠦᠬᠦᠢ ᠠᠵᠢᠯ ᠢ ᠬᠢᠨᠠᠨ ᠵᠢᠯᠣᠭᠤᠳᠤᠨ᠎ᠠ᠃         ︵ᠠᠷᠪᠠᠨ ᠨᠢᠭᠡ︶ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠠ᠃ ᠳᠣᠲᠣᠭᠠᠳᠤ ᠶᠢᠨ ᠬᠢᠵᠠᠭᠠᠷᠯᠠᠯ ᠢ ᠬᠢᠨᠠᠨ ᠵᠢᠯᠤᠭᠤᠳᠬᠤ ᠪᠠ ᠵᠢᠷᠤᠮᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠣᠳᠣᠯᠭ᠎ᠠ ᠪᠠ ᠰᠠᠨᠠᠭᠤᠯᠭ᠎ᠠ ᠳᠤᠷᠠᠳᠤᠨ᠎ᠠ ; ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃          ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃          ︵ᠠᠷᠪᠠᠨ ᠭᠤᠷᠪᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ          1. ᠬᠤᠷᠸ᠎ᠠ ᠲᠣᠬᠢᠷᠠᠭᠤᠯᠤᠯ ᠡᠵᠡᠮᠳᠡᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠣᠬᠢᠷᠠᠭᠤᠯᠤᠨ ᠡᠵᠡᠮᠳᠡᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠥᠭᠵᠢᠯᠲᠡ ᠶᠢᠨ ᠲᠥᠯᠦᠪᠵᠢᠭᠦᠯᠭᠡ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠢ ᠶᠢᠨ ᠬᠢᠨᠠᠨ ᠬᠡᠮᠵᠢᠬᠦ ᠤᠷᠢᠳᠴᠢᠯᠠᠨ ᠵᠢᠱᠢᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠷᠠᠭᠤᠯᠤᠨ᠂ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠲᠦᠷᠦ ᠶᠢᠨ ᠪᠣᠳᠣᠯᠭ᠎ᠠ ᠶᠢᠨ ᠨᠥᠭᠡᠴᠡᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠪᠠᠷᠠᠭᠠᠯᠬᠢᠯᠠᠯᠳᠤ ᠴᠢᠨᠠᠷ᠂ ᠬᠠᠨᠳᠤᠯᠭᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠷᠠᠭᠤᠯᠤᠨ᠎ᠠ᠃          2.ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠣᠲᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠲᠦᠷᠭᠡᠳᠬᠡᠨ ᠪᠠᠶᠢᠭᠤᠯᠵᠤ᠂ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠥᠭᠡᠷᠡᠴᠢᠯᠡᠯᠲᠡ ᠶᠢ ᠠᠬᠢᠭᠤᠯᠤᠨ᠂ ᠬᠤᠰᠢᠭᠤ ᠪᠠ ᠰᠤᠮᠤ ᠪᠠᠯᠭᠠᠰᠤ ᠶᠢᠨ ᠣᠷᠣᠯᠭ᠎ᠠ ᠶᠢᠨ ᠬᠤᠪᠢᠶᠠᠷᠢᠯᠠᠯ ᠢ ᠢᠯᠡᠷᠬᠡᠶᠢᠯᠡᠵᠦ᠂ ᠡᠷᠬᠡ ᠬᠠᠷᠢᠭᠤᠴᠠᠯᠭ᠎ᠠ ᠲᠣᠳᠣᠷᠬᠠᠢ᠂ ᠡᠳ᠋ ᠤᠨ ᠬᠦᠴᠦᠨ ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ ᠬᠤᠰᠢᠭᠤ ᠪᠠ ᠰᠤᠮᠤ ᠪᠠᠯᠭᠠᠰᠤ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠤᠨ᠎ᠠ᠃ ᠰᠢᠯᠵᠢᠭᠦᠯᠦᠨ ᠥᠭᠬᠦ ᠳᠦᠷᠢᠮ ᠢ ᠲᠡᠭᠦᠯᠳᠡᠷᠵᠢᠭᠦᠯᠵᠦ᠂ ᠰᠢᠯᠵᠢᠭᠦᠯᠦᠨ ᠥᠭᠬᠦ ᠶᠢᠨ ᠠᠩᠭᠢᠯᠠᠯ ᠢ ᠰᠢᠯᠢᠳᠡᠭᠵᠢᠭᠦᠯᠵᠦ᠂ ᠰᠢᠯᠵᠢᠭᠦᠯᠦᠨ ᠥᠭᠬᠦ ᠵᠦᠢᠯᠡᠰ ᠢ ᠵᠢᠷᠤᠮᠵᠢᠭᠤᠯᠵᠤ᠂ ᠣᠷᠣᠨ ᠨᠤᠲᠤᠭ ᠤᠨ ᠨᠢᠭᠡᠳᠦᠯᠲᠡᠢ ᠲᠥᠯᠥᠪᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃ ᠲᠥᠰᠥᠪ ᠤᠨ ᠬᠤᠪᠢᠶᠠᠷᠢᠯᠠᠯᠲᠠ ᠶᠢ ᠠᠯᠬᠤᠮ ᠠᠯᠬᠤᠮ ᠢᠶᠠᠷ ᠨᠢᠭᠡᠳᠦᠯᠲᠡᠢ ᠪᠣᠯᠭᠠᠵᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠲᠠᠯ᠎ᠠ ᠪᠠᠷ ᠵᠢᠷᠤᠮᠵᠢᠭᠰᠠᠨ ᠢᠯᠡ ᠲᠣᠳᠣ᠂ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ ᠬᠢᠵᠠᠭᠠᠷᠯᠠᠯ ᠨᠢ ᠬᠦᠴᠦᠲᠡᠢ ᠲᠥᠰᠥᠪ ᠤᠨ ᠳᠦᠷᠢᠮ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠪᠠ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠦᠨ᠎ᠡ᠃ ᠭᠠᠶᠢᠯᠢ ᠲᠠᠲᠠᠪᠤᠷᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠭᠠᠶᠢᠯᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠰᠢᠭᠤᠳ ᠭᠠᠶᠢᠯᠢ ᠶᠢᠨ ᠬᠤᠪᠢ ᠶᠢᠨ ᠵᠢᠩ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠭᠠᠶᠢᠯᠢ ᠶᠢᠨ ᠬᠠᠤᠯᠢ ᠶᠢ ᠨᠢᠭᠡᠳᠦᠭᠦᠯᠦᠭᠰᠡᠨ᠂ ᠭᠠᠶᠢᠯᠢ ᠶᠢᠨ ᠡᠭᠦᠷᠭᠡᠯᠡᠯ ᠢ ᠭᠤᠣᠯᠴᠢ᠂ ᠲᠣᠬᠢᠷᠠᠭᠤᠯᠤᠯᠲᠠ ᠶᠢ ᠬᠡᠮᠵᠢᠶ᠎ᠡ ᠲᠠᠢ ᠪᠣᠯᠭᠠᠭᠰᠠᠨ ᠭᠠᠶᠢᠯᠢ ᠲᠠᠲᠠᠪᠤᠷᠢ ᠶᠢᠨ ᠳᠦᠷᠢᠮ ᠤᠨ ᠰᠢᠰᠲ᠋ᠧᠮ ᠢ ᠪᠤᠢ ᠪᠣᠯᠭᠠᠨ᠎ᠠ᠃          3% ᠣᠷᠣᠨ ᠨᠤᠲᠤᠭ  ᠤᠨ ᠵᠠᠰᠠᠭ  ᠤᠨ ᠣᠷᠳᠣᠨ  ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠢᠭᠡᠯᠡᠯᠭᠡ ᠠᠪᠴᠤ ᠪᠡᠯᠡ ᠲᠣᠬᠢᠷᠠᠭᠤᠯᠬᠤ ᠲᠣᠭᠲᠠᠴᠠ ᠶᠢ ᠵᠢᠷᠤᠮᠵᠢᠭᠤᠯᠤᠨ᠂ ︽ᠪᠢᠲᠡᠭᠦᠦ ᠴᠠᠭᠠᠷᠢᠭ︾᠎ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠬᠠᠤᠯᠢ ᠪᠠᠷ ᠲᠣᠭᠲᠠᠭᠠᠭᠰᠠᠨ ᠬᠢᠵᠠᠭᠠᠷ ᠲᠣᠭᠠᠨ ᠤ ᠳᠣᠲᠣᠷᠠᠬᠢ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠲᠠᠯᠳᠠ ᠥᠷᠢ ᠥᠭᠴᠡᠭᠡ ᠶᠢᠨ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠡᠵᠡᠮᠳᠡᠵᠦ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃          ︵ᠠᠷᠪᠠᠨ ᠳᠥᠷᠪᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ          1. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃          ︵1︶ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠡᠷᠬᠡ ᠣᠯᠭᠤᠯᠲᠠ ᠶᠢ ᠦᠨᠳᠦᠰᠦᠯᠡᠨ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠷᠣᠨ ᠨᠤᠲᠤᠭ ᠤᠨ ᠭᠠᠶᠢᠯᠢ ᠶᠢᠨ ᠭᠠᠶᠢᠯᠢ ᠶᠢᠨ ᠵᠦᠢᠯ ᠭᠠᠶᠢᠯᠢ ᠶᠢᠨ ᠨᠣᠷᠮ᠎ᠠ ᠳᠤ ᠲᠣᠬᠢᠷᠠᠭᠤᠯᠤᠯᠲᠠ ᠬᠢᠬᠦ᠂ ᠭᠠᠶᠢᠯᠢ ᠶᠢ ᠬᠠᠰᠤᠵᠤ ᠬᠡᠯᠲᠦᠷᠢᠭᠦᠯᠬᠦ ᠵᠡᠷᠭᠡ ᠰᠠᠨᠠᠭᠤᠯᠭ᠎ᠠ ᠳᠤᠷᠠᠳᠴᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠲᠤ ᠪᠠᠷ ᠳᠡᠭᠡᠭᠰᠢ ᠮᠡᠳᠡᠭᠦᠯᠦᠨ᠎ᠡ᠃          ︵2︶ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠬᠤ ᠳᠦᠷᠢᠮ ᠢ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠭᠠᠶᠢᠯᠢ ᠶᠢᠨ ᠪᠤᠰᠤ ᠣᠷᠣᠯᠭ᠎ᠠ ᠶᠢᠨ ᠲᠠᠩᠰᠠ᠂ ᠬᠤᠷᠢᠶᠠᠬᠤ ᠠᠷᠭ᠎ᠠ ᠮᠠᠶ᠋ᠢᠭ᠂ ᠪᠤᠴᠠᠭᠠᠨ ᠲᠤᠰᠢᠶᠠᠬᠤ ᠪᠠ ᠪᠤᠴᠠᠭᠠᠨ ᠲᠤᠰᠢᠶᠠᠬᠤ ᠵᠡᠷᠭᠡ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠬᠤ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠠᠶᠢᠯᠢ ᠶᠢᠨ ᠪᠤᠰᠤ ᠣᠷᠣᠯᠭ᠎ᠠ ᠶᠢ ᠭᠤᠶᠤᠴᠢᠯᠠᠨ ᠮᠡᠳᠡᠭᠦᠯᠵᠦ ᠲᠠᠲᠠᠪᠤᠷᠢᠯᠠᠬᠤ᠂ ᠨᠢᠭᠡᠳᠦᠯᠲᠡᠢ ᠲᠣᠭᠠᠴᠠᠭ᠎ᠠ ᠬᠢᠬᠦ᠂ ᠰᠦᠢᠳᠬᠡᠯ ᠲᠤᠰᠢᠶᠠᠭᠰᠠᠨ ᠢ ᠪᠠᠶᠢᠴᠠᠭᠠᠬᠤ᠂ ᠥᠷᠢᠲᠦᠭᠰᠡᠨ ᠰᠦᠢᠳᠬᠡᠯ ᠢ ᠨᠡᠬᠡᠮᠵᠢᠯᠡᠨ ᠲᠤᠰᠢᠶᠠᠯᠭᠠᠬᠤ ᠪᠠ ᠬᠠᠤᠯᠢ  ᠠᠴᠠ ᠵᠥᠷᠢᠴᠡᠭᠰᠡᠨ ᠢ ᠲᠣᠷᠭᠠᠬᠤ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃          2᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ︶᠎ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃          ︵1︶ ᠬᠤᠰᠢᠭᠤᠨ ᠠᠴᠠ ᠡᠳ᠋ ᠤᠨ ᠵᠠᠰᠠᠭ ᠤᠨ ᠲᠣᠪᠴᠢᠶ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠳᠠᠬᠢ ᠡᠳ᠋ ᠤᠨ ᠵᠠᠰᠠᠭ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠵᠡᠷᠭᠡ ᠬᠤᠰᠢᠭᠤᠨ ᠲᠠᠰ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠵᠤ᠂ ᠬᠤᠰᠢᠭᠤᠨ ᠲᠠᠰ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠢ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠲᠥᠰᠥᠯ ᠢ ᠨᠠᠶᠢᠷᠠᠭᠤᠯᠤᠨ ᠮᠡᠳᠡᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢ ᠬᠢᠨᠠᠨ ᠲᠤᠰᠢᠶᠠᠯᠭᠠᠨ᠎ᠠ᠃          ︵2︶ ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ︶᠎ ᠠᠴᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠪᠠᠨ ᠳᠡᠭᠡᠭᠰᠢ ᠲᠤᠰᠢᠶᠠᠬᠤ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠤᠰᠢᠭᠤᠨ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠰᠤᠳᠤᠯᠤᠨ ᠲᠣᠭᠲᠠᠭᠠᠬᠤ ᠳᠤ ᠣᠷᠣᠯᠴᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠪᠠ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠮᠡᠳᠡᠭᠦᠯᠬᠦ ᠠᠵᠢᠯ ᠢ ᠬᠠᠷᠢᠭᠤᠴᠠᠨ᠎ᠠ᠃          3᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃          ︵1︶ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠬᠤᠰᠢᠭᠤᠨ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠲᠥᠰᠥᠪ ᠤᠨ ᠲᠣᠬᠢᠷᠠᠭᠤᠯᠤᠯᠲᠠ ᠪᠠ ᠵᠣᠭᠤᠰ ᠰᠠᠯᠭᠠᠨ ᠥᠭᠬᠦ ᠶᠢ ᠬᠠᠷᠢᠭᠤᠴᠠᠵᠤ᠂ ᠪᠥᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃          ︵2︶ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠤᠰᠢᠭᠤᠨ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ ᠳᠤᠷᠠᠳᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠵᠦᠢᠯᠡᠰ ᠤᠨ ᠬᠢᠨᠠᠨ ᠵᠥᠪᠰᠢᠶᠡᠷᠡᠬᠦ ᠭᠠᠷᠴᠠᠭ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ ᠪᠡᠯᠡ ᠣᠷᠣᠭᠤᠯᠤᠯᠲᠠ ᠶᠢᠨ ᠵᠦᠢᠯᠡᠰ ᠤᠨ ᠭᠠᠷᠴᠠᠭ ᠲᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠤᠨ᠎ᠠ᠃ᠬᠤᠶᠠᠷ᠂ ᠳᠣᠲᠣᠭᠠᠳᠤ ᠪᠠᠶᠢᠭᠤᠯᠤᠮᠵᠢ᠄          ︵ᠨᠢᠭᠡ︶ ᠠᠯᠪᠠᠨ ᠭᠡᠷ ︵ᠬᠠᠤᠯᠢ ᠳᠦᠷᠢᠮ  ᠤᠨ ᠰᠲ᠋ᠣᠺ᠂ ᠮᠥᠩᠭᠦᠨ ᠭᠦᠢᠯᠭᠡᠭᠡᠨ  ᠤ ᠠᠯᠪᠠᠨ ᠭᠡᠷ᠂ ᠠᠵᠢᠯᠲᠠᠨ  ᠤ ᠶᠠᠪᠤᠳᠠᠯ  ᠤᠨ ᠰᠤᠷᠭᠠᠨ ᠬᠥᠮᠦᠵᠢᠯ︶᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠳᠣᠲᠣᠭᠠᠳᠤ ᠶᠢᠨ ᠰᠢᠮᠳᠠᠭᠤᠯᠤᠨ ᠪᠠᠶᠢᠴᠠᠭᠠᠬᠤ᠂ ᠬᠤᠷᠠᠯ ᠤᠨ ᠶᠠᠪᠤᠳᠠᠯ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠨᠢᠭᠤᠴᠠ ᠴᠢᠬᠤᠯᠠ ᠮᠠᠲ᠋ᠧᠷᠢᠶᠠᠯ᠂ ᠲᠠᠩᠰᠠ ᠡᠪᠬᠡᠮᠡᠯ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ ; ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠤᠰᠬᠠᠢ ᠮᠡᠷᠭᠡᠵᠢᠯ  ᠤᠨ ᠲᠤᠰᠢᠶᠠᠯ ᠲᠣᠭᠲᠠᠭᠠᠬᠤ ᠤᠷᠢᠬᠤ ᠪᠠ ᠠᠵᠢᠯᠴᠢᠨ  ᠤ ᠮᠡᠷᠭᠡᠵᠢᠯ  ᠤᠨ ᠵᠡᠷᠭᠡ ᠳᠡᠰ  ᠤᠨ ᠬᠢᠨᠠᠨ ᠰᠢᠯᠭᠠᠬᠤ ᠶᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠡᠳ᠋ ᠤᠨ ᠶᠠᠪᠤᠳᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠡᠳ᠋ ᠤᠨ ᠵᠠᠰᠠᠭ ᠤᠨ ᠰᠢᠰᠲ᠋ᠧᠮ ᠤᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠲᠡᠭᠦᠨ ᠢ ᠲᠡᠭᠦᠯᠳᠡᠷᠵᠢᠭᠦᠯᠬᠦ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠪᠠ ᠳᠠᠩᠰᠠᠯᠠᠬᠤ ᠠᠵᠢᠯ ᠢ ᠡᠭᠦᠷᠭᠡᠯᠡᠨ᠎ᠡ ; ᠡᠳ᠋ ᠤᠨ ᠵᠠᠰᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠪᠠ ᠭᠤᠥᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠡᠳ᠋ ᠤᠨ ᠵᠠᠰᠠᠭ ᠤᠨ ᠬᠠᠤᠯᠢ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠤᠨ᠎ᠠ ; ᠡᠳ᠋ ᠤᠨ ᠵᠠᠰᠠᠭ ᠠᠴᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠳᠠᠯ ᠪᠠ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠢ ᠰᠤᠳᠤᠯᠤᠨ ᠵᠠᠳᠠᠯᠵᠤ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠳᠤ ᠵᠣᠬᠢᠴᠠᠭᠤᠯᠤᠨ ᠦᠢᠯᠡᠴᠢᠯᠡᠵᠦ᠂ ᠪᠥᠬᠦ ᠬᠤᠰᠢᠭᠤᠨ ᠤ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠠᠵᠢᠯ ᠢ ᠵᠢᠯᠤᠭᠤᠳᠴᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ ᠪᠠᠷ ᠪᠡᠯᠡ ᠲᠣᠬᠢᠷᠠᠭᠤᠯᠬᠤ ᠪᠠ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ᠂ ᠳᠠᠬᠢᠨ ᠪᠡᠯᠡ ᠲᠣᠬᠢᠷᠠᠭᠤᠯᠭ᠎ᠠ ᠶᠢᠨ ᠠᠵᠢᠯ ᠢ ᠵᠣᠬᠢᠴᠠᠭᠤᠯᠤᠨ᠎ᠠ᠃ ᠨᠠᠶᠢᠳᠠᠯᠭ᠎ᠠ ᠶᠢ ᠭᠥᠯᠢᠶᠡᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ᠂ ᠳᠠᠨᠵᠢᠯᠠᠬᠤ ᠬᠤᠳᠠᠯᠳᠤᠭ᠎ᠠ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ ᠪᠠᠲᠤᠯᠠᠨ ᠬᠠᠮᠢᠶᠠᠷᠬᠤ ᠺᠣᠮᠫᠠᠨᠢ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠳᠤ ᠬᠢᠨᠠᠯᠲᠠ ᠲᠠᠯᠪᠢᠵᠤ ᠬᠠᠮᠢᠶᠠᠷᠤᠨ᠎ᠠ ; ᠨᠠᠶᠢᠳᠠᠯᠭ᠎ᠠ ᠬᠦᠯᠢᠶᠡᠵᠦ ᠡᠷᠬᠡ ᠠᠰᠢᠭ ᠤᠨ ᠲᠥᠷᠥᠯ᠂ ᠭᠡᠷ᠎ᠡ ᠶᠢᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠲᠤ ᠬᠢᠨᠠᠯᠲᠠ ᠬᠠᠮᠢᠶᠠᠷᠤᠯᠲᠠ ᠬᠢᠨ᠎ᠡ ; ᠨᠠᠶᠢᠳᠠᠯᠭ᠎ᠠ ᠶᠢ ᠬᠦᠯᠢᠶᠡᠵᠦ ᠪᠠᠶᠢᠭᠠᠳ ᠰᠦᠯᠵᠢᠶᠡᠨ ᠤ ᠵᠢᠭᠡᠯᠡᠯᠭᠡ ᠶᠢᠨ ᠮᠡᠳᠡᠭᠡ ᠵᠠᠩᠭᠢ ᠶᠢᠨ ᠵᠠᠭᠤᠴᠢ ᠪᠠᠶᠢᠭᠤᠯᠤᠮᠵᠢ ᠳᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠬᠢᠨ᠎ᠡ ; ᠨᠠᠶᠢᠳᠠᠯᠭ᠎ᠠ ᠶᠢ ᠬᠦᠯᠢᠶᠡᠵᠦ ᠪᠠᠶᠢᠭᠠᠳ ᠪᠡᠯᠡ ᠣᠷᠣᠭᠤᠯᠤᠯᠲᠠ ᠶᠢᠨ ᠺᠣᠮᠫᠠᠨᠢ᠂ ᠢᠲᠡᠭᠡᠮᠵᠢ ᠶᠢᠨ ᠬᠠᠪᠰᠤᠷᠤᠯᠴᠠᠭ᠎ᠠ ᠶᠢ ᠥᠷᠨᠢᠭᠦᠯᠦᠭᠰᠡᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠨᠡᠶᠢᠭᠡᠮ ᠤᠨ ᠤᠯᠠᠨ ᠢᠶᠠᠷ ᠢᠶᠠᠨ ᠴᠤᠭᠯᠠᠭᠤᠯᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠶᠢ ᠬᠠᠷᠢᠭᠤᠴᠠᠵᠤ᠂ ᠬᠠᠷᠢᠶ᠎ᠠ ᠭᠠᠵᠠᠷ ᠤᠨ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠠᠭᠤᠷᠢ ᠲᠤᠭ᠎ᠠ ᠪᠠᠷᠢᠮᠲᠠ ᠪᠠ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤᠨ ᠳᠤ ᠰᠠᠭᠤᠭ᠎ᠠ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠬᠤᠰᠢᠭᠤᠨ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠵᠢᠷᠤᠮᠵᠢᠭᠤᠯᠤᠨ᠎ᠠ᠃          ︵ᠬᠤᠶᠠᠷ︶ ᠲᠥᠰᠥᠪ ᠤᠨ ᠰᠲ᠋ᠣᠺ ︵ᠲᠥᠷᠥ ᠶᠢᠨ ᠪᠣᠳᠣᠯᠭ᠎ᠠ ᠰᠤᠳᠤᠯᠬᠤ ᠲᠠᠰᠤᠭ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ︶᠃ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ᠂ ᠡᠳ᠋ ᠤᠨ ᠵᠠᠰᠠᠭ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠡᠳ᠋ ᠤᠨ ᠵᠠᠰᠠᠭ ᠭᠠᠶᠢᠯᠢ ᠶᠢᠨ ᠥᠭᠡᠷᠡᠴᠢᠯᠡᠯᠲᠡ ᠪᠠ ᠡᠳ᠋ ᠤᠨ ᠵᠠᠰᠠᠭ ᠭᠠᠶᠢᠯᠢ ᠶᠢᠨ ᠴᠢᠬᠤᠯᠠ ᠲᠦᠷᠦ ᠶᠢᠨ ᠪᠣᠳᠣᠯᠭ᠎ᠠ ᠶᠢᠨ ᠲᠤᠬᠠᠢ ᠰᠠᠨᠠᠭᠤᠯᠭ᠎ᠠ ᠶᠢ ᠳᠤᠷᠠᠳᠴᠤ᠂ ᠡᠳ᠋ ᠤᠨ ᠵᠠᠰᠠᠭ ᠠᠴᠠ ᠬᠤᠯᠪᠣᠭᠳᠠᠯ ᠪᠦᠬᠦᠢ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠲᠤᠬᠠᠢ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠣᠷᠣᠨ ᠪᠦᠰᠡ  ᠶᠢᠨ ᠬᠥᠭᠵᠢᠯᠲᠡ  ᠶᠢᠨ  ᠵᠠᠰᠠᠭ  ᠤᠨ ᠬᠠᠮᠢᠶᠠᠷᠤᠯᠲᠠ  ᠶᠢᠨ ᠬᠠᠮᠢᠶ᠎ᠠ ᠪᠦᠬᠦᠢ ᠠᠵᠢᠯ  ᠢ ᠡᠭᠦᠷᠭᠡᠯᠡᠨ᠎ᠡ᠃ ᠡᠳ᠋ ᠤᠨ ᠵᠠᠰᠠᠭ ᠤᠨ ᠪᠠᠶᠢᠭᠤᠯᠤᠯ᠂ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ ᠤᠷᠲᠤᠪᠲᠤᠷ ᠬᠤᠭᠤᠴᠠᠭᠠᠨ ᠤ ᠡᠳ᠋ ᠤᠨ ᠵᠠᠰᠠᠭ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠬᠤᠰᠢᠭᠤᠨ ᠲᠣᠰ ᠱᠠᠲᠤᠨ ᠤ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠪᠠ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠢ ᠨᠠᠶᠢᠷᠠᠭᠤᠯᠤᠨ ᠵᠣᠬᠢᠶᠠᠨ᠎ᠠ ; ᠬᠤᠰᠢᠭᠤᠨ ᠲᠣᠰ ᠱᠠᠲᠤᠨ ᠤ ᠰᠠᠯᠠᠭ᠎ᠠ ᠮᠥᠴᠢᠷ ᠤᠨ ᠲᠥᠰᠥᠪ ᠢ ᠨᠠᠶᠢᠷᠠᠭᠤᠯᠤᠨ ᠵᠣᠬᠢᠶᠠᠬᠤ᠂ ᠬᠢᠨᠠᠨ ᠬᠠᠷᠭᠤᠭᠤᠯᠵᠤ ᠬᠤᠷᠢᠶᠠᠩᠭᠤᠶᠢᠯᠠᠬᠤ ᠠᠵᠢᠯ ᠢ ᠵᠣᠬᠢᠶᠠᠨ ᠪᠠᠶᠢᠭᠤᠯᠤᠨ᠎ᠠ ; ᠬᠤᠰᠢᠭᠤᠨ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠥᠪ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠢ ᠨᠠᠶᠢᠷᠠᠭᠤᠯᠤᠨ ᠵᠣᠬᠢᠶᠠᠬᠤ᠂ ᠬᠢᠨᠠᠨ ᠬᠠᠷᠭᠤᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ ; ᠬᠤᠰᠢᠭᠤ ᠲᠣᠰ ᠱᠠᠲᠤᠨ ᠤ ᠰᠠᠯᠠᠭ᠎ᠠ ᠮᠥᠴᠢᠷ ᠤᠨ ᠵᠠᠷᠤᠯᠭ᠎ᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠪᠠ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢ ᠵᠣᠬᠢᠶᠠᠨ ᠬᠢᠨᠠᠯᠲᠠ ᠲᠠᠯᠪᠢᠬᠤ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠲ᠋ᠣᠺ ᠢ ᠬᠠᠮᠵᠢᠯᠴᠠᠨ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ᠂ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ ; ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠ ᠵᠢᠯ ᠤᠨ ᠡᠴᠦᠰ ᠤᠨ ᠳ᠋ᠦᠩᠨᠡᠨ ᠪᠤᠳᠤᠬᠤ ᠠᠵᠢᠯ ᠢ ᠡᠭᠦᠷᠭᠡᠯᠡᠨ᠎ᠡ ; ᠣᠨ ᠤ ᠪᠥᠬᠦ ᠬᠤᠰᠢᠭᠤᠨ ᠤ ᠡᠳ᠋ ᠤᠨ ᠵᠠᠰᠠᠭ ᠤᠨ ᠲᠥᠰᠥᠪ ᠢ ᠬᠤᠷᠢᠶᠠᠩᠭᠤᠶᠢᠯᠠᠨ᠎ᠠ᠃ ᠣᠷᠣᠨ ᠨᠤᠲᠤᠭ ᠤᠨ ᠴᠢᠨᠠᠷᠲᠠᠢ ᠥᠭᠴᠡᠭᠡ ᠶᠢᠨ ᠲᠥᠰᠥᠪ ᠤᠨ ᠬᠠᠮᠢᠶᠠᠷᠤᠯᠲᠠ ᠶᠢᠨ ᠠᠷᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠰᠢᠭᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ ᠶᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠪᠠ ᠲᠥᠰᠥᠪ ᠤᠨ ᠬᠠᠮᠢᠶᠠᠷᠤᠯᠲᠠ ᠶᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠵᠦᠢᠯᠡᠰ ᠤᠨ ᠪᠡᠯᠡ ᠮᠥᠩᠭᠦ᠂ ᠡᠯ᠎ᠡ ᠲᠦᠷᠦᠯ ᠤᠨ ᠥᠷᠢ ᠲᠥᠯᠥᠬᠦ ᠪᠡᠯᠡ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠣᠷᠣᠨ ᠨᠤᠲᠤᠭ  ᠤᠨ ᠵᠠᠰᠠᠭ  ᠤᠨ ᠣᠷᠳᠣᠨ  ᠤ ᠵᠢᠭᠡᠯᠡᠯᠭᠡ  ᠶᠢᠨ ᠲᠡᠮᠳᠡᠭᠲᠦ  ᠶᠢᠨ ᠪᠡᠯᠡ ᠮᠥᠩᠭᠦ  ᠶᠢᠨ ᠠᠮᠵᠢᠯᠲᠠ ᠪᠦᠲᠦᠮᠵᠢ  ᠶᠢᠨ ᠬᠠᠮᠢᠶᠠᠷᠤᠯᠲᠠ  ᠶᠢᠨ ᠠᠵᠢᠯ  ᠢ ᠬᠠᠷᠢᠭᠤᠴᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠶᠢ ᠪᠤᠴᠠᠭᠠᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠤᠯᠤᠰ ᠤᠨ ᠵᠢᠭᠡᠯᠡᠯᠭᠡ ᠶᠢᠨ ᠪᠡᠯᠡ ᠮᠥᠩᠭᠦ᠂ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠡᠷᠢᠭ ᠠᠩᠭᠢ᠂ ᠵᠡᠪᠰᠡᠭᠲᠦ ᠴᠠᠭᠳᠠᠭ᠎ᠠ᠂ ᠭᠠᠯ ᠤᠨᠲᠠᠷᠠᠭᠠᠬᠤ ᠵᠡᠷᠭᠡ ᠲᠠᠯ᠎ᠠ ᠶᠢᠨ ᠵᠠᠷᠤᠯᠭ᠎ᠠ ᠶᠢᠨ ᠲᠥᠰᠥᠪ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃          ︵ᠭᠤᠷᠪᠠ︶ ᠤᠯᠤᠰ ᠤᠨ ᠰᠠᠩ ᠤᠨ ᠬᠤᠪᠢ᠃ ᠲᠥᠰᠥᠪ ᠢ ᠭᠦᠢᠴᠡᠳᠬᠡᠬᠦ᠂ ᠬᠢᠨᠠᠨ ᠡᠵᠡᠮᠳᠡᠬᠦ ᠪᠠ ᠵᠠᠳᠠᠯᠤᠯᠲᠠ ᠬᠢᠬᠦ ᠶᠢ ᠵᠣᠬᠢᠶᠠᠨ ᠪᠠᠶᠢᠭᠤᠯᠤᠨ᠎ᠠ ; ᠡᠳ᠋ ᠤᠨ ᠵᠠᠰᠠᠭ ᠤᠨ ᠶᠡᠷᠦᠩᠬᠡᠢ ᠲᠥᠰᠥᠪ ᠤᠨ ᠨᠢᠭᠲᠠᠯᠠᠨ ᠪᠤᠳᠤᠬᠤ ᠳᠦᠷᠢᠮ ᠢ ᠬᠡᠷᠡᠭᠵᠢᠭᠦᠯᠦᠨ᠎ᠡ ; ᠤᠯᠤᠰ ᠤᠨ ᠰᠠᠩ ᠤᠨ ᠬᠠᠮᠢᠶᠠᠷᠤᠯᠲᠠ ᠶᠢᠨ ᠲᠤᠶᠢᠷᠢᠮ ᠪᠠ ᠤᠯᠤᠰ ᠤᠨ ᠰᠠᠩ ᠤᠨ ᠲᠥᠪᠯᠡᠷᠡᠭᠦᠯᠦᠨ ᠬᠤᠷᠢᠶᠠᠬᠤ ᠪᠠ ᠥᠭᠬᠦ ᠲᠤᠶᠢᠷᠢᠮ ᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ ; ᠬᠤᠰᠢᠭᠤᠨ ᠲᠣᠰ ᠱᠠᠲᠤᠨ ᠤ ᠲᠥᠰᠥᠪ ᠤᠨ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠶᠡᠷᠦᠩᠬᠡᠢ ᠨᠢᠭᠲᠠᠯᠠᠨ ᠪᠤᠳᠤᠬᠤ ᠲᠣᠭᠠᠴᠠᠭ᠎ᠠ ᠬᠢᠬᠦ ᠶᠢ ᠬᠠᠷᠢᠭᠤᠴᠠᠨ᠎ᠠ ; ᠬᠤᠰᠢᠭᠤᠨ ᠲᠣᠰ ᠱᠠᠲᠤᠨ ᠤ ᠡᠳ᠋ ᠤᠨ ᠵᠠᠰᠠᠭ ᠪᠠ ᠲᠥᠰᠥᠪ ᠤᠨ ᠨᠢᠭᠡᠴᠢ ᠶᠢᠨ ᠲᠠᠩᠰᠠᠨ ᠡᠷᠦᠬᠡ ᠶᠢ ᠬᠠᠮᠢᠶᠠᠷᠴᠤ᠂ ᠬᠤᠰᠢᠭᠤᠨ ᠲᠣᠰ ᠱᠠᠲᠤ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠪᠥᠬᠦ ᠬᠤᠰᠢᠭᠤᠨ ᠤ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ᠂ ᠡᠳ᠋ ᠤᠨ ᠵᠠᠰᠠᠭ ᠤᠨ ᠶᠡᠷᠦᠩᠬᠡᠢ ᠲᠥᠰᠥᠪ ᠤᠨ ᠭᠦᠢᠴᠡᠳᠬᠡᠯ ᠵᠢᠴᠢ ᠰᠠᠯᠠᠭ᠎ᠠ ᠮᠥᠴᠢᠷ ᠤᠨ ᠲᠥᠰᠥᠪ ᠤᠨ ᠭᠦᠢᠴᠡᠳᠬᠡᠯ ᠢ ᠬᠤᠷᠢᠶᠠᠩᠭᠤᠶᠢᠯᠠᠬᠤ ᠶᠢ ᠬᠠᠷᠢᠭᠤᠴᠠᠨ᠎ᠠ ; ᠤᠯᠤᠰ ᠤᠨ ᠰᠠᠩ ᠤᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵ᠳᠥᠷᠪᠡ︶ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠬᠤᠪᠢ᠃ ᠰᠤᠷᠭᠠᠨ ᠬᠥᠮᠦᠵᠢᠯ᠂ ᠨᠠᠮ ᠤᠨ ᠰᠤᠷᠭᠠᠭᠤᠯᠢ᠂ ᠤᠬᠠᠭᠤᠯᠭ᠎ᠠ᠂ ᠰᠣᠶᠣᠯ ᠪᠠ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠪᠡᠶ᠎ᠡ ᠶᠢᠨ ᠲᠠᠮᠢᠷ ᠵᠡᠷᠭᠡ ᠲᠠᠯ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠣᠨ ᠤ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ ᠢ ᠬᠤᠷᠢᠶᠠᠩᠭᠤᠶᠢᠯᠠᠬᠤ᠂ ᠬᠢᠨᠠᠨ ᠬᠠᠷᠭᠤᠭᠤᠯᠬᠤ ᠪᠠ ᠴᠣᠬᠤᠯᠠᠪᠤᠷᠢᠯᠠᠬᠤ᠂ ᠲᠥᠰᠥᠪ ᠢ ᠭᠦᠢᠴᠡᠳᠬᠡᠬᠦ᠂ ᠲᠥᠰᠥᠪ ᠤᠨ ᠠᠮᠵᠢᠯᠲᠠ ᠪᠦᠲᠦᠮᠵᠢ ᠶᠢ ᠬᠠᠮᠢᠶᠠᠷᠬᠤ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ ᠨᠡᠶᠢᠳᠡᠮ ᠬᠡᠷᠡᠭᠯᠡᠬᠦ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ  ᠳᠦᠷᠢᠮ ᠢ ᠬᠡᠷᠡᠭᠵᠢᠭᠦᠯᠦᠨ᠎ᠡ᠃ ᠬᠤᠰᠢᠭᠤᠨ ᠲᠣᠰ ᠱᠠᠲᠤᠨ ᠤ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠵᠡᠷᠭᠡ ᠪᠡᠯᠡ ᠮᠥᠩᠭᠦ ᠶᠢᠨ ᠵᠠᠷᠤᠯᠭ᠎ᠠ ᠶᠢᠨ ᠲᠥᠰᠥᠪ ᠢ ᠬᠠᠷᠢᠭᠤᠴᠠᠨ ᠬᠠᠮᠢᠶᠠᠷᠤᠨ᠎ᠠ᠃ ᠡᠩ ᠤᠨ ᠣᠯᠠᠨ ᠨᠡᠶᠢᠲᠡ ᠶᠢᠨ ᠲᠥᠰᠥᠪ ᠤᠨ ᠬᠠᠮᠢᠶᠠᠷᠤᠯᠲᠠ ᠳᠤ ᠣᠷᠣᠭᠤᠯᠤᠭᠰᠠᠨ ᠦᠭᠡᠢ ᠰᠤᠷᠭᠠᠨ ᠬᠥᠮᠦᠵᠢᠯ ᠤᠨ ᠰᠦᠢᠳᠬᠡᠯ ᠬᠤᠷᠢᠶᠠᠯᠲᠠ ᠶᠢᠨ ᠵᠠᠷᠤᠯᠭ᠎ᠠ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃          ︵ᠲᠠᠪᠤ︶ ᠵᠠᠰᠠᠭ ᠵᠠᠬᠢᠷᠭ᠎ᠠ ᠤᠯᠤᠰ ᠲᠦᠷᠦ ᠬᠠᠤᠯᠢ ᠴᠠᠭᠠᠵᠠ ᠶᠢᠨ ᠬᠤᠪᠢ᠃ ᠵᠠᠰᠠᠭ ᠵᠠᠬᠢᠷᠭ᠎ᠠ ᠪᠠ ᠤᠯᠤᠰ ᠲᠦᠷᠦ ᠬᠠᠤᠯᠢ ᠴᠠᠭᠠᠵᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠨ ᠤ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ ᠢ ᠬᠤᠷᠢᠶᠠᠩᠭᠤᠶᠢᠯᠠᠬᠤ᠂ ᠬᠢᠨᠠᠨ ᠬᠠᠷᠭᠤᠭᠤᠯᠬᠤ ᠪᠠ ᠴᠣᠬᠤᠯᠠᠪᠤᠷᠢᠯᠠᠬᠤ᠂ ᠲᠥᠰᠥᠪ ᠢ ᠭᠦᠢᠴᠡᠳᠬᠡᠬᠦ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠠᠯᠪᠠᠨ ᠶᠠᠪᠤᠳᠠᠯ ᠎ ᠤᠨ ᠵᠠᠷᠤᠯᠭ᠎ᠠ ᠶᠢᠨ ᠳᠦᠷᠢᠮ  ᠤᠨ  ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠲᠤᠰᠬᠠᠢ ᠵᠦᠢᠯ  ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠰᠢᠯᠵᠢᠭᠦᠯᠦᠨ ᠥᠭᠬᠦ ᠪᠡᠯᠡ ᠮᠥᠩᠭᠦ ᠶᠢ ᠬᠠᠷᠢᠭᠤᠴᠠᠨ ᠬᠠᠮᠢᠶᠠᠷᠬᠤ ᠶᠢᠨ ᠬᠠᠮᠲᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠲᠣᠭᠲᠠᠭᠠᠨ᠎ᠠ᠃ ᠬᠠᠤᠯᠢ ᠬᠡᠷᠡᠭᠵᠢᠭᠦᠯᠬᠦ ᠡᠭᠦᠷᠭᠡ ᠭᠦᠢᠴᠡᠳᠬᠡᠬᠦ ᠳᠤ ᠬᠡᠷᠡᠭᠯᠡᠬᠦ ᠲᠡᠷᠭᠡ ᠪᠣᠯᠣᠨ ᠣᠨᠴᠠ ᠲᠥᠷᠥᠯ ᠤᠨ ᠲᠤᠰᠬᠠᠢ ᠮᠡᠷᠭᠡᠵᠢᠯ ᠳᠤ ᠬᠡᠷᠡᠭᠯᠡᠬᠦ ᠲᠡᠷᠭᠡ ᠶᠢᠨ ᠣᠷᠣᠨ ᠲᠤᠭ᠎ᠠ ᠶᠢ ᠬᠢᠨᠠᠨ ᠲᠣᠭᠲᠠᠭᠠᠬᠤ ᠵᠢᠴᠢ ᠲᠣᠬᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ ᠪᠠ ᠰᠢᠢᠳᠪᠦᠷᠢᠯᠡᠯᠲᠡ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃          ︵ᠵᠢᠷᠭᠤᠭ᠎ᠠ︶ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠲ᠋ᠣᠺ ︵ᠠᠵᠤ ᠠᠬᠤᠢ ᠠᠷᠠᠯᠵᠢᠶ᠎ᠠ᠂ ᠮᠥᠩᠭᠦᠨ ᠭᠦᠢᠯᠭᠡᠭᠡᠨ ᠤ ᠭᠠᠳᠠᠭᠠᠳᠤ ᠠᠵᠤ ᠠᠬᠤᠢ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠬᠠᠮᠢᠶᠠᠷᠤᠯᠲᠠ ᠶᠢᠨ ᠲᠥᠪ︶᠃ ᠵᠠᠮ ᠬᠠᠷᠢᠯᠴᠠᠭ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ᠂ ᠠᠷᠠᠯᠵᠢᠶ᠎ᠠ ᠬᠤᠳᠠᠯᠳᠤᠭ᠎ᠠ᠂ ᠪᠣᠭᠤᠮᠲᠠ᠂ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠣᠨ ᠤ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ ᠢ ᠬᠤᠷᠢᠶᠠᠩᠭᠤᠶᠢᠯᠠᠬᠤ᠂ ᠬᠢᠨᠠᠨ ᠬᠠᠷᠭᠤᠭᠤᠯᠬᠤ ᠪᠠ ᠴᠣᠬᠤᠯᠠᠪᠤᠷᠢᠯᠠᠬᠤ᠂ ᠲᠥᠰᠥᠪ ᠢ ᠭᠦᠢᠴᠡᠳᠬᠡᠬᠦ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠲᠥᠰᠥᠪ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ; ᠣᠷᠣᠨ ᠰᠠᠭᠤᠴᠠ ᠶᠢᠨ ᠥᠭᠡᠷᠡᠴᠢᠯᠡᠯᠲᠡ ᠪᠠ ᠬᠤᠲᠠ ᠪᠠᠯᠭᠠᠰᠤ᠂ ᠬᠥᠳᠡᠭᠡ ᠲᠣᠰᠬᠤᠨ ᠤ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠡᠯᠡ ᠮᠥᠩᠭᠦ ᠶᠢ ᠬᠠᠮᠢᠶᠠᠷᠤᠨ᠎ᠠ᠃ ᠠᠷᠠᠯᠵᠢᠶ᠎ᠠ ᠬᠤᠳᠠᠯᠳᠤᠭ᠎ᠠ᠂ ᠪᠣᠭᠤᠮᠲᠠ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠠᠯ᠎ᠠ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ ᠪᠠ ᠲᠤᠰᠬᠠᠢ ᠵᠦᠢᠯ ᠤᠨ ᠨᠥᠭᠡᠴᠡᠯᠡᠯᠲᠡ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠷᠠᠯᠲᠠ ᠦᠨ᠎ᠡ ᠶᠢᠨ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠣᠷᠣᠨ ᠨᠤᠲᠤᠭ ᠤᠨ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ; ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶᠎ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ ; ᠠᠷᠢᠭᠤᠨ ᠴᠡᠪᠡᠷ ᠰᠠᠭᠤᠷᠢ ᠮᠥᠩᠭᠦᠨ ᠤ ᠵᠢᠭᠡᠯᠡᠯᠭᠡ ᠶᠢ ᠵᠣᠬᠢᠶᠠᠨ ᠪᠠᠶᠢᠭᠤᠯᠬᠤ ᠪᠠ ᠮᠡᠳᠡᠭᠦᠯᠬᠦ ᠠᠵᠢᠯ ᠢ ᠬᠠᠷᠢᠭᠤᠴᠠᠨ᠎ᠠ᠃ ᠬᠤᠰᠢᠭᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠲᠣᠭᠲᠠᠭᠠᠵᠤ᠂ ᠬᠤᠰᠢᠭᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠬᠥᠷᠥᠩᠭᠡ ᠳᠤ ᠬᠢᠨᠠᠯᠲᠠ ᠲᠠᠯᠪᠢᠬᠤ ᠪᠠ ᠥᠭᠡᠷᠡᠴᠢᠯᠡᠯᠲᠡ ᠬᠢᠬᠦ ᠡᠳ᠋ ᠤᠨ ᠵᠠᠰᠠᠭ ᠤᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠨᠠᠶᠢᠷᠠᠭᠤᠯᠤᠨ ᠮᠡᠳᠡᠭᠦᠯᠬᠦ ᠪᠠ ᠬᠡᠷᠡᠭᠵᠢᠭᠦᠯᠬᠦ ᠶᠢ ᠬᠠᠷᠢᠭᠤᠴᠠᠵᠤ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠤᠶᠢᠷᠢᠮ ᠢ ᠵᠣᠬᠢᠶᠠᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠵᠢᠯᠴᠠᠭ᠎ᠠ ᠳᠣᠣᠷ᠎ᠠ ᠵᠠᠰᠠᠭ ᠤᠨ ᠣᠷᠳᠣᠨ ᠢ ᠣᠷᠣᠯᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃          ︵ᠳᠣᠯᠤᠭ᠎ᠠ︶ ᠲᠠᠷᠢᠶᠠᠯᠠᠩ ᠮᠠᠯ ᠠᠵᠤ ᠠᠬᠤᠢ ᠪᠠ ᠪᠠᠶᠢᠭᠠᠯᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠰᠲ᠋ᠣᠺ᠃ ᠮᠠᠯᠵᠢᠬᠤ ᠲᠠᠷᠢᠶᠠᠯᠠᠬᠤ ᠣᠷᠣᠨ᠂ ᠶᠠᠳᠠᠭᠤ ᠶᠢ ᠲᠡᠳᠬᠦᠬᠦ᠂ ᠤᠰᠤᠨ ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠣᠶ ᠰᠢᠭᠤᠢ ᠨᠤᠲᠤᠭ ᠪᠡᠯᠴᠢᠭᠡᠷ ᠵᠡᠷᠭᠡ ᠲᠠᠯ᠎ᠠ ᠶᠢᠨ ᠬᠤᠪᠢᠳᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠤᠨ ᠣᠨ ᠤ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ ᠢ ᠬᠤᠷᠢᠶᠠᠩᠭᠤᠶᠢᠯᠠᠬᠤ᠂ ᠬᠢᠨᠠᠬᠤ ᠪᠠ ᠴᠣᠬᠤᠯᠠᠪᠤᠷᠢᠯᠠᠬᠤ᠂ ᠲᠥᠰᠥᠪ ᠢ ᠭᠦᠢᠴᠡᠳᠬᠡᠬᠦ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠳᠡᠮᠵᠢᠬᠦ ᠡᠳ᠋ ᠤᠨ ᠵᠠᠰᠠᠭ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠢᠭᠡᠳᠦᠯᠲᠡᠢ ᠲᠥᠰᠥᠪᠯᠡᠨ᠎ᠡ᠃ ᠬᠥᠳᠡᠭᠡ ᠲᠣᠰᠬᠤᠨ᠂ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠲᠠᠷᠢᠶᠠᠯᠠᠩ  ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠳᠠᠭᠤ ᠶᠢ ᠲᠡᠳᠬᠦᠬᠦ ᠬᠥᠭᠵᠢᠯᠲᠡ ᠶᠢᠨ ᠰᠠᠭᠤᠷᠢ ᠮᠥᠩᠭᠦ ᠵᠡᠷᠭᠡ ᠲᠦᠷᠦ ᠎ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠲᠠᠷᠢᠶᠠᠯᠠᠩ  ᠢ ᠳᠡᠮᠵᠢᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ  ᠢ ᠡᠭᠦᠷᠭᠡᠯᠡᠨ᠎ᠡ᠃ ᠡᠬᠢ ᠪᠠᠶᠠᠯᠢᠭ ᠢ ᠠᠷᠪᠢᠯᠠᠬᠤ᠂ ᠭᠠᠵᠠᠷ ᠰᠢᠷᠣᠢ ᠶᠢ ᠴᠡᠭᠴᠡᠯᠡᠨ ᠵᠠᠰᠠᠬᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠤᠯᠤᠰ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠬᠤᠯᠪᠣᠭᠳᠠᠯ ᠪᠦᠬᠦᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠬᠦᠷᠢᠶᠡᠨ ᠳᠠᠬᠢ ᠬᠥᠭᠵᠢᠯᠲᠡ ᠶᠢᠨ ᠲᠥᠯᠦᠪᠵᠢᠭᠦᠯᠭᠡ ᠶᠢᠨ ᠲᠦᠷᠦ ᠶᠢᠨ ᠪᠣᠳᠣᠯᠭ᠎ᠠ ᠰᠤᠮᠤ ᠪᠠᠯᠭᠠᠰᠤ ᠶᠢᠨ ᠡᠳ᠋ ᠤᠨ ᠵᠠᠰᠠᠭ ᠤᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠵᠢᠯᠤᠭᠤᠳᠬᠤ ᠶᠢ ᠬᠠᠷᠢᠭᠤᠴᠠᠨ᠎ᠠ᠃          ︵ᠨᠠᠢᠮᠠ︶ ᠨᠡᠶᠢᠭᠡᠮ ᠤᠨ ᠪᠠᠲᠤᠯᠠᠭ᠎ᠠ ᠶᠢᠨ ᠰᠲ᠋ᠣᠺ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠡᠮᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠶᠢᠨ ᠬᠤᠪᠢᠳᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠤᠨ ᠣᠨ ᠤ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ ᠢ ᠬᠤᠷᠢᠶᠠᠩᠭᠤᠶᠢᠯᠠᠬᠤ᠂ ᠬᠢᠨᠠᠨ ᠬᠠᠷᠭᠤᠭᠤᠯᠬᠤ ᠪᠠ ᠴᠣᠬᠤᠯᠠᠪᠤᠷᠢᠯᠠᠬᠤ᠂ ᠲᠥᠰᠥᠪ ᠢ ᠭᠦᠢᠴᠡᠳᠬᠡᠬᠦ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠬᠥᠯᠥᠨ ᠪᠤᠶᠢᠷ ᠬᠤᠲᠠ ᠶᠢᠨ ᠬᠤᠯᠪᠣᠭᠳᠠᠯ ᠪᠦᠬᠦᠢ ᠪᠡᠯᠡ ᠮᠥᠩᠭᠦ ︵ᠰᠠᠭᠤᠷᠢ ᠮᠥᠩᠭᠦ︶᠎ ᠶᠢᠨ ᠬᠠᠮᠢᠶᠠᠷᠤᠯᠲᠠ ᠶᠢᠨ ᠠᠷᠭ᠎ᠠ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠪᠥᠬᠦ ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃          ︵ᠶᠢᠰᠦ︶ ᠨᠢᠭᠲᠠᠯᠠᠨ ᠪᠤᠳᠤᠬᠤ ᠠᠵᠢᠯ ᠶᠠᠪᠤᠳᠠᠯ ᠪᠠ ᠬᠢᠨᠠᠯᠲᠠ ᠲᠠᠯᠪᠢᠬᠤ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠲ᠋ᠣᠺ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠲᠠᠯᠠᠨ ᠪᠤᠳᠤᠭᠴᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠬᠦ ᠪᠠᠶᠢᠭᠤᠯᠤᠯᠲᠠ ᠶᠢ ᠬᠠᠷᠢᠭᠤᠴᠠᠨ᠎ᠠ ; ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠲᠤᠰᠬᠠᠢ ᠮᠡᠷᠭᠡᠵᠢᠯ ᠤᠨ ᠬᠢᠷᠢ ᠬᠡᠮ ᠪᠠ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠶᠢᠨ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ ; ᠪᠥᠬᠦ ᠬᠤᠰᠢᠭᠤᠨ ᠤ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠢ ᠬᠢᠨᠠᠨ ᠬᠠᠮᠢᠶᠠᠷᠤᠨ᠎ᠠ ; ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠨᠢᠭᠲᠠᠯᠠᠨ ᠪᠤᠳᠤᠬᠤ ᠮᠡᠳᠡᠭᠡ ᠵᠠᠩᠭᠢ ᠶᠢᠨ ᠶᠠᠰᠤ ᠴᠢᠨᠠᠷ ᠢ ᠵᠣᠬᠢᠶᠠᠨ ᠪᠠᠶᠢᠭᠤᠯᠤᠨ ᠬᠢᠨᠠᠵᠤ ᠪᠠᠶᠢᠴᠠᠭᠠᠨ᠎ᠠ ; ᠳᠡᠭᠡᠳᠦ ᠱᠠᠲᠤ ᠶᠢ ᠬᠠᠪᠰᠤᠷᠤᠨ ᠪᠥᠬᠦ ᠬᠤᠰᠢᠭᠤᠨ ᠤ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠶᠢᠨ ᠠᠵᠢᠯ ᠲᠥᠷᠥᠯ ᠪᠠ ᠡᠳ᠋ ᠬᠥᠷᠥᠩᠭᠡ ᠶᠢ ᠦᠨᠡᠯᠡᠨ ᠵᠢᠱᠢᠬᠦ ᠠᠵᠢᠯ ᠲᠥᠷᠥᠯ ᠤᠨ ᠠᠵᠢᠯ ᠢ ᠬᠠᠤᠯᠢ ᠶᠣᠰᠣᠭᠠᠷ ᠬᠢᠨᠠᠨ ᠵᠢᠯᠤᠭᠤᠳᠬᠤ ᠵᠢᠴᠢ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠤᠨ ᠲᠤᠬᠠᠶᠢᠯᠠᠭᠰᠠᠨ ᠠᠵᠢᠯ᠂ ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠠᠵᠢᠯ ᠡᠷᠭᠢᠯᠡᠬᠦ ᠶᠠᠰᠤ ᠴᠢᠨᠠᠷ ᠵᠡᠷᠭᠡ ᠳᠤ ᠪᠠᠶᠢᠴᠠᠭᠠᠯᠲᠠ ᠬᠢᠨ᠎ᠡ᠃ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠦᠷᠢᠮ᠂ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ; ᠱᠠᠭᠠᠷᠳᠠᠯᠭ᠎ᠠ ᠶᠣᠰᠣᠭᠠᠷ ᠡᠯ᠎ᠡ ᠲᠥᠰᠥᠪ ᠤᠨ ᠰᠠᠯᠠᠭ᠎ᠠ ᠮᠥᠴᠢᠷ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠳᠤ ᠡᠳ᠋ ᠤᠨ ᠵᠠᠰᠠᠭ ᠤᠨ ᠭᠤᠣᠯᠳᠠᠯᠭ᠎ᠠ ᠲᠠᠢ ᠲᠦᠷᠦᠯ ᠵᠦᠢᠯ ᠢ ᠮᠥᠷᠳᠡᠨ ᠦᠨᠡᠯᠡᠬᠦ ᠠᠵᠢᠯ ᠢ ᠬᠡᠷᠡᠭᠵᠢᠭᠦᠯᠦᠨ᠎ᠡ ; ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠬᠤᠷᠢᠶᠠᠩᠭᠤᠶᠢᠯᠠᠬᠤ᠂ ᠮᠡᠳᠡᠭᠦᠯᠬᠦ ᠪᠠ ᠨᠡᠶᠢᠲᠡᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ ᠪᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠲᠥᠰᠥᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠡᠯ᠎ᠡ ᠲᠤᠬᠠᠶᠢᠯᠠᠭᠰᠠᠨ ᠠᠵᠢᠯ ᠤᠨ ᠲᠠᠰᠤᠭ ᠲᠠᠢ ᠬᠠᠮᠵᠢᠯᠴᠠᠨ ᠬᠠᠮᠢᠶ᠎ᠠ ᠪᠦᠬᠦᠢ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠲᠣᠪᠴᠢᠶ᠎ᠠ ᠶᠢᠨ ᠪᠠᠶᠢᠭᠤᠯᠤᠯᠭ᠎ᠠ ᠪᠣᠯᠣᠨ ᠬᠠᠷᠢᠶ᠎ᠠ ᠨᠢᠭᠡᠴᠢ ᠶᠢᠨ ᠳᠣᠲᠣᠭᠠᠳᠤ ᠳᠠᠭᠠᠨ ᠡᠵᠡᠮᠳᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠵᠤ᠂ ᠰᠤᠮᠤ ︵ᠪᠠᠯᠭᠠᠰᠤ︶᠎ ᠶᠢᠨ ᠳᠣᠲᠣᠭᠠᠳᠤ ᠳᠠᠭᠠᠨ ᠡᠵᠡᠮᠳᠡᠬᠦ ᠠᠵᠢᠯ ᠥᠷᠨᠢᠭᠦᠯᠬᠦ ᠶᠢ ᠵᠢᠯᠣᠭᠤᠳᠤᠨ᠎ᠠ᠃          ︵ᠠᠷᠪᠠ︶ ᠭᠠᠶᠢᠯᠢ ᠶᠢᠨ ᠶᠠᠪᠤᠳᠠᠯ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢᠨ ᠬᠤᠪᠢ ︵ᠶᠡᠷᠦᠩᠬᠡᠶᠢᠯᠡᠭᠰᠡᠨ ᠬᠤᠪᠢ︶᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠰᠢᠭᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠪᠠ ᠬᠤᠰᠢᠭᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠵᠠᠷᠤᠳᠠᠯ ᠤᠨ ᠵᠠᠷᠤᠯᠭ᠎ᠠ ᠶᠢᠨ ᠲᠥᠰᠥᠪ᠂ ᠲᠥᠰᠥᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠳᠡᠭᠡᠳᠦ ᠱᠠᠲᠤᠨ ᠤ ᠭᠠᠶᠢᠯᠢ ᠲᠠᠲᠠᠪᠤᠷᠢ ᠶᠢᠨ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠵᠤ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠣᠷᠣᠨ ᠨᠤᠲᠤᠭ ᠤᠨ ᠭᠠᠶᠢᠯᠢ ᠶᠢ ᠬᠠᠰᠤᠵᠤ ᠬᠡᠯᠲᠦᠷᠢᠭᠦᠯᠬᠦ ᠪᠠ ᠭᠠᠶᠢᠯᠢ ᠶᠢᠨ ᠨᠤᠷᠮ᠎ᠠ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ ; ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠩᠬ᠎ᠠ ᠬᠢᠨᠠᠯᠲᠠ ᠪᠠᠷ ᠭᠠᠶᠢᠯᠢ ᠪᠤᠴᠠᠭᠠᠬᠤ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ ; ᠭᠠᠶᠢᠯᠢ ᠶᠢᠨ ᠪᠤᠰᠤ ᠣᠷᠣᠯᠭ᠎ᠠ ᠶᠢᠨ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠬᠤ ᠳᠦᠷᠢᠮ ᠢ ᠳᠠᠭᠠᠭᠠᠨ᠂ ᠭᠠᠶᠢᠯᠢ ᠶᠢᠨ ᠪᠤᠰᠤ ᠣᠷᠣᠯᠭ᠎ᠠ ᠶᠢᠨ ᠲᠠᠩᠰᠠᠨ ᠡᠷᠦᠬᠡ᠂ ᠬᠤᠷᠢᠶᠠᠬᠤ ᠠᠷᠭ᠎ᠠ ᠮᠠᠶ᠋ᠢᠭ᠂ ᠪᠤᠴᠠᠭᠠᠨ ᠲᠤᠰᠢᠶᠠᠬᠤ ᠪᠠ ᠪᠤᠴᠠᠭᠠᠬᠤ ᠵᠡᠷᠭᠡ ᠬᠤᠰᠢᠭᠤᠨ ᠱᠠᠲᠤᠨ ᠤ ᠲᠣᠰ ᠱᠠᠲᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ ; ᠬᠤᠰᠢᠭᠤᠨ ᠤ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢ ᠢᠯᠭᠠᠷᠠᠭᠤᠯᠤᠨ ᠵᠢᠷᠤᠮᠵᠢᠭᠤᠯᠬᠤ ᠶᠢ ᠬᠠᠷᠢᠭᠤᠴᠠᠨ᠎ᠠ᠃ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠷᠴᠠᠭ ᠢᠶᠠᠷ ᠯᠠᠪᠯᠠᠯᠲᠠ ᠪᠣᠯᠭᠠᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠤᠰᠢᠭᠤᠨ ᠤ ᠪᠣᠶ ᠪᠦᠬᠦᠢ ᠲᠥᠰᠥᠪ ᠤᠨ ᠨᠢᠭᠡᠴᠢ ᠶᠢᠨ ᠨᠠᠶᠢᠷᠠᠭᠤᠯᠤᠨ ᠵᠣᠬᠢᠶᠠᠭᠰᠠᠨ ᠬᠤᠳᠠᠯᠳᠤᠨ ᠠᠪᠬᠤ ᠲᠥᠯᠥᠪᠯᠡᠭᠡ ᠶᠢ ᠬᠢᠨᠠᠨ ᠵᠥᠪᠰᠢᠶᠡᠷᠡᠨ᠎ᠡ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠡᠷᠡᠭᠵᠢᠭᠦᠯᠬᠦ ᠶᠠᠪᠤᠴᠠ ᠳᠤ᠂ ᠬᠡᠷᠡᠭ ᠤᠨ ᠳᠠᠷᠠᠭ᠎ᠠ ᠬᠢᠨᠠᠯᠲᠠ ᠲᠠᠯᠪᠢᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠠᠭᠠᠯᠳᠤᠯᠭ᠎ᠠ ᠶᠢ ᠬᠦᠯᠢᠶᠡᠨ ᠠᠪᠬᠤ ᠠᠷᠭ᠎ᠠ ᠶᠢ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠵᠢᠯᠣᠭᠤᠳᠤᠨ᠎ᠠ᠃ ᠡᠳ᠋ ᠤᠨ ᠵᠠᠰᠠᠭ ᠠᠵᠤ ᠠᠬᠤᠢ ᠶᠢ ᠲᠥᠰᠥᠭᠡᠯᠡᠵᠦ ᠵᠠᠳᠠᠯᠬᠤ ᠠᠵᠢᠯ ᠢ ᠡᠭᠦᠷᠭᠡᠯᠡᠬᠦ ᠶᠢᠨ ᠬᠠᠮᠲᠤ ᠬᠤᠷᠸ᠎ᠠ ᠲᠣᠬᠢᠷᠠᠭᠤᠯᠤᠯ ᠡᠵᠡᠮᠳᠡᠯ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠷᠲᠤᠪᠲᠤᠷ ᠪᠠ ᠤᠷᠳᠤ ᠬᠤᠭᠤᠴᠠᠭᠠᠨ ᠤ ᠡᠳ᠋ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠥᠭᠡᠷᠡᠴᠢᠯᠡᠯᠲᠡ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ; ᠠᠯᠪᠠᠲᠠᠨ ᠤ ᠨᠡᠮᠡᠭᠦᠷᠢ ᠨᠥᠬᠦᠪᠦᠷᠢ ᠶᠢ ᠢᠯᠭᠠᠷᠠᠭᠤᠯᠤᠨ ᠵᠢᠷᠤᠮᠵᠢᠭᠤᠯᠬᠤ ᠠᠵᠢᠯ ᠢ ᠬᠠᠷᠢᠭᠤᠴᠠᠨ᠎ᠠ ; ᠰᠤᠭᠤᠯᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ ;           ᠡᠳ᠋ ᠤᠨ ᠵᠠᠰᠠᠭ ᠠᠵᠤ ᠠᠬᠤᠢ ᠶᠢ ᠲᠥᠰᠥᠭᠡᠯᠡᠵᠦ ᠵᠠᠳᠠᠯᠬᠤ ᠠᠵᠢᠯ ᠢ ᠡᠭᠦᠷᠭᠡᠯᠡᠬᠦ ᠶᠢᠨ ᠬᠠᠮᠲᠤ ᠬᠤᠷᠸ᠎ᠠ ᠲᠣᠬᠢᠷᠠᠭᠤᠯᠤᠯ ᠡᠵᠡᠮᠳᠡᠯ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠷᠲᠤᠪᠲᠤᠷ ᠪᠠ ᠤᠷᠳᠤ ᠬᠤᠭᠤᠴᠠᠭᠠᠨ ᠤ ᠡᠳ᠋ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠥᠭᠡᠷᠡᠴᠢᠯᠡᠯᠲᠡ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ; ᠠᠯᠪᠠᠲᠠᠨ ᠤ ᠨᠡᠮᠡᠭᠦᠷᠢ ᠨᠥᠬᠦᠪᠦᠷᠢ ᠶᠢ ᠢᠯᠭᠠᠷᠠᠭᠤᠯᠤᠨ ᠵᠢᠷᠤᠮᠵᠢᠭᠤᠯᠬᠤ ᠠᠵᠢᠯ ᠢ ᠬᠠᠷᠢᠭᠤᠴᠠᠨ᠎ᠠ ; ᠰᠤᠭᠤᠯᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ ; ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ ᠵᠡᠷᠭᠡ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠰᠢᠯᠵᠢᠭᠦᠯᠦᠨ ᠥᠭᠬᠦ ᠣᠷᠣᠯᠭ᠎ᠠ ᠵᠠᠷᠤᠯᠭ᠎ᠠ ᠶᠢᠨ  ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠥᠭᠡᠷᠡᠴᠢᠯᠡᠯᠲᠡ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠪᠦᠭᠦ ᠬᠤᠰᠢᠭᠤᠨ ᠤ ᠵᠠᠰᠠᠭ ᠤᠨ ᠫᠢᠶᠣᠣ ᠪᠠᠷᠢᠮᠲᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃          ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠪᠠᠶᠢᠭᠤᠯᠭ᠎ᠠ ᠵᠢᠴᠢ ᠲᠡᠭᠦᠨ ᠤ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃           ᠬᠠᠷᠢᠭᠤᠴᠠᠯᠭᠠᠲᠠᠨ᠄ ᠪᠦᠦ ᠢᠦᠢ ᠯᠠᠨ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠲᠥᠪ ᠵᠡᠭᠡᠯᠢ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠯᠪᠠᠨ ᠠᠰᠠᠷ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6601545          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠰᠦᠯᠵᠢᠶᠡᠨ ᠤ ᠬᠠᠶ᠋ᠢᠭ᠄ http://www.xzq.gov.cn/OpennessContent/showList/756/0/page_1.html           ᠭᠤᠷᠪᠠ᠂ ᠬᠠᠷᠢᠶ᠎ᠠ ᠪᠠᠶᠢᠭᠤᠯᠤᠮᠵᠢ           ︵ᠨᠢᠭᠡ︶ ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠠᠵᠢᠯᠯᠠᠭᠠᠨ ᠤ ᠦᠢᠯᠡᠴᠢᠯᠡᠭᠡᠨ ᠤ ᠲᠥᠪ          ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠠᠵᠢᠯᠯᠠᠭᠠᠨ ᠤ ᠦᠢᠯᠡᠴᠢᠯᠡᠭᠡᠨ ᠤ ᠲᠥᠪ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠦᠨᠨᠢᠭᠡᠴᠢ ᠪᠣᠯᠣᠨ᠎ᠠ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠲᠠᠰ ᠲᠠᠢ ᠲᠡᠩᠴᠡᠨ᠎ᠡ᠃          ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠠᠵᠢᠯᠯᠠᠭᠠᠨ ᠤ ᠦᠢᠯᠡᠴᠢᠯᠡᠭᠡᠨ ᠤ ᠲᠥᠪ ᠨᠢ ᠨᠠᠮ ᠤᠨ ᠲᠥᠪ ᠬᠤᠷᠢᠶ᠎ᠠ ᠶᠢᠨ ᠡᠳ᠋ ᠤᠨ ᠵᠠᠰᠠᠭ ᠤᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠪᠣᠯ᠄          1. ᠪᠥᠬᠦ ᠬᠤᠰᠢᠭᠤᠨ ᠤ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠳᠦᠷᠢᠮ ᠤᠨ ᠥᠭᠡᠷᠡᠴᠢᠯᠡᠯᠲᠡ ᠵᠡᠷᠭᠡ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ᠃          2. ᠬᠤᠰᠢᠭᠤᠨ ᠤ ᠲᠣᠰ ᠱᠠᠲᠤᠨ ᠤ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠥᠭᠬᠦ ᠪᠡᠯᠡ ᠮᠥᠩᠭᠦ ᠶᠢ ᠬᠢᠨᠠᠨ ᠬᠠᠷᠭᠤᠭᠤᠯᠬᠤ᠂ ᠲᠣᠭᠠᠴᠠᠭ᠎ᠠ ᠬᠢᠬᠦ ᠪᠠ ᠨᠢᠭᠲᠠᠯᠠᠨ ᠪᠤᠳᠤᠬᠤ ᠲᠣᠭᠠᠴᠠᠭ᠎ᠠ ᠬᠢᠬᠦ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ ; ᠬᠤᠰᠢᠭᠤᠨ ᠲᠣᠰ ᠱᠠᠲᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢᠨ ᠬᠠᠮᠢᠶᠠᠷᠤᠯᠲᠠ ᠪᠠ ᠯᠠᠪᠯᠠᠯᠭ᠎ᠠ ᠶᠢᠨ ᠦᠢᠯᠡᠴᠢᠯᠡᠭᠡ ᠵᠡᠷᠭᠡ ᠠᠵᠢᠯ ᠢ ᠡᠭᠦᠷᠭᠡᠯᠡᠨ᠎ᠡ ; ᠬᠤᠰᠢᠭᠤᠨ ᠤ ᠲᠣᠰ ᠱᠠᠲᠤᠨ ᠤ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠲᠥᠯᠥᠬᠦ ᠣᠷᠣᠯᠠᠨ ᠭᠦᠢᠴᠡᠳᠬᠡᠬᠦ ᠪᠠᠩᠬᠢ ᠶᠢ ᠬᠠᠪᠰᠤᠷᠤᠨ ᠲᠣᠭᠲᠠᠭᠠᠵᠤ᠂ ᠲᠡᠭᠦᠨ ᠤ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠡᠳᠦᠷ ᠲᠤᠲᠤᠮ ᠤᠨ ᠬᠢᠨᠠᠨ ᠡᠵᠡᠮᠳᠡᠬᠦ ᠵᠡᠷᠭᠡ ᠰᠠᠭᠤᠷᠢ ᠴᠢᠨᠠᠷᠲᠠᠢ ᠠᠵᠢᠯ ᠢ ᠡᠭᠦᠷᠭᠡᠯᠡᠨ᠎ᠡ᠃          3. ᠬᠤᠰᠢᠭᠤᠨ ᠲᠣᠰ ᠱᠠᠲᠤᠨ ᠤ ᠡᠳ᠋ ᠤᠨ ᠵᠠᠰᠠᠭ ᠤᠨ ᠨᠢᠭᠡᠳᠦᠯᠲᠡᠢ ᠲᠠᠷᠬᠠᠭᠠᠬᠤ  ᠨᠢᠭᠡᠴᠢ ᠶᠢᠨ ᠠᠵᠢᠯᠲᠠᠨ᠂ ᠴᠠᠯᠢᠩ ᠵᠡᠷᠭᠡ ᠮᠡᠳᠡᠭᠡ ᠵᠠᠩᠭᠢ ᠶᠢᠨ ᠮᠠᠲ᠋ᠧᠷᠢᠶᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠ ᠡᠳ᠋ ᠤᠨ ᠵᠠᠰᠠᠭ ᠤᠨ ᠲᠥᠰᠥᠪ ᠤᠨ ᠬᠡᠷᠡᠭᠵᠢᠭᠦᠯᠦᠯᠲᠡ ᠶᠢᠨ ᠬᠥᠳᠡᠯᠦᠩᠭᠦᠢ ᠬᠢᠨᠠᠨ ᠡᠵᠡᠮᠳᠡᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃          4. ᠬᠤᠰᠢᠭᠤᠨ ᠲᠣᠰ ᠱᠠᠲᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠭᠤᠪᠢᠭᠤᠯᠤᠨ ᠲᠤᠰᠢᠶᠠᠬᠤ᠂ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠵᠡᠷᠭᠡ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ᠃          5. ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠠᠵᠢᠯᠯᠠᠭᠠᠨ ᠤ ᠦᠢᠯᠡᠴᠢᠯᠡᠭᠡᠨ ᠤ ᠲᠥᠪ ᠤᠨ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠦᠨᠳᠦᠰᠦᠨ ᠱᠤᠭᠤᠮ ᠤᠨ ᠲᠣᠭᠤᠷᠢᠨ ᠳᠤ ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠠᠵᠢᠯ ᠤᠨ ᠡᠭᠦᠷᠭᠡ ᠪᠠ ᠣᠨᠴᠠᠯᠢᠭ ᠲᠠᠢ ᠤᠶᠠᠯᠳᠤᠭᠤᠯᠤᠨ᠂ ᠨᠠᠮ ᠤᠨ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠨ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠦᠵᠡᠯ ᠰᠠᠨᠠᠭ᠎ᠠ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠤ ᠦᠰᠦᠨ ᠪᠤᠶᠢᠵᠢᠯᠲᠠ ᠳᠤ ᠦᠢᠯᠡᠴᠢᠯᠡᠨ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃           ᠬᠠᠷᠢᠭᠤᠴᠠᠯᠭᠠᠲᠠᠨ᠄ ᠪᠠᠢ ᠢᠦᠢ ᠰᠢᠨ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠲᠥᠪ ᠵᠡᠭᠡᠯᠢ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠯᠪᠠᠨ ᠠᠰᠠᠷ ᠤᠨ ᠭᠤᠷᠪᠠᠳᠤᠭᠠᠷ ᠳᠠᠪᠬᠤᠷᠯᠢᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠠᠵᠢᠯᠯᠠᠭᠠᠨ ᠤ ᠦᠢᠯᠡᠴᠢᠯᠡᠭᠡᠨ ᠤ ᠲᠥᠪ          ᠰᠢᠤᠳᠠᠨ ᠳ᠋ᠤᠭᠠᠷ᠄ 021200ᠠᠵᠢᠯ ᠤᠨ ᠤᠲᠠᠰᠤ᠄ 0470 ︱ 6601734          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠰᠦᠯᠵᠢᠶᠡᠨ ᠤ ᠬᠠᠶ᠋ᠢᠭ᠄ http://www.xzq.gov.cn/OpennessContent/showList/756/0/page_1.html                 ︵ᠬᠤᠶᠠᠷ︶ ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠦᠢᠯᠡᠰ ᠤᠨ ᠬᠥᠭᠵᠢᠯᠲᠡ ᠶᠢᠨ ᠲᠥᠪ          ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠦᠢᠯᠡᠰ ᠤᠨ ᠬᠥᠭᠵᠢᠯᠲᠡ ᠶᠢᠨ ᠲᠥᠪ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠂ ᠪᠠᠶᠢᠭᠤᠯᠤᠮᠵᠢ ᠶᠢᠨ ᠬᠡᠮᠵᠢᠶ᠎ᠡ ᠨᠢ ᠰᠲ᠋ᠣᠺ ᠤᠨ ᠲᠠᠰ ᠲᠠᠢ ᠲᠡᠩᠴᠡᠨ᠎ᠡ᠃          ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠦᠢᠯᠡᠰ ᠤᠨ ᠬᠥᠭᠵᠢᠯᠲᠡ ᠶᠢᠨ ᠲᠥᠪ ᠨᠢ ᠨᠠᠮ ᠤᠨ ᠲᠥᠪ ᠬᠤᠷᠢᠶ᠎ᠠ ᠶᠢᠨ ᠡᠳ᠋ ᠤᠨ ᠵᠠᠰᠠᠭ ᠤᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ  ᠶᠢ ᠲᠤᠭᠤᠰᠢᠯᠠᠭᠤᠯᠤᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄          1. ᠲᠤᠰᠬᠠᠢ ᠵᠦᠢᠯ ᠤᠨ ᠪᠡᠯᠡ ᠮᠥᠩᠭᠦ ᠶᠢᠨ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠪᠠ ᠡᠳ᠋ ᠤᠨ ᠵᠠᠰᠠᠭ ᠤᠨ ᠲᠥᠷᠥᠯ ᠵᠦᠢᠯ ᠤᠨ ᠵᠠᠷᠤᠯᠭ᠎ᠠ ᠶᠢᠨ ᠲᠥᠰᠥᠪ ᠢ ᠬᠢᠨᠠᠨ ᠲᠣᠭᠲᠠᠭᠠᠬᠤ ᠠᠵᠢᠯ ᠢ ᠡᠭᠦᠷᠭᠡᠯᠡᠨ᠎ᠡ ; ᠬᠤᠰᠢᠭᠤᠨ ᠲᠣᠰ ᠱᠠᠲᠤᠨ ᠤ ᠡᠳ᠋ ᠤᠨ ᠵᠠᠰᠠᠭ ᠤᠨ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠲᠣᠭᠲᠠᠭᠠᠬᠤ ᠠᠵᠢᠯ ᠢ ᠬᠠᠮᠵᠢᠨ ᠥᠷᠨᠢᠭᠦᠯᠦᠨ᠎ᠡ᠃          2. ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠡᠳ᠋ ᠤᠨ ᠵᠠᠰᠠᠭ ᠤᠨ ᠰᠦᠯᠵᠢᠶ᠎ᠡ ᠶᠢᠨ ᠬᠡᠷᠡᠭᠯᠡᠭᠡ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠡᠳ᠋ ᠤᠨ ᠵᠠᠰᠠᠭ ᠤᠨ ᠰᠦᠯᠵᠢᠶᠡᠨ ᠤ ᠠᠮᠤᠷ ᠲᠦᠪᠰᠢᠨ ᠤ ᠬᠥᠳᠡᠯᠦᠩᠭᠦᠢ ᠵᠠᠳᠠᠯᠤᠯᠲᠠ᠂ ᠤᠷᠢᠳᠴᠢᠯᠠᠨ ᠰᠡᠷᠡᠮᠵᠢᠯᠡᠭᠦᠯᠬᠦ ᠵᠠᠳᠠᠯᠤᠯᠲᠠ ᠵᠢᠴᠢ ᠡᠳ᠋ ᠤᠨ ᠵᠠᠰᠠᠭ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠵᠡᠷᠭᠡ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ᠃          3. ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠬᠥᠭᠵᠢᠯᠲᠡ ᠪᠠ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠲᠤᠰᠠᠯᠠᠬᠤ ᠴᠢᠨᠠᠷᠲᠠᠢ᠂ ᠬᠡᠷᠡᠭ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ ; ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠣᠷᠴᠢᠨ ᠲᠣᠭᠤᠷᠢᠨ ᠪᠠ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠬᠠᠮᠵᠢᠨ ᠥᠷᠨᠢᠭᠦᠯᠵᠦ᠂ ᠪᠡᠯᠡ ᠲᠣᠬᠢᠷᠠᠭᠤᠯᠭ᠎ᠠ ᠶᠢᠨ ᠬᠠᠮᠢᠶ᠎ᠠ ᠪᠦᠬᠦᠢ ᠦᠢᠯᠡᠴᠢᠯᠡᠭᠡ ᠶᠢ ᠬᠠᠩᠭᠠᠨ᠎ᠠ᠃          4. ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢ ᠴᠤᠭᠯᠠᠭᠤᠯᠬᠤ᠂ ᠪᠦᠷᠢᠳᠬᠡᠬᠦ᠂ ᠵᠠᠳᠠᠯᠬᠤ ᠵᠡᠷᠭᠡ ᠮᠡᠷᠭᠡᠵᠢᠯ ᠤᠨ ᠴᠢᠨᠠᠷᠲᠠᠢ ᠠᠵᠢᠯ ᠢ ᠡᠭᠦᠷᠭᠡᠯᠡᠨ᠎ᠡ᠃          5. ᠬᠤᠰᠢᠭᠤᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠮᠡᠳᠡᠭᠡ ᠵᠠᠩᠭᠢᠵᠢᠯᠲᠠ ᠶᠢᠨ ᠦᠢᠯᠡᠴᠢᠯᠡᠭᠡ ᠵᠡᠷᠭᠡ ᠠᠵᠢᠯ ᠢ ᠡᠭᠦᠷᠭᠡᠯᠡᠨ᠎ᠡ᠃          6. ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠦᠨᠳᠦᠰᠦᠨ ᠱᠤᠭᠤᠮ ᠤᠨ ᠲᠣᠭᠤᠷᠢᠨ ᠳᠤ᠂ ᠡᠳ᠋ ᠤᠨ ᠵᠠᠰᠠᠭ ᠤᠨ ᠦᠢᠯᠡᠰ ᠤᠨ ᠬᠥᠭᠵᠢᠯᠲᠡ ᠶᠢᠨ ᠠᠵᠢᠯ ᠤᠨ ᠡᠭᠦᠷᠭᠡ ᠪᠠ ᠣᠨᠴᠠᠯᠢᠭ ᠲᠠᠢ ᠤᠶᠠᠯᠳᠤᠭᠤᠯᠤᠨ᠂ ᠨᠠᠮ ᠤᠨ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠦᠵᠡᠯ ᠰᠠᠨᠠᠭ᠎ᠠ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠤᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠤ ᠦᠰᠦᠨ ᠪᠤᠶᠢᠵᠢᠯᠲᠠ ᠳᠤ ᠦᠢᠯᠡᠴᠢᠯᠡᠵᠦ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃           ᠬᠠᠷᠢᠭᠤᠴᠠᠯᠭᠠᠲᠠᠨ᠄ ᠪᠦᠦ ᠮᠧᠶ ᠯᠢᠩ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠲᠥᠪ ᠵᠡᠭᠡᠯᠢ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠯᠪᠠᠨ ᠠᠰᠠᠷ ᠤᠨ ᠬᠤᠶᠠᠳᠤᠭᠠᠷ ᠳᠠᠪᠬᠤᠷᠯᠢᠭ ᠤᠨ ᠡᠳ᠋ ᠤᠨ ᠵᠠᠰᠠᠭ ᠤᠨ ᠦᠢᠯᠡᠰ ᠤᠨ ᠬᠥᠭᠵᠢᠯᠲᠡ ᠶᠢᠨ ᠲᠥᠪ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6607850          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠰᠦᠯᠵᠢᠶᠡᠨ ᠤ ᠬᠠᠶ᠋ᠢᠭ᠄ http://www.xzq.gov.cn/OpennessContent/showList/756/0/page_1.html        
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ