ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/7/15
          ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠭᠡᠵᠦ ᠲᠣᠪᠴᠢᠯᠠᠨ᠎ᠠ︶ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃           ᠨᠢᠭᠡ᠂ ᠭᠤᠣᠯ ᠡᠭᠦᠷᠭᠡ ᠬᠠᠷᠢᠭᠤᠴᠠᠯᠭ᠎ᠠ           ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠥᠯᠥᠨ ᠪᠤᠶᠢᠷ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠠ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠣᠷᠣᠨ ᠨᠤᠲᠤᠭ ᠤᠨ ᠴᠢᠨᠠᠷᠲᠠᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠬᠠᠮᠢᠶ᠎ᠠ ᠪᠦᠬᠦᠢ ᠳᠦᠷᠢᠮ ᠲᠣᠭᠲᠠᠭᠠᠯ ᠪᠠ ᠪᠠᠷᠢᠮᠵᠢᠶ᠎ᠠ ᠶᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠤᠮᠤ ᠪᠠᠯᠭᠠᠰᠤ ᠶᠢᠨ ᠬᠠᠮᠢᠶ᠎ᠠ ᠪᠦᠬᠦᠢ ᠠᠵᠢᠯ ᠥᠷᠨᠢᠭᠦᠯᠬᠦ ᠶᠢ ᠵᠢᠯᠣᠭᠤᠳᠤᠨ᠎ᠠ᠃          ︵ᠬᠤᠶᠠᠷ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠤᠰ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠲᠦᠷᠦᠯ᠂ ᠪᠠᠶᠢᠭᠠᠯᠢ ᠶᠢᠨ ᠭᠠᠮᠰᠢᠭ ᠤᠨ ᠲᠦᠷᠦᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠤᠨ᠎ᠠ᠃ ᠠᠶᠤᠯ ᠦᠭᠡᠢ ᠦᠢᠯᠡᠳᠪᠦᠷᠢᠯᠡᠯ  ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ  ᠢ ᠬᠠᠷᠢᠭᠤᠴᠠᠵᠤ᠂ ᠬᠤᠯᠪᠣᠭᠳᠠᠯ ᠪᠦᠬᠦᠢ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶᠠᠨ  ᠤ ᠠᠵᠢᠯ ᠲᠥᠷᠥᠯ  ᠤᠨ ᠠᠶᠤᠯ ᠦᠭᠡᠢ ᠦᠢᠯᠡᠳᠪᠦᠷᠢᠯᠡᠯ  ᠤᠨ ᠬᠢᠨᠠᠯᠲᠠ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃          ︵ᠭᠤᠷᠪᠠ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠥᠰᠥᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠠᠳᠡᠯ ᠤᠨ ᠭᠠᠮᠰᠢᠭ ᠪᠠ ᠪᠠᠶᠢᠭᠠᠯᠢ ᠶᠢᠨ ᠭᠠᠮᠰᠢᠭ ᠢ ᠲᠠᠰ ᠬᠤᠪᠢᠶᠠᠨ ᠠᠷᠭᠠᠴᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠪᠠ ᠠᠶᠤᠯ ᠦᠭᠡᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠲᠥᠷᠥᠯ ᠤᠨ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃          ︵ᠳᠥᠷᠪᠡ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠬᠤ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠢ ᠲᠥᠯᠥᠪᠵᠢᠭᠦᠯᠬᠦ ᠪᠠ ᠪᠠᠶᠢᠷᠢᠯᠠᠭᠤᠯᠬᠤ ᠠᠵᠢᠯ ᠢ ᠲᠦᠯᠬᠢᠨ ᠠᠬᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠵᠤ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃          ︵ᠲᠠᠪᠤ︶ ᠪᠠᠴᠢᠮ ᠪᠠᠶᠢᠳᠠᠯ  ᠢ ᠠᠷᠭᠠᠴᠠᠵᠤ ᠠᠪᠤᠷᠠᠨ ᠲᠤᠰᠠᠯᠠᠬᠤ ᠠᠵᠢᠯ  ᠢ ᠬᠠᠷᠢᠭᠤᠴᠠᠨ᠎ᠠ᠃ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠤᠭᠤᠳᠴᠤ ᠵᠣᠬᠢᠴᠠᠭᠤᠯᠤᠨ᠂ ᠪᠥᠬᠦ ᠬᠤᠰᠢᠭᠤᠨ ᠤ ᠬᠦᠨᠳᠦ ᠶᠡᠭᠡ ᠭᠠᠮᠰᠢᠭ ᠢ ᠠᠷᠭᠠᠴᠠᠬᠤ ᠵᠢᠯᠤᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠣᠯᠣᠨ ᠬᠤᠰᠢᠭᠤᠨ ᠤ ᠲᠠᠰ ᠤᠨ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃          ︵ᠵᠢᠷᠭᠤᠭ᠎ᠠ︶ ᠪᠠᠴᠢᠮ ᠪᠠᠶᠢᠳᠠᠯ  ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡᠨ  ᠤ ᠪᠠᠶᠢᠭᠤᠯᠤᠯᠲᠠ ᠶᠢᠨ ᠠᠵᠢᠯ  ᠢ ᠬᠠᠷᠢᠭᠤᠴᠠᠨ᠎ᠠ᠃ ᠡᠷᠬᠡ ᠮᠡᠳᠡᠯ ᠤᠨ ᠬᠡᠪᠴᠢᠶ᠎ᠡ ᠪᠠᠷ ᠪᠥᠬᠦ ᠬᠤᠰᠢᠭᠤᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠡᠩᠨᠡᠭᠡ ᠶᠢ ᠵᠣᠬᠢᠴᠠᠭᠤᠯᠤᠨ ᠵᠢᠯᠤᠭᠤᠳᠴᠤ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠤᠭᠤᠳᠬᠤ ᠲᠠᠪᠴᠠᠩ ᠤᠨ ᠭᠠᠯ ᠤᠨᠲᠠᠷᠠᠭᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ ᠶᠢ ᠵᠣᠯᠭᠠᠭᠤᠯᠬᠤ ᠪᠠ ᠵᠣᠯᠭᠠᠭᠤᠯᠬᠤ ᠶᠢ ᠠᠬᠢᠭᠤᠯᠵᠤ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠮᠠᠨ ᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠵᠢᠯ ᠳᠤ ᠣᠷᠣᠯᠴᠠᠨ᠎ᠠ᠃ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠵᠢᠯᠤᠭᠤᠳᠴᠤ᠂ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠶᠣᠰᠣᠭᠠᠷ ᠭᠠᠯ ᠤᠨᠲᠠᠷᠠᠭᠠᠬᠤ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ  ᠠᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ  ᠠᠴᠠ ᠠᠪᠤᠷᠠᠬᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠴᠠ ᠠᠪᠤᠷᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠲᠣᠰ ᠭᠠᠵᠠᠷ ᠣᠷᠣᠨ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃          ︵ᠳᠣᠯᠤᠭ᠎ᠠ︶ ᠭᠠᠯ  ᠤᠨ ᠠᠶᠤᠯ  ᠢ ᠰᠡᠷᠭᠡᠶᠢᠯᠡᠨ ᠵᠠᠰᠠᠬᠤ ᠠᠵᠢᠯ  ᠢ ᠬᠠᠷᠢᠭᠤᠴᠠᠨ᠎ᠠ᠃ ᠡᠷᠬᠡ ᠮᠡᠳᠡᠯ ᠤᠨ ᠬᠡᠪᠴᠢᠶ᠎ᠡ ᠪᠠᠷ ᠪᠦᠭᠦ ᠬᠤᠰᠢᠭᠤᠨ ᠤ ᠭᠠᠯ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠬᠤ᠂ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ᠂ ᠭᠠᠯ ᠤᠨ ᠭᠠᠮᠰᠢᠭ ᠠᠴᠠ ᠠᠪᠤᠷᠠᠬᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠪᠦᠭᠦ ᠬᠤᠰᠢᠭᠤᠨ ᠤ ᠭᠠᠯ ᠤᠨᠲᠠᠷᠠᠭᠠᠬᠤ ᠲᠥᠯᠦᠪᠵᠢᠭᠦᠯᠭᠡ ᠶᠢ ᠨᠠᠢᠳᠠᠪᠤᠷᠢᠵᠢᠭᠤᠯᠬᠤ ᠶᠢ ᠠᠬᠢᠭᠤᠯᠤᠨ᠎ᠠ᠃          ︵ᠨᠠᠢᠮᠠ︶ ᠭᠠᠮᠰᠢᠭ  ᠢ ᠰᠡᠷᠭᠡᠶᠢᠯᠡᠨ ᠵᠠᠰᠠᠬᠤ ᠠᠵᠢᠯ  ᠢ ᠬᠠᠷᠢᠭᠤᠴᠠᠨ᠎ᠠ᠃ ᠪᠥᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠤᠰᠤ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠤᠭᠤᠳᠴᠤ᠂ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃          ︵ᠶᠢᠰᠦ︶ ᠭᠠᠮᠰᠢᠭ  ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ  ᠠᠴᠠ ᠠᠪᠤᠷᠠᠬᠤ ᠳᠤ ᠬᠠᠨᠳᠢᠪᠯᠡᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠣᠯᠣᠨ ᠪᠥᠬᠦ ᠬᠤᠰᠢᠭᠤᠨ ᠤ ᠭᠠᠮᠰᠢᠭ  ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠤᠨ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠯᠡᠨ᠎ᠡ᠃︵ᠠᠷᠪᠠ︶ ᠰᠢᠨ᠎ᠡ ᠪᠠᠷᠭᠤ ᠵᠡᠭᠦᠨ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠪᠥᠬᠦ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ᠂ ᠲᠣᠭᠤᠷᠢᠨ ᠪᠠᠶᠢᠴᠠᠭᠠᠯᠲᠠ ᠂ ᠬᠢᠨᠠᠨ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃          ︵ᠠᠷᠪᠠᠨ ᠨᠢᠭᠡ︶ ᠠᠶᠤᠯ ᠦᠭᠡᠢ ᠦᠢᠯᠡᠳᠪᠦᠷᠢᠯᠡᠯ  ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ  ᠢ ᠬᠠᠷᠢᠭᠤᠴᠠᠨ᠎ᠠ᠃ ᠡᠷᠬᠡ ᠮᠡᠳᠡᠯ ᠤᠨ ᠬᠡᠪᠴᠢᠶ᠎ᠡ ᠶᠣᠰᠣᠭᠠᠷ ᠦᠢᠯᠡᠳᠪᠦᠷᠢ ᠠᠭᠤᠷᠬᠠᠢ᠂ ᠬᠤᠳᠠᠯᠳᠤᠭ᠎ᠠ ᠠᠷᠠᠯᠵᠢᠶᠠᠨ  ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ  ᠤᠨ ᠬᠠᠤᠯᠢ ᠴᠠᠭᠠᠵᠠ ᠬᠠᠤᠯᠢ ᠲᠣᠭᠲᠠᠭᠠᠯ  ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠠᠶᠤᠯ ᠦᠭᠡᠢ ᠦᠢᠯᠡᠳᠪᠦᠷᠢᠯᠡᠯ  ᠤᠨ ᠨᠥᠬᠦᠴᠡᠯ ᠪᠣᠯᠣᠨ ᠬᠤᠯᠪᠣᠭᠳᠠᠯ ᠪᠦᠬᠦᠢ ᠲᠥᠬᠦᠭᠡᠷᠦᠮᠵᠢ ︵ᠣᠨᠴᠠ ᠲᠥᠷᠥᠯ  ᠤᠨ ᠲᠤᠨᠤᠭ ᠲᠥᠬᠦᠭᠡᠷᠦᠮᠵᠢ ᠠᠴᠠ ᠭᠠᠳᠠᠨ᠎ᠠ︶᠂  ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ  ᠤᠨ ᠠᠶᠤᠯ ᠦᠭᠡᠢ ᠦᠢᠯᠡᠳᠪᠦᠷᠢᠯᠡᠯ  ᠤᠨ ᠬᠠᠮᠢᠶᠠᠷᠤᠯᠲᠠ ᠶᠢᠨ ᠠᠵᠢᠯ  ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠠᠶᠤᠯ ᠦᠭᠡᠢ ᠶᠢᠨ ᠪᠡᠯᠡᠳᠬᠡᠮᠵᠢ ᠶᠢᠨ ᠤᠭᠰᠠᠷᠠᠭᠤᠯᠤᠯᠲᠠ ᠵᠢᠴᠢ ᠠᠵᠢᠯᠯᠠᠭᠠᠨ  ᠤ ᠪᠠᠶᠢᠳᠠᠯ  ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠳᠦᠷᠢᠮ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ᠂ ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ᠂ ᠨᠡᠭᠦᠷᠡᠰᠦᠨ ᠤ ᠪᠤᠰᠤ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠵᠢᠴᠢ ᠲᠡᠮᠦᠷᠯᠢᠭ ᠬᠠᠶᠢᠯᠤᠭᠤᠯᠬᠤ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠮᠧᠬᠠᠨᠢᠭ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠨᠠᠢᠮᠠᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠬᠠᠷᠢᠭᠤᠴᠠᠨ᠎ᠠ᠃ ᠠᠶᠤᠯᠭᠦᠢ ᠦᠢᠯᠡᠳᠪᠦᠷᠢᠯᠡᠯ ᠢ ᠪᠠᠶᠢᠴᠠᠭᠠᠨ ᠰᠢᠯᠭᠠᠵᠤ ᠪᠠᠶᠢᠴᠠᠭᠠᠨ ᠦᠵᠡᠬᠦ ᠠᠵᠢᠯ ᠢ ᠵᠢᠯᠣᠭᠤᠳᠤᠨ ᠵᠣᠬᠢᠴᠠᠭᠤᠯᠵᠤ᠂ ᠡᠷᠬᠡ ᠮᠡᠳᠡᠯ ᠤᠨ ᠬᠡᠪᠴᠢᠶᠡᠨ ᠳᠡᠭᠡᠨ ᠠᠶᠤᠯᠭᠦᠢ ᠦᠢᠯᠡᠳᠪᠦᠷᠢᠯᠡᠯ ᠤᠨ ᠵᠠᠭᠤᠴᠢ ᠪᠠᠶᠢᠭᠤᠯᠤᠮᠵᠢ ᠪᠠ ᠠᠶᠤᠯᠭᠦᠢ ᠶᠢᠨ ᠦᠨᠡᠯᠡᠯᠲᠡ ᠶᠢᠨ ᠠᠵᠢᠯ ᠢ ᠬᠢᠨᠠᠵᠤ ᠬᠠᠮᠢᠶᠠᠷᠤᠨ᠎ᠠ᠃          ( ᠠᠷᠪᠠᠨ ᠬᠤᠶᠠᠷ) ᠡ᠊ᠨᠳᠡᠯ  ᠢ ᠪᠠᠶᠢᠴᠠᠭᠠᠨ ᠰᠢᠢᠳᠪᠦᠷᠢᠯᠡᠵᠦ ᠦᠨᠡᠯᠡᠨ ᠵᠢᠱᠢᠬᠦ ᠠᠵᠢᠯ  ᠢ ᠬᠠᠷᠢᠭᠤᠴᠠᠨ᠎ᠠ᠃ ᠦᠢᠯᠡᠳᠪᠦᠷᠢᠯᠡᠯ ᠤᠨ ᠠᠶᠤᠯᠭᠦᠢ ᠶᠢᠨ ᠡᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠤᠭᠤᠳᠴᠤ᠂ ᠡᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠭᠠᠮᠰᠢᠭ ᠤᠨ ᠲᠦᠷᠦᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃          ︵ᠠᠷᠪᠠᠨ ᠭᠤᠷᠪᠠ︶ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠨᠥᠭᠡᠴᠡᠯᠡᠬᠦ ᠪᠠ ᠲᠣᠬᠢᠷᠠᠭᠤᠯᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠪᠠ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠲᠣᠪᠴᠢᠶ᠎ᠠ︶ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠮᠡᠳᠡᠭᠡ ᠵᠠᠩᠭᠢ ᠶᠢᠨ ᠲᠠᠪᠴᠠᠩ ᠪᠠ ᠰᠢᠯᠵᠢᠭᠦᠯᠦᠨ ᠥᠭᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠮᠰᠢᠭ  ᠠᠴᠠ ᠠᠪᠤᠷᠠᠬᠤ ᠳᠠᠭᠠᠨ ᠨᠢᠭᠡᠳᠦᠯᠲᠡᠢ ᠲᠣᠬᠢᠷᠠᠭᠤᠯᠤᠨ᠎ᠠ᠃          ︵ᠠᠷᠪᠠᠨ ᠳᠥᠷᠪᠡ︶ ᠤᠬᠠᠭᠤᠯᠭ᠎ᠠ ᠪᠣᠯᠪᠠᠰᠤᠷᠠᠭᠤᠯᠤᠯ  ᠤᠨ ᠠᠵᠢᠯ  ᠢ ᠬᠠᠷᠢᠭᠤᠴᠠᠨ᠎ᠠ᠃ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ᠂ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠂ ᠠᠶᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃          ︵ᠠᠷᠪᠠᠨ ᠲᠠᠪᠤ︶ ᠨᠡᠭᠦᠷᠡᠰᠦᠨ  ᠤ ᠬᠢᠨᠠᠯᠲᠠ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠪᠥᠬᠦ ᠬᠤᠰᠢᠭᠤᠨ ᠤ ᠨᠡᠭᠦᠷᠡᠰᠦᠨ ᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠪᠠᠷᠢᠮᠵᠢᠶᠠᠵᠢᠭᠤᠯᠤᠯᠲᠠ ᠶᠢ ᠪᠠᠷᠢᠮᠵᠢᠶ᠎ᠠ ᠳᠤ ᠬᠦᠷᠭᠡᠬᠦ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠬᠢᠨᠠᠨ ᠬᠠᠮᠢᠶᠠᠷᠬᠤ ᠵᠡᠷᠭᠡ ᠠᠵᠢᠯ᠃          ︵ᠠᠷᠪᠠᠨ ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃          ︵ᠠᠷᠪᠠᠨ ᠳᠣᠯᠤᠭ᠎ᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠨᠢ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭᠵᠢᠭᠦᠯᠵᠦ᠂ ᠨᠢᠭᠡᠳᠦᠯᠲᠡᠢ ᠲᠥᠯᠥᠪᠯᠡᠨ᠂ ᠨᠢᠭᠡᠳᠦᠯᠲᠡᠢ ᠤᠳᠤᠷᠢᠳᠬᠤ᠂ ᠡᠷᠬᠡ ᠬᠠᠷᠢᠭᠤᠴᠠᠯᠭ᠎ᠠ ᠨᠢᠭᠡᠳᠦᠯᠲᠡᠢ᠂ ᠡᠷᠬᠡ ᠰᠦᠷ ᠲᠠᠢ ᠥᠨᠳᠥᠷ ᠪᠦᠲᠦᠮᠵᠢᠲᠡᠶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠰᠢᠰᠲ᠋ᠧᠮᠵᠢ ᠶᠢ ᠪᠠᠶᠢᠭᠤᠯᠵᠤ᠂ ᠨᠢᠭᠡᠳᠦᠯᠲᠡᠢ ᠵᠢᠯᠤᠭᠤᠳᠬᠤ᠂ ᠲᠤᠰᠬᠠᠢ ᠪᠠᠶᠢᠩᠭᠤ ᠶᠢ ᠬᠤᠣᠰᠯᠠᠭᠤᠯᠬᠤ᠂ ᠬᠤᠷᠴᠠ ᠰᠡᠷᠭᠡᠭ ᠲᠤᠰᠬᠠᠯ ᠲᠠᠢ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ᠂ ᠡᠩ ᠤᠨ ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠤᠭᠰᠠᠨ ᠳᠤᠮᠳᠠᠳᠤ ᠤᠯᠤᠰ ᠤᠨ ᠣᠨᠴᠠᠯᠢᠭ ᠲᠠᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ ᠨᠢᠭᠡ ᠳᠤ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠢᠶᠠᠷ ᠭᠠᠮᠰᠢᠭ ᠠᠴᠠ ᠠᠪᠤᠷᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠬᠤ᠂ ᠲᠠᠩ ᠭᠠᠭᠴᠠ ᠭᠠᠮᠰᠢᠭ ᠤᠨ ᠲᠦᠷᠦᠯ ᠢ ᠠᠷᠭᠠᠴᠠᠵᠤ ᠪᠠᠶᠢᠭᠰᠠᠨ ᠠᠴᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠶᠢᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠵᠤ ᠪᠠᠶᠢᠭᠰᠠᠨ ᠠᠴᠠ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠬᠤ ᠲᠡᠶᠢᠰᠢ ᠬᠤᠪᠢᠷᠠᠭᠤᠯᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ ᠲᠦᠪᠰᠢᠨ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠬᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠷᠮᠠᠶᠢᠨ ᠪᠡᠶᠡᠯᠡᠭᠦᠯᠦᠨ᠎ᠡ᠃ ᠬᠤᠶᠠᠷ ᠲᠤ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠳᠬᠠᠵᠤ᠂ ᠤᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠬᠥᠮᠥᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠦᠨᠡᠨ ᠬᠦ ᠪᠠᠭᠠᠰᠬᠠᠨ᠎ᠠ᠃ ᠭᠤᠷᠪᠠ ᠳᠤ᠂ ᠠᠮᠤᠷ ᠲᠦᠪᠰᠢᠨ ᠢᠶᠠᠷ ᠬᠥᠭᠵᠢᠭᠦᠯᠬᠦ ᠣᠶᠢᠯᠠᠭᠠᠭᠳᠠᠬᠤᠨ ᠢ ᠪᠤᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠨ᠎ᠠ᠃          ︵ᠠᠷᠪᠠᠨ ᠨᠠᠢᠮᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃          1. ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠤᠰᠤᠨ ᠠᠰᠢᠭᠯᠠᠯᠲᠠ ᠶᠢᠨ ᠲᠣᠪᠴᠢᠶ᠎ᠠ︶᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠪᠤᠷᠠᠬᠤ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃          ︵1︶ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠪᠠ ᠠᠶᠤᠯ ᠦᠭᠡᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ ᠵᠣᠬᠢᠴᠠᠭᠤᠯᠤᠨ᠎ᠠ ; ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ ᠬᠠᠮᠲᠤ ᠡᠷᠬᠡ ᠶᠢᠨ ᠬᠡᠪᠴᠢᠶ᠎ᠡ ᠶᠣᠰᠣᠭᠠᠷ ᠲᠣᠭᠲᠠᠭᠠᠯ ᠭᠠᠷᠭᠠᠨ᠎ᠠ ; ᠰᠢᠨ᠎ᠡ ᠪᠠᠷᠭᠤ ᠵᠡᠭᠦᠨ ᠬᠤᠰᠢᠭᠤᠨ ᠤ ᠬᠦᠨᠳᠦ ᠶᠡᠭᠡ ᠭᠠᠮᠰᠢᠭ ᠢ ᠠᠷᠭᠠᠴᠠᠬᠤ ᠵᠢᠯᠤᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠣᠯᠣᠨ ᠰᠢᠨ᠎ᠡ ᠪᠠᠷᠭᠤ ᠵᠡᠭᠦᠨ ᠬᠤᠰᠢᠭᠤᠨ ᠤ ᠬᠠᠷᠢᠭᠤᠴᠠᠵᠤ ᠪᠠᠶᠢᠭ᠎ᠠ ᠨᠥᠬᠦᠳ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠤᠰᠤ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ ; ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠨᠢᠭᠡᠳᠦᠯᠲᠡᠢ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠢ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ ᠃ ᠤᠯᠠᠨ ᠭᠠᠮᠰᠢᠭ ᠤᠨ ᠲᠦᠷᠦᠯ ᠵᠦᠢᠯ ᠪᠠ ᠭᠠᠮᠰᠢᠭ ᠤᠨ ᠬᠡᠯᠬᠢᠶ᠎ᠡ ᠶᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠡᠷᠬᠡ ᠣᠯᠭᠤᠭᠰᠠᠨ ᠶᠣᠰᠣᠭᠠᠷ ᠤᠢ ᠰᠢᠭᠤᠢ ᠪᠣᠯᠣᠨ ᠨᠤᠲᠤᠭ ᠪᠡᠯᠴᠢᠭᠡᠷ  ᠤᠨ ᠭᠠᠯ  ᠤᠨ ᠪᠠᠶᠢᠳᠠᠯ  ᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠭᠠᠯ  ᠤᠨ ᠠᠶᠤᠯ᠂ ᠭᠠᠯ  ᠤᠨ ᠠᠶᠤᠯ  ᠤᠨ ᠮᠡᠳᠡᠭᠡ ᠵᠠᠩᠭᠢ ᠨᠡᠶᠢᠲᠡᠯᠡᠬᠦ ᠠᠵᠢᠯ  ᠢ ᠬᠠᠷᠢᠭᠤᠴᠠᠨ᠎ᠠ᠃          ︵2︶ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠢ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ ; ᠭᠠᠵᠠᠷ ᠤᠨ ᠭᠠᠢ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠤᠭᠤᠳᠴᠤ ᠵᠣᠬᠢᠴᠠᠭᠤᠯᠬᠤ ᠪᠠ ᠬᠢᠨᠠᠯᠲᠠ ᠲᠠᠯᠪᠢᠨ᠎ᠠ ; ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠢ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠭᠠᠵᠠᠷ ᠤᠨ ᠭᠠᠢ ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ ; ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃          ︵3︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠤᠰᠤᠨ ᠠᠰᠢᠭᠯᠠᠯᠲᠠ ᠶᠢᠨ ᠲᠣᠪᠴᠢᠶ᠎ᠠ ︶᠎ ᠠᠴᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠦᠶᠡᠷ ᠤᠨ ᠭᠠᠮᠰᠢᠭ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ ; ᠤᠰᠤᠨ ᠤ ᠪᠠᠶᠢᠳᠠᠯ ᠭᠠᠩ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ ; ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠠ ᠴᠢᠬᠤᠯᠠ ᠤᠰᠤᠨ ᠤ ᠢᠨᠵᠧᠨᠧᠷᠢᠩ ᠤᠨ ᠦᠶᠡᠷ ᠢ ᠰᠡᠷᠭᠡᠶᠢᠯᠡᠨ ᠭᠠᠩ ᠤᠨ ᠭᠠᠮᠰᠢᠭ ᠢ ᠡᠰᠡᠷᠭᠦᠴᠡᠬᠦ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢᠨ ᠲᠣᠬᠢᠷᠠᠭᠤᠯᠤᠯᠲᠠ ᠶᠢᠨ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠲᠠᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ; ᠦᠶᠡᠷ ᠤᠨ ᠤᠰᠤ ᠶᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃          ︵4︶ ᠡᠯ᠎ᠡ ᠱᠠᠲᠤᠨ  ᠤ ᠦᠶᠡᠷ  ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠪᠠᠶᠢᠭᠤᠯᠤᠮᠵᠢ ᠨᠤᠭᠤᠳ ᠰᠢᠨ᠎ᠡ ᠪᠠᠷᠭᠤ ᠵᠡᠭᠦᠨ ᠬᠤᠰᠢᠭᠤᠨ ᠎ ᠤ ᠦᠶᠡᠷ  ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠵᠢᠴᠢ ᠲᠠᠷᠢᠶᠠᠯᠠᠩ ᠮᠠᠯ ᠠᠵᠤ ᠠᠬᠤᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ  ᠤᠨ ᠲᠣᠪᠴᠢᠶᠠᠨ  ᠤ ᠦᠶᠡᠷ  ᠢ ᠰᠡᠷᠭᠡᠶᠢᠯᠡᠨ ᠭᠠᠩ ᠲᠠᠢ ᠲᠡᠮᠡᠴᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ  ᠤ ᠦᠶᠡᠷ  ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ  ᠤᠨ ᠵᠠᠷᠯᠢᠭ  ᠢ ᠬᠡᠷᠡᠭᠵᠢᠭᠦᠯᠦᠨ᠎ᠡ᠃          ︵5︶ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠢ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ ; ᠤᠢ ᠰᠢᠭᠤᠢ ᠪᠣᠯᠣᠨ ᠨᠤᠲᠤᠭ ᠪᠡᠯᠴᠢᠭᠡᠷ  ᠤᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠥᠷᠨᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠭᠠᠯ ᠰᠡᠷᠭᠡᠶᠢᠯᠡᠬᠦ᠂ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃          ︵6︶ ᠪᠣᠳᠠᠲᠠᠢ ᠪᠠᠶᠢᠳᠠᠯ ᠢ ᠦᠨᠳᠦᠰᠦᠯᠡᠨ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠤᠰᠤᠨ ᠠᠰᠢᠭᠯᠠᠯᠲᠠ ᠶᠢᠨ ᠲᠣᠪᠴᠢᠶ᠎ᠠ︶᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠲᠠᠢ ᠵᠥᠪᠳᠡᠯᠴᠡᠵᠦ᠂ ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠤᠨ᠎ᠠ᠃          2. ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠲᠣᠪᠴᠢᠶ᠎ᠠ︶ ᠎ ᠯᠤᠭ᠎ᠠ ᠶᠢᠨ ᠪᠥᠬᠦ ᠬᠤᠰᠢᠭᠤᠨ ᠤ ᠭᠠᠮᠰᠢᠭ  ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃          ︵1︶ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ  ᠠᠴᠠ ᠪᠥᠬᠦ ᠬᠤᠰᠢᠭᠤᠨ ᠤ ᠭᠠᠮᠰᠢᠭ  ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠪᠠ ᠬᠡᠷᠡᠭᠯᠡᠬᠦ ᠰᠢᠢᠳᠪᠦᠷᠢᠲᠦ ᠪᠣᠳᠣᠯᠭ᠎ᠠ ᠶᠢ ᠬᠠᠷᠢᠭᠤᠴᠠᠨ ᠳᠤᠷᠠᠳᠴᠤ᠂ ᠪᠥᠬᠦ ᠬᠤᠰᠢᠭᠤᠨ ᠤ ᠭᠠᠮᠰᠢᠭ ᠎ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠲᠥᠯᠦᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠲᠣᠪᠴᠢᠶ᠎ᠠ︶ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠢᠯ ᠤᠨ ᠬᠤᠳᠠᠯᠳᠤᠨ ᠠᠪᠬᠤ ᠲᠥᠯᠥᠪᠯᠡᠭᠡ ᠶᠢ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠬᠡᠷᠡᠭᠯᠡᠬᠦ ᠵᠠᠷᠯᠢᠭ ᠪᠠᠭᠤᠯᠭᠠᠨ᠎ᠠ᠃          ︵2︶ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶᠎ ᠨᠢ ᠰᠢᠨ᠎ᠡ ᠪᠠᠷᠭᠤ ᠵᠡᠭᠦᠨ ᠬᠤᠰᠢᠭᠤᠨ ᠤ ᠭᠠᠮᠰᠢᠭ  ᠠᠴᠠ ᠠᠪᠤᠷᠠᠬᠤ ᠡᠳ᠋ ᠪᠣᠳᠠᠰ ᠨᠥᠭᠡᠴᠡᠯᠡᠬᠦ ᠲᠥᠯᠦᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ᠂  ᠵᠢᠯ ᠤᠨ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠪᠥᠬᠦ ᠬᠤᠰᠢᠭᠤᠨ ᠤ ᠭᠠᠮᠰᠢᠭ  ᠠᠴᠠ ᠠᠪᠤᠷᠠᠬᠤ ᠡᠳ᠋ ᠪᠣᠳᠠᠰ ᠢ ᠬᠤᠷᠢᠶᠠᠨ ᠬᠠᠳᠠᠭᠠᠯᠠᠬᠤ᠂ ᠡᠭᠡᠯᠵᠢᠯᠡᠨ ᠰᠣᠯᠢᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷᠯᠢᠭ ᠵᠢᠭᠠᠪᠤᠷᠢ ᠶᠢ ᠦᠨᠳᠦᠰᠦᠯᠡᠨ ᠠᠯᠬᠤᠮ ᠳᠠᠷᠠᠭ᠎ᠠ ᠪᠠᠷ ᠵᠣᠬᠢᠶᠠᠨ ᠪᠠᠶᠢᠭᠤᠯᠵᠤ ᠰᠢᠯᠵᠢᠭᠦᠯᠦᠨ ᠭᠠᠷᠭᠠᠨ᠎ᠠ᠃           ᠬᠤᠶᠠᠷ᠂ ᠳᠣᠲᠣᠭᠠᠳᠤ ᠪᠠᠶᠢᠭᠤᠯᠤᠮᠵᠢ           ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠴᠢᠬᠤᠯᠠ ᠡᠬᠡ ᠪᠢᠴᠢᠭ ᠢ ᠲᠤᠭᠤᠷᠪᠢᠬᠤ ᠵᠡᠷᠭᠡ ᠠᠵᠢᠯ ᠢ ᠡᠭᠦᠷᠭᠡᠯᠡᠵᠦ᠂ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ᠂ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ ᠪᠠ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠵᠡᠷᠭᠡ ᠠᠵᠢᠯ ᠢ ᠬᠠᠷᠢᠭᠤᠴᠠᠨ᠎ᠠ᠃ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠪᠣᠯᠣᠨ ᠠᠶᠤᠯ ᠦᠭᠡᠢ ᠦᠢᠯᠡᠳᠪᠦᠷᠢᠯᠡᠯ  ᠤᠨ ᠰᠣᠨᠢᠨ ᠮᠡᠳᠡᠭᠡᠨ  ᠤ ᠤᠬᠠᠭᠤᠯᠭ᠎ᠠ᠂ ᠶᠠᠷᠢᠶ᠎ᠠ ᠬᠡᠯᠡᠯᠴᠡᠭᠡᠨ  ᠤ ᠪᠠᠶᠢᠳᠠᠯ  ᠢ ᠠᠷᠭᠠᠴᠠᠬᠤ᠂ ᠰᠣᠶᠣᠯ  ᠤᠨ ᠪᠠᠶᠢᠭᠤᠯᠤᠯᠲᠠ ᠵᠡᠷᠭᠡ ᠠᠵᠢᠯ  ᠢ ᠡᠭᠦᠷᠭᠡᠯᠡᠵᠦ᠂ ᠤᠯᠠᠨ ᠨᠡᠶᠢᠳᠡ  ᠶᠢᠨ ᠮᠡᠳᠡᠯᠭᠡ  ᠶᠢ ᠲᠦᠭᠡᠮᠡᠯᠵᠢᠭᠦᠯᠬᠦ ᠠᠵᠢᠯ  ᠢ ᠥᠷᠨᠢᠭᠦᠯᠦᠨ᠎ᠡ᠃ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠣᠯᠣᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠵᠢᠷᠤᠮᠵᠢᠯ  ᠤᠨ ᠴᠢᠨᠠᠷᠲᠠᠢ ᠪᠢᠴᠢᠭ  ᠮᠠᠲ᠋ᠧᠷᠢᠶᠠᠯ  ᠤᠨ ᠬᠠᠤᠯᠢ ᠶᠣᠰᠣᠨ  ᠤ ᠴᠢᠨᠠᠷᠲᠠᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ  ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ  ᠢᠶᠠᠷ ᠵᠠᠷᠭᠤ ᠬᠦᠯᠢᠶᠡᠯᠭᠡᠬᠦ ᠵᠡᠷᠭᠡ ᠠᠵᠢᠯ  ᠢ ᠡᠭᠦᠷᠭᠡᠯᠡᠨ᠎ᠡ᠃ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠠ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠦᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵ᠬᠤᠶᠠᠷ︶ ᠲᠦᠭᠰᠢᠭᠦᠷᠢ ᠶᠢ ᠬᠢᠨᠠᠨ ᠬᠡᠮᠵᠢᠬᠦ ᠪᠠ ᠡᠳ᠋ ᠪᠠᠷᠠᠭ᠎ᠠ ᠶᠢᠨ ᠪᠠᠲᠤᠯᠠᠭ᠎ᠠ ᠶᠢᠨ ᠰᠲ᠋ᠣᠺ᠃ ᠪᠥᠬᠦ ᠬᠤᠰᠢᠭᠤᠨ ᠤ ᠬᠦᠨᠳᠦ ᠶᠡᠭᠡ ᠠᠶᠤᠯ ᠦᠭᠡᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠦᠨᠡᠯᠡᠨ ᠵᠢᠱᠢᠵᠦ ᠨᠤᠲᠠᠯᠠᠬᠤ ᠲᠣᠭᠲᠠᠴᠠ ᠶᠢ ᠪᠠᠶᠢᠭᠤᠯᠵᠤ᠂ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠵᠦ᠂ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠬᠢᠭᠡᠳ ᠭᠠᠮᠰᠢᠭ ᠢ ᠪᠠᠭᠠᠰᠬᠠᠬᠤ ᠴᠢᠳᠠᠪᠤᠷᠢ ᠶᠢ ᠪᠠᠶᠢᠴᠠᠭᠠᠨ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠬᠤᠰᠢᠭᠤᠨ ᠤ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠨ ᠲᠤᠰᠠᠯᠠᠬᠤ ᠵᠡᠷᠭᠡ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠲᠥᠯᠦᠪᠵᠢᠭᠦᠯᠭᠡ ᠪᠠ ᠬᠡᠷᠡᠭᠴᠡᠭᠡᠨ ᠤ ᠲᠥᠯᠥᠪᠯᠡᠭᠡ ᠶᠢ ᠲᠣᠭᠲᠠᠭᠠᠵᠤ᠂ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠬᠠᠮᠲᠤ ᠪᠠᠷ ᠬᠡᠷᠡᠭᠯᠡᠵᠦ ᠬᠠᠮᠲᠤ ᠪᠠᠷ ᠡᠳ᠋ᠯᠡᠬᠦ ᠪᠠ ᠵᠣᠬᠢᠴᠠᠭᠤᠯᠬᠤ ᠲᠣᠭᠲᠠᠴᠠ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠬᠤᠯᠠ ᠡᠳ᠋ ᠪᠠᠷᠠᠭ᠎ᠠ ᠶᠢ ᠨᠥᠭᠡᠴᠡᠯᠡᠬᠦ᠂ ᠲᠣᠬᠢᠷᠠᠭᠤᠯᠬᠤ ᠪᠠ ᠪᠠᠴᠢᠮ ᠲᠣᠬᠢᠷᠠᠭᠤᠯᠤᠨ ᠬᠦᠷᠭᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠣᠯᠣᠨ ᠰᠢᠨ᠎ᠡ ᠪᠠᠷᠭᠤ ᠵᠡᠭᠦᠨ ᠬᠤᠰᠢᠭᠤᠨ ᠤ ᠭᠠᠮᠰᠢᠭ  ᠠᠴᠠ ᠠᠪᠤᠷᠠᠬᠤ ᠵᠣᠭᠤᠰ ᠮᠥᠩᠭᠦ ᠡᠳ᠋ ᠪᠠᠷᠠᠭ᠎ᠠ ᠶᠢ ᠬᠠᠮᠢᠶᠠᠷᠬᠤ᠂ ᠬᠤᠪᠢᠶᠠᠷᠢᠯᠠᠬᠤ ᠪᠠ ᠬᠢᠨᠠᠯᠲᠠ ᠲᠠᠯᠪᠢᠵᠤ ᠬᠡᠷᠡᠭᠯᠡᠬᠦ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠎ ᠬᠢᠨ ᠲᠠᠢ ᠬᠠᠮᠲᠤᠷᠠᠨ ᠭᠠᠮᠰᠢᠭᠳᠠᠭᠰᠠᠨ ᠣᠯᠠᠨ ᠲᠦᠮᠡᠨ ᠢ ᠪᠠᠴᠢᠮ ᠰᠢᠯᠵᠢᠭᠦᠯᠦᠨ ᠲᠥᠪᠬᠢᠨᠡᠭᠦᠯᠬᠦ᠂ ᠭᠠᠮᠰᠢᠭ  ᠠᠴᠠ ᠪᠣᠯᠵᠤ ᠡᠪᠳᠡᠷᠡᠵᠦ ᠰᠦᠢᠳᠦᠭᠰᠡᠨ ᠭᠡᠷ ᠪᠠᠶᠢᠰᠢᠩ ᠢ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠳᠤ ᠨᠥᠬᠦᠪᠦᠷᠢ ᠥᠭᠬᠦ ᠪᠠ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃          ︵ᠭᠤᠷᠪᠠ︶ ᠭᠠᠮᠰᠢᠭ  ᠢ ᠰᠡᠷᠭᠡᠶᠢᠯᠡᠨ ᠵᠠᠰᠠᠬᠤ ᠬᠠᠮᠢᠶᠠᠷᠤᠯᠲᠠ ᠬᠢᠭᠡᠳ ᠠᠪᠤᠷᠠᠨ ᠲᠤᠰᠠᠯᠠᠬᠤ ᠰᠲ᠋ᠣᠺ᠃ ᠤᠯᠤᠰ  ᠤᠨ ᠭᠠᠯ ᠤᠨᠲᠠᠷᠠᠭᠠᠬᠤ ᠬᠠᠤᠯᠢ ᠲᠣᠭᠲᠠᠭᠠᠯ ᠪᠣᠯᠣᠨ ᠮᠡᠷᠭᠡᠵᠢᠯ  ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠣᠷᠣᠨ ᠨᠤᠲᠤᠭ  ᠤᠨ ᠴᠢᠨᠠᠷᠲᠠᠢ ᠭᠠᠯ ᠤᠨᠲᠠᠷᠠᠭᠠᠬᠤ ᠬᠠᠤᠯᠢ ᠲᠣᠭᠲᠠᠭᠠᠯ ᠪᠣᠯᠣᠨ ᠮᠡᠷᠭᠡᠵᠢᠯ  ᠤᠨ ᠪᠠᠷᠢᠮᠵᠢᠶ᠎ᠠ ᠶᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠥᠬᠦ ᠬᠤᠰᠢᠭᠤ᠂ ᠰᠤᠮᠤ ᠪᠠᠯᠭᠠᠰᠤ᠂ ᠤᠢ ᠰᠢᠭᠤᠢ᠂ ᠨᠤᠲᠤᠭ ᠪᠡᠯᠴᠢᠭᠡᠷ  ᠤᠨ ᠭᠠᠯ ᠤᠨᠲᠠᠷᠠᠭᠠᠬᠤ ᠠᠵᠢᠯ  ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠪᠥᠬᠦ ᠬᠤᠰᠢᠭᠤᠨ  ᠤ ᠭᠠᠯ ᠤᠨᠲᠠᠷᠠᠭᠠᠬᠤ  ᠳᠤ ᠬᠢᠨᠠᠯᠲᠠ ᠲᠠᠯᠪᠢᠬᠤ᠂ ᠭᠠᠯ  ᠤᠨ ᠠᠶᠤᠯ  ᠢ ᠰᠡᠷᠭᠡᠶᠢᠯᠡᠬᠦ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ  ᠢ ᠵᠢᠯᠣᠭᠤᠳᠤᠨ᠎ᠠ᠃ ᠪᠥᠬᠦ ᠬᠤᠰᠢᠭᠤᠨ ᠤ ᠤᠰᠤ ᠭᠠᠩ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠠ ᠴᠢᠬᠤᠯᠠ ᠤᠰᠤᠨ ᠤ ᠢᠨᠵᠧᠨᠧᠷᠢᠩ ᠤᠨ ᠦᠶᠡᠷ ᠢ ᠰᠡᠷᠭᠡᠶᠢᠯᠡᠨ ᠭᠠᠩ ᠤᠨ ᠭᠠᠮᠰᠢᠭ ᠢ ᠡᠰᠡᠷᠭᠦᠴᠡᠬᠦ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢᠨ ᠲᠣᠬᠢᠷᠠᠭᠤᠯᠤᠯᠲᠠ ᠶᠢᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠪᠥᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ  ᠠᠴᠠ ᠠᠪᠤᠷᠠᠬᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠵᠢᠯᠤᠭᠤᠳᠴᠤ᠂ ᠪᠥᠬᠦ ᠬᠤᠰᠢᠭᠤᠨ ᠤ ᠬᠦᠨᠳᠦ ᠶᠡᠭᠡ ᠭᠠᠵᠠᠷ ᠤᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠣᠯᠣᠨ ᠰᠢᠨ᠎ᠡ ᠪᠠᠷᠭᠤ ᠵᠡᠭᠦᠨ ᠬᠤᠰᠢᠭᠤᠨ ᠤ ᠬᠠᠮᠢᠶ᠎ᠠ ᠪᠦᠬᠦᠢ ᠬᠠᠮᠲᠤᠷᠠᠯᠴᠠᠬᠤ ᠪᠠ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ᠪᠠᠴᠢᠮ ᠪᠠᠶᠢᠳᠠᠯ ᠢ ᠠᠷᠭᠠᠴᠠᠬᠤ ᠶᠢ ᠵᠢᠯᠣᠭᠤᠳᠤᠨ ᠲᠣᠬᠢᠷᠠᠭᠤᠯᠬᠤ ᠠᠵᠢᠯ ᠢ ᠡᠭᠦᠷᠭᠡᠯᠡᠨ᠎ᠡ᠃ ᠠᠵᠢᠯ ᠤᠨ ᠬᠤᠪᠢᠶᠠᠷᠢᠯᠠᠯ ᠶᠣᠰᠣᠭᠠᠷ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠪᠠᠴᠢᠮ ᠪᠠᠶᠢᠳᠠᠯ ᠢ ᠠᠷᠭᠠᠴᠠᠬᠤ᠂ ᠵᠢᠵᠢᠭᠦᠷᠯᠡᠨ ᠰᠠᠬᠢᠬᠤ᠂ ᠵᠠᠰᠠᠭ ᠤᠨ ᠶᠠᠪᠤᠳᠠᠯ ᠤᠨ ᠵᠢᠵᠢᠭᠦᠷᠯᠡᠬᠦ ᠵᠡᠷᠭᠡ ᠠᠵᠢᠯ ᠢ ᠡᠭᠦᠷᠭᠡᠯᠡᠵᠦ᠂ ᠤᠯᠤᠰ ᠤᠨ ᠠᠳᠡᠯ ᠤᠨ ᠭᠠᠮᠰᠢᠭ ᠪᠠ ᠪᠠᠶᠢᠭᠠᠯᠢ ᠶᠢᠨ ᠭᠠᠮᠰᠢᠭ ᠢ ᠲᠠᠰ ᠬᠤᠪᠢᠶᠠᠨ ᠠᠷᠭᠠᠴᠠᠬᠤ ᠳᠦᠷᠢᠮ ᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠪᠥᠬᠦ ᠬᠤᠰᠢᠭᠤᠨ ᠤ ᠬᠡᠪᠴᠢᠶᠡᠨ ᠳᠠᠬᠢ ᠠᠪᠤᠷᠠᠨ ᠲᠤᠰᠠᠯᠠᠬᠤ ᠬᠦᠴᠦᠨ ᠢ ᠵᠣᠬᠢᠴᠠᠭᠤᠯᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠬᠥᠯᠥᠨ ᠪᠤᠶᠢᠷ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠲᠤᠰᠠᠯᠠᠬᠤ ᠠᠵᠢᠯ ᠭᠤᠶᠤᠴᠢᠯᠠᠵᠤ᠂ ᠭᠠᠯ ᠤᠨᠲᠠᠷᠠᠭᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠨ᠎ᠠ᠃ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠥᠰᠥᠯ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠪᠣᠯᠣᠨ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠲᠥᠷᠥᠯ ᠤᠨ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠵᠣᠯᠭᠠᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠢᠯᠣᠭᠤᠳᠤᠨ ᠬᠢᠨᠠᠯᠲᠠ ᠲᠠᠯᠪᠢᠬᠤ ᠠᠵᠢᠯ ᠢ ᠡᠭᠦᠷᠭᠡᠯᠡᠵᠦ᠂ ᠪᠥᠬᠦ ᠬᠤᠰᠢᠭᠤᠨ ᠤ ᠬᠦᠨᠳᠦ ᠶᠡᠭᠡ ᠭᠠᠮᠰᠢᠭ ᠢ ᠠᠷᠭᠠᠴᠠᠬᠤ ᠵᠢᠯᠤᠭᠤᠳᠬᠤ ᠭᠠᠵᠠᠷ ᠤᠨ ᠲᠤᠬᠠᠢ ᠶᠢᠨ ᠲᠠᠯᠠᠪᠤᠷ ᠤᠨ ᠵᠣᠬᠢᠴᠠᠭᠤᠯᠤᠨ ᠪᠠᠲᠤᠯᠠᠬᠤ ᠠᠵᠢᠯ ᠢ ᠡᠭᠦᠷᠭᠡᠯᠡᠵᠦ᠂ ᠲᠣᠰ ᠭᠠᠵᠠᠷ ᠣᠷᠣᠨ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠢᠯᠤᠭᠤᠳᠴᠤ᠂ ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠬᠠᠮᠢᠶᠠᠷᠤᠯᠲᠠ ᠶᠢᠨ ᠪᠠᠲᠤᠯᠠᠭ᠎ᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠦᠷᠢᠳᠬᠡᠨ ᠵᠠᠳᠠᠯᠬᠤ ᠠᠵᠢᠯ ᠢ ᠬᠠᠷᠢᠭᠤᠴᠠᠨ᠎ᠠ᠃          ︵ᠳᠥᠷᠪᠡ︶ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠰᠲ᠋ᠣᠺ᠃ ᠪᠦᠬᠦ ᠬᠤᠰᠢᠭᠤᠨ ᠤ ᠬᠢᠮᠢ ᠶᠢᠨ ᠠᠵᠤ ᠦᠢᠯᠡᠳᠪᠦᠷᠢ ︵ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠪᠠᠭᠲᠠᠨ᠎ᠠ︶᠂ ᠡᠮ ᠡᠮᠨᠡᠯᠭᠡ᠂ ᠠᠶᠤᠯᠲᠠᠢ ᠬᠢᠮᠢ ᠶᠢᠨ ᠪᠣᠳᠠᠰ ᠪᠣᠯᠣᠨ ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠪᠥᠬᠦ ᠬᠤᠰᠢᠭᠤᠨ ᠤ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠡᠭᠦᠷᠭᠡᠯᠡᠵᠦ᠂ ᠪᠥᠬᠦ ᠬᠤᠰᠢᠭᠤᠨ ᠤ ᠡᠷᠬᠡ ᠮᠡᠳᠡᠯ ᠤᠨ ᠬᠡᠪᠴᠢᠶᠡᠨ ᠳᠠᠬᠢ ᠠᠶᠤᠯᠲᠠᠢ ᠬᠢᠮᠢ ᠶᠢᠨ ᠪᠣᠳᠠᠰ ᠢ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠡᠮ ᠤᠨ ᠵᠦᠢᠯ ᠤᠨ ᠪᠤᠰᠤ ᠬᠤᠣᠷᠲᠤ ᠡᠳ᠋ ᠦᠢᠯᠡᠳᠬᠦ ᠳᠤ ᠬᠢᠯᠪᠠᠷ ᠬᠢᠮᠢ ᠶᠢᠨ ᠪᠣᠳᠠᠰ ᠤᠨ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠨᠡᠭᠦᠷᠡᠰᠦᠨ ᠤ ᠪᠤᠰᠤ ᠠᠭᠤᠷᠬᠠᠢ ᠶᠢᠨ ᠠᠭᠤᠯᠠ ︵ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠪᠠᠭᠲᠠᠨ᠎ᠠ︶᠂ ᠴᠢᠯᠠᠭᠤᠨ ᠲᠣᠰᠣ ︵ᠪᠣᠯᠪᠠᠰᠤᠷᠠᠭᠤᠯᠬᠤ ᠬᠢᠮᠢ ᠶᠢᠨ ᠠᠵᠤ ᠦᠢᠯᠡᠳᠪᠦᠷᠢ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠤᠭᠤᠯᠠᠢ ᠪᠠᠭᠲᠠᠬᠤ ᠦᠭᠡᠢ︶᠎ ᠶᠢᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ ; ᠨᠡᠭᠦᠷᠡᠰᠦᠨ  ᠤ ᠪᠤᠰᠤ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ  ᠤᠨ ᠡᠡ᠊ᠨᠳᠡᠯ  ᠤᠨ ᠲᠠᠯᠳᠠ ᠭᠡᠮ  ᠢ ᠵᠢᠭᠰᠠᠭᠠᠨ ᠪᠠᠶᠢᠴᠠᠭᠠᠬᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠬᠤᠰᠢᠭᠤᠨ  ᠤ ᠬᠤᠯᠪᠣᠭᠳᠠᠯ ᠪᠦᠬᠦᠢ ᠰᠠᠯᠠᠭ᠎ᠠ ᠮᠥᠴᠢᠷ  ᠢ ᠬᠠᠮᠵᠢᠨ ᠠᠭᠤᠷᠬᠠᠢ ᠶᠢᠨ ᠡᠬᠢ ᠪᠠᠶᠠᠯᠢᠭ  ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠶᠢᠨ ᠬᠢᠨᠠᠯᠲᠠ ᠬᠠᠮᠢᠶᠠᠷᠤᠯᠲᠠ ᠶᠢᠨ ᠠᠵᠢᠯ  ᠢ ᠰᠠᠶᠢᠲᠤᠷ ᠬᠢᠨ᠎ᠡ᠃ ᠲᠡᠮᠦᠷᠯᠢᠭ ᠪᠣᠯᠪᠠᠰᠤᠷᠠᠭᠤᠯᠬᠤ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠠᠵᠢᠯ ᠲᠥᠷᠥᠯ  ᠤᠨ ᠠᠶᠤᠯ ᠦᠭᠡᠢ ᠦᠢᠯᠡᠳᠪᠦᠷᠢᠯᠡᠯ  ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ  ᠢ ᠡᠭᠦᠷᠭᠡᠯᠡᠵᠦ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ  ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠪᠠᠷᠢᠮᠵᠢᠶ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ  ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠨᠡᠭᠦᠷᠡᠰᠦᠨ  ᠤ ᠪᠤᠰᠤ ᠠᠭᠤᠷᠬᠠᠢ ᠶᠢᠨ ᠠᠭᠤᠯᠠ ᠪᠣᠯᠣᠨ ᠲᠡᠮᠦᠷᠯᠢᠭ ᠪᠣᠯᠪᠠᠰᠤᠷᠠᠭᠤᠯᠬᠤ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠠᠵᠢᠯ ᠲᠥᠷᠥᠯ  ᠤᠨ ᠣᠷᠣᠨ ᠨᠤᠲᠤᠭ  ᠤᠨ ᠠᠶᠤᠯ ᠦᠭᠡᠢ ᠦᠢᠯᠡᠳᠪᠦᠷᠢᠯᠡᠯ  ᠤᠨ ᠳᠦᠷᠢᠮ᠂ ᠪᠠᠷᠢᠮᠵᠢᠶ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ  ᠤᠨ ᠠᠶᠤᠯ ᠦᠭᠡᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠤᠯᠲᠠ᠂ ᠠᠶᠤᠯ ᠦᠭᠡᠢ ᠶᠢᠨ ᠰᠡᠷᠭᠡᠶᠢᠯᠡᠨ ᠡᠵᠡᠮᠳᠡᠬᠦ  ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ  ᠢ ᠵᠢᠯᠤᠭᠤᠳᠴᠤ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠨᠡᠭᠦᠷᠡᠰᠦᠨ ᠤ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠲᠤᠰᠬᠠᠢ ᠴᠡᠭᠴᠡᠯᠡᠨ ᠵᠠᠰᠠᠬᠤ ᠠᠵᠢᠯ ᠢ ᠵᠢᠯᠤᠭᠤᠳᠬᠤ ᠪᠠ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠨᠡᠭᠦᠷᠡᠰᠦᠨ ᠤ ᠠᠵᠤ ᠠᠬᠤᠶᠢᠯᠠᠯ ᠤᠨ ᠠᠮᠤᠷ ᠲᠦᠪᠰᠢᠨ ᠤ ᠶᠠᠰᠤ ᠴᠢᠨᠠᠷ ᠢ ᠪᠠᠷᠢᠮᠵᠢᠶᠠᠵᠢᠭᠤᠯᠤᠨ ᠪᠠᠷᠢᠮᠵᠢᠶ᠎ᠠ ᠳᠤ ᠬᠦᠷᠭᠡᠬᠦ ᠵᠢᠴᠢ ᠬᠥᠳᠡᠯᠦᠩᠭᠦᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠨᠡᠭᠦᠷᠡᠰᠦᠨ ᠤ ᠠᠵᠤ ᠠᠬᠤᠶᠢᠯᠠᠯ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠬᠢᠨᠠᠨ ᠡᠵᠡᠮᠳᠡᠬᠦ᠂ ᠭᠠᠰ ᠢ ᠬᠢᠨᠠᠨ ᠲᠣᠭᠲᠠᠭᠠᠬᠤ ᠠᠵᠢᠯ ᠢ ᠬᠠᠷᠢᠭᠤᠴᠠᠨ᠎ᠠ᠃ ᠦᠢᠯᠡᠳᠪᠦᠷᠢᠯᠡᠯ ᠤᠨ ᠠᠶᠤᠯᠭᠦᠢ ᠶᠢᠨ ᠡᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ ᠪᠠᠶᠢᠴᠠᠭᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠳᠠᠩᠰᠠᠯᠠᠬᠤ ᠠᠵᠢᠯ ᠢ ᠵᠣᠬᠢᠴᠠᠭᠤᠯᠬᠤ ᠳᠤ ᠣᠷᠣᠯᠴᠠᠨ᠎ᠠ᠃ ᠠᠶᠤᠯᠲᠠᠢ ᠬᠢᠮᠢ ᠶᠢᠨ ᠵᠦᠢᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠨ᠎ᠠ ︵ᠬᠥᠮᠥᠷᠭᠡᠯᠡᠨ ᠬᠠᠳᠠᠭᠠᠯᠠᠬᠤ ᠲᠦᠷᠦᠯ ᠦᠭᠡᠢ︶;  ᠫᠤᠤᠵᠢᠩ ᠡᠵᠡᠩᠨᠡᠬᠦ ︵ᠵᠢᠵᠢᠭᠯᠡᠨ ᠬᠤᠳᠠᠯᠳᠤᠬᠤ︶ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠨ᠎ᠠ ; ᠡᠮ ᠤᠨ ᠵᠦᠢᠯ ᠤᠨ ᠪᠤᠰᠤ ᠲᠥᠷᠥᠯ ᠤᠨ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠵᠦᠢᠯ ︵ᠭᠤᠷᠪᠠᠳᠤᠭᠠᠷ ᠲᠥᠷᠥᠯ︶᠎ ᠢ ᠡᠵᠡᠩᠨᠡᠵᠦ ᠳᠠᠩᠰᠠᠯᠠᠭᠤᠯᠬᠤ ᠬᠡᠷᠡᠭᠲᠡᠢ᠃ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠨᠡᠶᠢᠭᠡᠮ ᠤᠨ ᠵᠠᠭᠤᠴᠢ ᠪᠠᠶᠢᠭᠤᠯᠤᠮᠵᠢ ᠶᠢᠨ ᠠᠵᠢᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠠᠶᠤᠯ ᠦᠭᠡᠢ ᠦᠢᠯᠡᠳᠪᠦᠷᠢᠯᠡᠯ  ᠤᠨ ᠭᠤᠣᠯᠴᠢᠯᠠᠨ ᠬᠠᠮᠢᠶᠠᠷᠬᠤ ᠲᠤᠰᠬᠠᠢ ᠰᠠᠯᠠᠭ᠎ᠠ ᠮᠥᠴᠢᠷ ᠲᠠᠢ ᠠᠵᠢᠯ ᠲᠥᠷᠥᠯ ᠪᠣᠯᠣᠨ ᠬᠦᠷᠢᠶᠡᠨ  ᠤ ᠠᠶᠤᠯ ᠦᠭᠡᠢ ᠦᠢᠯᠡᠳᠪᠦᠷᠢᠯᠡᠯ  ᠤᠨ ᠬᠢᠨᠠᠯᠲᠠ ᠬᠠᠮᠢᠶᠠᠷᠤᠯᠲᠠ ᠶᠢᠨ ᠠᠵᠢᠯ  ᠢ ᠬᠠᠤᠯᠢ ᠲᠣᠭᠲᠠᠭᠠᠯ ᠶᠣᠰᠣᠭᠠᠷ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠴᠢᠨᠠᠷᠲᠠᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠵᠢᠴᠢ ᠲᠤᠰᠬᠠᠢ ᠰᠢᠪᠠᠳᠠᠨ ᠪᠠᠶᠢᠴᠠᠭᠠᠯᠲᠠ᠂ ᠲᠤᠰᠬᠠᠢ ᠴᠡᠭᠴᠡᠯᠡᠨ ᠵᠠᠰᠠᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠯᠲᠠ᠂ ᠬᠢᠨᠠᠨ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠦᠢᠯᠡᠳᠪᠦᠷᠢᠯᠡᠯ ᠤᠨ ᠠᠶᠤᠯᠭᠦᠢ ᠶᠢᠨ ᠡᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠡᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃          ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠢᠶᠠᠨ ᠨᠠᠮ ᠤᠨ ᠪᠠᠶᠢᠭᠤᠯᠤᠯᠲᠠ᠂ ᠣᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃           ᠬᠠᠷᠢᠭᠤᠴᠠᠯᠭᠠᠲᠠᠨ᠄ ᠲᠠᠩ ᠪᠥᠸᠧ ᠺᠦᠨ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤ  ᠶᠢᠨ ᠦᠵᠡᠮᠵᠢ ᠶᠢᠨ ᠵᠠᠮ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠠᠰᠠᠷ          ᠰᠢᠤᠳᠠᠨ ᠳ᠋ᠤᠭᠠᠷ᠄ 021200          ᠰᠦᠯᠵᠢᠶᠡᠨ ᠤ ᠬᠠᠶ᠋ᠢᠭ᠄ http://www.xzq.gov.cn/OpennessContent/showList/765/0/page_1.html          ᠠᠵᠢᠯ ᠤᠨ ᠤᠲᠠᠰᠤ᠄ 0470 ︱ 6688000          ᠠᠵᠢᠯᠯᠠᠬᠤ ᠴᠠᠭ᠄ 08᠄ 30 ︱ 12᠄ 00᠂ 14᠄ 30 ︱ 17᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶           ᠭᠤᠷᠪᠠ᠂ ᠬᠠᠷᠢᠶ᠎ᠠ ᠪᠠᠶᠢᠭᠤᠯᠤᠮᠵᠢ           ︵ᠨᠢᠭᠡ︶ ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ          ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ︵ᠳᠣᠷᠣᠭᠰᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠭᠡᠵᠦ ᠲᠣᠪᠴᠢᠯᠠᠨ᠎ᠠ︶ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠨᠢᠭᠡᠴᠢ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭ᠎ᠠ ᠶᠢᠨ ᠲᠠᠰ ᠪᠣᠯᠣᠨ᠎ᠠ᠃          ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄          1. ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠯ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠢ ᠤᠬᠠᠭᠤᠯᠤᠨ ᠲᠤᠭᠤᠰᠢᠯᠠᠭᠤᠯᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠥᠯᠥᠪᠯᠡᠭᠡ᠂ ᠬᠠᠮᠢᠶᠠᠷᠤᠯᠲᠠ ᠶᠢᠨ ᠳᠦᠷᠢᠮ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          2. ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠡᠷ᠎ᠡ ᠪᠠᠷ ᠬᠠᠤᠯᠢ  ᠶᠢ ᠨᠢᠭᠡᠳᠦᠯᠲᠡᠢ ᠬᠡᠷᠡᠭᠵᠢᠭᠦᠯᠵᠦ᠂ ᠡᠷᠬᠡ ᠮᠡᠳᠡᠯ ᠤᠨ ᠬᠡᠪᠴᠢᠶᠡᠨ ᠳᠣᠲᠣᠷᠠᠬᠢ ᠬᠠᠮᠢᠶ᠎ᠠ ᠪᠦᠬᠦᠢ ᠠᠶᠤᠯᠲᠠᠢ ᠬᠢᠮᠢ ᠶᠢᠨ ᠪᠣᠳᠠᠰ᠂  ᠫᠤᠤᠵᠢᠩ᠂ ᠨᠡᠭᠦᠷᠡᠰᠦᠨ ᠤ ᠪᠤᠰᠤ ᠠᠭᠤᠷᠬᠠᠢ ︵ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠪᠠᠭᠲᠠᠨ᠎ᠠ︶᠂ ᠴᠢᠯᠠᠭᠤᠨ ᠲᠣᠰᠣ ︵ᠪᠣᠯᠪᠠᠰᠤᠷᠠᠭᠤᠯᠬᠤ ᠬᠢᠮᠢ ᠶᠢᠨ ᠠᠵᠤ ᠦᠢᠯᠡᠳᠪᠦᠷᠢ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠤᠭᠤᠯᠠᠢ ᠪᠠᠭᠲᠠᠬᠤ ᠦᠭᠡᠢ︶᠂ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ᠂ ᠠᠵᠤ ᠦᠢᠯᠡᠳᠪᠦᠷᠢ ᠠᠷᠠᠯᠵᠢᠶ᠎ᠠ ᠵᠡᠷᠭᠡ ᠠᠵᠢᠯ ᠲᠥᠷᠥᠯ ᠤᠨ ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠵᠢᠴᠢ ᠭᠠᠵᠠᠷ ᠤᠨ ᠭᠠᠢ ᠭᠠᠮᠰᠢᠭ᠂ ᠤᠰᠤ ᠭᠠᠩ ᠤᠨ ᠭᠠᠢ ᠭᠠᠮᠰᠢᠭ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠡᠷᠭᠡ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠵᠤ ᠠᠶᠤᠯ  ᠠᠴᠠ ᠠᠪᠤᠷᠠᠬᠤ ᠪᠠ ᠭᠠᠮᠰᠢᠭ  ᠠᠴᠠ ᠠᠪᠤᠷᠠᠨ ᠲᠤᠰᠠᠯᠠᠬᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠲᠠᠯ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠢᠴᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠯᠤᠭ᠎ᠠ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ  ᠢ ᠬᠠᠷᠢᠭᠤᠴᠠᠨ᠎ᠠ᠃          3. ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠬᠡᠷᠡᠭ ᠢ ᠰᠢᠮᠳᠠᠭᠤᠯᠤᠨ ᠰᠢᠢᠳᠪᠦᠷᠢᠯᠡᠬᠦ᠂ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃          4.ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃           ᠬᠠᠷᠢᠭᠤᠴᠠᠯᠭᠠᠲᠠᠨ᠄ ᠼᠤᠤ ᠢᠦᠢ ᠴᠧᠩ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤ ᠶᠢᠨ ᠦᠵᠡᠮᠵᠢ ᠶᠢᠨ ᠶᠡᠭᠡ ᠵᠠᠮ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠠᠰᠠᠷ          ᠰᠦᠯᠵᠢᠶᠡᠨ ᠤ ᠬᠠᠶ᠋ᠢᠭ᠄ http://www.xzq.gov.cn/OpennessContent/showList/765/0/page_1.html          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6688000          ᠠᠵᠢᠯᠯᠠᠬᠤ ᠴᠠᠭ᠄ 08᠄ 30 ︱ 12᠄ 00᠂ 14᠄ 30 ︱ 17᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶           ︵ᠬᠤᠶᠠᠷ︶ ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ︵ᠳᠣᠷᠣᠭᠰᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠭᠡᠵᠦ ᠲᠣᠪᠴᠢᠯᠠᠨ᠎ᠠ︶ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠲᠠᠰ ᠲᠠᠢ ᠲᠡᠩᠴᠡᠨ᠎ᠡ᠃          ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄          1.ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠥᠯᠥᠨ ᠪᠤᠶᠢᠷ ᠬᠤᠳᠠ ᠶᠢᠨ ᠤᠢ ᠰᠢᠭᠤᠢ ᠨᠤᠲᠤᠭ ᠪᠡᠯᠴᠢᠭᠡᠷ  ᠤᠨ ᠭᠠᠯ ᠰᠡᠷᠭᠡᠶᠢᠯᠡᠨ ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠣᠯᠣᠨ ᠭᠠᠵᠠᠷ  ᠤᠨ ᠭᠠᠮᠰᠢᠭ  ᠤᠨ ᠲᠤᠬᠠᠢ ᠬᠤᠯᠪᠣᠭᠳᠠᠯ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠬᠠᠤᠯᠢ ᠴᠠᠭᠠᠵᠠ ᠬᠠᠤᠯᠢ ᠲᠣᠭᠲᠠᠭᠠᠯ  ᠢ ᠲᠤᠭᠤᠰᠢᠯᠠᠭᠤᠯᠤᠨ ᠤᠬᠠᠭᠤᠯᠤᠨ᠎ᠠ᠃          2. ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ  ᠠᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠤᠨ ᠠᠵᠢᠯ ᠤᠨ ᠵᠢᠭᠠᠨ ᠵᠢᠯᠤᠭᠤᠳᠬᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃          3. ᠪᠥᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ  ᠠᠴᠠ ᠠᠪᠤᠷᠠᠬᠤ ᠂ ᠭᠠᠵᠠᠷ ᠬᠥᠳᠡᠯᠦᠯᠲᠡ ᠪᠠ ᠭᠠᠵᠠᠷ ᠤᠨ ᠭᠠᠢ ᠭᠠᠮᠰᠢᠭ ᠵᠢᠴᠢ ᠪᠤᠰᠤᠳ ᠭᠠᠢ ᠭᠠᠮᠰᠢᠭ ᠤᠨ ᠪᠠᠴᠢᠮ ᠪᠠᠶᠢᠳᠠᠯ  ᠢ ᠠᠷᠭᠠᠴᠠᠵᠤ ᠠᠪᠤᠷᠠᠨ ᠲᠤᠰᠠᠯᠠᠬᠤ ᠠᠵᠢᠯ  ᠢ ᠡᠭᠦᠷᠭᠡᠯᠡᠨ᠎ᠡ᠃          4. ᠠᠶᠤᠯ ᠦᠭᠡᠢ ᠦᠢᠯᠡᠳᠪᠦᠷᠢᠯᠡᠯ᠂ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ᠂ ᠭᠠᠮᠰᠢᠭ ᠢ ᠰᠡᠷᠭᠡᠶᠢᠯᠡᠨ ᠵᠠᠰᠠᠬᠤ᠂ ᠶᠡᠷᠦᠩᠬᠡᠶᠢᠯᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ  ᠠᠴᠠ ᠠᠪᠤᠷᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠮᠡᠷᠭᠡᠵᠢᠯ ᠤᠨ ᠲᠤᠯᠭᠠᠭᠤᠷᠢᠯᠠᠯ ᠪᠠ ᠬᠡᠷᠡᠭ ᠶᠠᠪᠤᠳᠠᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃5.ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃           ᠬᠠᠷᠢᠭᠤᠴᠠᠯᠭᠠᠲᠠᠨ᠄ ᠵᠠᠩ ᠱᠠᠨ ᠬᠤᠸᠠ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤ ᠶᠢᠨ ᠦᠵᠡᠮᠵᠢ ᠶᠢᠨ ᠶᠡᠭᠡ ᠵᠠᠮ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠠᠰᠠᠷ          ᠰᠦᠯᠵᠢᠶᠡᠨ ᠤ ᠬᠠᠶ᠋ᠢᠭ᠄ http://www.xzq.gov.cn/OpennessContent/showList/765/0/page_1.html          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6688000          ᠠᠵᠢᠯᠯᠠᠬᠤ ᠴᠠᠭ᠄ 08᠄ 30 ︱ 12᠄ 00᠂ 14᠄ 30 ︱ 17᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ