ᠨᠢᠭᠡᠳᠦᠭᠡᠷ ᠵᠦᠢᠯ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠰᠢᠨ᠎ᠡ ᠪᠠᠷᠭᠤ ᠵᠡᠭᠦᠨ | ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠤᠨ ᠮᠡᠳᠡᠭᠳᠡᠯ ︵ᠬᠥᠬᠡᠬᠤᠲᠠ ᠠᠯᠪᠠᠨ ᠲᠠᠷᠬᠠᠭᠠᠭᠰᠠᠨ ﹇2019﹈ 12 ᠳ᠋ᠤᠭᠠᠷ ᠨᠣᠮᠧᠷ︶ | ᠪᠠ ︽ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ︵ᠰᠢᠨ᠎ᠡ ᠵᠡᠭᠦᠨ ᠨᠠᠮ ᠠᠯᠪᠠᠨ ᠲᠠᠷᠬᠠᠭᠠᠭᠰᠠᠨ ﹇ | 2019﹈ 1 ᠳ᠋ᠦ᠋ᠭᠡᠷ ᠨᠣᠮᠧᠷ︶ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠤᠰᠢᠭᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠭᠡᠵᠦ ᠲᠣᠪᠴᠢᠯᠠᠨ᠎ᠠ︶ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ | ᠰᠠᠯᠠᠭᠠᠨ ᠤ ᠲᠠᠰ ᠪᠣᠯᠣᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠢᠨ᠎ᠡ ᠪᠠᠷᠭᠤ ᠵᠡᠭᠦᠨ | ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ ᠤᠨ ᠫᠠᠶᠢᠰᠠ ᠶᠢ ᠨᠡᠮᠡᠵᠦ ᠡᠯᠭᠦᠨ᠎ᠡ᠃ | ᠭᠤᠷᠪᠠᠳᠤᠭᠠᠷ ᠵᠦᠢᠯ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠨᠠᠮ ᠤᠨ ᠲᠥᠪ ᠬᠤᠷᠢᠶ᠎ᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠥᠯᠥᠨ ᠪᠤᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ | ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠣᠷᠣᠨ | ᠨᠤᠲᠤᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠷᠢᠮᠵᠢᠶ᠎ᠠ ᠶᠢ ᠲᠥᠯᠥᠪᠵᠢᠭᠦᠯᠦᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠪᠠ ᠣᠯᠠᠨ | ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠰᠤᠮᠤ᠂ ᠪᠠᠯᠭᠠᠰᠤ ᠶᠢᠨ ᠬᠠᠮᠢᠶ᠎ᠠ ᠪᠦᠬᠦᠢ ᠠᠵᠢᠯ ᠥᠷᠨᠢᠭᠦᠯᠬᠦ ᠶᠢ ᠵᠢᠯᠣᠭᠤᠳᠤᠨ᠎ᠠ᠃ | ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠤᠨ᠎ᠠ᠃ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ | ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠲᠦᠯᠬᠢᠨ ᠠᠬᠢᠭᠤᠯᠵᠤ᠂ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ | ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ ᠱᠠᠲᠤ ᠬᠤᠪᠢᠶᠠᠨ ᠣᠨᠣᠰᠢᠯᠠᠨ ᠡᠮᠨᠡᠬᠦ ᠶᠢ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ | ᠨᠡᠶᠢᠲᠡ ᠶᠢᠨ ᠦᠢᠯᠡᠴᠢᠯᠡᠭᠡ ᠬᠠᠩᠭᠠᠬᠤ ᠭᠤᠣᠯ ᠴᠣᠭᠴᠠ ᠶᠢ ᠣᠯᠠᠨ ᠡᠰᠢᠵᠢᠭᠦᠯᠬᠦ᠂ ᠬᠠᠩᠭᠠᠬᠤ ᠠᠷᠭ᠎ᠠ ᠮᠠᠶ᠋ᠢᠭ ᠢ ᠣᠯᠠᠨ ᠶᠠᠩᠵᠤᠴᠢᠯᠠᠬᠤ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠪᠠ ᠡᠮ ᠤᠨ | ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ | ︵ᠭᠤᠷᠪᠠ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶ᠎ᠠ ᠪᠦᠬᠦᠢ | ᠠᠵᠢᠯ ᠢ ᠬᠠᠷᠢᠭᠤᠴᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠦᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠤ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠠᠰᠠᠭᠤᠳᠠᠯ ᠢ ᠬᠠᠮᠢᠶᠠᠷᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠦᠯᠦ ᠬᠠᠯᠳᠠᠭᠠᠬᠤ ᠲᠥᠯᠦᠪᠵᠢᠭᠦᠯᠭᠡ ᠶᠢ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ | ᠠᠷᠭᠠᠴᠠᠬᠤ ᠠᠵᠢᠯ ᠢ ᠬᠠᠷᠢᠭᠤᠴᠠᠵᠤ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠪᠠ ᠡᠯ᠎ᠡ ᠲᠥᠷᠥᠯ ᠤᠨ | ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠢ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠥᠬᠦ | ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︽ᠲᠠᠮᠠᠬᠢ ᠶᠢ ᠬᠢᠵᠠᠭᠠᠷᠯᠠᠬᠤ ᠪᠣᠷᠣ | ᠲᠥᠯᠥᠪ ᠤᠨ ᠨᠡᠶᠢᠲᠡ ᠶᠢᠨ ᠭᠡᠷ᠎ᠡ︾ ᠶᠢᠨ ᠭᠡᠷ᠎ᠡ ᠶᠢ ᠭᠦᠢᠴᠡᠳᠬᠡᠬᠦ ᠠᠵᠢᠯ ᠢ ᠲᠦᠷᠦᠭᠦᠯᠡᠨ ᠬᠢᠨ᠎ᠡ᠃ | ︵ᠳᠥᠷᠪᠡ︶ ᠲᠤᠰᠬᠠᠢ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ | ᠦᠢᠯᠡᠴᠢᠯᠡᠭᠡᠨ ᠤ ᠠᠵᠢᠯ ᠲᠥᠷᠥᠯ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠵᠥᠪᠰᠢᠶᠡᠷᠡᠨ ᠣᠷᠣᠭᠤᠯᠬᠤ | ᠬᠠᠮᠢᠶᠠᠷᠤᠯᠲᠠ ᠶᠢ ᠬᠠᠷᠢᠭᠤᠴᠠᠵᠤ᠂ ᠡᠮᠴᠢᠯᠡᠭᠡᠨ ᠤ ᠦᠢᠯᠡᠴᠢᠯᠡᠭᠡᠨ ᠤ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ | ᠠᠵᠢᠯᠲᠠᠨ ᠤ ᠠᠵᠢᠯ ᠡᠷᠭᠢᠯᠡᠬᠦ ᠳᠦᠷᠢᠮ᠂ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠲᠠᠪᠤ︶ ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠶᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠬᠢᠨᠠᠨ ᠬᠡᠮᠵᠢᠵᠦ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ᠂ | ᠰᠣᠯᠢᠯᠴᠠᠬᠤ᠂ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠷᠢᠭᠤᠴᠠᠨ᠂ ᠤᠯᠤᠰ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠠ ᠦᠨᠳᠦᠰᠦᠨ ᠡᠮ ᠤᠨ | ᠵᠦᠢᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠵᠦᠢᠯ ᠤᠨ ᠬᠡᠷᠡᠭᠯᠡᠯᠲᠡ ᠶᠢ ᠬᠢᠨᠠᠨ ᠬᠡᠮᠵᠢᠬᠦ᠂ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ | ᠪᠠ ᠣᠬᠤᠷ ᠬᠤᠭᠤᠴᠠᠭᠠᠨ ᠤ ᠡᠮ ᠤᠨ ᠵᠦᠢᠯ ᠤᠨ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠎ᠡ᠃ | ︵ᠵᠢᠷᠭᠤᠭ᠎ᠠ︶ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠤᠰᠢᠶᠠᠯ | ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠢᠳᠡᠪᠬᠢ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠡᠷᠡᠭᠦᠯ ᠬᠠᠮᠠᠭᠠᠯᠠᠯ ᠵᠡᠷᠭᠡ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ | ᠲᠠᠯᠪᠢᠬᠤ ᠶᠢ ᠬᠠᠷᠢᠭᠤᠴᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ︵ᠳᠣᠯᠤᠭ᠎ᠠ︶ ᠪᠥᠬᠦ ᠬᠤᠰᠢᠭᠤᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ ᠠᠬᠢᠭᠤᠯᠤᠨ᠎ᠠ᠃ ᠬᠥᠮᠥᠨ ᠠᠮᠠ ᠶᠢᠨ | ᠨᠠᠰᠤᠵᠢᠯᠲᠠ ᠶᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ | ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠡᠮᠨᠡᠬᠦ | ᠰᠤᠪᠢᠯᠠᠬᠤ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠤᠨ᠎ᠠ᠃ | ︵ᠨᠠᠢᠮᠠ︶ ᠲᠥᠯᠥᠪᠯᠡᠭᠡ ᠲᠠᠢ ᠪᠠᠷ ᠬᠡᠦᠬᠡᠳ ᠠᠪᠬᠤ ᠶᠢ ᠬᠠᠮᠢᠶᠠᠷᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠬᠥᠮᠥᠨ ᠠᠮᠠ ᠶᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠲᠥᠯᠥᠪᠯᠡᠭᠡ ᠲᠠᠢ ᠪᠠᠷ ᠬᠡᠦᠬᠡᠳ ᠠᠪᠬᠤ᠂ ᠬᠥᠮᠥᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ | ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠨᠠᠭᠤᠯᠭ᠎ᠠ ᠶᠢ ᠳᠤᠷᠠᠳᠤᠨ᠎ᠠ᠃ | ︵ᠶᠢᠰᠦ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠪᠠ | ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ | ︵ᠠᠷᠪᠠ︶ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠠᠵᠢᠯ ᠲᠥᠷᠥᠯ ᠤᠨ ᠬᠥᠭᠵᠢᠯᠲᠡ ᠶᠢᠨ ᠠᠵᠢᠯ ᠢ ᠠᠬᠢᠭᠤᠯᠤᠨ᠎ᠠ᠃ ᠮᠣᠩᠭᠤᠯ ᠡᠮ | ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠤᠯ᠂ ᠰᠣᠶᠣᠯ ᠵᠢᠴᠢ ᠬᠠᠮᠢᠶ᠎ᠠ ᠪᠦᠬᠦᠢ ᠠᠵᠤ | ᠦᠢᠯᠡᠰ ᠤᠨ ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠬᠤ ᠪᠠ ᠠᠬᠢᠭᠤᠯᠵᠤ᠂ ᠮᠣᠩᠭᠤᠯ ᠡᠮ | ᠡᠮᠨᠡᠯᠭᠡ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ︵ᠠᠷᠪᠠᠨ ᠨᠢᠭᠡ︶ ᠬᠥᠯᠥᠨ ᠪᠤᠶᠢᠷ ᠲᠤ ᠠᠮᠢᠳᠤᠷᠠᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠡᠲᠡᠭᠡᠳ᠂ ᠪᠥᠬᠦ ᠬᠤᠰᠢᠭᠤᠨ ᠤ | ᠡᠷᠡᠭᠦᠯᠵᠢᠯ ᠤᠨ ᠡᠲᠡᠭᠡᠳ ᠤᠨ ᠡᠮᠴᠢᠯᠡᠭᠡ ᠡᠷᠡᠭᠦᠯᠵᠢᠯ ᠤᠨ ᠠᠵᠢᠯ ᠢ ᠬᠠᠷᠢᠭᠤᠴᠠᠵᠤ᠂ ᠴᠢᠬᠤᠯᠠ ᠬᠤᠷᠠᠯ ᠪᠠ ᠴᠢᠬᠤᠯᠠ ᠶᠡᠭᠡ ᠠᠵᠢᠯᠯᠠᠭ᠎ᠠ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ︵ᠠᠷᠪᠠᠨ ᠭᠤᠷᠪᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠶᠡᠭᠡ ᠡᠷᠡᠭᠦᠯ | ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠡᠷᠡᠭᠦᠯ ᠡᠩᠬᠡ ᠰᠢᠨ᠎ᠡ ᠪᠠᠷᠭᠤ ᠵᠡᠭᠦᠨ ᠬᠤᠰᠢᠭᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ ᠵᠠᠭᠪᠤᠷ ᠢ | ᠬᠤᠪᠢᠷᠠᠭᠤᠯᠬᠤ᠂ ᠦᠨᠳᠦᠰᠦᠨ ᠱᠠᠲᠤ ᠶᠢ ᠴᠢᠩᠭᠠᠳᠬᠠᠬᠤ᠂ ᠪᠠᠲᠤᠯᠠᠭ᠎ᠠ ᠶᠢ ᠴᠢᠬᠤᠯᠠᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠡᠪᠡᠳᠴᠢᠨ ᠵᠠᠰᠠᠬᠤ ᠪᠠᠷ | ᠭᠤᠣᠯᠯᠠᠬᠤ ᠪᠠᠨ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯᠯᠠᠬᠤ ᠪᠠᠷ ᠪᠣᠯᠭᠠᠵᠤ᠂ ᠠᠷᠠᠳ ᠣᠯᠠᠨ ᠳᠤ ᠪᠥᠬᠦ ᠲᠠᠯ᠎ᠠ ᠶᠢᠨ ᠪᠠ ᠪᠥᠬᠦ ᠦᠶᠡᠯᠡᠯ ᠤᠨ ᠡᠷᠡᠭᠦᠯ | ᠮᠡᠨᠳᠦ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠨᠢᠭᠡ ᠳᠤ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠪᠠ ᠡᠷᠡᠭᠦᠯ ᠮᠡᠨᠳᠤ ᠶᠢ ᠠᠬᠢᠭᠤᠯᠬᠤ ᠶᠢ ᠨᠡᠩ | ᠴᠢᠬᠤᠯᠠᠴᠢᠯᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ | ᠠᠷᠭᠠᠴᠠᠵᠤ᠂ ᠡᠷᠡᠭᠦᠯ ᠮᠡᠨᠳᠤ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠶᠠᠷ ᠲᠤ ᠠᠵᠢᠯ ᠤᠨ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠬᠦ ᠪᠠ | ᠡᠬᠢ ᠪᠠᠶᠠᠯᠢᠭ ᠢᠶᠠᠨ ᠳᠣᠷᠣᠭᠰᠢ ᠪᠠᠭᠤᠯᠭᠠᠬᠤ ᠶᠢ ᠨᠠᠩ ᠢᠯᠡᠭᠦᠦ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ | ᠦᠨᠳᠦᠰᠦᠨ ᠱᠠᠲᠤ ᠳᠠᠰᠢ ᠤᠷᠲᠤᠳᠬᠠᠬᠤ᠂ ᠮᠠᠯᠵᠢᠬᠤ ᠣᠷᠣᠨ ᠳᠠᠰᠢ ᠪᠦᠷᠬᠦᠭᠦᠯᠬᠦ ᠶᠢ ᠲᠦᠯᠬᠢᠨ ᠠᠬᠢᠭᠤᠯᠵᠤ᠂ ᠵᠠᠬ᠎ᠠ ᠬᠢᠵᠠᠭᠠᠷ ᠣᠷᠣᠨ ᠪᠠ ᠠᠮᠢᠳᠤᠷᠠᠯ ᠨᠢ | ᠬᠦᠴᠢᠷᠳᠡᠯᠲᠡᠢ ᠣᠯᠠᠨ ᠲᠦᠮᠡᠨ ᠳᠠᠰᠢ ᠬᠡᠯᠪᠡᠶᠢᠯᠭᠡᠨ᠎ᠡ᠃ ᠭᠤᠷᠪᠠ ᠳᠤ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢ ᠨᠡᠩ | ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠲᠦᠭᠡᠮᠡᠯ ᠠᠰᠢᠭ | ᠬᠦᠷᠲᠡᠭᠡᠬᠦ᠂ ᠳᠥᠭᠦᠮ ᠳᠥᠲᠡ ᠪᠣᠯᠭᠠᠬᠤ ᠶᠢ ᠲᠦᠯᠬᠢᠨ ᠠᠬᠢᠭᠤᠯᠤᠨ᠎ᠠ᠃ ᠳᠥᠷᠪᠡ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠵᠣᠬᠢᠴᠠᠩᠭᠤᠢ ᠪᠠᠷ ᠲᠦᠯᠬᠢᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠵᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠲᠦᠯᠬᠢᠨ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠤᠯᠠᠨ ᠨᠡᠶᠢᠲᠡ ᠶᠢᠨ ᠦᠢᠯᠡᠴᠢᠯᠡᠭᠡ | ᠬᠠᠩᠭᠠᠬᠤ ᠪᠡᠶᠡᠴᠢ ᠴᠣᠭᠴᠠ ᠶᠢᠨ ᠤᠯᠠᠨ ᠡᠰᠢᠵᠢᠬᠦ᠂ ᠬᠠᠩᠭᠠᠬᠤ ᠠᠷᠭ᠎ᠠ ᠮᠠᠶ᠋ᠢᠭ ᠤᠨ ᠤᠯᠠᠨ ᠲᠦᠷᠦᠯ ᠵᠦᠢᠯ ᠢ ᠪᠠᠲᠤᠯᠠᠨ᠎ᠠ᠃ | ︵ᠠᠷᠪᠠᠨ ᠳᠥᠷᠪᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ | | 1. ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠥᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠷᠢᠭᠤᠴᠠᠨ | ᠥᠷᠨᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠦᠷᠡᠵᠢᠯ ᠲᠠᠢ ᠬᠤᠯᠪᠣᠭᠳᠠᠬᠤ ᠬᠥᠮᠥᠨ ᠠᠮᠠ ᠶᠢᠨ ᠲᠤᠭ᠎ᠠ ᠬᠡᠮᠵᠢᠶ᠎ᠡ᠂ ᠬᠡᠪ | ᠴᠢᠨᠠᠷ᠂ ᠪᠦᠲᠦᠴᠡ᠂ ᠲᠠᠷᠬᠠᠯᠲᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ | ᠪᠠ ᠬᠠᠮᠢᠶ᠎ᠠ ᠪᠦᠬᠦᠢ ᠠᠵᠤ ᠠᠬᠤᠢ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠢᠵᠢ ᠪᠦᠷᠢᠳᠦᠭᠦᠯᠦᠨ ᠵᠣᠯᠭᠠᠭᠤᠯᠬᠤ ᠶᠢ ᠠᠬᠢᠭᠤᠯᠤᠨ᠂ ᠬᠥᠮᠥᠨ ᠠᠮᠠ ᠶᠢᠨ | ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠪᠥᠬᠦ ᠬᠤᠰᠢᠭᠤᠨ ᠤ ᠬᠥᠮᠥᠨ ᠠᠮᠠ ᠶᠢᠨ ᠬᠥᠭᠵᠢᠯᠲᠡ ᠶᠢᠨ | ᠲᠥᠯᠦᠪᠵᠢᠭᠦᠯᠭᠡ ᠶᠢᠨ ᠬᠠᠮᠢᠶ᠎ᠠ ᠪᠦᠬᠦᠢ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠥᠮᠥᠨ | ᠠᠮᠠ ᠶᠢᠨ ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ ᠬᠠᠷᠢᠭᠤᠴᠠᠵᠤ᠂ ᠬᠥᠮᠥᠨ ᠠᠮᠠ ᠶᠢᠨ | ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠳᠦᠷᠢᠮ ᠢ ᠪᠠᠶᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠥᠮᠥᠨ ᠠᠮᠠ ᠶᠢᠨ | ᠨᠥᠯᠥᠭᠡ ᠶᠢ ᠦᠨᠡᠯᠡᠨ ᠵᠢᠱᠢᠬᠦ ᠶᠢ ᠥᠷᠨᠢᠭᠦᠯᠵᠦ᠂ ᠴᠢᠬᠤᠯᠠ ᠶᠡᠭᠡ ᠬᠥᠮᠥᠨ ᠠᠮᠠ ᠶᠢᠨ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠂ ᠪᠥᠬᠦ ᠬᠤᠰᠢᠭᠤᠨ ᠤ ᠬᠥᠮᠥᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠤᠳᠤᠯᠤᠨ ᠳᠤᠷᠠᠳᠴᠤ᠂ ᠬᠥᠮᠥᠨ ᠠᠮᠠ ᠶᠢᠨ | ᠬᠥᠭᠵᠢᠯᠲᠡ ᠶᠢᠨ ᠲᠥᠯᠦᠪᠵᠢᠭᠦᠯᠭᠡ ᠪᠠ ᠬᠥᠮᠥᠨ ᠠᠮᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠥᠮᠥᠨ ᠠᠮᠠ ᠬᠢᠭᠡᠳ ᠠᠵᠤ ᠠᠬᠤᠢ᠂ | ᠨᠡᠶᠢᠭᠡᠮ᠂ ᠡᠬᠢ ᠪᠠᠶᠠᠯᠢᠭ᠂ ᠣᠷᠴᠢᠨ ᠲᠣᠭᠤᠷᠢᠨ ᠤ ᠵᠣᠬᠢᠴᠠᠩᠭᠤᠢ ᠦᠷᠭᠦᠯᠵᠢᠯᠡᠬᠦ ᠬᠥᠭᠵᠢᠯᠲᠡ ᠵᠢᠴᠢ ᠬᠥᠮᠥᠨ ᠠᠮᠠ ᠶᠢᠨ ᠣᠷᠳᠣ ᠬᠤᠭᠤᠴᠠᠭᠠᠨ ᠤ | ᠲᠡᠩᠴᠡᠭᠦᠷᠢᠲᠡᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ | 2. ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠥᠨ ᠠᠮᠠ ᠶᠢᠨ ᠨᠠᠰᠤᠵᠢᠯᠲᠠ ᠶᠢ ᠠᠷᠭᠠᠴᠠᠬᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠬᠤ ᠶᠢ ᠬᠠᠷᠢᠭᠤᠴᠠᠵᠤ᠂ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂ | ᠰᠢᠪᠠᠳᠠᠨ ᠵᠢᠯᠤᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ | ᠡᠮᠴᠢᠯᠡᠭᠡᠨ ᠤ ᠰᠤᠪᠢᠯᠠᠯᠲᠠ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠯ ᠤᠨ ᠦᠢᠯᠡᠴᠢᠯᠡᠭᠡ ᠵᠡᠷᠭᠡ ᠨᠠᠰᠤᠲᠠᠶᠢᠴᠤᠳ ᠤᠨ ᠡᠷᠡᠭᠦᠯ | ᠮᠡᠨᠳᠦ ᠶᠢᠨ ᠠᠵᠢᠯ ᠢ ᠡᠭᠦᠷᠭᠡᠯᠡᠨ᠎ᠡ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠢ | ᠲᠥᠯᠥᠪᠯᠡᠨ ᠠᠬᠢᠭᠤᠯᠬᠤ᠂ ᠰᠢᠪᠠᠳᠠᠨ ᠵᠢᠯᠤᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠨᠠᠰᠤᠲᠠᠶᠢᠴᠤᠳ ᠤᠨ ᠠᠰᠠᠷᠠᠮᠵᠢ ᠪᠠ ᠣᠨᠴᠠ ᠬᠦᠴᠢᠷᠳᠡᠯᠲᠡᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ | 3.ᠡᠪᠦᠳᠦᠭ ᠪᠣᠭᠤᠮᠲᠠ ᠶᠢᠨ ᠬᠢᠯᠢ ᠶᠢᠨ ᠪᠠᠶᠢᠴᠠᠭᠠᠯᠲᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠯᠳᠠᠪᠤᠷᠢᠲᠤ ᠡᠪᠡᠳᠴᠢᠨ ᠢ ᠶᠡᠷᠦᠩᠬᠡᠢ ᠳᠤᠨᠢ ᠰᠡᠷᠭᠡᠶᠢᠯᠡᠨ ᠵᠠᠰᠠᠬᠤ ᠪᠠ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠡᠪᠦᠳᠦᠭ ᠪᠣᠭᠤᠮᠲᠠ ᠶᠢᠨ ᠬᠢᠯᠢ ᠶᠢᠨ ᠪᠠᠶᠢᠴᠠᠭᠠᠯᠲᠠ ᠯᠤᠭ᠎ᠠ | ᠪᠣᠭᠤᠮᠲᠠ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠬᠠᠮᠲᠤᠷᠠᠯᠴᠠᠭᠠᠨ ᠤ | ᠲᠣᠭᠲᠠᠴᠠ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠮᠡᠳᠡᠭᠳᠡᠵᠦ ᠰᠣᠯᠢᠯᠴᠠᠬᠤ ᠲᠣᠭᠲᠠᠴᠠ | ᠂ ᠪᠣᠭᠤᠮᠲᠠ ᠶᠢᠨ ᠣᠷᠣᠭᠤᠯᠤᠯᠲᠠ ᠶᠢᠨ ᠴᠢᠨᠠᠷᠲᠠᠢ ᠬᠢᠵᠢᠭ ᠤᠨ ᠪᠠᠶᠢᠳᠠᠯ ᠢ ᠮᠡᠳᠡᠭᠳᠡᠬᠦ ᠪᠠ ᠬᠠᠮᠵᠢᠯᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ | 4. ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ | ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠢᠨᠠᠨ ᠬᠡᠮᠵᠢᠯᠲᠡ ᠪᠤᠶᠤ ᠢᠯᠡᠴᠢᠯᠡᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠢᠳᠡᠭᠡᠨ ᠤ ᠠᠮᠤᠷ | ᠲᠦᠪᠰᠢᠨ ᠤ ᠳᠠᠯᠳᠠ ᠬᠡᠮ ᠣᠷᠣᠰᠢᠵᠤ ᠮᠡᠳᠡᠬᠦ ᠶᠢ ᠣᠯᠵᠤ ᠮᠡᠳᠡᠪᠡᠯ᠂ ᠳᠠᠷᠤᠢ ᠲᠦᠷᠭᠡᠨ ᠪᠠᠶᠢᠴᠠᠭᠠᠨ ᠰᠢᠯᠭᠠᠬᠤ ᠪᠠ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠬᠤ ᠶᠢᠨ ᠬᠠᠮᠲᠤ ᠴᠠᠭ ᠲᠤᠬᠠᠢ ᠳᠤᠨᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠳᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠮᠡᠳᠡᠭᠳᠡᠵᠦ᠂ ᠠᠮᠤᠷ ᠲᠦᠪᠰᠢᠨ ᠪᠤᠰᠤ ᠦᠷ᠎ᠡ ᠳ᠋ᠦᠩ | ᠭᠠᠷᠭᠠᠭᠰᠠᠨ ᠢᠳᠡᠭᠡᠨ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠠᠷᠤᠢ ᠲᠦᠷᠭᠡᠨ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ | ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠴᠢᠬᠤᠯᠠᠲᠠᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠬᠤᠰᠢᠭᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠰᠠᠨᠠᠭᠤᠯᠭ᠎ᠠ ᠳᠤᠷᠠᠳᠬᠤ ᠬᠡᠷᠡᠭᠲᠡᠢ᠃ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠨᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠴᠢᠬᠤᠯᠠ ᠶᠡᠭᠡ ᠡᠮ ᠤᠨ ᠵᠦᠢᠯ ᠤᠨ ᠮᠠᠭᠤ ᠦᠢᠯᠡᠳᠦᠯ ᠪᠠ | ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠠᠷᠢᠯᠴᠠᠨ ᠮᠡᠳᠡᠭᠡᠯᠡᠬᠦ ᠲᠣᠭᠲᠠᠴᠠ ᠪᠠ ᠬᠠᠮᠲᠤᠷᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ | 5. ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠮᠴᠢᠯᠡᠭᠡ᠂ | ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠨᠡᠪᠲᠡᠷᠡᠯᠴᠡᠨ | ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ | ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠳᠥᠷᠪᠡᠳᠦᠭᠡᠷ ᠵᠦᠢᠯ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄ | | | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | ᠶᠡᠷᠦᠩᠬᠡᠶᠢᠯᠡᠭᠰᠡᠨ ᠴᠢᠨᠠᠷᠲᠠᠢ ᠡᠬᠡ ᠪᠢᠴᠢᠭ ᠢ ᠲᠤᠭᠤᠷᠪᠢᠬᠤ᠂ ᠪᠢᠴᠢᠭ ᠮᠠᠲ᠋ᠧᠷᠢᠶᠠᠯ ᠢ ᠠᠵᠢᠯᠯᠠᠭᠤᠯᠬᠤ᠂ ᠳᠣᠲᠣᠭᠠᠳᠤ ᠳᠠᠭᠠᠨ ᠰᠢᠮᠳᠠᠭᠤᠯᠤᠨ ᠪᠠᠶᠢᠴᠠᠭᠠᠬᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠠᠶᠤᠯ ᠦᠭᠡᠢ ᠦᠢᠯᠡᠳᠪᠦᠷᠢᠯᠡᠬᠦ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠬᠤᠷᠠᠯ ᠤᠨ ᠶᠠᠪᠤᠳᠠᠯ᠂ ᠨᠢᠭᠤᠴᠠ ᠴᠢᠬᠤᠯᠠ | ᠮᠠᠲ᠋ᠧᠷᠢᠶᠠᠯ᠂ ᠲᠠᠩᠰᠠ ᠡᠪᠬᠡᠮᠡᠯ᠂ ᠮᠡᠳᠡᠭᠡ ᠵᠠᠩᠭᠢ᠂ ᠡᠳ᠋ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠭᠥᠯᠢᠶᠡᠨ ᠠᠪᠬᠤ᠂ ᠠᠷᠤ | ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ᠃ | | ᠬᠠᠷᠢᠭᠤᠴᠠᠯᠭᠠᠲᠠᠨ᠄ ᠯᠢ ᠬᠦᠢ ᠮᠢᠩ | ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 3 ᠳ᠋ᠤᠭᠠᠷ ᠳᠠᠪᠬᠤᠷ ᠤᠨ 305 | ᠠᠯᠪᠠᠨ ᠤᠲᠠᠰᠤ᠄ 0470 ︱ 2390889 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠰᠦᠯᠵᠢᠶᠡᠨ ᠤ ᠬᠠᠶ᠋ᠢᠭ᠄ www.xzq.gov.cn/OpennessContent/showList/763/0/page_1.html | ᠰᠢᠤᠳᠠᠨ ᠳ᠋ᠤᠭᠠᠷ᠄ 021200 | | ︵ᠬᠤᠶᠠᠷ︶ ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠬᠢᠭᠡᠳ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠠᠰᠤᠭ ︵ | ᠡᠮ ᠤᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠯᠪᠠᠨ ᠭᠡᠷ︶᠃ ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠨ᠂ ᠡᠮᠴᠢᠯᠡᠭᠡᠨ ᠤ ᠮᠡᠷᠭᠡᠵᠢᠯ ᠤᠨ | ᠬᠡᠷᠡᠭᠯᠡᠯᠲᠡ᠂ ᠡᠮᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ᠂ ᠡᠮᠴᠢᠯᠡᠭᠡᠨ ᠤ ᠦᠢᠯᠡᠴᠢᠯᠡᠭᠡ᠂ ᠴᠢᠰᠤ ᠠᠪᠬᠤ ᠴᠢᠰᠤ ᠬᠠᠩᠭᠠᠬᠤ ᠪᠠᠶᠢᠭᠤᠯᠤᠮᠵᠢ ᠶᠢᠨ | ᠬᠠᠮᠢᠶᠠᠷᠤᠯᠲᠠ ᠵᠢᠴᠢ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠵᠢᠷᠤᠮᠵᠢᠯ᠂ | ᠪᠠᠷᠢᠮᠵᠢᠶ᠎ᠠ ᠶᠢ ᠲᠤᠭᠤᠰᠢᠯᠠᠭᠤᠯᠤᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠤᠪᠢᠯᠠᠬᠤ᠂ ᠡᠷᠡᠭᠦᠯᠵᠢᠭᠦᠯᠬᠦ ᠦᠢᠯᠡᠰ ᠤᠨ ᠬᠥᠭᠵᠢᠯᠲᠡ ᠶᠢ ᠠᠬᠢᠭᠤᠯᠬᠤ | ᠠᠵᠢᠯ ᠢ ᠡᠭᠦᠷᠭᠡᠯᠡᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠯᠠᠭᠠᠨ ᠢ ᠬᠢᠨᠠᠨ ᠬᠠᠮᠢᠶᠠᠷᠬᠤ᠂ ᠠᠵᠢᠯ ᠤᠨ ᠠᠮᠵᠢᠯᠲᠠ ᠪᠦᠲᠦᠮᠵᠢ ᠶᠢ | ᠦᠨᠡᠯᠡᠬᠦ ᠪᠠ ᠰᠢᠯᠭᠠᠨ ᠬᠢᠨᠠᠬᠤ ᠳᠦᠷᠢᠮ ᠢ ᠪᠠᠶᠢᠭᠤᠯᠤᠨ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠲᠣᠭᠲᠠᠭᠠᠵᠤ ᠦᠨᠡᠯᠡᠬᠦ ᠶᠢ ᠬᠢᠨᠠᠨ ᠵᠢᠯᠣᠭᠤᠳᠤᠨ᠎ᠠ ᠤᠯᠤᠰ ᠤᠨ | ᠦᠨᠳᠦᠰᠦᠨ ᠡᠮ ᠤᠨ ᠵᠦᠢᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠵᠦᠢᠯ ᠤᠨ ᠬᠡᠷᠡᠭᠯᠡᠯᠲᠡ ᠶᠢ ᠬᠢᠨᠠᠨ ᠬᠡᠮᠵᠢᠬᠦ᠂ ᠡᠮᠴᠢᠯᠡᠭᠡᠨ ᠤ | ᠶᠡᠷᠦᠩᠬᠡᠶᠢᠯᠡᠭᠰᠡᠨ ᠦᠨᠡᠯᠡᠯᠲᠡ ᠬᠢᠬᠦ ᠪᠠ ᠳᠤᠲᠠᠭᠳᠠᠵᠤ ᠪᠠᠶᠢᠭ᠎ᠠ ᠡᠮ ᠤᠨ ᠵᠦᠢᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠎ᠡ᠃ | ᠮᠣᠩᠭᠤᠯ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ | ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ | ᠬᠥᠭᠵᠢᠯᠲᠡ ᠶᠢ ᠠᠬᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠭᠤᠯᠤᠯᠲᠠ ᠪᠠ ᠣᠳᠣᠬᠢᠴᠢᠯᠠᠯᠲᠠ ᠶᠢ ᠠᠬᠢᠭᠤᠯᠤᠨ᠎ᠠ᠃ ᠮᠣᠩᠭᠤᠯ ᠬᠢᠲᠠᠳ ᠡᠮ | ᠡᠮᠨᠡᠯᠭᠡ ᠶᠢᠨ ᠴᠢᠳᠠᠪᠤᠷᠢᠲᠠᠨ ᠢ ᠬᠥᠮᠥᠵᠢᠭᠦᠯᠬᠦ᠂ ᠪᠠᠭᠰᠢ ᠵᠠᠯᠭᠠᠮᠵᠢᠯᠠᠬᠤ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ ᠥᠷᠨᠢᠭᠦᠯᠵᠦ᠂ ᠮᠣᠩᠭᠤᠯ ᠬᠢᠲᠠᠳ ᠡᠮ | ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠪᠠ ᠲᠣᠬᠢᠷᠠᠬᠤ ᠮᠡᠷᠭᠡᠵᠢᠯ ᠢ ᠤᠯᠠᠷᠢᠭᠤᠯᠤᠨ ᠬᠡᠷᠡᠭᠯᠡᠬᠦ ᠵᠢᠴᠢ ᠳᠡᠯᠭᠡᠷᠡᠭᠦᠯᠬᠦ ᠶᠢ ᠠᠬᠢᠭᠤᠯᠤᠨ᠂ | ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠭᠠᠳᠠᠭᠠᠳᠤ ᠲᠠᠢ | ᠰᠣᠯᠢᠯᠴᠠᠭ᠎ᠠ ᠬᠢᠵᠦ ᠬᠠᠮᠲᠤᠷᠠᠯᠴᠠᠬᠤ ᠶᠢ ᠡᠭᠦᠷᠭᠡᠯᠡᠵᠦ᠂ ᠮᠣᠩᠭᠤᠯ ᠬᠢᠲᠠᠳ ᠡᠮ ᠡᠮᠨᠡᠯᠭᠡ ᠶᠢᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶ᠎ᠠ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠮᠢᠶᠠᠷᠤᠨ᠎ᠠ᠃ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ | ᠦᠢᠯᠡᠴᠢᠯᠡᠭᠡ ᠶᠢ ᠵᠢᠯᠣᠭᠤᠳᠤᠨ᠎ᠠ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ | ᠲᠥᠪᠯᠡᠷᠡᠭᠦᠯᠦᠨ ᠭᠦᠢᠴᠡᠳᠬᠡᠬᠦ ᠶᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ | ᠪᠦᠬᠦᠢ ᠠᠵᠢᠯ ᠢ ᠰᠠᠶᠢᠲᠤᠷ ᠬᠢᠨ᠎ᠡ᠃ | | | ᠬᠠᠷᠢᠭᠤᠴᠠᠯᠭᠠᠲᠠᠨ᠄ ᠦ᠋ ᠬᠦᠢ ᠯᠠᠨ | ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 4 ᠳ᠋ᠦ᠋ᠭᠡᠷ ᠳᠠᠪᠬᠤᠷᠭ᠎ᠠ ᠶᠢᠨ 407 | ᠠᠯᠪᠠᠨ ᠤᠲᠠᠰᠤ᠄ 0470 ︱ 2390897 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠰᠦᠯᠵᠢᠶᠡᠨ ᠤ ᠬᠠᠶ᠋ᠢᠭ᠄ www.xzq.gov.cn/OpennessContent/showList/763/0/page_1.html | ᠰᠢᠤᠳᠠᠨ ᠳ᠋ᠤᠭᠠᠷ᠄ 021200 | | ︵ᠭᠤᠷᠪᠠ︶ ᠤᠬᠠᠭᠤᠯᠭ᠎ᠠ ᠬᠢᠭᠡᠳ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠰᠲ᠋ᠣᠺ᠃ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ | ᠬᠥᠮᠥᠵᠢᠭᠦᠯᠬᠦ ᠠᠵᠢᠯ ᠢ ᠬᠠᠷᠢᠭᠤᠴᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ᠂ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢ | ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠣᠨᠢᠨ | ᠮᠡᠳᠡᠭᠡ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠨ᠎ᠡ᠃ ᠪᠦᠭᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠠᠨᠲᠤ ᠶᠢᠨ ᠰᠢᠰᠲ᠋ᠧᠮ ᠤᠨ ᠤᠬᠠᠭᠤᠯᠭ᠎ᠠ ᠶᠢᠨ | ᠠᠵᠢᠯ ᠢ ᠬᠠᠷᠢᠭᠤᠴᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠬᠠᠷᠢᠭᠤᠴᠠᠨ᠎ᠠ᠃ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠦᠨᠳᠦᠰᠦᠯᠡᠨ᠂ ᠬᠠᠮᠢᠶ᠎ᠠ ᠪᠦᠬᠦᠢ ᠪᠠᠷᠢᠮᠵᠢᠶ᠎ᠠ ᠶᠢ ᠬᠡᠷᠡᠭᠵᠢᠭᠦᠯᠵᠦ᠂ ᠲᠤᠭ᠎ᠠ | ᠪᠠᠷᠢᠮᠲᠠ ᠶᠢᠨ ᠶᠠᠰᠤ ᠴᠢᠨᠠᠷ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ ᠪᠥᠬᠦ ᠬᠤᠰᠢᠭᠤᠨ ᠤ ᠬᠥᠮᠥᠨ ᠠᠮᠠ ᠶᠢᠨ ᠰᠠᠭᠤᠷᠢ ᠮᠡᠳᠡᠭᠡ ᠵᠠᠩᠭᠢ ᠶᠢᠨ | ᠬᠥᠮᠥᠷᠭᠡ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠬᠥᠮᠥᠨ ᠠᠮᠠ ᠶᠢ ᠬᠢᠨᠠᠨ ᠬᠡᠮᠵᠢᠬᠦ ᠪᠠ ᠵᠠᠳᠠᠯᠤᠯᠲᠠ ᠬᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠨ᠎ᠠ᠃ | ᠵᠢᠩᠬᠢᠨᠢ ᠬᠡᠪᠯᠡᠯ ᠤᠨ ᠵᠥᠭᠡᠯᠡᠨ ᠲᠣᠨᠤᠭ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | | | ᠬᠠᠷᠢᠭᠤᠴᠠᠯᠭᠠᠲᠠᠨ᠄ ᠶᠠᠩ ᠬᠤᠩ ᠺᠦᠨ | ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 3 ᠳ᠋ᠤᠭᠠᠷ ᠳᠠᠪᠬᠤᠷ ᠤᠨ 305 | ᠠᠯᠪᠠᠨ ᠤᠲᠠᠰᠤ᠄ 0470 ︱ 2390889 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠰᠦᠯᠵᠢᠶᠡᠨ ᠤ ᠬᠠᠶ᠋ᠢᠭ᠄ www.xzq.gov.cn/OpennessContent/showList/763/0/page_1.html | ᠰᠢᠤᠳᠠᠨ ᠳ᠋ᠤᠭᠠᠷ᠄ 021200 | | ︵ᠳᠥᠷᠪᠡ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠠᠰᠤᠭ ︵ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠯᠪᠠᠨ ᠭᠡᠷ︶᠃ | ᠪᠥᠬᠦ ᠬᠤᠰᠢᠭᠤᠨ ᠤ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ᠂ ᠡᠭᠡᠯᠢᠯᠡᠭᠡ ᠶᠢᠨ ᠲᠥᠯᠦᠪᠵᠢᠭᠦᠯᠭᠡ ᠵᠢᠴᠢ ᠠᠷᠠᠳ ᠲᠦᠮᠡᠨ ᠤ | ᠡᠷᠡᠭᠦᠯ ᠮᠡᠨᠳᠦ ᠶᠢ ᠬᠦᠨᠳᠦ ᠨᠣᠴᠢᠲᠠᠢ ᠬᠤᠬᠢᠷᠠᠭᠤᠯᠤᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠳᠤ ᠭᠠᠷ ᠲᠦᠷᠦᠭᠦ ᠠᠷᠭ᠎ᠠ ᠬᠡᠮᠵᠢᠶ᠎ᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ | ᠡᠪᠡᠳᠴᠢᠨ ᠡᠮᠭᠡᠭ ᠡᠭᠦᠰᠬᠦ ᠪᠠ ᠬᠢᠵᠢᠭ ᠤᠨ ᠪᠠᠶᠢᠳᠠᠯ ᠤᠨ ᠳᠡᠯᠭᠡᠷᠡᠬᠦ ᠶᠢ ᠰᠡᠷᠭᠡᠶᠢᠯᠡᠨ ᠬᠢᠵᠠᠭᠠᠷᠯᠠᠵᠤ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ | ᠮᠡᠳᠡᠭᠡ ᠵᠠᠩᠭᠢ ᠶᠢ ᠬᠠᠤᠯᠢ ᠶᠣᠰᠣᠭᠠᠷ ᠨᠡᠶᠢᠲᠡᠯᠡᠨ᠎ᠡ᠃ ᠰᠢᠨ᠎ᠡ ᠪᠠᠷᠭᠤ ᠵᠡᠭᠦᠨ ᠬᠤᠰᠢᠭᠤᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠺᠣᠮᠢᠰ ᠤᠨ ᠡᠳᠦᠷ | ᠲᠤᠲᠤᠮ ᠤᠨ ᠠᠵᠢᠯ ᠢ ᠡᠭᠦᠷᠭᠡᠯᠡᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠪᠠ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ | ᠠᠵᠢᠯ ᠢ ᠡᠭᠦᠷᠭᠡᠯᠡᠵᠦ᠂ ᠲᠤᠰᠬᠠᠢ ᠵᠦᠢᠯ ᠤᠨ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠡᠯᠡᠳᠬᠡᠯ ᠲᠥᠰᠥᠯ ᠤᠨ ᠰᠣᠷᠢᠯᠲᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ | ᠠᠷᠭᠠᠴᠠᠬᠤ ᠰᠢᠰᠲ᠋ᠧᠮᠵᠢ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠴᠢᠬᠤᠯᠠ ᠬᠤᠷᠠᠯ ᠪᠣᠯᠣᠨ ᠴᠢᠬᠤᠯᠠ ᠶᠡᠭᠡ ᠠᠵᠢᠯᠯᠠᠭ᠎ᠠ ᠶᠢᠨ ᠡᠷᠡᠭᠦᠯ | ᠬᠠᠮᠠᠭᠠᠯᠠᠯ ᠤᠨ ᠪᠠᠲᠤᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠲᠣᠬᠢᠷᠠᠭᠤᠯᠬᠤ ᠠᠵᠢᠯ ᠢ ᠬᠠᠷᠢᠭᠤᠴᠠᠨ᠎ᠠ᠃ ᠪᠦᠭᠦ ᠬᠤᠰᠢᠭᠤᠨ ᠤ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠠᠵᠢᠯ ᠢ ᠬᠠᠷᠢᠭᠤᠴᠠᠨ᠎ᠠ᠃ ︽ᠲᠠᠮᠠᠬᠢ ᠶᠢ ᠬᠢᠵᠠᠭᠠᠷᠯᠠᠬᠤ ᠪᠣᠷᠣ ᠲᠥᠯᠥᠪ ᠤᠨ ᠨᠡᠶᠢᠲᠡ ᠶᠢᠨ ᠭᠡᠷ᠎ᠡ︾ ᠶᠢᠨ ᠭᠡᠷ᠎ᠡ ᠶᠢ ᠭᠦᠢᠴᠡᠳᠬᠡᠬᠦ ᠠᠵᠢᠯ ᠢ | ᠲᠦᠷᠦᠭᠦᠯᠡᠨ ᠬᠢᠨ᠎ᠡ᠃ ᠪᠥᠬᠦ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠠᠵᠢᠯ ᠤᠨ | ᠲᠥᠯᠦᠪᠵᠢᠭᠦᠯᠭᠡ᠂ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠡᠷᠡᠭᠦᠯ ᠬᠠᠮᠠᠭᠠᠯᠠᠯ ᠤᠨ ᠬᠤᠰᠢᠭᠤ᠂ ᠡᠷᠡᠭᠦᠯ | ᠬᠠᠮᠠᠭᠠᠯᠠᠯ ᠤᠨ ᠰᠤᠮᠤ ︵ᠪᠠᠯᠭᠠᠰᠤ︶᠂ ᠡᠷᠡᠭᠦᠯ ᠬᠠᠮᠠᠭᠠᠯᠠᠯ ᠤᠨ ᠭᠠᠴᠠᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠢᠯᠣᠭᠤᠳᠤᠨ ᠥᠷᠨᠢᠭᠦᠯᠦᠨ᠎ᠡ᠃ ᠮᠠᠯᠵᠢᠬᠤ | ᠣᠷᠣᠨ ᠤ ᠵᠣᠷᠯᠣᠩ ᠢ ᠥᠭᠡᠷᠡᠴᠢᠯᠡᠬᠦ ᠮᠡᠷᠭᠡᠵᠢᠯ ᠤᠨ ᠵᠢᠯᠣᠭᠤᠳᠤᠯᠭ᠎ᠠ᠂ ᠲᠤᠭ᠎ᠠ ᠪᠠᠷᠢᠮᠲᠠ ᠶᠢᠨ ᠪᠦᠷᠢᠳᠬᠡᠯ ᠪᠠ ᠦᠷ᠎ᠡ ᠪᠦᠲᠦᠮᠵᠢ ᠶᠢᠨ ᠦᠨᠡᠯᠡᠯᠲᠡ ᠵᠡᠷᠭᠡ ᠠᠵᠢᠯ ᠢ | ᠬᠠᠷᠢᠭᠤᠴᠠᠨ᠎ᠠ᠃ ᠪᠥᠬᠦ ᠬᠤᠰᠢᠭᠤᠨ ᠤ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠵᠢᠴᠢ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ | ᠴᠠᠭᠠᠵᠠᠯᠠᠬᠤ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃ | | ᠬᠠᠷᠢᠭᠤᠴᠠᠯᠭᠠᠲᠠᠨ᠄ ᠯᠢᠦ ᠷᠠᠨ | ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 3 ᠳ᠋ᠤᠭᠠᠷ ᠠᠰᠠᠷ ᠤᠨ 309 | ᠠᠯᠪᠠᠨ ᠤᠲᠠᠰᠤ᠄ 0470 ︱ 2390892 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠰᠦᠯᠵᠢᠶᠡᠨ ᠤ ᠬᠠᠶ᠋ᠢᠭ᠄ www.xzq.gov.cn/OpennessContent/showList/763/0/page_1.html | ᠰᠢᠤᠳᠠᠨ ᠳ᠋ᠤᠭᠠᠷ᠄ 021200 | | ︵ᠲᠠᠪᠤ︶ ᠬᠠᠤᠯᠢ ᠳᠦᠷᠢᠮ ᠬᠢᠭᠡᠳ ᠶᠡᠷᠦᠩᠬᠡᠶᠢᠯᠡᠨ ᠬᠢᠨᠠᠯᠲᠠ ᠲᠠᠯᠪᠢᠬᠤ ᠰᠲ᠋ᠣᠺ᠃ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠡᠳᠦᠷ | ᠲᠤᠲᠤᠮ ᠤᠨ ᠠᠵᠢᠯ ᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ ᠴᠢᠬᠤᠯᠠ ᠶᠡᠭᠡ ᠵᠠᠰᠠᠭ ᠵᠠᠬᠢᠷᠭᠠᠨ ᠤ ᠥᠢᠯᠡ ᠠᠵᠢᠯᠯᠠᠭ᠎ᠠ ᠶᠢᠨ ᠬᠠᠤᠯᠢ ᠶᠣᠰᠣᠨ ᠤ | ᠴᠢᠨᠠᠷ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠪᠠ ᠬᠠᠤᠯᠢ ᠪᠠᠷ ᠵᠠᠰᠠᠬᠤ | ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠡᠮᠬᠢᠯᠡᠨ ᠬᠢᠨᠠᠬᠤ᠂ ᠬᠠᠮᠢᠶᠠᠷᠬᠤ ᠪᠠ ᠬᠢᠨᠠᠯᠲᠠ ᠲᠠᠯᠪᠢᠬᠤ | ᠠᠵᠢᠯᠯᠠᠭᠠᠨ ᠤ ᠠᠵᠢᠯ ᠢ ᠬᠠᠷᠢᠭᠤᠴᠠᠨ᠎ᠠ᠃ ᠲᠣᠰ ᠰᠢᠰᠲ᠋ᠧᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠯᠤᠭᠤᠳᠬᠤ ᠪᠠ ᠬᠢᠨᠠᠯᠲᠠ | ᠲᠠᠯᠪᠢᠬᠤ ᠶᠢ ᠬᠠᠷᠢᠭᠤᠴᠠᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠵᠦ᠂ | ᠡᠮᠴᠢᠯᠡᠭᠡᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠢ ᠴᠡᠭᠴᠡᠯᠡᠨ ᠵᠢᠷᠤᠮᠵᠢᠭᠤᠯᠵᠤ᠂ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠰᠢᠮᠳᠠᠭᠤᠯᠤᠨ | ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠨ᠎ᠡ᠃ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ | ᠤᠰᠤᠨ ᠤ ᠡᠷᠡᠭᠦᠯ ᠬᠠᠮᠠᠭᠠᠯᠠᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠪᠠ ᠰᠠᠴᠤᠷᠠᠭ ᠢᠳᠡᠪᠬᠢ ᠴᠢᠨᠠᠷ ᠤᠨ | ᠡᠷᠡᠭᠦᠯ ᠬᠠᠮᠠᠭᠠᠯᠠᠯ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ | ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠯᠣᠭᠤᠳᠤᠨ ᠵᠢᠷᠤᠮᠵᠢᠭᠤᠯᠤᠨ᠎ᠠ᠃ ᠢᠳᠡᠭᠡᠨ ᠤ ᠠᠶᠤᠯ ᠦᠭᠡᠢ ᠶᠢᠨ ᠪᠠᠷᠢᠮᠵᠢᠶ᠎ᠠ ᠶᠢ ᠮᠥᠷᠳᠡᠨ ᠦᠨᠡᠯᠡᠬᠦ | ᠠᠵᠢᠯ ᠢ ᠥᠷᠨᠢᠭᠦᠯᠵᠦ᠂ ᠢᠳᠡᠭᠡᠨ ᠤ ᠠᠶᠤᠯ ᠦᠭᠡᠢ ᠶᠢᠨ ᠲᠦᠭᠰᠢᠭᠦᠷᠢ ᠶᠢ ᠬᠢᠨᠠᠨ ᠬᠡᠮᠵᠢᠬᠦ᠂ ᠦᠨᠡᠯᠡᠨ ᠵᠢᠱᠢᠬᠦ᠂ ᠰᠣᠯᠢᠯᠴᠠᠬᠤ᠂ ᠰᠡᠷᠡᠮᠵᠢᠯᠡᠭᠦᠯᠬᠦ ᠠᠵᠢᠯ ᠢ | ᠬᠠᠷᠢᠭᠤᠴᠠᠨ᠎ᠠ᠃ ᠭᠤᠣᠯᠳᠠᠯᠭ᠎ᠠ ᠲᠠᠢ ᠠᠵᠢᠯ ᠤᠨ ᠨᠥᠯᠥᠭᠡᠨ ᠤ ᠡᠪᠡᠳᠴᠢᠨ ᠳᠤ ᠬᠢᠨᠠᠯᠲᠠ ᠲᠠᠯᠪᠢᠬᠤ᠂ ᠲᠤᠰᠬᠠᠢ ᠵᠦᠢᠯ ᠤᠨ ᠪᠠᠶᠢᠴᠠᠭᠠᠯᠲᠠ᠂ ᠡᠷᠬᠢᠯᠡᠭᠰᠡᠨ ᠠᠵᠢᠯ | ᠤᠨ ᠡᠷᠡᠭᠦᠯ ᠮᠡᠨᠳᠤ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠡᠷᠬᠢᠯᠡᠭᠰᠡᠨ ᠠᠵᠢᠯ ᠤᠨ ᠬᠥᠮᠥᠰ ᠤᠨ ᠡᠷᠡᠭᠦᠯ ᠮᠡᠨᠳᠤ ᠶᠢᠨ ᠬᠠᠮᠢᠶᠠᠷᠤᠯᠲᠠ ᠶᠢᠨ ᠠᠵᠢᠯ ᠢ | ᠥᠷᠨᠢᠭᠦᠯᠦᠨ᠎ᠡ᠃ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠥᠷᠨᠢᠭᠦᠯᠦᠨ᠎ᠡ᠃ | | ᠬᠠᠷᠢᠭᠤᠴᠠᠯᠭᠠᠲᠠᠨ᠄ ᠰᠡᠴᠡᠨ | ᠠᠵᠢᠯᠯᠠᠬᠤ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 4 ᠳ᠋ᠦ᠋ᠭᠡᠷ ᠳᠠᠪᠬᠤᠷ ᠤᠨ 405 | ᠠᠯᠪᠠᠨ ᠤᠲᠠᠰᠤ᠄ 0470 ︱ 2390896 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠰᠦᠯᠵᠢᠶᠡᠨ ᠤ ᠬᠠᠶ᠋ᠢᠭ᠄ www.xzq.gov.cn/OpennessContent/showList/763/0/page_1.html | ᠰᠢᠤᠳᠠᠨ ᠳ᠋ᠤᠭᠠᠷ᠄ 021200 | | ︵ᠵᠢᠷᠭᠤᠭ᠎ᠠ︶ ᠠᠵᠢᠯᠲᠠᠨ ᠤ ᠶᠠᠪᠤᠳᠠᠯ ᠬᠢᠭᠡᠳ ᠲᠥᠯᠦᠪᠵᠢᠭᠦᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠰᠲ᠋ᠣᠺ᠃ ᠪᠥᠬᠦ ᠬᠤᠰᠢᠭᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠪᠠᠶᠢᠭᠤᠯᠭ᠎ᠠ ᠪᠠ ᠬᠠᠷᠢᠶ᠎ᠠ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ | ᠡᠭᠦᠷᠭᠡᠯᠡᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠦᠢᠯᠡᠴᠢᠯᠡᠭᠡᠨ ᠤ ᠬᠠᠮᠢᠶᠠᠷᠤᠯᠲᠠ ᠶᠢᠨ | ᠠᠵᠢᠯ ᠢ ᠬᠠᠷᠢᠭᠤᠴᠠᠵᠤ᠂ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠬᠡᠷᠡᠭᠵᠢᠭᠦᠯᠬᠦ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠳᠤ ᠬᠢᠨᠠᠯᠲᠠ | ᠲᠠᠯᠪᠢᠬᠤ ᠡᠮᠨᠡᠯᠭᠡ ᠳᠤ ᠰᠠᠭᠤᠬᠤ ᠶᠡᠭᠡ ᠡᠮᠴᠢ᠂ ᠲᠤᠰᠬᠠᠢ ᠮᠡᠷᠭᠡᠵᠢᠯ ᠤᠨ ᠶᠡᠭᠡ ᠡᠮᠴᠢ ᠶᠢᠨ ᠪᠣᠯᠪᠠᠰᠤᠷᠠᠭᠤᠯᠤᠯ ᠵᠡᠷᠭᠡ ᠲᠡᠭᠦᠰᠦᠭᠰᠡᠨ ᠤ ᠳᠠᠷᠠᠭᠠᠬᠢ ᠠᠨᠠᠭᠠᠬᠤ | ᠤᠬᠠᠭᠠᠨ ᠤ ᠰᠤᠷᠭᠠᠨ ᠬᠥᠮᠦᠵᠢᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠨᠠᠭᠠᠬᠤ ᠤᠬᠠᠭᠠᠨ ᠤ ᠶᠡᠭᠡ | ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠢ ᠬᠠᠮᠵᠢᠯᠴᠠᠨ ᠵᠢᠯᠣᠭᠤᠳᠤᠨ᠎ᠠ᠃ ᠡᠷᠡᠭᠦᠯ ᠡᠩᠬᠡ ᠰᠢᠨ᠎ᠡ ᠪᠠᠷᠭᠤ ᠵᠡᠭᠦᠨ ᠬᠤᠰᠢᠭᠤᠨ ᠤ ᠪᠦᠲᠦᠭᠡᠨ | ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠳᠠᠲᠠᠢ | ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠳᠤᠮᠳᠠ ᠣᠷᠳᠣ ᠬᠤᠭᠤᠴᠠᠭᠠᠨ ᠤ | ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ | ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ᠃ ᠪᠥᠬᠦ ᠬᠤᠰᠢᠭᠤᠨ ᠤ ᠡᠷᠡᠭᠦᠯ ᠬᠠᠮᠠᠭᠠᠯᠠᠯ ᠤᠨ ᠬᠠᠮᠲᠤᠷᠠᠯᠴᠠᠭᠠᠨ ᠤ ᠲᠥᠷᠥᠯ ᠵᠦᠢᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | | ᠬᠠᠷᠢᠭᠤᠴᠠᠯᠭᠠᠲᠠᠨ᠄ ᠬᠠᠶᠢᠷᠬᠠᠨ | ᠠᠵᠢᠯᠯᠠᠬᠤ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 4 ᠳ᠋ᠦ᠋ᠭᠡᠷ ᠳᠠᠪᠬᠤᠷᠭ᠎ᠠ ᠶᠢᠨ | 404 | ᠠᠯᠪᠠᠨ ᠤᠲᠠᠰᠤ᠄ 0470 ︱ 2390895 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠰᠦᠯᠵᠢᠶᠡᠨ ᠤ ᠬᠠᠶ᠋ᠢᠭ᠄ www.xzq.gov.cn/OpennessContent/showList/763/0/page_1.html | ᠰᠢᠤᠳᠠᠨ ᠳ᠋ᠤᠭᠠᠷ᠄ 021200 | | ︵ᠳᠣᠯᠤᠭ᠎ᠠ︶ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠲ᠋ᠣᠺ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠵᠢᠷᠤᠮᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠬᠥᠳᠡᠭᠡ ᠲᠣᠰᠬᠤᠨ ᠤ ᠡᠮᠴᠢ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ᠎ᠠ᠃ | | ᠬᠠᠷᠢᠭᠤᠴᠠᠯᠭᠠᠲᠠᠨ᠄ ᠨᠠᠷᠠᠨᠮᠠᠨᠳᠤᠯ᠎ᠠ | ᠠᠵᠢᠯᠯᠠᠬᠤ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 3 ᠳ᠋ᠤᠭᠠᠷ ᠳᠠᠪᠬᠤᠷᠭ᠎ᠠ ᠶᠢᠨ 307 | ᠠᠯᠪᠠᠨ ᠤᠲᠠᠰᠤ᠄ 0470 ︱ 2390893 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠰᠦᠯᠵᠢᠶᠡᠨ ᠤ ᠬᠠᠶ᠋ᠢᠭ᠄ www.xzq.gov.cn/OpennessContent/showList/763/0/page_1.html | ᠰᠢᠤᠳᠠᠨ ᠳ᠋ᠤᠭᠠᠷ᠄ 021200 | | ︵ᠨᠠᠢᠮᠠ︶ ᠭᠡᠷ ᠪᠦᠯᠢ ᠶᠢᠨ ᠬᠥᠭᠵᠢᠯᠲᠡ ᠬᠢᠭᠡᠳ ᠨᠠᠰᠤᠲᠠᠶᠢᠴᠤᠳ ᠡᠬᠡ ᠨᠢᠯᠬᠠᠰ ᠤᠨ ᠡᠷᠡᠭᠦᠯ ᠮᠡᠨᠳᠦ ᠶᠢᠨ ᠰᠲ᠋ᠣᠺ᠃ ᠭᠡᠷ ᠪᠦᠯᠢ ᠶᠢᠨ | ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠣᠯ ᠵᠢᠷᠭᠠᠯᠲᠤ | ᠭᠡᠷ ᠪᠦᠯᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠲᠥᠯᠥᠪᠯᠡᠭᠡ ᠲᠠᠢ ᠪᠠᠷ ᠬᠡᠦᠬᠡᠳ ᠠᠪᠬᠤ ᠣᠨᠴᠠᠭᠠᠶ ᠭᠡᠷ ᠪᠦᠯᠢ ᠶᠢ | ᠲᠡᠳᠬᠦᠨ ᠳᠡᠮᠵᠢᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠮ ᠤᠨ ᠬᠡᠷᠡᠭᠰᠡᠯ ᠤᠨ ᠲᠤᠰᠬᠠᠢ ᠵᠠᠷᠤᠳᠠᠯ ᠤᠨ ᠬᠠᠮᠢᠶᠠᠷᠤᠯᠲᠠ ᠶᠢ ᠡᠭᠦᠷᠭᠡᠯᠡᠨ᠎ᠡ᠃ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠠᠯᠠᠭ᠎ᠠ᠃ ᠨᠠᠰᠤᠵᠢᠯᠲᠠ ᠶᠢ ᠠᠷᠭᠠᠴᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ | ᠵᠣᠬᠢᠴᠠᠭᠤᠯᠵᠤ ᠨᠠᠶᠢᠳᠠᠪᠤᠷᠢᠵᠢᠭᠤᠯᠤᠨ᠎ᠠ᠃ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠵᠢᠷᠤᠮᠵᠢᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠢᠨ᠎ᠡ ᠪᠠᠷᠭᠤ ᠵᠡᠭᠦᠨ | ᠬᠤᠰᠢᠭᠤᠨ ᠤ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠡᠬᠡ ᠨᠢᠯᠬᠠᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠡᠬᠡ ᠨᠢᠯᠬᠠᠰ ᠤᠨ ᠡᠷᠡᠭᠦᠯ ᠬᠠᠮᠠᠭᠠᠯᠠᠯ᠂ ᠵᠡᠮᠳᠡᠭ | ᠲᠦᠷᠦᠭᠦ ᠶᠢ ᠰᠡᠷᠭᠡᠶᠢᠯᠡᠨ ᠵᠠᠰᠠᠬᠤ᠂ ᠨᠢᠯᠬ᠎ᠠ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ᠂ ᠬᠥᠮᠥᠨ ᠲᠥᠷᠥᠯᠬᠢᠲᠡᠨ ᠤ ᠲᠤᠰᠠᠯᠠᠬᠤ ᠦᠷᠡᠵᠢᠯ ᠤᠨ | ᠮᠡᠷᠭᠡᠵᠢᠯ ᠤᠨ ᠬᠠᠮᠢᠶᠠᠷᠤᠯᠲᠠ ᠪᠠ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ | | ᠬᠠᠷᠢᠭᠤᠴᠠᠯᠭᠠᠲᠠᠨ᠄ ᠬᠠᠨ ᠢᠦᠢ ᠯᠠᠨ | ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 4 ᠳ᠋ᠦ᠋ᠭᠡᠷ ᠳᠠᠪᠬᠤᠷ ᠤᠨ 402 | ᠠᠯᠪᠠᠨ ᠤᠲᠠᠰᠤ᠄ 0470 ︱ 2390895 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠰᠦᠯᠵᠢᠶᠡᠨ ᠤ ᠬᠠᠶ᠋ᠢᠭ᠄ www.xzq.gov.cn/OpennessContent/showList/763/0/page_1.html | ᠰᠢᠤᠳᠠᠨ ᠳ᠋ᠤᠭᠠᠷ᠄ 021200 | | | ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠨᠠᠮ ᠤᠨ ᠪᠠᠶᠢᠭᠤᠯᠤᠯᠲᠠ᠂ ᠣᠯᠠᠨ | ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ | | | ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ www.xzq.gov.cn/OpennessContent/showList/763/0/page_1.html | ᠠᠵᠢᠯ ᠤᠨ ᠤᠲᠠᠰᠤ᠄ 0470 ︱ 2390889 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠪᠦᠦ ᠴᠦᠨ ᠰᠢᠶᠠ | | ᠭᠤᠷᠪᠠ᠂ ᠬᠠᠷᠢᠶ᠎ᠠ ᠪᠠᠶᠢᠭᠤᠯᠤᠮᠵᠢ | | 1. ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠄ ᠭᠤᠣᠯᠳᠠᠭᠤ ᠬᠤᠰᠢᠭᠤ ᠰᠢᠶᠠᠨ ᠤ ᠬᠡᠪᠴᠢᠶᠡᠨ ᠳᠠᠬᠢ ᠰᠠᠭᠤᠭᠠᠯᠢ | ᠠᠷᠠᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ | ᠲᠦᠷᠭᠡᠨ ᠠᠪᠤᠷᠠᠬᠤ ᠪᠠ ᠬᠦᠴᠢᠷ ᠲᠦᠪᠡᠭᠲᠡᠢ ᠡᠪᠡᠳᠴᠢᠨ ᠢ ᠰᠢᠯᠵᠢᠭᠦᠯᠦᠨ ᠣᠨᠣᠰᠢᠯᠠᠬᠤ ᠶᠢ ᠡᠭᠦᠷᠭᠡᠯᠡᠬᠦ ᠶᠢᠨ ᠬᠠᠮᠲᠤ ᠵᠣᠬᠢᠴᠠᠩᠭᠤᠢ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠵᠢᠴᠢ ᠭᠡᠨᠡᠳᠲᠡ ᠶᠢᠨ ᠬᠡᠷᠡᠭ ᠤᠨ ᠪᠠᠴᠢᠮ ᠡᠮᠴᠢᠯᠡᠭᠡᠨ ᠤ ᠠᠪᠤᠷᠠᠨ ᠲᠤᠰᠠᠯᠠᠬᠤ ᠵᠡᠷᠭᠡ ᠠᠵᠢᠯ ᠢ ᠡᠭᠦᠷᠭᠡᠯᠡᠵᠦ | ᠪᠠᠶᠢᠨ᠎ᠠ᠃ | | | ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ www.xzq.gov.cn/OpennessContent/showList/763/0/page_1.html | ᠠᠵᠢᠯ ᠤᠨ ᠤᠲᠠᠰᠤ᠄ 0470 ︱ 6607233 | ᠠᠵᠢᠯᠯᠠᠬᠤ ᠴᠠᠭ᠄ 8᠄ 30 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠯᠢ ᠬᠦᠢ ᠶᠢᠩ | | 2. ᠰᠢᠨ᠎ᠡ ᠪᠠᠷᠭᠤ ᠵᠡᠭᠦᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ᠄ ᠰᠢᠨ᠎ᠡ ᠪᠠᠷᠭᠤ ᠵᠡᠭᠦᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ | ᠪᠣᠯ ᠮᠣᠩᠭᠤᠯ ᠡᠮᠨᠡᠯᠭᠡ ᠶᠢᠨ ᠡᠮᠴᠢᠯᠡᠭᠡ᠂ ᠮᠣᠩᠭᠤᠯ ᠡᠮ ᠤᠨ ᠨᠠᠶᠢᠷᠠᠯᠲᠠ᠂ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠬᠥᠮᠦᠵᠢᠯ ᠢ ᠨᠢᠭᠡ ᠴᠣᠭᠴᠠᠵᠢᠭᠤᠯᠤᠭᠰᠠᠨ | ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠣᠨ᠎ᠠ᠃ ᠡᠭᠦᠨ ᠤ ᠬᠠᠮᠲᠤ ᠥᠪᠥᠷ ᠮᠣᠩᠭᠤᠯ ᠤᠨ | ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠡᠶᠢᠭᠡᠮ ᠤᠨ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠤᠨ ᠫᠠᠶᠢᠰᠠ ᠶᠢ ᠡᠯᠭᠦᠪᠡ᠃ ᠬᠤᠰᠢᠭᠤᠨ ᠤ | ᠡᠮ ᠡᠮᠨᠡᠯᠭᠡ ᠶᠢᠨ ᠳᠠᠭᠠᠳᠬᠠᠯ᠂ ᠬᠤᠷᠰᠢᠭᠰᠠᠨ ᠡᠮᠨᠡᠯᠭᠡ᠂ ᠠᠮᠢ ᠨᠠᠰᠤᠨ ᠤ ᠳᠠᠭᠠᠳᠬᠠᠯ ᠤᠨ ᠪᠠᠶᠢᠭᠤᠯᠤᠮᠵᠢ ᠶᠢᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ | ᠪᠣᠯᠣᠨ᠎ᠠ᠃ | | ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ www.xzq.gov.cn/OpennessContent/showList/763/0/page_1.html | ᠠᠵᠢᠯ ᠤᠨ ᠤᠲᠠᠰᠤ᠄ 0470 ︱ 6603440 | ᠠᠵᠢᠯᠯᠠᠬᠤ ᠴᠠᠭ᠄ 8᠄ 30 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠮᠧᠶ ᠬᠤᠸᠠ | | 3. ᠰᠢᠨ᠎ᠡ ᠪᠠᠷᠭᠤ ᠵᠡᠭᠦᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠄ ᠰᠢᠨ᠎ᠡ ᠪᠠᠷᠭᠤ ᠵᠡᠭᠦᠨ ᠬᠤᠰᠢᠭᠤᠨ ᠤ | ᠬᠠᠯᠳᠠᠪᠤᠷᠢᠲᠤ ᠴᠢᠨᠠᠷᠲᠠᠢ ᠡᠪᠡᠳᠴᠢᠨ ᠡᠮᠭᠡᠭ᠂ ᠤᠳᠠᠭᠠᠨ ᠴᠢᠨᠠᠷᠲᠠᠢ ᠬᠠᠯᠳᠠᠪᠤᠷᠢᠲᠤ ᠪᠤᠰᠤ ᠴᠢᠨᠠᠷᠲᠠᠢ ᠡᠪᠡᠳᠴᠢᠨ ᠡᠮᠭᠡᠭ᠂ ᠣᠷᠣᠨ ᠨᠤᠲᠤᠭ ᠤᠨ ᠡᠪᠡᠳᠴᠢᠨ᠂ | ᠡᠪᠡᠳᠴᠢᠨ ᠤ ᠵᠠᠭᠤᠴᠢ ᠠᠮᠢᠳᠤ ᠪᠣᠳᠠᠰ ᠢᠶᠠᠷ ᠬᠠᠯᠳᠠᠪᠤᠷᠢᠯᠠᠬᠤ ᠡᠪᠡᠳᠴᠢᠨ ᠡᠮᠭᠡᠭ ᠵᠡᠷᠭᠡ ᠶᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠶᠢ ᠡᠭᠦᠷᠭᠡᠯᠡᠨ᠎ᠡ ; | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠵᠢᠯ ᠮᠡᠷᠭᠡᠵᠢᠯ ᠤᠨ ᠡᠷᠡᠭᠦᠯ | ᠬᠠᠮᠠᠭᠠᠯᠠᠯ᠂ ᠰᠠᠴᠤᠷᠠᠭ ᠢᠳᠡᠪᠬᠢ ᠴᠢᠨᠠᠷ ᠤᠨ ᠡᠷᠡᠭᠦᠯ ᠬᠠᠮᠠᠭᠠᠯᠠᠯ᠂ ᠢᠳᠡᠭᠡᠨ ᠤ ᠠᠷᠢᠭᠤᠨ ᠴᠡᠪᠡᠷ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠡᠷᠡᠭᠦᠯ | ᠮᠡᠨᠳᠦ ᠶᠢᠨ ᠬᠤᠣᠷ ᠬᠥᠨᠥᠭᠡᠯ ᠲᠠᠢ ᠬᠦᠴᠦᠨ ᠵᠦᠢᠯ ᠢ ᠬᠢᠨᠠᠨ ᠬᠡᠮᠵᠢᠬᠦ ᠪᠠ ᠬᠠᠮᠢᠶᠠᠷᠬᠤ ᠵᠢᠴᠢ ᠰᠢᠨᠵᠢᠯᠡᠬᠦ ᠤᠬᠠᠭᠠᠨ ᠤ ᠰᠤᠳᠤᠯᠭᠠᠨ᠂ ᠵᠢᠭᠠᠨ ᠰᠤᠷᠭᠠᠯᠲᠠ᠂ | ᠪᠣᠯᠪᠠᠰᠤᠷᠠᠭᠤᠯᠤᠯ᠂ ᠮᠡᠷᠭᠡᠵᠢᠯ ᠤᠨ ᠵᠢᠯᠣᠭᠤᠳᠤᠯᠭ᠎ᠠ ᠵᠡᠷᠭᠡ ᠠᠵᠢᠯ ᠢ ᠬᠠᠷᠢᠭᠤᠴᠠᠨ᠎ᠠ᠃ | | ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ www.xzq.gov.cn/OpennessContent/showList/763/0/page_1.html | ᠠᠵᠢᠯ ᠤᠨ ᠤᠲᠠᠰᠤ᠄ 0470 ︱ 6606925 | ᠠᠵᠢᠯᠯᠠᠬᠤ ᠴᠠᠭ᠄ 8᠄ 30 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠴᠡᠴᠡᠭ | | 4. ᠰᠢᠨ᠎ᠡ ᠪᠠᠷᠭᠤ ᠵᠡᠭᠦᠨ ᠬᠤᠰᠢᠭᠤᠨ ᠤ ᠡᠮᠡᠭᠲᠡᠶᠢᠴᠦᠳ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠲᠥᠯᠥᠪᠯᠡᠭᠡᠲᠦ ᠦᠷᠡᠵᠢᠯ ᠤᠨ | ᠦᠢᠯᠡᠴᠢᠯᠡᠭᠡᠨ ᠤ ᠲᠥᠪ᠄ ᠪᠥᠬᠦ ᠬᠤᠰᠢᠭᠤᠨ ᠤ ᠡᠮᠡᠭᠲᠡᠶᠢᠴᠦᠳ ᠬᠡᠦᠬᠡᠳ ᠤᠨ ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠨᠳᠦ ᠶᠢ ᠬᠠᠮᠠᠭᠠᠯᠠᠬᠤ᠂ ᠡᠷᠡᠭᠦᠯᠵᠢᠭᠦᠯᠬᠦ᠂ | ᠮᠡᠷᠭᠡᠵᠢᠯ ᠤᠨ ᠵᠢᠯᠣᠭᠤᠳᠤᠯᠭ᠎ᠠ ᠪᠠ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠭ᠎ᠠ ᠵᠡᠷᠭᠡ ᠠᠵᠢᠯ ᠢ ᠡᠭᠦᠷᠭᠡᠯᠡᠵᠦ ᠪᠠᠶᠢᠨ᠎ᠠ᠃ | | | ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ www.xzq.gov.cn/OpennessContent/showList/763/0/page_1.html | ᠠᠵᠢᠯ ᠤᠨ ᠤᠲᠠᠰᠤ᠄ 0470 ︱ 6603755 | ᠠᠵᠢᠯᠯᠠᠬᠤ ᠴᠠᠭ᠄ 8᠄ 30 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠴᠧᠨ ᠱᠦ ᠬᠤᠸᠠ | | | 5. ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ᠄ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠰᠤᠨ ᠤ ᠡᠷᠡᠭᠦᠯ ᠬᠠᠮᠠᠭᠠᠯᠠᠯ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠡᠷᠡᠭᠦᠯ | ᠬᠠᠮᠠᠭᠠᠯᠠᠯ᠂ ᠠᠷᠢᠭᠤᠳᠬᠠᠬᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠡᠷᠭᠡᠶᠢᠯᠡᠬᠦ | ᠴᠢᠨᠠᠷᠲᠠᠢ ᠡᠷᠡᠭᠦᠯ ᠬᠠᠮᠠᠭᠠᠯᠠᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠡᠮᠴᠢᠯᠡᠭᠡᠨ ᠤ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ ᠠᠵᠢᠯ ᠡᠷᠭᠢᠯᠡᠬᠦ | ᠠᠵᠢᠯᠯᠠᠭ᠎ᠠ ᠵᠡᠷᠭᠡ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ ; ᠡᠬᠡ ᠨᠢᠯᠬᠠᠰ ᠤᠨ ᠡᠷᠡᠭᠦᠯ | ᠮᠡᠡᠳᠦ ᠶᠢ ᠬᠠᠮᠠᠭᠠᠯᠠᠬᠤ ᠪᠠᠶᠢᠭᠤᠯᠤᠮᠵᠢ᠂ ᠲᠥᠯᠥᠪᠯᠡᠭᠡ ᠲᠠᠢ ᠪᠠᠷ ᠬᠡᠦᠬᠡᠳ ᠠᠪᠬᠤ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠠᠭᠤᠯᠭ᠎ᠠ | ᠪᠠ ᠠᠵᠢᠯᠯᠠᠵᠤ ᠪᠠᠶᠢᠭ᠎ᠠ ᠬᠥᠮᠥᠰ ᠤᠨ ᠦᠢᠯᠡ ᠠᠵᠢᠯᠯᠠᠭᠠᠨ ᠤ ᠵᠢᠷᠤᠮᠵᠢᠯ ᠳᠤ ᠬᠢᠨᠠᠯᠲᠠ ᠲᠠᠯᠪᠢᠨ᠎ᠠ ; ᠡᠷᠡᠭᠦᠯ ᠬᠠᠮᠠᠭᠠᠯᠠᠯ ᠤᠨ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢᠨ ᠢᠯᠡᠴᠢᠯᠡᠨ ᠮᠡᠳᠡᠭᠦᠯᠦᠭᠰᠡᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠶᠢᠨ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠦᠭᠰᠡᠨ ᠮᠡᠳᠡᠭᠡ ᠵᠠᠩᠭᠢ ᠶᠢ ᠬᠤᠷᠢᠶᠠᠩᠭᠤᠶᠢᠯᠠᠬᠤ ᠪᠠ | ᠳᠡᠭᠡᠭᠰᠢ ᠮᠡᠳᠡᠭᠦᠯᠬᠦ ᠬᠡᠷᠡᠭᠲᠡᠢ ; ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠬᠦ ᠤᠬᠠᠭᠤᠯᠭ᠎ᠠ ᠵᠢᠴᠢ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠤᠨ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ ; ᠴᠢᠬᠤᠯᠠ ᠶᠡᠭᠡ ᠠᠵᠢᠯᠯᠠᠭ᠎ᠠ ᠳᠤ ᠣᠷᠣᠯᠴᠠᠭᠰᠠᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ | ᠪᠠᠲᠤᠯᠠᠭ᠎ᠠ ; ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠠᠪᠰᠤᠷᠤᠨ ᠪᠠᠶᠢᠴᠠᠭᠠᠵᠤ ᠰᠢᠢᠳᠪᠦᠷᠢᠯᠡᠨ᠎ᠡ ; ᠳᠡᠭᠡᠳᠦ ᠱᠠᠲᠤᠨ ᠤ | ᠲᠤᠰᠢᠶᠠᠭᠰᠠᠨ ᠪᠤᠰᠤᠳ ᠶᠠᠪᠤᠳᠠᠯ ᠤᠳ ᠢ ᠡᠭᠦᠷᠭᠡᠯᠡᠨ᠎ᠡ᠃ | | | ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠡᠭᠡ ᠠᠩᠭᠢ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ www.xzq.gov.cn/OpennessContent/showList/763/0/page_1.html | ᠠᠵᠢᠯ ᠤᠨ ᠤᠲᠠᠰᠤ᠄ 0470 ︱ 6608006 | ᠠᠵᠢᠯᠯᠠᠬᠤ ᠴᠠᠭ᠄ 9᠄ 00 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠴᠧᠨ ᠵᠢᠦ ᠯᠦᠩ | | | 6. ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ︵ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 10︶᠄ | ᠴᠠᠭᠠᠨ ᠪᠠᠯᠭᠠᠰᠤᠨ ᠤ ᠲᠥᠪ ᠡᠷᠡᠭᠦᠯ ᠬᠠᠮᠠᠭᠠᠯᠠᠯ ᠤᠨ ᠬᠤᠷᠢᠶ᠎ᠠ᠂ ᠦᠪᠦᠷᠪᠤᠯᠠᠭ ᠰᠤᠮᠤ ᠶᠢᠨ ᠲᠥᠪ ᠡᠷᠡᠭᠦᠯ ᠬᠠᠮᠠᠭᠠᠯᠠᠯ ᠤᠨ ᠬᠤᠷᠢᠶ᠎ᠠ᠂ ᠰᠢᠨᠡᠪᠤᠯᠠᠭ ᠰᠤᠮᠤ ᠶᠢᠨ | ᠲᠥᠪ ᠡᠷᠡᠭᠦᠯ ᠬᠠᠮᠠᠭᠠᠯᠠᠯ ᠤᠨ ᠬᠤᠷᠢᠶ᠎ᠠ᠂ ᠠᠮᠤᠭᠤᠯᠠᠩ ᠪᠠᠯᠭᠠᠰᠤ ᠶᠢᠨ ᠰᠢᠯᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ | ᠭᠠᠨᠵᠤᠤᠷ ᠤᠨ ᠬᠥᠨᠳᠡᠯᠡᠨ ᠡᠮᠨᠡᠯᠭᠡ ᠶᠢᠨ ᠬᠤᠷᠢᠶ᠎ᠠ᠂ ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠬᠠᠨᠳᠠᠭᠠᠢ ᠶᠢᠨ ᠡᠷᠡᠭᠦᠯ ᠬᠠᠮᠠᠭᠠᠯᠠᠯ ᠤᠨ | ᠬᠤᠷᠢᠶ᠎ᠠ᠂ ᠪᠠᠷᠲᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠵᠢᠷᠨᠠᠭᠤᠷ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠱᠠᠨᠳᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠃ | ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠮᠠᠯᠵᠢᠬᠤ ᠣᠷᠣᠨ ᠤ ᠬᠦᠨᠳᠦ ᠶᠡᠭᠡ ᠬᠢᠵᠢᠭ ᠤᠨ ᠪᠠᠶᠢᠳᠠᠯ ᠪᠠ ᠭᠡᠨᠡᠳᠲᠡ | ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠢᠢᠳᠪᠦᠷᠢᠯᠡᠵᠦ᠂ ᠮᠠᠯᠴᠢᠨ ᠲᠠᠷᠢᠶᠠᠴᠢᠨ ᠤ ᠪᠡᠶ᠎ᠡ ᠶᠢᠨ ᠡᠷᠡᠭᠦᠯ ᠮᠡᠨᠳᠦ ᠳᠤ ᠬᠦᠨᠳᠦ ᠨᠣᠴᠢᠲᠠᠢ | ᠬᠤᠣᠷ ᠬᠥᠨᠥᠭᠡᠯ ᠤᠴᠠᠷᠠᠭᠤᠯᠬᠤ ᠰᠦᠷᠢᠶ᠎ᠡ ᠡᠪᠡᠳᠴᠢᠨ᠂ ᠠᠶᠢᠽ ᠡᠪᠡᠳᠴᠢᠨ ᠵᠡᠷᠭᠡ ᠬᠠᠯᠳᠠᠪᠤᠷᠢᠲᠤ ᠡᠪᠡᠳᠴᠢᠨ ᠪᠠ ᠣᠷᠣᠨ ᠨᠤᠲᠤᠭ ᠤᠨ ᠡᠪᠡᠳᠴᠢᠨ᠂ | ᠠᠵᠢᠯ ᠤᠨ ᠨᠥᠯᠥᠭᠡᠨ ᠤ ᠡᠪᠡᠳᠴᠢᠨ᠂ ᠰᠢᠮᠡᠭᠦᠷ ᠬᠤᠷᠣᠬᠠᠢ ᠶᠢᠨ ᠡᠪᠡᠳᠴᠢᠨ ᠵᠡᠷᠭᠡ ᠬᠦᠨᠳᠦ ᠶᠡᠭᠡ ᠡᠪᠡᠳᠴᠢᠨ ᠡᠮᠭᠡᠭ ᠢ ᠭᠤᠣᠯᠳᠠᠯᠭ᠎ᠠ ᠲᠠᠢ ᠬᠢᠵᠠᠭᠠᠷᠯᠠᠵᠤ᠂ | ᠡᠭᠡᠯᠢᠯᠡᠭᠡ ᠶᠢᠨ ᠲᠠᠷᠢᠯᠭ᠎ᠠ᠂ ᠤᠳᠠᠭᠠᠨ ᠴᠢᠨᠠᠷᠲᠠᠢ ᠬᠠᠯᠳᠠᠪᠤᠷᠢᠲᠤ ᠪᠤᠰᠤ ᠡᠪᠡᠳᠴᠢᠨ ᠢ ᠰᠡᠷᠭᠡᠶᠢᠯᠡᠨ ᠵᠠᠰᠠᠬᠤ ᠶᠢ ᠬᠡᠷᠡᠭᠵᠢᠭᠦᠯᠦᠨ᠂ ᠠᠶᠢᠽ ᠡᠪᠡᠳᠴᠢᠨ ᠤ | ᠸᠢᠷᠦ᠋ᠰ ᠲᠤ ᠬᠠᠯᠳᠠᠪᠤᠷᠢᠯᠠᠭᠳᠠᠭᠰᠠᠳ ᠪᠠ ᠠᠶᠢᠽ ᠡᠪᠡᠳᠴᠢᠨ ᠳᠤ ᠨᠡᠷᠪᠡᠭᠳᠡᠭᠰᠡᠳ ᠲᠤ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠯᠠᠪᠯᠠᠭ᠎ᠠ ᠶᠢᠨ ᠦᠢᠯᠡᠴᠢᠯᠡᠭᠡ | ᠵᠡᠷᠭᠡ ᠶᠢ ᠬᠠᠩᠭᠠᠨ᠎ᠠ᠃ ᠮᠠᠯᠵᠢᠬᠤ ᠣᠷᠣᠨ ᠤ ᠡᠮᠡᠭᠲᠡᠶᠢᠴᠦᠳ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ ᠪᠠ ᠬᠡᠦᠬᠡᠳ ᠤᠨ ᠡᠷᠡᠭᠦᠯ ᠮᠡᠨᠳᠤ ᠶᠢ ᠬᠠᠮᠠᠭᠠᠯᠠᠬᠤ | ᠠᠵᠢᠯ ᠢ ᠬᠠᠷᠢᠭᠤᠴᠠᠨ᠎ᠠ᠃ ᠦᠨᠳᠦᠰᠦᠨ ᠡᠮ ᠡᠮᠨᠡᠯᠭᠡ᠃ ᠡᠩ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ᠂ | ᠲᠤᠬᠠᠢ ᠶᠢᠨ ᠭᠠᠵᠠᠷ ᠲᠤᠨᠢ ᠠᠪᠤᠷᠠᠨ ᠲᠤᠰᠠᠯᠠᠬᠤ᠂ ᠤᠳᠠᠭᠠᠨ ᠴᠢᠨᠠᠷᠲᠠᠢ ᠡᠪᠡᠳᠴᠢᠨ ᠢ ᠰᠢᠭᠰᠢᠨ ᠪᠠᠶᠢᠴᠠᠭᠠᠬᠤ ᠪᠠ ᠭᠤᠣᠯᠳᠠᠯᠭ᠎ᠠ ᠲᠠᠢ ᠤᠳᠠᠭᠠᠨ ᠴᠢᠨᠠᠷᠲᠠᠢ | ᠡᠪᠡᠳᠴᠢᠨ ᠤ ᠵᠢᠱᠢᠶ᠎ᠡ ᠶᠢᠨ ᠬᠠᠮᠢᠶᠠᠷᠤᠯᠲᠠ᠂ ᠮᠡᠳᠡᠷᠡᠯ ᠤᠨ ᠡᠪᠡᠳᠴᠢᠲᠡᠨ ᠢ ᠬᠠᠮᠢᠶᠠᠷᠬᠤ᠂ ᠰᠢᠯᠵᠢᠭᠦᠯᠦᠨ ᠣᠨᠣᠰᠢᠯᠠᠬᠤ ᠦᠢᠯᠡᠴᠢᠯᠡᠭᠡ ᠶᠢ ᠬᠠᠷᠢᠭᠤᠴᠠᠨ᠎ᠠ᠃ ᠡᠷᠡᠭᠦᠯ | ᠮᠡᠨᠳᠦ ᠶᠢᠨ ᠬᠥᠮᠦᠵᠢᠯ᠃ ᠡᠷᠡᠭᠦᠯ ᠮᠡᠨᠳᠦ ᠶᠢᠨ ᠯᠠᠪᠯᠠᠯᠭ᠎ᠠ ᠶᠢᠨ ᠡᠭᠦᠳᠡᠨ ᠡᠮᠨᠡᠯᠭᠡ ᠪᠠᠶᠢᠭᠤᠯᠵᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠡᠷᠡᠭᠦᠯ | ᠬᠠᠮᠠᠭᠠᠯᠠᠯ ᠡᠷᠡᠭᠦᠯᠵᠢᠯ ᠤᠨ ᠮᠡᠳᠡᠯᠭᠡ ᠶᠢ ᠲᠦᠭᠡᠮᠡᠯᠵᠢᠭᠦᠯᠦᠨ᠂ ᠡᠷᠡᠭᠦᠯ ᠮᠡᠨᠳᠦ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠠᠪᠤᠭᠤᠯᠵᠤ᠂ ᠮᠠᠯᠴᠢᠨ ᠲᠠᠷᠢᠶᠠᠴᠢᠨ ᠢ | ᠬᠥᠲᠥᠯᠥᠨ ᠵᠢᠯᠤᠭᠤᠳᠬᠤ ᠪᠠ ᠬᠠᠪᠰᠤᠷᠴᠤ ᠪᠠᠶᠢᠭᠠᠳ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠢ ᠪᠣᠶ ᠪᠣᠯᠭᠠᠨ᠂ ᠮᠤᠬᠤᠷ ᠪᠢᠰᠢᠷᠡᠯ ᠢ ᠠᠷᠢᠯᠭᠠᠵᠤ | ᠂ ᠰᠢᠨᠵᠢᠯᠡᠬᠦ ᠤᠬᠠᠭᠠᠨᠴᠢ᠂ ᠪᠣᠯᠪᠠᠰᠤᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠬᠡᠷᠡᠭᠲᠡᠢ᠃ ᠬᠤᠰᠢᠭᠤᠨ ᠤ ᠡᠷᠡᠭᠦᠯ ᠬᠠᠮᠠᠭᠠᠯᠠᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠬᠠᠷᠢᠶᠠᠲᠤ ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠶᠠᠪᠤᠭᠳᠠᠭᠤᠯᠵᠤ | ᠂ ᠲᠤᠰᠬᠠᠢ ᠲᠤᠰᠢᠶᠠᠯᠲᠤ ᠡᠷᠡᠭᠦᠯ ᠬᠠᠮᠠᠭᠠᠯᠠᠯ ᠤᠨ ᠮᠡᠷᠭᠡᠵᠢᠯᠲᠡᠨ ᠢ ᠵᠢᠭᠠᠨ ᠲᠣᠭᠲᠠᠭᠠᠵᠤ ᠬᠠᠷᠢᠶᠠᠲᠤ ᠣᠷᠣᠨ ᠤ ᠮᠠᠯᠴᠢᠨ ᠲᠠᠷᠢᠶᠠᠴᠢᠨ ᠤ ᠡᠪᠡᠳᠴᠢᠯᠡᠭᠰᠡᠨ | ᠪᠠᠶᠢᠳᠠᠯ ᠳᠤ ᠲᠠᠬᠤᠯ ᠡᠪᠡᠳᠴᠢᠨ ᠤ ᠰᠤᠳᠤᠯᠤᠯ ᠤᠨ ᠵᠠᠳᠠᠯᠤᠯᠲᠠ ᠬᠢᠯᠭᠡᠵᠦ᠂ ᠵᠠᠰᠠᠭ ᠤᠨ ᠣᠷᠳᠣᠨ ᠪᠠ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ ᠬᠠᠮᠲᠤᠯᠢᠭ ᠤᠨ ᠤᠷᠢᠳᠴᠢᠯᠠᠨ ᠰᠡᠷᠭᠡᠶᠢᠯᠡᠬᠦ᠂ ᠬᠠᠮᠲᠤᠯᠢᠭ ᠤᠨ ᠭᠠᠷ ᠲᠦᠷᠦᠭᠦ ᠰᠠᠨᠠᠭᠤᠯᠭ᠎ᠠ ᠶᠢ ᠴᠠᠭ ᠲᠤᠬᠠᠢ ᠳᠤᠨᠢ ᠳᠤᠷᠠᠳᠤᠨ᠂ ᠬᠠᠷᠢᠶᠠᠲᠤ | ᠣᠷᠣᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯ ᠢ ᠬᠠᠮᠵᠢᠨ ᠥᠷᠨᠢᠭᠦᠯᠵᠦ᠂ ᠬᠠᠮᠲᠤᠯᠢᠭ ᠤᠨ ᠴᠢᠨᠠᠷᠲᠠᠢ ᠡᠪᠡᠳᠴᠢᠨ ᠡᠮᠭᠡᠭ ᠡᠭᠦᠰᠬᠦ ᠶᠢ ᠬᠠᠮᠤᠭ ᠶᠡᠭᠡ | ᠬᠡᠮᠵᠢᠶ᠎ᠡ ᠪᠠᠷ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠮᠡᠷᠭᠡᠵᠢᠯ ᠤᠨ ᠵᠢᠯᠣᠭᠤᠳᠤᠯᠭ᠎ᠠ ᠪᠠ ᠬᠥᠳᠡᠭᠡ ᠲᠣᠰᠬᠤᠨ ᠤ ᠡᠮᠴᠢ ᠰᠤᠪᠢᠯᠠᠭᠴᠢᠳ ᠤᠨ | ᠪᠣᠯᠪᠠᠰᠤᠷᠠᠯ ᠢ ᠬᠠᠷᠢᠭᠤᠴᠠᠨ᠎ᠠ᠃ ᠲᠥᠪ ᠡᠷᠡᠭᠦᠯ ᠬᠠᠮᠠᠭᠠᠯᠠᠯ ᠤᠨ ᠬᠤᠷᠢᠶ᠎ᠠ ᠨᠢ ᠡᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠬᠦ ᠠᠴᠠ ᠭᠠᠳᠠᠨ᠎ᠠ᠂ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠬᠠᠮᠵᠢᠨ ᠣᠷᠣᠨ ᠪᠦᠰᠡ ᠶᠢᠨ ᠳᠣᠲᠣᠷᠠᠬᠢ ᠡᠩ ᠤᠨ | ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠮᠡᠷᠭᠡᠵᠢᠯ ᠤᠨ ᠵᠢᠯᠣᠭᠤᠳᠤᠯᠭ᠎ᠠ ᠵᠡᠷᠭᠡ ᠠᠵᠢᠯ ᠢ ᠥᠷᠨᠢᠭᠦᠯᠬᠦ ᠶᠢ ᠬᠠᠷᠢᠭᠤᠴᠠᠨ᠎ᠠ᠃ ᠡᠷᠭᠢᠯᠡᠨ ᠬᠠᠮᠢᠶᠠᠷᠬᠤ ᠰᠠᠯᠠᠭ᠎ᠠ | ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | | ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠰᠢᠤᠳᠠᠨ ᠳ᠋ᠤᠭᠠᠷ᠄ 021200 | ᠰᠦᠯᠵᠢᠶᠡᠨ ᠤ ᠬᠠᠶ᠋ᠢᠭ᠄ www.xzq.gov.cn/OpennessContent/showList/763/0/page_1.html | ᠠᠵᠢᠯ ᠤᠨ ᠤᠲᠠᠰᠤ᠄ 0470 ︱ 2390893 | ᠠᠵᠢᠯᠯᠠᠬᠤ ᠴᠠᠭ᠄ 8᠄ 30 ︱ 12᠄ 00᠂ 14᠄ 30 ︱ 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠬᠠᠷᠢᠭᠤᠴᠠᠯᠭᠠᠲᠠᠨ᠄ ᠨᠠᠷᠠᠨᠮᠠᠨᠳᠤᠯ᠎ᠠ | | | |