ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠤᠬᠠᠢ ᠲᠣᠭᠲᠠᠭᠠᠯ
ᠨᠡᠶᠢᠲᠡᠯᠡᠭᠰᠡᠨ ᠴᠠᠭ᠄
2024/7/15
          ᠨᠢᠭᠡᠳᠦᠭᠡᠷ ᠵᠦᠢᠯ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠳᠣᠷᠣᠭᠰᠢ ᠲᠠᠷᠢᠶᠠᠯᠠᠩ ᠮᠠᠯ ᠠᠵᠤ ᠠᠬᠤᠢ ᠶᠢᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠭᠡᠵᠦ ᠲᠣᠪᠴᠢᠯᠠᠨ᠎ᠠ︶᠎ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ  ᠶᠢ ᠵᠢᠷᠤᠮᠵᠢᠭᠤᠯᠬᠤ ᠶᠢᠨ ᠲᠥᠯᠥᠭᠡ᠂ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠮᠡᠳᠡᠯ᠂ ᠲᠠᠰ ᠳᠠᠷᠠᠭᠠᠯᠠᠯ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠶᠢ ᠠᠬᠢᠭᠤᠯᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠨᠠᠶᠢᠷᠠᠭᠤᠯᠬᠤ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾᠎ ᠢ ᠦᠨᠳᠦᠰᠦᠯᠡᠨ ᠲᠣᠰ ᠲᠣᠭᠲᠠᠭᠠᠯ ᠢ ᠲᠣᠭᠲᠠᠭᠠᠪᠠ᠃          ᠬᠤᠶᠠᠳᠤᠭᠠᠷ ᠵᠦᠢᠯ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠂ ᠵᠢᠩᠬᠢᠨᠢ ᠰᠠᠯᠠᠭᠠᠨ ᠤ ᠲᠠᠰ ᠲᠠᠢ᠂ ᠰᠢᠨ᠎ᠡ ᠪᠠᠷᠭᠤ ᠵᠡᠭᠦᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠪᠠᠶᠢᠷᠢᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠰᠢᠭᠤᠳ ᠤᠳᠤᠷᠢᠳᠤᠯᠭ᠎ᠠ ᠶᠢ ᠬᠦᠯᠢᠶᠡᠨ᠎ᠡ᠃          ᠭᠤᠷᠪᠠᠳᠤᠭᠠᠷ ᠵᠦᠢᠯ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠤᠰᠤᠨ ᠠᠰᠢᠭᠯᠠᠯᠲᠠ ᠶᠢᠨ ᠲᠣᠪᠴᠢᠶ᠎ᠠ︶᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ ᠶᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠤᠪᠢᠶᠠᠷᠢᠯᠠᠨ ᠣᠷᠣᠭᠤᠯᠤᠨ᠎ᠠ᠃          ᠳᠥᠷᠪᠡᠳᠦᠭᠡᠷ ᠵᠦᠢᠯ ᠲᠣᠰ ᠲᠣᠭᠲᠠᠭᠠᠯ ᠳᠤ ᠲᠣᠭᠲᠠᠭᠠᠭᠰᠠᠨ ᠭᠤᠣᠯ ᠡᠭᠦᠷᠭᠡ ᠬᠠᠷᠢᠭᠤᠴᠠᠯᠭ᠎ᠠ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠣᠷᠣᠨ ᠲᠤᠭ᠎ᠠ ᠵᠡᠷᠭᠡ ᠪᠣᠯ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ᠂ ᠠᠵᠢᠯᠲᠠᠨ ᠤ ᠲᠣᠬᠢᠷᠠᠭᠤᠯᠤᠯᠲᠠ ᠪᠠ ᠠᠵᠢᠯ ᠤᠨ ᠠᠵᠢᠯᠯᠠᠭᠠᠨ ᠤ ᠦᠨᠳᠦᠰᠦᠨ ᠦᠨᠳᠦᠰᠦᠯᠡᠯ ᠪᠣᠯᠣᠨ᠎ᠠ᠃          ᠲᠠᠪᠤᠳᠤᠭᠠᠷ ᠵᠦᠢᠯ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠮᠠᠯᠴᠢᠨ ᠲᠠᠷᠢᠶᠠᠴᠢᠨ︾᠎ ᠤ ᠠᠵᠢᠯ᠂ ᠤᠰᠤᠨ ᠠᠰᠢᠭᠯᠠᠯᠲᠠ ᠶᠢᠨ ᠠᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠤᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄          ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠱᠤᠭᠤᠮ ᠢ ᠪᠠᠲᠤ ᠡᠵᠡᠮᠰᠢᠵᠦ᠂ ᠡᠭᠦᠨ ᠢ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠳᠤ ᠲᠤᠭᠤᠰᠢᠯᠠᠭᠤᠯᠵᠤ᠂ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ᠂ ᠲᠠᠷᠢᠶᠠᠯᠠᠩ ᠮᠠᠯ ᠠᠵᠤ ᠠᠬᠤᠢ ᠶᠢᠨ ᠬᠠᠮᠢᠶᠠᠷᠤᠯᠲᠠ ᠪᠠ ᠠᠵᠤ ᠦᠢᠯᠡᠰ ᠤᠨ ᠬᠥᠭᠵᠢᠯᠲᠡ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠦᠷᠭᠦᠯᠵᠢᠯᠡᠬᠦ ᠠᠰᠢᠭᠯᠠᠯᠲᠠ᠂ ᠮᠠᠯᠴᠢᠨ ᠲᠠᠷᠢᠶᠠᠴᠢᠨ ᠴᠢᠳᠠᠪᠤᠷᠢᠲᠠᠨ ᠢ ᠬᠥᠮᠥᠵᠢᠭᠦᠯᠬᠦ ᠪᠠ ᠦᠨᠡᠯᠡᠬᠦ᠂ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠵᠡᠷᠭᠡ ᠠᠵᠢᠯ ᠵᠢᠴᠢ ᠲᠣᠰ ᠪᠡᠶ᠎ᠡ ᠶᠢᠨ ᠪᠠᠶᠢᠭᠤᠯᠤᠯᠲᠠ ᠶᠢᠨ ᠪᠥᠬᠦ ᠶᠠᠪᠤᠴᠠ ᠶᠢᠨ ᠲᠠᠯ᠎ᠠ ᠳᠤ ᠲᠤᠭᠤᠰᠢᠯᠠᠭᠤᠯᠤᠨ᠎ᠠ᠃          ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠤᠣᠯᠳᠠᠯᠭ᠎ᠠ ᠪᠣᠯᠭᠠᠭᠰᠠᠨ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠠᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ ᠰᠤᠳᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ; ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠲᠥᠯᠦᠪᠵᠢᠭᠦᠯᠭᠡ ᠶᠢ ᠲᠣᠭᠲᠠᠭᠠᠵᠤ᠂ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠡᠬᠢ ᠪᠠᠶᠠᠯᠢᠭ ᠤᠨ ᠲᠥᠯᠦᠪᠵᠢᠭᠦᠯᠭᠡ᠂ ᠴᠢᠬᠤᠯᠠ ᠭᠤᠣᠯ ᠨᠠᠭᠤᠷ ︵ᠬᠥᠯᠥᠨ ᠨᠠᠭᠤᠷ ᠪᠠᠭᠲᠠᠬᠤ ᠦᠭᠡᠢ᠂ ᠳᠣᠷᠣᠭᠰᠢ ᠠᠳᠠᠯᠢ︶᠎ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠦᠪᠵᠢᠭᠦᠯᠭᠡ᠂ ᠦᠶᠡᠷ ᠢ ᠰᠡᠷᠭᠡᠶᠢᠯᠡᠬᠦ ᠲᠥᠯᠦᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ ; ᠪᠥᠬᠦ ᠬᠤᠰᠢᠭᠤᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠲᠦᠷᠦᠭᠦᠯᠡᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ᠎ᠠ᠃          ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠦᠷᠦᠭᠦᠯᠡᠨ ᠵᠣᠬᠢᠶᠠᠨ ᠪᠠᠶᠢᠭᠤᠯᠵᠤ ᠰᠠᠶᠢᠵᠢᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠪᠠ ᠰᠢᠯᠢᠳᠡᠭ ᠨᠡᠭᠦᠳᠡᠯ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃          ︵ᠳᠥᠷᠪᠡ︶ ᠲᠠᠷᠢᠶᠠᠴᠢᠨ ᠮᠠᠯᠴᠢᠳ  ᠤᠨ ᠳᠠᠭᠠᠭᠠᠴᠢᠯᠠᠭᠰᠠᠨ ᠭᠠᠵᠠᠷ᠂ ᠲᠠᠷᠢᠶᠠᠯᠠᠬᠤ ᠮᠠᠯᠵᠢᠬᠤ ᠣᠷᠣᠨ  ᠤ ᠣᠷᠣᠨ ᠰᠠᠭᠤᠴᠠ ᠶᠢᠨ ᠰᠠᠭᠤᠷᠢ ᠭᠠᠵᠠᠷ᠂ ᠲᠠᠷᠢᠶᠠᠯᠠᠬᠤ ᠮᠠᠯᠵᠢᠬᠤ ᠣᠷᠣᠨ  ᠤ ᠬᠠᠮᠲᠤ ᠶᠢᠨ ᠥᠮᠴᠢᠯᠡᠬᠦ ᠡᠷᠬᠡ ᠶᠢᠨ ᠳᠦᠷᠢᠮ  ᠤᠨ ᠥᠭᠡᠷᠡᠴᠢᠯᠡᠯᠲᠡ ᠪᠣᠯᠣᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠎ ᠢ ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠪᠠ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠮᠠᠯᠴᠢᠨ ᠲᠠᠷᠢᠶᠠᠴᠢᠳ ᠤᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠥᠭᠵᠢᠯᠲᠡ ᠶᠢ ᠵᠢᠯᠣᠭᠤᠳᠤᠨ᠎ᠠ᠃          ︵ᠲᠠᠪᠤ︶ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠲᠦᠷᠦᠭᠦᠯᠡᠨ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠤᠮᠤ ᠪᠠᠯᠭᠠᠰᠤ ᠪᠣᠯᠣᠨ ᠭᠤᠣᠯᠳᠠᠯᠭ᠎ᠠ ᠲᠠᠢ ᠭᠠᠵᠠᠷ ᠣᠷᠣᠨ ᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠴᠡᠭ ᠲᠣᠭᠲᠠᠭᠠᠨ ᠬᠠᠪᠰᠤᠷᠤᠨ ᠲᠡᠳᠬᠦᠬᠦ᠂ ᠨᠡᠶᠢᠭᠡᠮ ᠢᠶᠠᠷ ᠢᠶᠠᠨ ᠬᠠᠪᠰᠤᠷᠤᠨ ᠲᠡᠳᠬᠦᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠯᠵᠢᠯᠲᠡ ᠶᠢᠨ ᠬᠤᠭᠤᠴᠠᠭᠠᠨ ᠳᠤ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠠᠮᠢᠶ᠎ᠠ ᠪᠦᠬᠦᠢ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠠ ᠬᠤᠰᠢᠭᠤᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠰᠠᠨᠠᠭᠤᠯᠭ᠎ᠠ ᠶᠢᠨ ᠲᠥᠰᠥᠯ ᠢ ᠰᠤᠳᠤᠯᠤᠨ ᠳᠤᠷᠠᠳᠬᠤ ᠶᠢᠨ ᠬᠠᠮᠲᠤ ᠪᠡᠯᠡ ᠮᠥᠩᠭᠦ ᠶᠢᠨ ᠬᠡᠷᠡᠭᠯᠡᠯᠲᠡ ᠶᠢ ᠵᠢᠯᠣᠭᠤᠳᠤᠨ ᠬᠢᠨᠠᠯᠲᠠ ᠲᠠᠯᠪᠢᠵᠤ᠂ ᠬᠥᠳᠡᠭᠡ ᠲᠣᠰᠬᠤᠨ ᠤ ᠬᠠᠪᠰᠤᠷᠤᠨ ᠲᠡᠳᠬᠦᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ ᠤ ᠪᠠᠶᠢᠩᠭᠤ ᠶᠢᠨ ᠴᠢᠨᠠᠷᠲᠠᠢ ᠬᠠᠪᠰᠤᠷᠤᠨ ᠲᠡᠳᠬᠦᠬᠦ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ ᠣᠷᠳᠣ ᠬᠤᠭᠤᠴᠠᠭᠠᠨ ᠤ ᠪᠦᠲᠦᠮᠵᠢᠲᠡᠶ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠎ᠠ᠃          ︵ᠵᠢᠷᠭᠤᠭ᠎ᠠ︶ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ  ᠤᠨ ᠡᠵᠡᠩᠨᠡᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠲᠤ ᠠᠵᠤ ᠦᠢᠯᠡᠰ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠪᠠ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠬᠥᠭᠵᠢᠯᠲᠡ ᠶᠢᠨ ᠠᠵᠢᠯ ᠢ ᠵᠢᠯᠤᠭᠤᠳᠴᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠰᠠᠨᠠᠭᠤᠯᠵᠤ᠂ ᠶᠡᠭᠡ ᠬᠡᠮᠵᠢᠶᠡᠨ  ᠤ ᠲᠠᠷᠢᠶᠠᠯᠠᠩ  ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢᠨ ᠭᠦᠢᠯᠭᠡᠭᠡᠨ  ᠢ ᠠᠬᠢᠭᠤᠯᠬᠤ ᠰᠠᠨᠠᠭᠤᠯᠭ᠎ᠠ ᠶᠢ ᠳᠤᠷᠠᠳᠴᠤ᠂ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠲᠡᠮᠳᠡᠭ ᠎ ᠢ ᠪᠣᠶᠢᠵᠢᠭᠤᠯᠤᠨ ᠬᠠᠮᠠᠭᠠᠯᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠯᠲᠠ ᠬᠢᠨ᠎ᠡ᠃ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠪᠠ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃          ︵ᠲᠤᠯᠤᠭ᠎ᠠ︶ ᠲᠠᠷᠢᠮᠠᠯ  ᠤᠨ ᠦᠢᠯᠡᠰ᠂ ᠮᠠᠯ ᠠᠵᠤ ᠠᠬᠤᠢ᠂ ᠵᠢᠭᠠᠰᠤᠨ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠡᠯ᠎ᠡ ᠠᠵᠤ ᠦᠢᠯᠡᠰ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠠᠮᠤ ᠪᠤᠳᠠᠭ᠎ᠠ᠂ ᠮᠢᠬᠠᠨ ᠤ ᠵᠦᠢᠯ᠂ ᠰᠦ ᠶᠢᠨ ᠦᠢᠯᠡᠰ᠂ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠪᠠ ᠤᠰᠤᠨ ᠤ ᠭᠠᠷᠤᠯᠲᠠ ᠵᠡᠷᠭᠡ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠵᠢᠯᠤᠭᠤᠳᠴᠤ᠂ ᠣᠯᠠᠨ ᠡᠰᠢᠵᠢᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠤᠨ᠎ᠠ᠃ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠵᠢᠯᠣᠭᠤᠳᠤᠨ᠎ᠠ᠃          ︵ᠨᠠᠢᠮᠠ︶ ᠲᠠᠷᠢᠶᠠᠯᠠᠩ  ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢᠨ ᠶᠠᠰᠤ ᠴᠢᠨᠠᠷ  ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ  ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢᠨ ᠶᠠᠰᠤ ᠴᠢᠨᠠᠷ  ᠤᠨ ᠠᠶᠤᠯ ᠦᠭᠡᠢ ᠶᠢ ᠬᠢᠨᠠᠨ ᠬᠡᠮᠵᠢᠬᠦ᠂ ᠨᠡᠬᠡᠮᠵᠢᠯᠡᠬᠦ᠂ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ  ᠰᠢᠰᠲ᠋ᠧᠮᠵᠢ ᠶᠢᠨ ᠪᠠᠶᠢᠭᠤᠯᠤᠯᠲᠠ ᠶᠢ ᠪᠣᠬᠢᠷᠲᠤᠯ ᠦᠭᠡᠢ᠂ ᠣᠷᠭᠠᠨᠢᠭ᠂ ᠭᠠᠵᠠᠷ ᠵᠦᠢ ᠶᠢᠨ ᠪᠡᠯᠭᠡ ᠲᠡᠮᠳᠡᠭ ᠪᠠ ᠨᠡᠷᠡᠳᠤ ᠰᠢᠯᠢᠳᠡᠭ ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠶᠢᠵᠢᠭᠤᠯᠬᠤ ᠪᠠᠷ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃          ︵ᠶᠢᠰᠦ︶ ᠲᠠᠷᠢᠶᠠᠨ ᠭᠠᠵᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠶᠠᠰᠤ ᠴᠢᠨᠠᠷ ᠤᠨ ᠨᠠᠩ ᠳᠣᠣᠷ᠎ᠠ ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ  ᠤᠨ ᠣᠷᠣᠨ ᠬᠤᠪᠢᠶᠠᠷᠢᠯᠠᠬᠤ ᠠᠵᠢᠯ  ᠢ ᠵᠣᠬᠢᠶᠠᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ  ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠠᠵᠢᠯ  ᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠡᠷᠡᠭᠯᠡᠬᠦ ᠭᠠᠵᠠᠷ᠂ ᠵᠢᠭᠠᠰᠤᠨ ᠠᠵᠤ ᠠᠬᠤᠢ ᠶᠢᠨ ᠤᠰᠤᠨ ᠣᠷᠣᠨ ᠵᠢᠴᠢ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠢ ᠬᠠᠮᠠᠭᠠᠯᠠᠬᠤ ᠪᠠ ᠬᠠᠮᠢᠶᠠᠷᠬᠤ ᠶᠢ ᠵᠢᠯᠤᠭᠤᠳᠴᠤ᠂ ᠤᠰᠤᠨ ᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠬᠠᠮᠢᠶᠠᠷᠤᠯᠲᠠ ᠪᠠ ᠠᠵᠤ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠡᠷᠭᠢᠯᠲᠡᠲᠦ ᠲᠠᠷᠢᠶᠠᠯᠠᠩ ᠮᠠᠯ ᠠᠵᠤ ᠠᠬᠤᠢ᠂ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠵᠢᠴᠢ ᠲᠠᠷᠢᠶᠠᠯᠠᠩ ᠮᠠᠯ ᠠᠵᠤ ᠠᠬᠤᠢ ᠮᠠᠯᠵᠢᠬᠤ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠣᠳᠠᠰ ᠤᠨ ᠮᠠᠰ ᠤᠨ ᠠᠵᠤ ᠦᠢᠯᠡᠰ ᠤᠨ ᠭᠠᠳᠠᠨ᠎ᠠ ᠠᠴᠠ ᠢᠷᠡᠭᠰᠡᠨ ᠳᠦᠷᠰᠦ ᠶᠢ ᠲᠦᠷᠦᠭᠦᠯᠡᠨ ᠬᠠᠮᠢᠶᠠᠷᠤᠨ᠎ᠠ᠃          ︵ᠠᠷᠪᠠ︶ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ  ᠤᠨ ᠬᠡᠷᠡᠭᠰᠡᠯ ᠪᠣᠯᠣᠨ ᠣᠷᠣᠭᠤᠯᠤᠯᠲᠠ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ  ᠤᠨ ᠬᠡᠷᠡᠭᠰᠡᠯ ᠪᠣᠯᠣᠨ ᠣᠷᠣᠭᠤᠯᠤᠯᠲᠠ ᠤᠨ ᠬᠤᠯᠪᠣᠭᠳᠠᠯ ᠪᠦᠬᠦᠢ ᠤᠯᠤᠰ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠲᠠᠷᠢᠮᠠᠯ᠂ ᠲᠡᠵᠢᠭᠡᠯ ᠡᠪᠡᠰᠦᠨ  ᠤ ᠦᠷ᠎ᠡ ︵ᠦᠷ᠎ᠡ ᠴᠢᠬᠢ︶᠂ ᠪᠣᠷᠳᠣᠭᠤᠷ᠂ ᠡᠭᠦᠯᠳᠡᠷ  ᠤᠨ ᠮᠠᠯ ᠵᠢᠭᠦᠷᠲᠡᠨ᠂ ᠲᠠᠷᠢᠶᠠᠨ ᠡᠮ᠂ ᠮᠠᠯ  ᠤᠨ ᠡᠮ᠂ ᠲᠡᠵᠢᠭᠡᠯ ᠪᠣᠷᠳᠤᠭ᠎ᠠ᠂ ᠲᠡᠵᠢᠭᠡᠯ ᠪᠣᠷᠳᠣᠭᠠᠨ ᠤ ᠨᠡᠮᠡᠯᠲᠡ ᠤᠨ ᠡᠷᠬᠡ ᠮᠡᠳᠡᠯ ᠬᠡᠪᠴᠢᠶᠡᠨ ᠳᠣᠲᠣᠷᠠᠬᠢ ᠦᠢᠯᠡᠳᠪᠦᠷᠢᠯᠡᠵᠦ ᠪᠣᠷᠣᠯᠠᠭᠤᠯᠬᠤ ᠵᠥᠪᠰᠢᠶᠡᠷᠡᠯ ᠬᠢᠭᠡᠳ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠢ᠃ ᠡᠪᠡᠰᠦ ᠪᠣᠷᠳᠤᠭ᠎ᠠ᠂ ᠮᠠᠯ ᠤᠨ ᠡᠮ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨ  ᠤ ᠦᠢᠯᠡᠳᠬᠦᠨ  ᠤ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃          ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠲᠠᠷᠢᠮᠠᠯ ᠪᠠ ᠲᠡᠵᠢᠭᠡᠯ ᠡᠪᠡᠰᠦᠨ ᠤ ᠡᠪᠡᠳᠴᠢᠨ ᠬᠤᠷᠣᠬᠠᠢ ᠶᠢᠨ ᠬᠥᠨᠥᠭᠡᠯ ᠵᠢᠴᠢ ᠮᠠᠯ ᠵᠢᠭᠦᠷᠲᠡᠨ᠂ ᠤᠰᠤᠨ ᠤ ᠠᠮᠢᠳᠤ ᠪᠣᠳᠠᠰ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ ᠠᠮᠢᠳᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠬᠢᠵᠢᠭ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠵᠢᠯᠤᠭᠤᠳᠴᠤ᠂ ᠠᠮᠢᠳᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠢᠨᠠᠨ ᠬᠡᠮᠵᠢᠵᠦ᠂ ᠬᠢᠵᠢᠭ ᠤᠨ ᠪᠠᠶᠢᠳᠠᠯ ᠢ ᠨᠡᠶᠢᠲᠡᠯᠡᠬᠦ ᠶᠢᠨ ᠬᠠᠮᠲᠤ ᠵᠣᠬᠢᠶᠠᠨ ᠪᠠᠶᠢᠭᠤᠯᠤᠨ ᠠᠷᠢᠯᠭᠠᠬᠤ ᠬᠡᠷᠡᠭᠲᠡᠢ᠃ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠮᠠᠯ ᠤᠨ ᠡᠮ᠂ ᠲᠡᠵᠢᠭᠡᠯ ᠡᠪᠡᠰᠦ ᠲᠡᠵᠢᠭᠡᠯ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠪᠠ ᠲᠣᠬᠢᠷᠠᠭᠤᠯᠬᠤ ᠠᠵᠢᠯ ᠢ ᠵᠣᠬᠢᠶᠠᠨ ᠪᠠᠶᠢᠭᠤᠯᠵᠤ᠂ ᠭᠠᠮᠰᠢᠭ ᠠᠴᠠ ᠪᠠᠴᠢᠮ ᠠᠪᠤᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠠᠵᠢᠯ ᠢ ᠵᠢᠯᠣᠭᠤᠳᠤᠨ᠎ᠠ᠃          ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠢ  ᠶᠢᠨ ᠪᠡᠯᠡ ᠣᠷᠣᠭᠤᠯᠤᠯᠲᠠ  ᠶᠢᠨ ᠬᠠᠮᠢᠶᠠᠷᠤᠯᠲᠠ  ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠪᠣᠯᠣᠨ ᠬᠤᠰᠢᠭᠤᠨ  ᠤ ᠵᠠᠰᠠᠭ ᠠᠴᠠ ᠲᠣᠬᠢᠷᠠᠭᠤᠯᠤᠭᠰᠠᠨ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ  ᠤ ᠪᠡᠯᠡ ᠣᠷᠣᠭᠤᠯᠤᠯᠲᠠ ᠶᠢᠨ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠲᠠᠷᠢᠶᠠᠯᠠᠩ ᠤᠨ ᠤᠰᠤᠨ ᠠᠰᠢᠭᠯᠠᠯᠲᠠ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠲᠠᠷᠢᠶᠠᠯᠠᠩ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠯᠥᠪᠯᠡᠭᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠲᠣᠭᠲᠠᠭᠠᠭᠰᠠᠨ ᠡᠷᠬᠡ ᠮᠡᠳᠡᠯ  ᠤᠨ ᠶᠣᠰᠣᠭᠠᠷ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ  ᠢ ᠬᠢᠨᠠᠨ ᠵᠥᠪᠰᠢᠶᠡᠷᠡᠵᠦ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ  ᠤᠨ ᠪᠡᠯᠡ ᠮᠥᠩᠭᠦ ᠶᠢ ᠲᠣᠬᠢᠷᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃          ︵ᠠᠷᠪᠠᠨ ᠭᠤᠷᠪᠠ︶ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠤ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ  ᠢ ᠵᠣᠬᠢᠶᠠᠨ ᠪᠠᠶᠢᠭᠤᠯᠤᠨ ᠲᠠᠷᠢᠶᠠᠯᠠᠬᠤ ᠮᠠᠯᠵᠢᠬᠤ ᠣᠷᠣᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠬᠦ ᠳᠠᠭᠠᠭᠤᠯᠤᠭᠴᠢ ᠠᠵᠤ ᠠᠬᠤᠶᠢᠯᠠᠯ  ᠤᠨ ᠡᠷᠬᠢᠯᠡᠵᠤ ᠬᠢᠬᠦ ᠠᠵᠢᠯ  ᠤᠨ ᠮᠡᠷᠭᠡᠵᠢᠯ  ᠤᠨ ᠴᠢᠳᠠᠪᠤᠷᠢ ᠶᠢᠨ ᠬᠥᠮᠦᠵᠢᠯ ᠪᠣᠯᠣᠨ ᠠᠵᠢᠯ ᠥᠷᠨᠢᠭᠦᠯᠬᠦ ᠶᠢ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃          ︵ᠠᠷᠪᠠᠨ ᠳᠥᠷᠪᠡ︶ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠪᠠᠲᠤᠯᠠᠬᠤ ᠶᠢ ᠬᠠᠷᠢᠭᠤᠴᠠᠨ᠎ᠠ᠃ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠤ ᠬᠡᠷᠡᠭᠯᠡᠬᠦ ᠤᠰᠤ ᠶᠢ ᠨᠢᠭᠡᠳᠦᠯᠲᠡᠢ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠪᠥᠬᠦ ᠬᠤᠰᠢᠭᠤᠨ ᠤ ᠤᠰᠤᠨ ᠤ ᠳᠤᠮᠳᠠ ᠣᠷᠳᠣ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠦᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠥᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠪᠥᠬᠦ ᠬᠤᠰᠢᠭᠤᠨ ᠤ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ ᠲᠠᠲᠠᠬᠤ ᠶᠢ ᠵᠥᠪᠰᠢᠶᠡᠷᠡᠬᠦ᠂ ᠤᠰᠤᠨ ᠤ ᠡᠬᠢ ᠪᠠᠶᠠᠯᠢᠭ ᠢ ᠨᠤᠲᠠᠯᠠᠬᠤ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠰᠤᠮᠤ ᠪᠠᠯᠭᠠᠰᠤ ᠶᠢᠨ ᠤᠰᠤ ᠬᠠᠩᠭᠠᠬᠤ ᠠᠵᠢᠯ ᠢ ᠵᠢᠯᠣᠭᠤᠳᠤᠨ᠎ᠠ᠃          ︵ᠠᠷᠪᠠᠨ ᠲᠠᠪᠤ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠵᠢᠯᠣᠭᠤᠳᠤᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ  ᠤ ᠶᠡᠷᠦᠩᠬᠡᠶᠢᠯᠡᠨ ᠵᠠᠰᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃          ︵ᠠᠷᠪᠠᠨ ᠵᠢᠷᠭᠤᠭ᠎ᠠ︶ ᠤᠰᠤ ᠠᠷᠪᠢᠯᠠᠵᠤ ᠬᠡᠷᠡᠭᠯᠡᠬᠦ ᠠᠵᠢᠯ  ᠢ ᠬᠠᠷᠢᠭᠤᠴᠠᠨ᠎ᠠ᠃ ᠤᠰᠤ ᠶᠢ ᠠᠷᠪᠢᠯᠠᠵᠤ ᠬᠡᠷᠡᠭᠯᠡᠬᠦ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃          ︵ᠠᠷᠪᠠᠨ ᠲᠤᠯᠤᠭ᠎ᠠ︶ ᠤᠰᠤᠨ ᠠᠰᠢᠭᠯᠠᠯᠲᠠ  ᠶᠢᠨ ᠪᠦᠲᠦᠭᠡᠨ ᠪᠠᠶᠢᠭᠤᠯᠤᠯᠲᠠ  ᠶᠢᠨ ᠲᠥᠷᠥᠯ ᠵᠦᠢᠯ  ᠤᠨ ᠬᠢᠨᠠᠯᠲᠠ ᠬᠠᠮᠢᠶᠠᠷᠤᠯᠲᠠ  ᠶᠢ ᠬᠠᠷᠢᠭᠤᠴᠠᠨ᠎ᠠ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠬᠠᠷᠢᠭᠤᠴᠠᠨ ᠳᠤᠷᠠᠳᠴᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠣᠨ ᠬᠤᠰᠢᠭᠤᠨ ᠤ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠯ ᠢ ᠳᠤᠷᠠᠳᠤᠨ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠥᠯᠦᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠥᠷᠥᠯ ᠵᠦᠢᠯ ᠢ  ᠬᠢᠨᠠᠨ ᠵᠥᠪᠰᠢᠶᠡᠷᠡᠨ᠎ᠡ᠃             ( ᠠᠷᠪᠠᠨ ᠨᠠᠢᠮᠠ ) ᠤᠰᠦᠠ ᠠᠰᠢᠭᠯᠠᠯᠲᠠ ᠶᠢᠨ ᠲᠥᠬᠦᠭᠡᠷᠦᠮᠵᠢ᠂ ᠤᠰᠦᠠ ᠣᠷᠣᠨ ᠵᠢᠴᠢ ᠲᠡᠯᠡᠢ ᠶᠢᠨ ᠡᠷᠭᠢ ᠶᠢᠨ ᠱᠤᠭᠤᠮ ᠢ ᠬᠠᠮᠢᠶᠠᠷᠬᠤ᠂ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠂ ᠪᠥᠬᠦ ᠬᠤᠰᠢᠭᠤᠨ ᠤ ᠴᠢᠬᠤᠯᠠ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢ ᠵᠢᠯᠣᠭᠤᠳᠤᠨ᠎ᠠ᠃ ᠪᠥᠬᠦ ᠬᠤᠰᠢᠭᠤᠨ ᠤ ᠭᠤᠣᠯ ᠨᠠᠭᠤᠷ ᠤᠨ ᠤᠰᠤᠨ ᠤ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠭᠤᠣᠯ ᠨᠠᠭᠤᠷ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠣᠯ ᠨᠠᠭᠤᠷ ᠤᠨ ᠤᠰᠤᠨ ᠤ ᠰᠢᠰᠲ᠋ᠧᠮ ᠢ ᠬᠤᠯᠪᠣᠨ ᠨᠡᠪᠲᠡᠷᠡᠭᠦᠯᠬᠦ ᠠᠵᠢᠯ ᠢ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠭᠠᠳᠠᠭᠠᠳᠤ ᠶᠠᠪᠤᠳᠠᠯ ᠤᠨ ᠠᠵᠢᠯ ᠢ ᠥᠷᠨᠢᠭᠦᠯᠵᠦ᠂ ᠤᠯᠠᠨ ᠤᠯᠤᠰ ᠤᠨ ᠭᠤᠣᠯ ᠮᠥᠷᠡᠨ ᠤ ᠬᠤᠯᠪᠣᠭᠳᠠᠯ ᠪᠦᠬᠦᠢ ᠭᠠᠳᠠᠭᠠᠳᠤ ᠲᠠᠢ ᠬᠤᠯᠪᠣᠭᠳᠠᠬᠤ ᠬᠡᠷᠡᠭ ᠶᠠᠪᠤᠳᠠᠯ ᠢ ᠰᠢᠢᠳᠪᠦᠷᠢᠯᠡᠨ᠎ᠡ᠃          ︵ᠠᠷᠪᠠ ᠶᠢᠰᠦ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ  ᠤ ᠬᠠᠮᠢᠶᠠᠷᠤᠯᠲᠠ ᠶᠢ ᠵᠢᠯᠤᠭᠤᠳᠴᠤ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠡᠵᠡᠮᠳᠡᠯ ᠤᠨ ᠴᠢᠨᠠᠷᠲᠠᠢ ᠴᠢᠬᠤᠯᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠤᠭᠤᠳᠴᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ ᠬᠢᠨᠠᠯᠲᠠ ᠲᠠᠯᠪᠢᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ ᠤᠰᠤ ᠭᠠᠩ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃          ︵ᠬᠤᠷᠢ︶ ᠲᠠᠷᠢᠶᠠᠯᠠᠬᠤ ᠮᠠᠯᠵᠢᠬᠤ ᠣᠷᠣᠨ  ᠤ ᠤᠰᠤᠨ ᠠᠰᠢᠭᠯᠠᠯᠲᠠ ᠶᠢᠨ ᠠᠵᠢᠯ  ᠢ ᠵᠢᠯᠣᠭᠤᠳᠤᠨ᠎ᠠ᠃ ᠲᠣᠮᠣ ᠳᠤᠮᠳᠠ ᠬᠡᠯᠪᠡᠷᠢ ᠶᠢᠨ ᠤᠰᠤᠯᠠᠬᠤ ᠤᠰᠤ ᠵᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ  ᠤ ᠤᠤᠭᠤᠬᠤ ᠤᠰᠤᠨ  ᠤ ᠠᠶᠤᠯ ᠦᠭᠡᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ  ᠢ ᠵᠣᠬᠢᠶᠠᠨ ᠪᠠᠶᠢᠭᠤᠯᠤᠨ ᠵᠢᠯᠤᠭᠤᠳᠴᠤ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ  ᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ  ᠤ ᠤᠰᠤᠨ  ᠤ ᠡᠨᠧᠷᠬ ᠎ ᠶᠢᠨ ᠡᠬᠢ ᠪᠠᠶᠠᠯᠢᠭ  ᠢ ᠨᠡᠭᠡᠭᠡᠬᠦ᠂ ᠵᠢᠵᠢᠭ ᠤᠰᠤᠨ ᠴᠠᠬᠢᠯᠭᠠᠨ  ᠤ ᠥᠭᠡᠷᠡᠴᠢᠯᠡᠯᠲᠡ ᠪᠣᠯᠣᠨ ᠤᠰᠤᠨ ᠴᠠᠬᠢᠯᠭᠠᠨ  ᠤ ᠬᠥᠳᠡᠭᠡ ᠲᠣᠰᠬᠤᠨ  ᠤ ᠴᠠᠬᠢᠯᠭᠠᠨᠵᠢᠭᠤᠯᠤᠯᠲᠠ  ᠶᠢᠨ ᠠᠵᠢᠯ  ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃          ︵ᠬᠤᠷᠢᠨ ᠨᠢᠭᠡ︶ ᠬᠥᠷᠥᠰᠥ ᠰᠢᠷᠣᠢ ᠶᠢ ᠬᠠᠮᠠᠭᠠᠯᠠᠬᠤ ᠠᠵᠢᠯ  ᠢ ᠬᠠᠷᠢᠭᠤᠴᠠᠨ᠎ᠠ᠃ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠨ᠎ᠡ᠃ ᠬᠤᠰᠢᠭᠤᠨ ᠱᠠᠲᠤᠨ ᠤ ᠲᠥᠷᠥᠯ ᠵᠦᠢᠯ ᠲᠣᠭᠲᠠᠭᠠᠭᠰᠠᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠭᠤᠣᠯᠳᠠᠯᠭ᠎ᠠ ᠲᠠᠢ ᠬᠥᠷᠥᠰᠥ ᠰᠢᠷᠣᠢ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵ᠬᠤᠷᠢᠨ ᠬᠤᠶᠠᠷ︶ ᠪᠥᠬᠦ ᠬᠤᠰᠢᠭᠤᠨ ᠤ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠵᠦᠢ ᠵᠣᠬᠢᠰᠲᠠᠢ ᠪᠠᠶᠢᠷᠢᠰᠢᠭᠤᠯᠬᠤ ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠢᠯᠤᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠤᠨ᠎ᠠ᠃          ︵ᠬᠤᠷᠢᠨ ᠭᠤᠷᠪᠠ︶ ᠪᠥᠬᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃          ︵ᠬᠤᠷᠢᠨ ᠳᠥᠷᠪᠡ︶ ᠪᠥᠬᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠢ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠪᠥᠬᠦ ᠬᠤᠰᠢᠭᠤᠨ ᠤ ᠰᠢᠨ᠎ᠡ ᠶᠢ ᠡᠭᠦᠳᠬᠦ ᠪᠠᠶᠢᠴᠠᠭᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵ᠬᠤᠷᠢᠨ ᠲᠠᠪᠤ︶ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠠᠵᠢᠯ ᠢ ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ ᠣᠷᠣᠨ ᠪᠣᠯᠣᠨ ᠤᠰᠤᠨ ᠠᠰᠢᠭᠯᠠᠯᠲᠠ ᠶᠢᠨ ᠬᠦᠷᠢᠶ᠎ᠡ ᠴᠠᠷᠠᠭ᠎ᠠ ᠶᠢᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠢ ᠶᠢᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠡᠭᠦᠯᠳᠡᠷ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃          ︵ᠬᠤᠷᠢᠨ ᠵᠢᠷᠭᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠨ ᠡᠰᠢᠴᠢᠯᠡᠭᠰᠡᠨ ᠣᠷᠣᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃          ︵ᠬᠤᠷᠢᠨ ᠳᠣᠯᠤᠭ᠎ᠠ︶ ᠪᠥᠬᠦ ᠬᠤᠰᠢᠭᠤᠨ ᠤ ᠮᠡᠷᠭᠡᠵᠢᠯ ᠰᠢᠯᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠠᠵᠢᠯ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠵᠡᠷᠭᠡ ᠱᠠᠩᠨᠠᠯ ᠤᠨ ᠵᠦᠢᠯ ᠢ ᠲᠠᠨᠢᠯᠴᠠᠭᠤᠯᠤᠨ ᠮᠡᠳᠡᠭᠦᠯᠬᠦ ᠠᠵᠢᠯ ᠢ ᠬᠠᠷᠢᠭᠤᠴᠠᠨ᠎ᠠ᠃          ︵ᠬᠤᠷᠢᠨ ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠯᠲᠠ ᠲᠠᠯᠪᠢᠵᠤ ᠦᠨᠡᠯᠡᠬᠦ ᠠᠵᠢᠯ ᠢ ᠬᠠᠷᠢᠭᠤᠴᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠯᠲᠠ ᠲᠠᠯᠪᠢᠵᠤ ᠦᠨᠡᠯᠡᠬᠦ ᠰᠢᠰᠲ᠋ᠥᠮ ᠤᠨ ᠪᠠᠶᠢᠭᠤᠯᠤᠯᠲᠠ ᠪᠣᠯᠣᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠯᠲᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠢ ᠳᠡᠯᠭᠡᠷᠡᠭᠦᠯᠬᠦ ᠲᠥᠯᠦᠪᠵᠢᠭᠦᠯᠭᠡ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃          ︵ᠬᠤᠷᠢ ᠶᠢᠰᠦ︶ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠬᠠᠷᠢᠭᠤᠴᠠᠨ᠎ᠠ᠃ ᠤᠯᠤᠰ ᠤᠨ ᠭᠠᠳᠠᠭᠠᠳᠤ ᠳᠣᠲᠣᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭᠠᠨ ᠤ ᠠᠵᠢᠯ ᠢ ᠵᠣᠬᠢᠶᠠᠨ ᠪᠠᠶᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠤᠬᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠵᠡᠷᠭᠡ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃          ︵ᠭᠤᠴᠢ︶ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠰᠢᠨᠵᠢᠯᠡᠬᠦ ᠤᠬᠠᠭᠠᠨ ᠮᠡᠷᠭᠡᠵᠢᠯ  ᠤᠨ ᠠᠵᠢᠯ ᠲᠥᠷᠥᠯ  ᠤᠨ ᠬᠦᠷᠢᠶᠡᠨ  ᠤ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠬᠦ ᠪᠠ ᠠᠶᠤᠯ ᠦᠭᠡᠢ ᠦᠢᠯᠡᠳᠪᠦᠷᠢᠯᠡᠯ  ᠤᠨ ᠠᠵᠢᠯ  ᠢ ᠬᠠᠷᠢᠭᠤᠴᠠᠨ᠎ᠠ᠃ ᠠᠵᠢᠯ ᠲᠥᠷᠥᠯ  ᠤᠨ ᠬᠦᠷᠢᠶᠡᠨ  ᠤ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ  ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠲᠤᠰ ᠵᠠᠰᠠᠭ ᠵᠠᠬᠢᠷᠭᠠᠨ  ᠤ ᠣᠷᠣᠨ  ᠤ ᠪᠠᠨ ᠳᠣᠲᠣᠷᠠᠬᠢ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠰᠢᠨᠵᠢᠯᠡᠬᠦ ᠤᠬᠠᠭᠠᠨ ᠮᠡᠷᠭᠡᠵᠢᠯ  ᠤᠨ ᠬᠦᠷᠢᠶᠡᠨ  ᠤ ᠵᠢᠭᠤᠷᠠᠯᠳᠤᠭᠠᠨ  ᠢ ᠵᠣᠬᠢᠴᠠᠭᠤᠯᠬᠤ ᠪᠠ ᠬᠥᠨᠳᠡᠯᠡᠨ ᠠᠴᠠ ᠲᠠᠰᠤᠯᠬᠤ ᠬᠡᠷᠡᠭᠲᠡᠢ᠃ ᠤᠰᠤᠨ ᠴᠥᠭᠦᠷᠥᠮ᠂ ᠶᠡᠭᠡ ᠬᠠᠰᠢᠯᠭ᠎ᠠ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃          ︵ᠭᠤᠴᠢᠨ ᠨᠢᠭᠡ︶ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠥᠷᠢᠰᠦᠯᠳᠦᠭᠡᠨ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠨᠥᠬᠦᠴᠡᠯᠳᠦᠯ ᠢ ᠪᠡᠶᠡᠯᠡᠭᠦᠯᠦᠨ᠎ᠡ᠃          ︵ᠭᠤᠴᠢᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃          ᠵᠢᠷᠭᠤᠳᠤᠭᠠᠷ ᠵᠦᠢᠯ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠬᠤᠰᠢᠭᠤ ᠶᠢ ᠲᠦᠷᠭᠡᠳᠬᠡᠨ ᠪᠠᠶᠢᠭᠤᠯᠬᠤ ᠬᠡᠷᠡᠭᠲᠡᠢ           ︵ᠨᠢᠭᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠤᠣᠯᠳᠠᠯᠭ᠎ᠠ ᠪᠣᠯᠭᠠᠭᠰᠠᠨ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠮᠠᠯ ᠠᠵᠤ ᠠᠬᠤᠢ ᠶᠢᠨ ᠬᠦᠴᠦᠷᠬᠡᠭ ᠬᠤᠰᠢᠭᠤ ᠶᠢ ᠲᠦᠷᠭᠡᠳᠬᠡᠨ ᠪᠠᠶᠢᠭᠤᠯᠤᠨ᠎ᠠ᠃          1. ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠰᠢᠯᠵᠢᠯᠲᠡ ᠶᠢᠨ ᠬᠤᠭᠤᠴᠠᠭᠠᠨ ᠳᠤ ᠬᠤᠯᠪᠣᠭᠳᠠᠯ ᠪᠦᠬᠦᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠡᠳ᠋ ᠤᠨ ᠵᠠᠰᠠᠭ ᠤᠨ ᠳᠡᠮᠵᠢᠯᠭᠡ᠂ ᠲᠥᠷᠥᠯ ᠵᠦᠢᠯ ᠤᠨ ᠲᠣᠬᠢᠷᠠᠭᠤᠯᠤᠯᠲᠠ ᠶᠡᠷᠦᠩᠬᠡᠢ ᠳᠡᠭᠡᠨ ᠲᠣᠭᠲᠠᠭᠤᠨ ᠪᠠᠶᠢᠬᠤ᠂ ᠲᠥᠷᠥᠯ ᠵᠦᠢᠯ ᠤᠨ ᠪᠡᠯᠡ ᠮᠥᠩᠭᠦ ᠶᠢ ᠬᠠᠷᠢᠴᠠᠩᠭᠤᠢ ᠪᠠᠷ ᠪᠡᠶ᠎ᠡ ᠪᠠᠨ ᠳᠠᠭᠠᠭᠠᠵᠤ ᠠᠵᠢᠯᠯᠠᠭᠤᠯᠤᠨ ᠬᠠᠮᠢᠶᠠᠷᠬᠤ ᠶᠢ ᠪᠠᠲᠤᠯᠠᠵᠤ᠂ ᠶᠠᠳᠠᠭᠤ  ᠠᠴᠠ ᠠᠩᠭᠢᠵᠢᠷᠠᠭᠤᠯᠬᠤ ᠭᠠᠵᠠᠷ ᠣᠷᠣᠨ ᠪᠠ ᠶᠠᠳᠠᠭᠤ  ᠠᠴᠠ ᠠᠩᠭᠢᠵᠢᠷᠠᠭᠤᠯᠬᠤ ᠣᠯᠠᠨ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠶᠢᠨ ᠬᠢᠵᠠᠭᠠᠷ ᠱᠤᠭᠤᠮ ᠢ ᠡᠷᠡᠰ ᠰᠠᠬᠢᠨ᠎ᠠ᠃          2. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠬᠤᠷᠸ᠎ᠠ ᠵᠢᠯᠣᠭᠤᠳᠤᠯᠭ᠎ᠠ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠯ ᠤᠨ ᠡᠷᠬᠡ ᠶᠢ ᠵᠢᠷᠤᠮᠵᠢᠭᠤᠯᠤᠨ ᠡᠷᠭᠢᠯᠳᠦᠭᠦᠯᠬᠦ ᠪᠠ ᠠᠷᠠᠯᠵᠢᠶᠠᠯᠠᠬᠤ ᠶᠢ ᠠᠬᠢᠭᠤᠯᠵᠤ᠂ ᠰᠠᠭᠤᠷᠢᠰᠢᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠥᠷᠭᠡᠳᠬᠡᠨ᠂ ᠬᠠᠮᠲᠤᠪᠠᠷ ᠪᠠᠶᠠᠵᠢᠬᠤ ᠶᠢ ᠪᠡᠶᠡᠯᠡᠭᠦᠯᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠲᠠᠯ᠎ᠠ ᠪᠠᠷ ᠲᠠᠰ ᠳᠡᠪᠰᠢᠬᠦ᠂ ᠮᠠᠯᠵᠢᠬᠤ ᠲᠠᠷᠢᠶᠠᠯᠠᠬᠤ ᠣᠷᠣᠨ ᠤ ᠪᠥᠬᠦ ᠲᠠᠯ᠎ᠠ ᠪᠠᠷ ᠳᠠᠪᠰᠢᠬᠤ᠂ ᠮᠠᠯᠴᠢᠨ ᠲᠠᠷᠢᠶᠠᠴᠢᠨ ᠤ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠪᠡᠶᠡᠯᠡᠭᠦᠯᠦᠨ᠎ᠡ᠃          3. ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ  ᠶᠢ ᠪᠦᠬᠦ ᠲᠠᠯ᠎ᠠ  ᠪᠠᠷ ᠪᠠᠲᠤᠳᠬᠠᠬᠤ  ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠮᠤ ᠪᠤᠳᠠᠭ᠎ᠠ ᠶᠢ ᠬᠠᠳᠠᠭᠠᠯᠠᠬᠤ ᠳᠤ ᠭᠠᠵᠠᠷ ᠰᠢᠷᠣᠢ ᠳᠤ ᠲᠦᠰᠢᠭᠯᠡᠬᠦ᠂ ᠠᠮᠤ ᠪᠤᠳᠠᠭ᠎ᠠ ᠶᠢ ᠬᠠᠳᠠᠭᠠᠯᠠᠬᠤ ᠳᠤ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠲᠠᠷᠢᠮᠠᠯ ᠤᠨ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠲᠠᠷᠢᠶᠠᠨ ᠭᠠᠵᠠᠷ ᠢ ᠤᠷᠢᠳᠠᠪᠠᠷ ᠠᠰᠢᠭᠯᠠᠬᠤ ᠲᠠᠰ ᠳᠠᠷᠠᠭᠠᠯᠠᠯ ᠢ ᠨᠠᠶᠢᠳᠠᠪᠤᠷᠢᠵᠢᠭᠤᠯᠵᠤ᠂ ᠲᠣᠮᠣ ᠢᠳᠡᠭᠡᠨ ᠤ ᠦᠵᠡᠯᠲᠡ ᠶᠢ ᠪᠣᠶ ᠪᠣᠯᠭᠠᠵᠤ᠂ ᠣᠯᠠᠨ ᠡᠰᠢᠵᠢᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠪᠥᠬᠦ ᠬᠡᠯᠬᠢᠶ᠎ᠡ ᠶᠢᠨ ᠲᠠᠰ ᠳᠡᠪᠰᠢᠬᠦ ᠶᠢ ᠠᠬᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠤᠭ᠎ᠠ ᠬᠡᠮᠵᠢᠶ᠎ᠡ ᠶᠢ ᠪᠠᠲᠤᠯᠠᠬᠤ᠂ ᠶᠠᠰᠤ ᠴᠢᠨᠠᠷ ᠢ ᠪᠠᠲᠤᠯᠠᠬᠤ᠂ ᠣᠯᠠᠨ ᠶᠠᠩᠵᠤ ᠶᠢ ᠪᠠᠲᠤᠯᠠᠬᠤ ᠶᠢ ᠪᠡᠶᠡᠯᠡᠭᠦᠯᠵᠦ᠂ ᠢᠳᠡᠭᠡᠨ ᠤ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠨ᠎ᠠ᠃          4. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠪᠠ ᠬᠠᠮᠢᠶ᠎ᠠ ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ᠂ ᠲᠠᠷᠢᠶᠠᠯᠠᠩ ᠮᠠᠯ ᠠᠵᠤ ᠠᠬᠤᠢ ᠶᠢᠨ ᠣᠷᠣᠭᠤᠯᠤᠯᠲᠠ ᠶᠢᠨ ᠡᠳ᠋ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷᠲᠤᠯ ᠦᠭᠡᠢ᠂ ᠣᠷᠭᠠᠨᠢᠭ ᠵᠡᠷᠭᠡ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠥᠭᠵᠢᠯᠲᠡ ᠶᠢ ᠠᠬᠢᠭᠤᠯᠵᠤ᠂ ᠭᠠᠵᠠᠷ ᠵᠦᠢ ᠶᠢᠨ ᠪᠡᠯᠭᠡ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠢ ᠬᠠᠮᠵᠢᠯᠴᠠᠨ ᠬᠠᠮᠠᠭᠠᠯᠠᠬᠤ ᠪᠠ ᠠᠵᠤ ᠦᠢᠯᠡᠰ ᠢ ᠪᠣᠶᠢᠵᠢᠭᠤᠯᠬᠤ ᠶᠢ ᠠᠬᠢᠭᠤᠯᠵᠤ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠴᠢᠩᠭ᠎ᠠ ᠬᠠᠮᠢᠶᠠᠷᠴᠤ᠂ ᠴᠢᠩᠭ᠎ᠠ ᠡᠵᠡᠮᠳᠡᠵᠦ᠂ ᠠᠷᠠᠳ ᠤᠯᠠᠨ ᠢ ᠰᠠᠨᠠᠭ᠎ᠠ ᠠᠮᠤᠷ ᠠᠮᠢᠳᠤᠷᠠᠭᠤᠯᠬᠤ ᠬᠡᠷᠡᠭᠲᠡᠢ᠃          ︵ᠬᠤᠶᠠᠷ︶ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ᠂ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠯᠠᠨ ᠭᠠᠮᠨᠠᠵᠤ ᠬᠠᠮᠠᠭᠠᠯᠠᠬᠤ ᠶᠢ ᠦᠨᠡᠨᠬᠦ ᠴᠢᠩᠭᠠᠳᠬᠠᠨ᠎ᠠ᠃ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠩᠭᠠᠯᠭ᠎ᠠ ᠶᠢ ᠨᠡᠮᠡᠭᠳᠡᠭᠦᠯᠬᠦ ᠠᠴᠠ ᠬᠡᠷᠡᠭᠴᠡᠭᠡ ᠶᠢᠨ ᠬᠠᠮᠢᠶᠠᠷᠤᠯᠲᠠ ᠶᠢ ᠨᠡᠩ ᠴᠢᠬᠤᠯᠠᠴᠢᠯᠠᠬᠤ ᠲᠡᠶᠢᠰᠢ ᠰᠢᠯᠵᠢᠭᠦᠯᠵᠦ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠪᠠ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ᠂ ᠤᠰᠤᠨ ᠣᠷᠣᠨ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠡᠷᠡᠭᠦᠯ ᠪᠥᠭᠡᠳ ᠦᠵᠡᠰᠬᠦᠯᠡᠩᠲᠦ ᠰᠠᠶᠢᠬᠠᠨ ᠪᠠᠶᠢᠬᠤ ᠶᠢ ᠬᠠᠮᠠᠭᠠᠯᠠᠨ᠎ᠠ᠃ ᠨᠢᠭᠡᠳᠦᠯᠲᠡᠢ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠨ᠂ ᠵᠦᠢ ᠵᠣᠬᠢᠰᠲᠠᠢ ᠪᠠᠷ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠ ᠤᠰᠤᠨ ᠤ ᠡᠬᠢ ᠪᠠᠶᠠᠯᠢᠭ ᠤᠨ ᠦᠷᠭᠦᠯᠵᠢᠯᠡᠬᠦ ᠠᠰᠢᠭᠯᠠᠯᠲᠠ ᠶᠢ ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢ ᠬᠠᠩᠭᠠᠨ᠎ᠠ᠃          ︵ᠭᠤᠷᠪᠠ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠤᠰᠢᠭᠤ ᠪᠠᠨ ᠮᠠᠨᠳᠤᠭᠤᠯᠬᠤ᠂ ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠳᠬᠠᠨ ᠰᠢᠯᠢᠳᠡᠭᠵᠢᠭᠦᠯᠵᠦ᠂ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠦᠷᠢᠮ ᠪᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠤᠷᠸ᠎ᠠ ᠬᠠᠮᠢᠶᠠᠷᠤᠯᠲᠠ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠪᠢᠴᠢᠯ ᠬᠠᠮᠢᠶᠠᠷᠤᠯᠲᠠ ᠪᠠ ᠪᠣᠳᠠᠲᠠᠢ ᠬᠢᠨᠠᠨ ᠵᠥᠪᠰᠢᠶᠡᠷᠡᠬᠦ ᠵᠦᠢᠯᠡᠰ ᠢ ᠪᠠᠭᠠᠰᠬᠠᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠳᠤᠯᠤᠨ ᠨᠡᠭᠡᠭᠡᠬᠦ ᠬᠠᠮᠢᠶᠠᠷᠤᠯᠲᠠ  ᠠᠴᠠ ᠰᠢᠨ᠎ᠡ ᠶᠢ ᠡᠭᠦᠳᠬᠦ ᠦᠢᠯᠡᠴᠢᠯᠡᠭᠡ ᠳᠠᠰᠢ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠲᠦ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠣᠳᠠᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠰᠢᠭᠤᠳ ᠬᠠᠮᠢᠶᠠᠷᠬᠤ ᠦᠭᠡᠢ ᠪᠠᠶᠢᠬᠤ ᠶᠢ ᠠᠬᠢᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠲᠤᠰᠬᠠᠢ ᠪᠠᠶᠢᠭᠤᠯᠤᠮᠵᠢ ᠳᠤ ᠨᠠᠶᠢᠳᠠᠵᠤ ᠲᠥᠷᠥᠯ ᠵᠦᠢᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠲᠣᠭᠲᠠᠭᠠᠬᠤ᠂ ᠲᠥᠷᠥᠯ ᠵᠦᠢᠯ ᠲᠣᠭᠲᠠᠭᠠᠬᠤ᠂ ᠶᠠᠪᠤᠴᠠ ᠶᠢᠨ ᠬᠠᠮᠢᠶᠠᠷᠤᠯᠲᠠ᠂ ᠰᠢᠯᠭᠠᠨ ᠠᠪᠬᠤ ᠵᠡᠷᠭᠡ ᠪᠣᠳᠠᠲᠠᠢ ᠠᠵᠢᠯ ᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠤᠰᠢᠭᠤᠨ ᠤ ᠬᠡᠪᠴᠢᠶᠡᠨ ᠳᠣᠲᠣᠷᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠬᠤᠰᠢᠭᠤᠨ ᠤ ᠬᠡᠪᠴᠢᠶᠡᠨ ᠠᠴᠠ ᠭᠠᠳᠠᠨᠠᠬᠢ ᠣᠶᠤᠨ ᠤ ᠴᠢᠳᠠᠪᠤᠷᠢ ᠶᠢ ᠣᠷᠣᠭᠤᠯᠤᠨ ᠠᠪᠴᠢᠷᠠᠬᠤ ᠠᠵᠢᠯ ᠢ ᠨᠢᠭᠡᠳᠦᠯᠲᠡᠢ ᠲᠥᠯᠥᠪᠯᠡᠨ᠎ᠡ᠃          ᠳᠣᠯᠣᠳᠤᠭᠠᠷ ᠵᠦᠢᠯ ᠪᠤᠰᠤᠳ ᠰᠠᠯᠠᠭ᠎ᠠ ᠮᠥᠴᠢᠷ ᠯᠦᠭᠡ ᠶᠢᠨ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ          1. ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠠᠷᠢᠵᠤ ᠲᠡᠵᠢᠭᠡᠨ ᠦᠷᠡᠵᠢᠭᠦᠯᠬᠦ ᠶᠢ ᠬᠠᠷᠢᠭᠤᠴᠠᠵᠤ᠂ ᠭᠤᠭᠴᠤᠭ᠎ᠠ  ᠠᠴᠠ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ ᠣᠷᠣᠬᠤ  ᠠᠴᠠ ᠡᠮᠦᠨᠡᠬᠢ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠳᠤ ᠣᠷᠣᠭᠤᠯᠤᠭᠰᠠᠨ ᠤ ᠳᠠᠷᠠᠭ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠠᠴᠠ ᠬᠢᠨᠠᠨ ᠬᠠᠮᠢᠶᠠᠷᠤᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠮᠠᠯ ᠵᠢᠭᠦᠷᠲᠡᠨ ᠢ ᠨᠢᠲᠤᠯᠬᠤ ᠭᠤᠭᠴᠤᠭ᠎ᠠ᠂ ᠲᠦᠭᠦᠬᠡᠢ ᠰᠢᠨ᠎ᠡ ᠰᠦ ᠬᠤᠳᠠᠯᠳᠤᠨ ᠠᠪᠬᠤ ᠭᠤᠭᠴᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠶᠠᠷ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠤ ᠭᠠᠷᠤᠯᠲᠠ ᠶᠢᠨ ᠣᠷᠣᠨ ᠤ ᠵᠥᠪᠰᠢᠶᠡᠷᠡᠨ ᠭᠠᠷᠭᠠᠬᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠ ᠠᠵᠢᠯ ᠢᠶᠠᠨ ᠵᠣᠯᠭᠠᠭᠤᠯᠬᠤ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃          2. ᠬᠤᠰᠢᠭᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃          ︵1︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠢᠭᠠᠰᠤᠨ ᠤ ᠶᠠᠪᠤᠳᠠᠯ ᠵᠢᠭᠠᠰᠤᠨ ᠤ ᠭᠠᠷᠠᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠬᠤᠰᠢᠭᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠤᠰᠤᠳ ᠣᠩᠭᠤᠴᠠ ᠰᠠᠯ ᠵᠢᠴᠢ ᠵᠥᠪᠰᠢᠶᠡᠷᠡᠯ ᠢᠶᠠᠷ ᠠᠶᠠᠨᠴᠢᠳ ᠤᠨ ᠪᠠ ᠪᠠᠷᠠᠭᠠᠨ ᠤ ᠲᠡᠭᠡᠭᠡᠪᠦᠷᠢ ᠶᠢ ᠡᠷᠭᠢᠯᠡᠨ ᠬᠢᠵᠦ ᠪᠠᠶᠢᠭ᠎ᠠ ᠵᠢᠭᠠᠰᠤᠨ ᠣᠩᠭᠤᠴᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠶᠠᠯᠠᠯ ᠨᠡᠪᠲᠡᠷᠡᠬᠦ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃          ︵2︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠭᠤᠣᠯ ᠤᠨ ᠵᠠᠮ  ᠠᠴᠠ ᠬᠠᠶᠢᠷ ᠮᠠᠯᠲᠠᠬᠤ ᠠᠵᠢᠯ ᠢ ᠬᠢᠨᠠᠨ ᠬᠠᠮᠢᠶᠠᠷᠴᠤ᠂ ᠭᠤᠣᠯ ᠤᠨ ᠵᠠᠮ  ᠠᠴᠠ ᠬᠠᠶᠢᠷ ᠮᠠᠯᠲᠠᠬᠤ ᠲᠥᠯᠦᠪᠵᠢᠭᠦᠯᠭᠡ ᠪᠠ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ ᠵᠢᠯᠣᠭᠤᠳᠤᠨ᠎ᠠ᠃ ᠬᠤᠰᠢᠭᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠭᠤᠣᠯ ᠤᠨ ᠵᠠᠮ ᠢᠶᠠᠷ ᠡᠯᠡᠰᠦ ᠮᠠᠯᠲᠠᠬᠤ ᠤᠰᠤᠨ ᠵᠠᠮ ᠤᠨ ᠳᠣᠲᠣᠷᠠᠬᠢ ᠠᠶᠠᠯᠠᠯ ᠨᠡᠪᠲᠡᠷᠡᠬᠦ ᠠᠮᠤᠷ ᠲᠦᠪᠰᠢᠨ ᠢ ᠨᠥᠯᠥᠭᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃          3. ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠬᠠᠷᠢᠭᠤᠴᠠᠵᠤ᠂ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠪᠠᠷ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠵᠦᠢᠯᠡᠰ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ ᠵᠦᠢᠯᠡᠰ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠪᠠ ᠴᠢᠬᠤᠯᠠ ᠶᠡᠭᠡ ᠠᠰᠠᠭᠤᠳᠠᠯ ᠢ ᠵᠠᠳᠠᠯᠤᠨ ᠰᠤᠳᠤᠯᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠤᠨ᠎ᠠ᠃ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠪᠠ ᠨᠤᠲᠤᠭ ᠪᠡᠯᠴᠢᠭᠡᠷ᠂ ᠤᠰᠤᠨ ᠠᠰᠢᠭᠯᠠᠯᠲᠠ᠂ ᠴᠠᠭ ᠠᠭᠤᠷ᠂ ᠠᠮᠢ ᠠᠬᠤᠢ ᠵᠡᠷᠭᠡ ᠬᠥᠭᠵᠢᠯᠲᠡ ᠶᠢᠨ ᠲᠥᠯᠦᠪᠵᠢᠭᠦᠯᠭᠡ᠂ ᠲᠥᠯᠥᠪᠯᠡᠭᠡ ᠶᠢ ᠵᠣᠯᠭᠠᠭᠤᠯᠤᠨ ᠲᠡᠩᠴᠡᠭᠦᠷᠢᠰᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃          4. ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠦᠶᠡᠷ ᠤᠰᠤᠲᠤᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠤᠰᠤᠨ ᠤ ᠪᠠᠶᠢᠳᠠᠯ ᠭᠠᠩ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠣᠨ ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠦᠶᠡᠷ ᠤᠨ ᠤᠰᠤ ᠶᠢ ᠰᠡᠷᠭᠡᠶᠢᠯᠡᠨ ᠭᠠᠩ ᠤᠨ ᠭᠠᠮᠰᠢᠭ ᠢ ᠡᠰᠡᠷᠭᠦᠴᠡᠨ ᠬᠤᠷᠢᠭᠯᠠᠬᠤ ᠲᠣᠬᠢᠷᠠᠭᠤᠯᠤᠯᠲᠠ ᠪᠣᠯᠣᠨ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠲᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠶᠡᠷ ᠤᠨ ᠤᠰᠤ ᠶᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠪᠠ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ ᠵᠣᠬᠢᠴᠠᠭᠤᠯᠤᠨ᠎ᠠ᠃ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ ᠬᠠᠮᠲᠤ ᠡᠷᠬᠡ ᠮᠡᠳᠡᠯ ᠤᠨ ᠬᠡᠪᠴᠢᠶ᠎ᠡ ᠪᠠᠷ ᠢᠶᠠᠨ ᠲᠣᠭᠲᠠᠭᠠᠯ ᠭᠠᠷᠭᠠᠬᠤ ᠬᠡᠷᠡᠭᠲᠡᠢ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ ᠤᠯᠠᠨ ᠭᠠᠮᠰᠢᠭ ᠤᠨ ᠲᠦᠷᠦᠯ ᠵᠦᠢᠯ ᠪᠠ ᠭᠠᠮᠰᠢᠭ ᠤᠨ ᠬᠡᠯᠬᠢᠶ᠎ᠡ ᠶᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠢᠯᠣᠭᠤᠳᠤᠨ ᠥᠷᠨᠢᠭᠦᠯᠦᠨ᠎ᠡ᠃          5. ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠯᠤᠭ᠎ᠠ ᠶᠢᠨ ᠬᠠᠮᠢᠶ᠎ᠠ ᠪᠦᠬᠦᠢ ᠡᠭᠦᠷᠭᠡ ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠠᠯ᠎ᠠ ᠪᠠᠷ᠂ A ᠲᠥᠷᠥᠯ ᠪᠠ B ᠲᠥᠷᠥᠯ ᠤᠨ ᠬᠥᠮᠥᠰ ᠤᠨ ᠠᠵᠢᠯ ᠤᠨ ᠵᠥᠪᠰᠢᠶᠡᠷᠡᠯ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ  ᠠᠴᠠ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠶᠠᠷ ᠰᠠᠯᠠᠭ᠎ᠠ ᠮᠥᠴᠢᠷ ᠠᠴᠠ ᠠᠵᠢᠯ ᠤᠨ ᠵᠥᠪᠰᠢᠶᠡᠷᠡᠯ ᠣᠯᠭᠤᠬᠤ  ᠠᠴᠠ ᠡᠮᠦᠨ᠎ᠡ ᠴᠥᠮ ᠨᠡᠭᠦᠳᠡᠯ ᠠᠷᠠᠳ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠠᠷ ᠤᠨ ᠥᠰᠥᠭ ᠵᠢᠷᠤᠬᠤ ᠬᠡᠷᠡᠭᠲᠡᠢ᠃ᠨᠠᠢᠮᠠᠳᠤᠭᠠᠷ ᠵᠦᠢᠯ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠲᠣᠰ ᠲᠣᠭᠲᠠᠭᠠᠯ ᠤᠨ ᠲᠠᠪᠤᠳᠤᠭᠠᠷ ᠵᠦᠢᠯ ᠳᠤ ᠲᠣᠳᠣᠷᠬᠠᠶᠢᠯᠠᠭᠰᠠᠨ ᠭᠤᠣᠯ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ ᠵᠦᠢᠯ ᠳᠠᠷᠠᠭᠠᠯᠠᠨ ᠡᠷᠬᠡ ᠬᠠᠷᠢᠭᠤᠴᠠᠯᠭ᠎ᠠ ᠶᠢᠨ ᠨᠡᠷᠡᠶᠢᠳᠦᠯ᠂ ᠡᠷᠬᠡ ᠬᠠᠷᠢᠭᠤᠴᠠᠯᠭ᠎ᠠ ᠶᠢᠨ ᠲᠥᠷᠥᠯ ᠬᠡᠯᠪᠡᠷᠢ᠂ ᠲᠣᠭᠲᠠᠭᠠᠭᠰᠠᠨ ᠦᠨᠳᠦᠰᠦᠯᠡᠯ᠂ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠮᠠᠶ᠋ᠢᠭ᠂ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠵᠡᠷᠭᠡ ᠶᠢ ᠲᠣᠳᠣᠷᠬᠠᠶᠢᠯᠠᠨ᠎ᠠ᠃ ᠡᠭᠦᠨ ᠤ ᠰᠠᠭᠤᠷᠢᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠠᠵᠢᠯᠯᠠᠭᠠᠨ ᠤ ᠴᠤᠪᠤᠷᠠᠯ ᠵᠢᠷᠤᠭ ᠵᠡᠷᠭᠡ ᠶᠢ ᠲᠣᠭᠲᠠᠭᠠᠵᠤ᠂ ᠵᠠᠰᠠᠭ ᠵᠠᠬᠢᠷᠭᠠᠨ ᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠥᠬᠦ ᠬᠦᠴᠦᠨ ᠢᠶᠠᠷ ᠢᠶᠠᠨ ᠠᠵᠢᠯᠯᠠᠬᠤ ᠶᠢ ᠵᠢᠷᠤᠮᠵᠢᠭᠤᠯᠤᠨ᠎ᠠ᠃           ᠬᠠᠤᠯᠢ ᠶᠢᠨ ᠡᠷᠬᠡᠲᠡᠨ᠄ ᠠᠮᠤᠷᠪᠠᠭᠠᠲᠤᠷ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠠᠰᠠᠷ ᠤᠨ ᠲᠠᠪᠤᠳᠤᠭᠠᠷ ᠠᠰᠠᠷ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6601379          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠰᠦᠯᠵᠢᠶᠡᠨ ᠤ ᠬᠠᠶ᠋ᠢᠭ᠄ http://www.xzq.gov.cn/OpennessContent/showList/761/0/page_1.html           ᠶᠢᠰᠦᠳᠦᠭᠡᠷ ᠵᠦᠢᠯ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄          ︵ᠨᠢᠭᠡ︶ ᠠᠯᠪᠠᠨ ᠭᠡᠷ ︵ᠬᠠᠤᠯᠢ ᠳᠦᠷᠢᠮ ᠤᠨ ᠠᠯᠪᠠᠨ ᠭᠡᠷ︶᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠠᠮᠤᠷ ᠲᠦᠪᠰᠢᠨ᠂ ᠵᠠᠬᠢᠳᠠᠯ ᠰᠣᠷᠪᠤᠯᠵᠢᠯᠠᠭ᠎ᠠ᠂ ᠨᠢᠭᠤᠴᠠ ᠶᠢ ᠬᠠᠮᠠᠭᠠᠯᠠᠬᠤ᠂ ᠨᠢᠭᠤᠴᠠ ᠴᠢᠬᠤᠯᠠ ᠮᠠᠲ᠋ᠧᠷᠢᠶᠠᠯ᠂ ᠮᠡᠳᠡᠭᠡ ᠵᠠᠩᠭᠢ᠂ ᠲᠠᠩᠰᠠ ᠡᠪᠬᠡᠮᠡᠯ᠂ ᠳᠣᠲᠣᠭᠠᠳᠤ ᠶᠢᠨ ᠰᠢᠮᠳᠠᠭᠤᠯᠤᠨ ᠪᠠᠶᠢᠴᠠᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠡᠳ᠋ ᠤᠨ ᠶᠠᠪᠤᠳᠠᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ᠂ ᠬᠢᠨᠠᠨ ᠰᠢᠯᠭᠠᠯᠲᠠ ᠪᠠ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠪᠠ ᠭᠠᠳᠠᠭᠠᠳᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠨᠠᠮ  ᠤᠨ ᠬᠤᠷᠢᠶᠠᠨ  ᠤ ᠲᠠᠷᠢᠶᠠᠯᠠᠬᠤ ᠮᠠᠯᠵᠢᠬᠤ ᠣᠷᠣᠨ  ᠤ ᠠᠵᠢᠯ  ᠤᠨ ᠤᠳᠤᠷᠢᠳᠬᠤ ᠳᠤᠭᠤᠶᠢᠯᠠᠩ  ᠤᠨ ᠠᠯᠪᠠᠨ ᠭᠡᠷ  ᠤᠨ ᠡᠳᠦᠷ ᠲᠤᠳᠤᠮ  ᠤᠨ ᠠᠵᠢᠯ  ᠢ ᠡᠭᠦᠷᠭᠡᠯᠡᠨ᠎ᠡ᠃ ᠲᠤᠰ ᠰᠠᠯᠠᠭ᠎ᠠ ᠮᠥᠴᠢᠷ᠂ ᠲᠤᠰ ᠰᠢᠰᠲ᠋ᠧᠮ ᠤᠨ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠶᠢ ᠡᠭᠦᠷᠭᠡᠯᠡᠨ᠎ᠡ᠃ ᠲᠤᠰ ᠰᠢᠰᠲ᠋ᠧᠮ᠂ ᠲᠤᠰ ᠠᠵᠢᠯ ᠲᠥᠷᠥᠯ  ᠤᠨ ᠠᠶᠤᠯ ᠦᠭᠡᠢ ᠦᠢᠯᠡᠳᠪᠦᠷᠢᠯᠡᠯ  ᠤᠨ ᠠᠵᠢᠯ  ᠢ ᠲᠦᠷᠦᠭᠦᠯᠡᠨ ᠵᠢᠯᠤᠭᠤᠳᠴᠤ ᠵᠣᠬᠢᠴᠠᠭᠤᠯᠤᠨ᠎ᠠ᠃ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠡᠳᠦᠷ ᠲᠤᠲᠤᠮ ᠤᠨ ᠠᠵᠢᠯ ᠢ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠡᠮᠬᠢᠯᠡᠨ ᠬᠢᠨᠠᠬᠤ᠂ ᠬᠠᠮᠢᠶᠠᠷᠬᠤ ᠠᠵᠢᠯ ᠢ ᠬᠠᠷᠢᠭᠤᠴᠠᠨ᠎ᠠ ; ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠤᠭᠤᠳᠬᠤ᠂ ᠵᠢᠷᠤᠮᠵᠢᠭᠤᠯᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ ; ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ ᠴᠢᠬᠤᠯᠠ ᠶᠡᠭᠡ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ ; ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠬᠠᠤᠯᠢ ᠪᠠᠷ ᠵᠠᠰᠠᠬᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃           ᠬᠠᠷᠢᠭᠤᠴᠠᠯᠭᠠᠲᠠᠨ᠄ ᠰᠣᠯᠣᠩᠭ᠎ᠠ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠠᠰᠠᠷ ᠤᠨ 5 ᠳ᠋ᠤᠭᠠᠷ ᠠᠰᠠᠷ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6601379          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠰᠦᠯᠵᠢᠶᠡᠨ ᠤ ᠬᠠᠶ᠋ᠢᠭ᠄ http://www.xzq.gov.cn/OpennessContent/showList/761/0/page_1.html           ︵ᠬᠤᠶᠠᠷ︶ ᠮᠠᠯ ᠠᠵᠤ ᠠᠬᠤᠢ ᠶᠢᠨ ᠰᠲ᠋ᠣᠺ᠃ ᠮᠠᠯ ᠠᠵᠤ ᠠᠬᠤᠢ ᠶᠢᠨ ᠬᠠᠮᠢᠶ᠎ᠠ ᠪᠦᠬᠦᠢ ᠳᠦᠷᠢᠮ ᠤᠨ ᠵᠢᠷᠤᠮᠵᠢᠯ ᠢ ᠲᠤᠭᠤᠷᠪᠢᠨ᠎ᠠ᠃ ᠮᠠᠨ ᠤ ᠬᠤᠰᠢᠭᠤᠨ ᠤ ᠮᠠᠯ ᠠᠵᠤ ᠠᠬᠤᠢ᠂ ᠰᠦ ᠶᠢᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠢᠯᠣᠭᠤᠳᠤᠨ᠎ᠠ᠃ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠠᠭᠠᠯᠢ ᠶᠢᠨ ᠦᠨᠢᠶ᠎ᠡ ᠶᠢᠨ ᠤᠳᠤᠮᠰᠢᠯ ᠢ ᠰᠠᠶᠢᠵᠢᠷᠠᠭᠤᠯᠬᠤ᠂ ᠰᠠᠭᠠᠯᠢ ᠶᠢᠨ ᠮᠠᠯ ᠢ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠵᠢᠯᠣᠭᠤᠳᠤᠨ᠎ᠠ᠃ ᠲᠦᠭᠦᠬᠡᠢ ᠰᠢᠨ᠎ᠡ ᠰᠦ  ᠶᠢᠨ ᠶᠠᠰᠤ ᠴᠢᠨᠠᠷ  ᠤᠨ ᠠᠶᠤᠯ ᠦᠭᠡᠢ  ᠶᠢ ᠬᠢᠨᠠᠨ ᠬᠡᠮᠵᠢᠬᠦ  ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠦᠭᠦᠬᠡᠢ ᠰᠢᠨ᠎ᠡ ᠰᠦ ᠦᠢᠯᠡᠳᠪᠦᠷᠢᠯᠡᠵᠦ ᠬᠤᠳᠠᠯᠳᠤᠨ ᠠᠪᠴᠤ ᠲᠡᠭᠡᠭᠡᠪᠦᠷᠢᠯᠡᠬᠦ ᠭᠤᠭᠴᠤᠭ᠎ᠠ  ᠶᠢᠨ ᠶᠠᠰᠤ ᠴᠢᠨᠠᠷ  ᠤᠨ ᠠᠶᠤᠯ ᠦᠭᠡᠢ  ᠶᠢ ᠬᠢᠨᠠᠨ ᠬᠠᠮᠢᠶᠠᠷᠬᠤ ᠬᠡᠷᠡᠭᠲᠡᠢ᠃ ᠮᠠᠯ ᠠᠵᠤ ᠠᠬᠤᠢ᠂ ᠰᠠᠭᠠᠯᠢ ᠶᠢᠨ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠮᠠᠯ ᠠᠵᠤ ᠠᠬᠤᠢ  ᠶᠢᠨ ᠭᠠᠮᠰᠢᠭ  ᠢ ᠰᠡᠷᠭᠡᠶᠢᠯᠡᠨ ᠭᠠᠮᠰᠢᠭ  ᠢ ᠪᠠᠭᠠᠰᠬᠠᠬᠤ ᠠᠵᠢᠯ  ᠢ ᠬᠠᠷᠢᠭᠤᠴᠠᠨ᠎ᠠ᠃ ᠮᠠᠨ ᠤ ᠬᠤᠰᠢᠭᠤᠨ ᠤ ᠮᠠᠯ ᠤᠨ ᠡᠮ ᠤᠨ ᠠᠵᠢᠯ ᠲᠥᠷᠥᠯ᠂ ᠮᠠᠯ ᠵᠢᠭᠦᠷᠲᠡᠨ ᠢ ᠨᠢᠲᠤᠯᠬᠤ ᠠᠵᠢᠯ ᠲᠥᠷᠥᠯ᠂ ᠮᠠᠯ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠ ᠲᠥᠯᠦᠪᠵᠢᠭᠦᠯᠭᠡ ᠶᠢ ᠲᠤᠭᠤᠷᠪᠢᠨ᠎ᠠ᠃ ᠮᠠᠯ ᠡᠮᠨᠡᠯᠭᠡ ᠶᠢᠨ ᠡᠮᠴᠢᠯᠡᠭᠡᠨ ᠤ ᠶᠠᠪᠤᠳᠠᠯ᠂ ᠮᠠᠯ ᠤᠨ ᠡᠮ ᠵᠢᠴᠢ ᠮᠠᠯ ᠤᠨ ᠡᠮ ᠤᠨ ᠪᠠᠭᠠᠵᠢ ᠬᠡᠷᠡᠭᠰᠡᠯ ᠪᠣᠯᠣᠨ ᠮᠠᠯ ᠵᠢᠭᠦᠷᠲᠡᠨ ᠢ ᠨᠢᠲᠤᠯᠬᠤ ᠵᠠᠩᠭᠢᠯᠠᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠴᠤ᠂ ᠮᠠᠯ ᠡᠮᠨᠡᠯᠭᠡ ᠶᠢᠨ ᠬᠦᠷᠢᠶ᠎ᠡ ᠴᠠᠷᠠᠭ᠎ᠠ ᠶᠢᠨ ᠠᠶᠤᠯ ᠦᠭᠡᠢ ᠦᠢᠯᠡᠳᠪᠦᠷᠢᠯᠡᠯ ᠢ ᠵᠢᠯᠣᠭᠤᠳᠤᠨ᠎ᠠ᠃ ᠠᠮᠢᠲᠠᠨ ᠤ ᠬᠢᠵᠢᠭ ᠢ ᠰᠡᠷᠭᠡᠶᠢᠯᠡᠬᠦ ᠬᠢᠵᠢᠭ ᠢ ᠪᠠᠶᠢᠴᠠᠭᠠᠬᠤ᠂ ᠠᠮᠢᠲᠠᠨ ᠤ ᠬᠢᠵᠢᠭ ᠡᠪᠡᠳᠴᠢᠨ ᠤ ᠲᠦᠭᠰᠢᠭᠦᠷᠢ ᠶᠢ ᠦᠨᠡᠯᠡᠨ ᠵᠢᠱᠢᠬᠦ ᠪᠠ ᠭᠡᠨᠡᠳᠲᠡ ᠡᠭᠦᠰᠬᠦ ᠠᠮᠢᠲᠠᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠮᠠᠯ ᠵᠢᠭᠦᠷᠲᠡᠨ ᠤᠰᠤᠨ ᠭᠠᠷᠤᠯᠲᠠ ᠶᠢᠨ ᠦᠷ᠎ᠡ ᠶᠢᠨ ᠦᠢᠯᠡᠰ ᠢ ᠬᠥᠭᠵᠢᠭᠦᠯᠬᠦ ᠲᠦᠷᠦ ᠶᠢᠨ ᠪᠣᠳᠣᠯᠭ᠎ᠠ᠂ ᠲᠥᠯᠦᠪᠵᠢᠭᠦᠯᠭᠡ ᠶᠢ ᠲᠤᠭᠤᠷᠪᠢᠵᠤ᠂ ᠦᠷ᠎ᠡ ᠶᠢᠨ ᠦᠢᠯᠡᠰ ᠢ ᠬᠥᠭᠵᠢᠭᠦᠯᠬᠦ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠡᠭᠦᠯᠳᠡᠷ ᠢ ᠬᠠᠮᠠᠭᠠᠯᠠᠬᠤ᠂ ᠬᠠᠮᠢᠶᠠᠷᠬᠤ ᠪᠠ ᠨᠡᠭᠡᠭᠡᠨ ᠠᠰᠢᠭᠯᠠᠬᠤ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃           ᠬᠠᠷᠢᠭᠤᠴᠠᠯᠭᠠᠲᠠᠨ᠄ ᠬᠠᠰᠪᠢᠯᠢᠭ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠠᠰᠠᠷ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6601379          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠰᠦᠯᠵᠢᠶᠡᠨ ᠤ ᠬᠠᠶ᠋ᠢᠭ᠄ http://www.xzq.gov.cn/OpennessContent/showList/761/0/page_1.html           ︵ᠭᠤᠷᠪᠠ︶ ᠲᠠᠷᠢᠶᠠᠯᠠᠩ ᠤᠨ ᠰᠲ᠋ᠣᠺ ︵ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠲ᠋ᠣᠺ︶᠃ ᠪᠥᠬᠦ ᠬᠤᠰᠢᠭᠤᠨ ᠤ ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠮᠠᠯ ᠤᠨ ᠦᠢᠯᠡᠰ ᠤᠨ ᠪᠦᠲᠦᠴᠡ ᠪᠣᠯᠣᠨ ᠪᠠᠶᠢᠷᠢᠰᠢᠯ ᠤᠨ ᠲᠣᠬᠢᠷᠠᠭᠤᠯᠤᠯᠲᠠ ᠵᠢᠴᠢ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠵᠢᠯᠣᠭᠤᠳᠤᠨ᠂ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢ ᠲᠣᠬᠢᠷᠠᠭᠤᠯᠤᠨ᠎ᠠ᠃ ᠤᠰᠤ ᠠᠷᠪᠢᠯᠠᠬᠤ ᠲᠠᠷᠢᠶᠠᠯᠠᠩ ᠢ ᠬᠥᠭᠵᠢᠭᠦᠯᠬᠦ ᠪᠠ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠣᠷᠳᠣᠭᠤᠷ ᠤᠨ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠵᠢᠴᠢ ᠲᠠᠷᠢᠶᠠᠨ ᠡᠮ ᠤᠨ ᠦᠢᠯᠡᠳᠪᠦᠷᠢᠯᠡᠯ᠂ ᠡᠵᠡᠩᠨᠡᠯᠲᠡ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠲᠠᠷᠢᠶᠠᠨ ᠡᠮ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠡᠷᠡᠭᠯᠡᠬᠦ ᠶᠢ ᠵᠢᠯᠣᠭᠤᠳᠤᠨ᠎ᠠ᠃ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠤᠯᠤᠰ ᠤᠨ ᠳᠣᠲᠣᠭᠠᠳᠤ ᠶᠢᠨ ᠪᠠ ᠬᠢᠯᠢ ᠪᠠᠷ ᠣᠷᠣᠵᠤ ᠭᠠᠷᠬᠤ ᠤᠷᠭᠤᠮᠠᠯ ᠤᠨ ᠬᠢᠵᠢᠭ ᠢ ᠪᠠᠶᠢᠴᠠᠭᠠᠬᠤ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ᠎ᠠ᠃ ᠮᠠᠨ ᠤ ᠬᠤᠰᠢᠭᠤᠨ ᠤ ᠲᠡᠵᠢᠭᠡᠯ ᠪᠣᠷᠳᠤᠭ᠎ᠠ ᠡᠪᠡᠰᠦ ᠪᠣᠷᠳᠣᠭᠠᠨ ᠤ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠ ᠲᠥᠯᠦᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠪᠴᠤ ᠬᠡᠷᠡᠭᠯᠡᠬᠦ ᠲᠡᠵᠢᠭᠡᠯ ᠪᠣᠷᠳᠤᠭ᠎ᠠ ᠲᠡᠵᠢᠭᠡᠯ ᠡᠪᠡᠰᠦᠨ ᠤ ᠡᠬᠢ ᠪᠠᠶᠠᠯᠢᠭ ᠢ ᠵᠣᠬᠢᠶᠠᠨ ᠪᠠᠶᠢᠭᠤᠯᠤᠨ ᠨᠡᠭᠡᠭᠡᠨ ᠬᠥᠭᠵᠢᠭᠦᠯᠵᠦ᠂ ᠲᠡᠵᠢᠭᠡᠯ ᠪᠣᠷᠳᠤᠭ᠎ᠠ ᠵᠢᠴᠢ ᠨᠡᠮᠡᠯᠲᠡ ᠡᠳ᠋ ᠤᠨ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠤᠨ᠎ᠠ᠃ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢᠨ ᠰᠢᠨᠵᠢᠯᠡᠬᠦ ᠤᠬᠠᠭᠠᠨ ᠤ ᠰᠤᠳᠤᠯᠤᠯ ᠪᠠ ᠮᠡᠷᠭᠡᠵᠢᠯ ᠳᠡᠯᠭᠡᠷᠡᠭᠦᠯᠬᠦ ᠲᠥᠷᠥᠯ ᠵᠦᠢᠯ ᠢ ᠰᠢᠯᠢᠨ ᠰᠣᠩᠭᠤᠬᠤ ᠪᠠ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ᠎ᠠ᠃ ᠲᠡᠵᠢᠭᠡᠯ ᠡᠪᠡᠰᠦ ᠪᠣᠷᠳᠣᠭᠠᠨ ᠤ ᠠᠵᠢᠯ ᠲᠥᠷᠥᠯ ᠤᠨ ᠠᠵᠤ ᠠᠬᠤᠢ᠂ ᠮᠡᠷᠭᠡᠵᠢᠯ ᠤᠨ ᠮᠡᠳᠡᠭᠡ ᠵᠠᠩᠭᠢ ᠶᠢᠨ ᠠᠵᠢᠯ ᠢ ᠬᠠᠮᠢᠶᠠᠷᠤᠨ᠎ᠠ᠃ ᠲᠡᠵᠢᠭᠡᠯ ᠡᠪᠡᠰᠦ ᠪᠣᠷᠳᠣᠭᠠᠨ ᠤ ᠰᠠᠶᠢᠨ ᠡᠭᠦᠯᠳᠡᠷ ᠤᠨ ᠰᠢᠰᠲ᠋ᠧᠮᠵᠢ ᠶᠢᠨ ᠪᠠᠶᠢᠭᠤᠯᠤᠯᠲᠠ᠂ ᠪᠠᠷᠢᠮᠵᠢᠶᠠᠵᠢᠭᠰᠠᠨ ᠬᠡᠪᠴᠢᠶᠡᠵᠢᠭᠰᠡᠨ ᠦᠢᠯᠡᠳᠪᠦᠷᠢᠯᠡᠯ᠂ ᠡᠳ᠋ᠰᠢᠭᠦᠯᠦᠨ ᠭᠦᠢᠯᠭᠡᠭᠡᠬᠦ ᠪᠠ ᠨᠥᠭᠡᠴᠡᠯᠡᠬᠦ ᠶᠢ ᠵᠢᠯᠣᠭᠤᠳᠤᠨ᠎ᠠ᠃ ᠲᠠᠷᠢᠮᠠᠯ ᠤᠨ ᠵᠦᠢᠯ ᠢ ᠬᠥᠭᠵᠢᠭᠦᠯᠬᠦ ᠲᠦᠷᠦ ᠶᠢᠨ ᠪᠣᠳᠣᠯᠭ᠎ᠠ᠂ ᠲᠥᠯᠦᠪᠵᠢᠭᠦᠯᠭᠡ ᠶᠢ ᠲᠤᠭᠤᠷᠪᠢᠨ᠎ᠠ᠃ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ᠂ ᠲᠠᠷᠢᠶᠠᠯᠠᠩ ᠤᠨ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ᠂ ᠬᠠᠮᠢᠶᠠᠷᠬᠤ ᠪᠠ ᠨᠡᠭᠡᠭᠡᠨ ᠠᠰᠢᠭᠯᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠠᠷᠢᠮᠠᠯ ᠤᠨ ᠦᠷ᠎ᠡ ᠶᠢ ᠬᠢᠨᠠᠵᠤ ᠬᠠᠮᠢᠶᠠᠷᠤᠨ᠎ᠠ᠃ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠠ ᠭᠠᠮᠰᠢᠭ ᠠᠴᠠ ᠠᠪᠤᠷᠠᠵᠤ ᠭᠠᠴᠢᠭ ᠲᠤ ᠪᠡᠯᠡᠳᠬᠡᠬᠦ ᠦᠷ᠎ᠡ ᠶᠢ ᠨᠥᠭᠡᠴᠡᠯᠡᠬᠦ᠂ ᠲᠣᠬᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠤᠬᠠᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠵᠦᠢᠯᠡᠰ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ ᠵᠦᠢᠯᠡᠰ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠢᠶᠠᠷᠤᠯᠲᠠ ᠪᠠ ᠲᠠᠷᠢᠮᠠᠯ ᠤᠨ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠥᠷᠨᠢᠭᠦᠯᠬᠦ ᠳᠤ ᠣᠷᠣᠯᠴᠠᠨ᠎ᠠ᠃ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠨ ᠳᠡᠭᠡᠭᠰᠢᠯᠡᠭᠦᠯᠬᠦ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠲᠣᠭᠲᠠᠭᠠᠬᠤ ᠠᠵᠢᠯ ᠢ ᠬᠠᠷᠢᠭᠤᠴᠠᠨ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠳᠤ ᠬᠡᠷᠡᠭᠯᠡᠬᠦ ᠭᠠᠵᠠᠷ ᠰᠢᠷᠣᠢ᠂ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠵᠢᠴᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠪᠠ ᠮᠠᠯᠵᠢᠬᠤ ᠲᠠᠷᠢᠶᠠᠯᠠᠬᠤ ᠣᠷᠣᠨ ᠤ ᠡᠰᠢ ᠰᠦᠷᠡᠯ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠵᠡᠷᠭᠡ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠷᠢᠭᠤᠨ ᠴᠡᠪᠡᠷ ᠦᠢᠯᠡᠳᠪᠦᠷᠢᠯᠡᠬᠦ ᠪᠠ ᠠᠮᠢ ᠠᠬᠤᠢ ᠶᠢᠨ ᠡᠷᠭᠢᠯᠲᠡᠲᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠎ ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢᠨ ᠶᠠᠰᠤ ᠴᠢᠨᠠᠷ  ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ  ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠲᠠᠷᠢᠶᠠᠯᠠᠩ  ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢᠨ ᠶᠠᠰᠤ ᠴᠢᠨᠠᠷ  ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠪᠣᠯᠣᠨ ᠢᠲᠡᠭᠡᠮᠵᠢ ᠶᠢᠨ  ᠰᠢᠰᠲ᠋ᠧᠮᠵᠢ ᠶᠢᠨ ᠪᠠᠶᠢᠭᠤᠯᠤᠯᠲᠠ ᠶᠢ ᠲᠠᠷᠢᠶᠠᠯᠠᠩ  ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢᠨ ᠶᠠᠰᠤ ᠴᠢᠨᠠᠷ  ᠤᠨ ᠠᠶᠤᠯ ᠦᠭᠡᠢ ᠶᠢᠨ ᠪᠠᠷᠢᠮᠵᠢᠶ᠎ᠠ᠂ ᠬᠢᠨᠠᠨ ᠬᠡᠮᠵᠢᠬᠦ᠂ ᠨᠡᠬᠡᠮᠵᠢᠯᠡᠬᠦ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠬᠤᠯᠪᠣᠭᠳᠠᠯ ᠪᠦᠬᠦᠢ ᠠᠵᠢᠯ  ᠢ ᠡᠭᠦᠷᠭᠡᠯᠡᠨ᠎ᠡ᠃ ᠪᠣᠬᠢᠷᠲᠤᠯ ᠦᠭᠡᠢ᠂ ᠣᠷᠭᠠᠨᠢᠭ᠂ ᠭᠠᠵᠠᠷ ᠵᠦᠢ ᠶᠢᠨ ᠢᠯᠡᠳᠬᠡᠮᠵᠢ ᠲᠡᠮᠳᠡᠭ ᠪᠠ ᠨᠡᠷᠡᠳᠤ ᠰᠢᠯᠢᠳᠡᠭ ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠶᠢᠵᠢᠭᠤᠯᠬᠤ ᠪᠠᠷ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ᠂ ᠠᠵᠢᠯ ᠤᠨ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠵᠤ ᠭᠠᠳᠠᠭᠰᠢ ᠭᠠᠷᠭᠠᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠬᠡᠷᠡᠭᠴᠡᠭᠡ᠂ ᠦᠨ᠎ᠡ ᠬᠠᠩᠰᠢ ᠶᠢᠨ ᠵᠠᠳᠠᠯᠤᠯᠲᠠ ᠪᠠ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠪᠣᠯᠣᠨ ᠲᠠᠷᠢᠶᠠᠯᠠᠬᠤ ᠮᠠᠯᠵᠢᠬᠤ ᠣᠷᠣᠨ  ᠤ ᠠᠵᠤ ᠠᠬᠤᠢ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠎ ᠢ ᠵᠢᠯᠣᠭᠤᠳᠤᠨ᠎ᠠ᠃ ᠮᠠᠯ ᠠᠵᠤ ᠠᠬᠤᠢ ᠶᠢᠨ ᠲᠤᠭ᠎ᠠ ᠪᠦᠷᠢᠳᠬᠡᠯ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢᠵᠢᠯᠲᠠ ᠪᠠ ᠲᠣᠭᠠᠴᠢᠯᠠᠭᠰᠠᠨ ᠬᠥᠳᠡᠭᠡ ᠲᠣᠰᠬᠤᠨ ᠤ ᠬᠥᠭᠵᠢᠯᠲᠡ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠲᠠᠢ ᠬᠠᠮᠲᠤᠷᠠᠯᠴᠠᠬᠤ ᠠᠵᠢᠯ ᠢ ᠥᠷᠨᠢᠭᠦᠯᠬᠦ ᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠤᠬᠢᠷᠠᠯ ᠤᠨ ᠪᠠᠶᠢᠴᠠᠭᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠣᠯᠠᠨ ᠤᠯᠤᠰ ᠤᠨ ᠬᠠᠮᠲᠤᠷᠠᠯᠴᠠᠭᠠᠨ ᠤ ᠲᠥᠷᠥᠯ ᠵᠦᠢᠯ ᠤᠨ ᠬᠤᠯᠪᠣᠭᠳᠠᠯ ᠪᠦᠬᠦᠢ ᠤᠯᠠᠨ ᠤᠯᠤᠰ ᠤᠨ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠎ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠬᠡᠷᠡᠭ ᠶᠠᠪᠤᠳᠠᠯ ᠢ ᠬᠠᠷᠢᠭᠤᠴᠠᠨ᠎ᠠ᠃ ᠵᠢᠭᠠᠰᠤᠨ ᠠᠵᠤ ᠠᠬᠤᠢ ᠶᠢ ᠬᠥᠭᠵᠢᠭᠦᠯᠬᠦ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠲᠥᠯᠦᠪᠵᠢᠭᠦᠯᠭᠡ ᠬᠢᠬᠦ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠢᠭᠠᠰᠤᠨ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ᠂ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠵᠤ᠂ ᠵᠦᠢ ᠵᠣᠬᠢᠰᠲᠠᠢ ᠪᠠᠷ ᠨᠡᠭᠡᠭᠡᠨ ᠠᠰᠢᠭᠯᠠᠨ᠎ᠠ᠃ ᠤᠰᠤᠨ ᠤ ᠠᠮᠢᠲᠠᠨ ᠤᠷᠭᠤᠮᠠᠯ ᠤᠨ ᠡᠪᠡᠳᠴᠢᠨ ᠤ ᠬᠥᠨᠥᠭᠡᠯ ᠢ ᠰᠡᠷᠭᠡᠶᠢᠯᠡᠨ ᠡᠵᠡᠮᠳᠡᠬᠦ ᠠᠵᠢᠯ ᠢ ᠵᠣᠬᠢᠶᠠᠨ ᠪᠠᠶᠢᠭᠤᠯᠵᠤ᠂ ᠤᠰᠤᠨ ᠤ ᠭᠠᠷᠤᠯᠲᠠ ᠶᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠤᠰᠤᠨ ᠤ ᠭᠠᠷᠤᠯᠲᠠ ᠶᠢ ᠡᠳ᠋ᠰᠢᠭᠦᠯᠦᠨ᠂ ᠭᠦᠢᠯᠭᠡᠭᠡᠨ ᠳᠤ ᠵᠢᠭᠠᠰᠤᠨ ᠤ ᠶᠠᠪᠤᠳᠠᠯ ᠵᠢᠭᠠᠰᠤᠨ ᠤ ᠭᠠᠷᠠᠮ ᠢ ᠬᠢᠨᠠᠵᠤ ᠬᠠᠮᠢᠶᠠᠷᠤᠨ᠎ᠠ᠃ ᠵᠢᠭᠠᠰᠤᠨ ᠠᠵᠤ ᠠᠬᠤᠢ ᠶᠢᠨ ᠤᠰᠤᠨ ᠣᠷᠣᠨ  ᠤ ᠠᠮᠢ ᠠᠬᠤᠢ ᠶᠢᠨ ᠣᠷᠴᠢᠨ ᠲᠣᠭᠤᠷᠢᠨ ᠬᠢᠭᠡᠳ ᠤᠰᠤᠨ  ᠤ ᠬᠡᠭᠡᠷ᠎ᠡ ᠶᠢᠨ ᠠᠮᠢᠳᠠᠨ ᠤᠷᠭᠤᠮᠠᠯ  ᠤᠨ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ᠎ᠠ᠃ ᠵᠢᠭᠠᠰᠤᠨ ᠠᠵᠤ ᠠᠬᠤᠢ ᠶᠢᠨ ᠠᠶᠤᠯ ᠦᠭᠡᠢ ᠦᠢᠯᠡᠳᠪᠦᠷᠢᠯᠡᠯ  ᠢ ᠵᠢᠯᠣᠭᠤᠳᠤᠨ᠎ᠠ᠃           ᠬᠠᠷᠢᠭᠤᠴᠠᠯᠭᠠᠲᠠᠨ᠄ ᠰᠣᠯᠣᠩᠭ᠎ᠠ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠠᠰᠠᠷ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6601379          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠰᠦᠯᠵᠢᠶᠡᠨ ᠤ ᠬᠠᠶ᠋ᠢᠭ᠄ http://www.xzq.gov.cn/OpennessContent/showList/761/0/page_1.html           ︵ᠳᠥᠷᠪᠡ︶ ᠤᠰᠤᠨ ᠠᠰᠢᠭᠯᠠᠯᠲᠠ ᠶᠢᠨ ᠰᠲ᠋ᠣᠺ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠵᠣᠬᠢᠴᠠᠭᠤᠯᠬᠤ᠂ ᠲᠣᠬᠢᠷᠠᠭᠤᠯᠬᠤ᠂ ᠬᠢᠨᠠᠨ ᠵᠢᠯᠤᠭᠤᠳᠬᠤ ᠪᠠ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠭᠤᠣᠯ ᠮᠥᠷᠡᠨ ᠨᠠᠭᠤᠷ ᠲᠣᠭᠤᠷᠢᠮ ᠤᠨ ᠤᠰᠤᠨ ᠣᠷᠣᠨ ᠤ ᠡᠷᠭᠢ ᠶᠢᠨ ᠱᠤᠭᠤᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠵᠢᠯᠣᠭᠤᠳᠤᠨ᠎ᠠ᠃ ᠭᠤᠣᠯ  ᠤᠨ ᠵᠠᠮ ᠠᠴᠠ ᠬᠠᠶᠢᠷ ᠮᠠᠯᠲᠠᠬᠤ  ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ  ᠢ ᠵᠢᠯᠣᠭᠤᠳᠤᠨ᠎ᠠ᠃ ᠤᠰᠤᠨ ᠠᠰᠢᠭᠯᠠᠯᠲᠠ  ᠶᠢᠨ ᠰᠢᠨᠵᠢᠯᠡᠭᠡ ᠮᠡᠷᠭᠡᠵᠢᠯ  ᠤᠨ ᠠᠵᠢᠯ  ᠢ ᠬᠠᠷᠢᠭᠤᠴᠠᠨ᠎ᠠ᠃ ᠤᠰᠤᠨ ᠠᠰᠢᠭᠯᠠᠯᠲᠠ ᠶᠢᠨ ᠠᠵᠢᠯ ᠤᠨ ᠲᠦᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠠᠵᠢᠯ ᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠢ ᠵᠢᠯᠣᠭᠤᠳᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠨ᠎ᠠ᠃ ᠵᠢᠷᠤᠮᠵᠢᠯ  ᠤᠨ ᠴᠢᠨᠠᠷᠲᠠᠢ ᠪᠢᠴᠢᠭ ᠮᠠᠲ᠋ᠧᠷᠢᠶᠠᠯ  ᠤᠨ ᠬᠠᠤᠯᠢ ᠶᠣᠰᠣᠨ  ᠤ ᠴᠢᠨᠠᠷ  ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ  ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ  ᠤ ᠵᠠᠷᠭᠤ ᠬᠦᠯᠢᠶᠡᠬᠦ᠂ ᠵᠠᠰᠠᠭ ᠵᠠᠬᠢᠷᠭᠠᠨ  ᠤ ᠲᠥᠯᠥᠪᠦᠷᠢ ᠥᠭᠬᠦ ᠠᠵᠢᠯ  ᠢ ᠡᠭᠦᠷᠭᠡᠯᠡᠨ᠎ᠡ᠃ ᠤᠰᠤᠨ  ᠤ ᠶᠠᠪᠤᠳᠠᠯ  ᠢ ᠬᠢᠨᠠᠨ ᠪᠠᠶᠢᠴᠠᠭᠠᠬᠤ ᠪᠠ ᠤᠰᠤᠨ  ᠤ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠬᠦ ᠠᠵᠢᠯ  ᠢ ᠵᠣᠬᠢᠶᠠᠨ ᠪᠠᠶᠢᠭᠤᠯᠤᠨ ᠵᠢᠯᠤᠭᠤᠳᠴᠤ᠂ ᠬᠤᠰᠢᠭᠤ ᠬᠤᠳᠠ ᠠᠯᠤᠰᠯᠠᠭᠰᠠᠨ ᠣᠷᠣᠨ  ᠤ ᠤᠰᠤᠨ  ᠤ ᠶᠠᠪᠤᠳᠠᠯ  ᠤᠨ ᠵᠢᠭᠤᠷᠠᠯᠳᠤᠭᠠᠨ  ᠢ ᠵᠣᠬᠢᠴᠠᠭᠤᠯᠬᠤ ᠪᠠ ᠬᠥᠨᠳᠡᠯᠡᠨ ᠠᠴᠠ ᠲᠠᠰᠤᠯᠵᠤ᠂ ᠤᠰᠤᠨ  ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ  ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃           ᠬᠠᠷᠢᠭᠤᠴᠠᠯᠭᠠᠲᠠᠨ᠄ ᠳᠠᠷᠬᠠᠨ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠠᠰᠠᠷ ᠤᠨ 4 ᠳ᠋ᠦ᠋ᠭᠡᠷ ᠠᠰᠠᠷ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6601379          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠰᠦᠯᠵᠢᠶᠡᠨ ᠤ ᠬᠠᠶ᠋ᠢᠭ᠄ http://www.xzq.gov.cn/OpennessContent/showList/761/0/page_1.html           ︵ᠲᠠᠪᠤ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠲ᠋ᠣᠺ᠃ ᠲᠠᠷᠢᠶᠠᠯᠠᠩ ᠮᠠᠯ ᠠᠵᠤ ᠠᠬᠤᠢ ᠬᠥᠳᠡᠭᠡ ᠲᠣᠰᠬᠤᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠵᠢᠴᠢ ᠬᠠᠮᠢᠶ᠎ᠠ ᠪᠦᠬᠦᠢ ᠰᠢᠰᠲ᠋ᠧᠮᠵᠢ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠣᠷᠣᠭᠤᠯᠬᠤ᠂ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠠᠬᠢᠭᠤᠯᠬᠤ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ ᠢ ᠬᠢᠨᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠥᠭᠵᠢᠭᠦᠯᠬᠦ ᠠᠯᠤᠰ ᠤᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠲᠣᠮᠢᠯᠠᠭᠳᠠᠭᠰᠠᠳ ᠤᠨ ᠲᠤᠶᠢᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠣᠣᠷᠠᠳᠤ ᠱᠠᠲᠤᠨ ᠠᠴᠠ ᠲᠣᠮᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠲᠣᠮᠢᠯᠠᠭᠳᠠᠭᠰᠠᠳ ᠢ ᠲᠥᠯᠥᠪᠯᠡᠭᠡ ᠲᠠᠢ ᠪᠠᠷ ᠰᠢᠯᠢᠨ ᠳᠡᠪᠰᠢᠭᠦᠯᠦᠨ᠎ᠡ᠃ ︽ᠭᠤᠷᠪᠠᠨ ᠣᠷᠣᠨ︾᠎ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠲᠠᠨᠢᠯᠴᠠᠭᠤᠯᠬᠤ ᠶᠢ ᠬᠠᠷᠢᠭᠤᠴᠠᠨ ᠬᠠᠮᠢᠶᠠᠷᠴᠤ᠂ ᠰᠣᠩᠭᠤᠨ ᠲᠣᠮᠢᠯᠠᠬᠤ ᠪᠠ ᠪᠣᠯᠪᠠᠰᠤᠷᠠᠭᠤᠯᠤᠯ ᠭᠥᠷᠳᠡᠬᠦ ᠠᠵᠢᠯ ᠢ ᠪᠡᠶᠡᠯᠡᠭᠦᠯᠦᠨ᠎ᠡ᠃ ᠰᠢᠨ᠎ᠡ ᠲᠧᠭᠨᠢᠭ ᠮᠡᠷᠭᠡᠵᠢᠯ᠂ ᠰᠢᠨ᠎ᠡ ᠤᠢᠢᠯᠡᠦᠡᠭᠡᠬᠦᠠ᠂ ᠰᠢᠨ᠎ᠡ ᠲᠤᠶᠢᠷᠦᠯ ᠵᠦᠢᠯ ᠢ ᠭᠠᠳᠠᠭᠠᠳᠤ ᠠᠴᠠ ᠣᠷᠣᠭᠤᠯᠵᠤ ᠳᠡᠯᠭᠡᠷᠡᠭᠦᠯᠦᠨ᠎ᠡ᠃ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠨ᠎ᠡ᠃ ︽12396︾ ᠰᠢᠨᠵᠢᠯᠡᠬᠦ ᠤᠬᠠᠭᠠᠨ ᠮᠡᠷᠭᠡᠵᠢᠯ  ᠤᠨ ᠮᠡᠳᠡᠭᠡ ᠵᠠᠩᠭᠢ ᠶᠢᠨ ᠲᠠᠪᠴᠠᠩ  ᠢ ᠬᠠᠷᠢᠭᠤᠴᠠᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠬᠠᠭᠤᠯᠭ᠎ᠠ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢᠨ ᠠᠷᠠᠳ  ᠠᠴᠠ ᠡᠵᠡᠩᠨᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠮᠠᠭᠠᠳᠯᠠᠨ ᠲᠣᠭᠲᠠᠭᠠᠵᠤ ᠳᠡᠩᠰᠡᠯᠡᠨ᠂ ᠲᠧᠭᠨᠢᠭ ᠮᠡᠷᠭᠡᠵᠢᠯ ᠤᠨ ᠵᠠᠬ᠎ᠠ ᠳᠡᠯᠭᠡᠭᠦᠷ᠂ ᠲᠧᠭᠨᠢᠭ ᠮᠡᠷᠭᠡᠵᠢᠯ ᠤᠨ ᠠᠷᠠᠯᠵᠢᠶ᠎ᠠ ᠶᠢ ᠬᠠᠷᠢᠭᠤᠴᠠᠨ ᠬᠠᠮᠢᠶᠠᠷᠤᠨ᠎ᠠ᠃ ᠰᠢᠨᠵᠢᠯᠡᠬᠦ ᠤᠬᠠᠭᠠᠨ ᠮᠡᠷᠭᠡᠵᠢᠯ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢ ᠬᠠᠷᠢᠭᠤᠴᠠᠨ᠎ᠠ᠃ ᠲᠠᠷᠢᠶᠠᠴᠢᠨ ᠮᠠᠯᠴᠢᠳ  ᠤᠨ ᠡᠷᠬᠢᠯᠡᠭᠰᠡᠨ ᠠᠵᠢᠯ  ᠤᠨ ᠮᠡᠷᠭᠡᠵᠢᠯ  ᠤᠨ ᠴᠢᠳᠠᠪᠤᠷᠢ ᠶᠢ ᠪᠣᠶᠢᠵᠢᠭᠤᠯᠬᠤ ᠠᠵᠢᠯ ᠎ ᠢ ᠬᠠᠷᠢᠭᠤᠴᠠᠨ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠡᠷᠢᠭᠦᠨ  ᠤ ᠬᠡᠷᠡᠭᠯᠡᠭᠡᠨ  ᠤ ᠮᠡᠷᠭᠡᠵᠢᠯ  ᠢ ᠳᠡᠯᠭᠡᠷᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠣᠯᠣᠨ ᠲᠥᠯᠦᠪᠵᠢᠭᠦᠯᠭᠡ᠂ ᠲᠠᠷᠢᠶᠠᠯᠠᠩ  ᠤᠨ ᠮᠠᠰᠢᠨ ᠢᠶᠠᠷ ᠠᠵᠢᠯᠯᠠᠬᠤ ᠪᠠ ᠮᠡᠷᠭᠡᠵᠢᠯ ᠎ ᠤᠨ ᠵᠢᠷᠤᠮᠵᠢᠯ  ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠮᠡᠷᠭᠡᠵᠢᠯ  ᠢ ᠳᠡᠯᠭᠡᠷᠡᠭᠦᠯᠦᠨ ᠬᠡᠷᠡᠭᠯᠡᠵᠦ ᠪᠠᠶᠢᠭ᠎ᠠ ᠣᠨᠴᠠᠭᠠᠢ ᠲᠥᠷᠥᠯ ᠵᠦᠢᠯ  ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ  ᠤ ᠦᠢᠯᠡᠳᠬᠦᠨ  ᠳᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ᠎ᠠ᠃ ᠲᠠᠷᠢᠶᠠᠯᠠᠩ ᠤᠨ ᠮᠠᠰᠢᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠴᠠᠭᠤᠯᠤᠨ᠎ᠠ᠃ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠠᠮᠤᠷ ᠲᠦᠪᠰᠢᠨ ᠢ ᠵᠢᠯᠣᠭᠤᠳᠤᠨ᠎ᠠ᠃           ᠠᠯᠪᠠᠨ ᠭᠡᠷ ᠤᠨ ᠡᠷᠬᠢᠯᠡᠭᠴᠢ᠄ ᠮᠠᠨᠳᠠ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠠᠰᠠᠷ ᠤᠨ 3 ᠳ᠋ᠤᠭᠠᠷ ᠠᠰᠠᠷ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6601379          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠰᠦᠯᠵᠢᠶᠡᠨ ᠤ ᠬᠠᠶ᠋ᠢᠭ᠄ http://www.xzq.gov.cn/OpennessContent/showList/761/0/page_1.html           ︵ᠵᠢᠷᠭᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠲ᠋ᠣᠺ ︵ᠥᠭᠡᠷᠡᠴᠢᠯᠡᠯᠲᠡ ᠬᠢᠭᠡᠳ ᠬᠤᠷᠰᠢᠭᠰᠠᠨ ᠠᠵᠤ ᠠᠬᠤᠢ ᠶᠢᠨ ᠵᠢᠯᠤᠭᠤᠳᠬᠤ ᠰᠲ᠋ᠣᠺ︶᠃ ᠲᠠᠷᠢᠶᠠᠯᠠᠬᠤ ᠮᠠᠯᠵᠢᠬᠤ ᠣᠷᠣᠨ  ᠤ ᠠᠵᠤ ᠦᠢᠯᠡᠰ  ᠤᠨ ᠬᠥᠭᠵᠢᠯᠲᠡ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠬᠥᠳᠡᠭᠡ ᠲᠣᠰᠬᠤᠨ ᠤ ᠵᠢᠭᠤᠯᠴᠢᠯᠠᠯ᠂ ᠣᠨᠴᠠᠯᠢᠭᠲᠤ ᠠᠵᠤ ᠦᠢᠯᠡᠰ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠪᠠ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠦᠯᠦᠨ ᠡᠵᠡᠩᠨᠡᠵᠦ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠬᠠᠪᠰᠤᠷᠤᠨ ᠲᠡᠳᠬᠦᠬᠦ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ ᠴᠣᠭᠴᠠᠯᠠᠬᠤ ᠶᠢ ᠨᠡᠭᠡᠭᠡᠨ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠣᠬᠢᠴᠠᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ᠂ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠢᠯ ᠲᠣᠰᠬᠤᠨ ᠢ ᠴᠡᠭᠴᠡᠯᠡᠨ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠯᠡᠨ ᠵᠢᠯᠤᠭᠤᠳᠬᠤ ᠶᠢ ᠬᠠᠷᠢᠭᠤᠴᠠᠨ᠎ᠠ᠃ ᠮᠠᠯᠴᠢᠨ ᠲᠠᠷᠢᠶᠠᠴᠢᠳ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠲᠣᠭᠲᠠᠴᠠ ᠶᠢ ᠪᠦᠷᠢᠨᠰᠢᠭᠦᠯᠵᠦ᠂ ᠮᠠᠯᠴᠢᠨ ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠬᠦ ᠪᠠ ᠮᠠᠯᠴᠢᠳ ᠤᠨ ︽ᠠᠰ ᠠᠰ ᠢᠶᠠᠷ ᠨᠢ ᠵᠥᠪᠯᠡᠬᠦ︾᠎ ᠶᠢᠨ ᠪᠡᠯᠡ ᠮᠥᠩᠭᠦ ᠪᠠ ᠬᠥᠯᠥᠰᠦ ᠣᠯᠭᠤᠮᠵᠢ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠨ᠎ᠠ᠃ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠳᠤ ᠣᠷᠣᠯᠴᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠵᠣᠬᠢᠴᠠᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠬᠥᠭᠵᠢᠯᠲᠡ ᠪᠠ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠪᠠ ᠰᠢᠯᠢᠳᠡᠭ ᠲᠠᠷᠢᠶᠠᠯᠠᠬᠤ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠡᠭᠦᠷᠭᠡᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠤᠮᠤ ᠪᠠᠯᠭᠠᠰᠤ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠤᠮᠤ ᠪᠠᠯᠭᠠᠰᠤ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ  ᠲᠣᠭᠲᠠᠭᠠᠵᠤ᠂ ᠶᠠᠳᠠᠭᠤ  ᠠᠴᠠ ᠠᠩᠭᠢᠵᠢᠷᠠᠭᠤᠯᠤᠨ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠵᠢᠯᠣᠭᠤᠳᠤᠨ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠬᠠᠮᠵᠢᠯᠴᠠᠨ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠤ ᠠᠵᠢᠯ ᠣᠯᠭᠤᠯᠲᠠ ᠶᠢ ᠵᠣᠬᠢᠴᠠᠭᠤᠯᠤᠨ ᠠᠬᠢᠭᠤᠯᠵᠤ᠂ ᠬᠤᠯᠪᠣᠭᠳᠠᠯ ᠪᠦᠬᠦᠢ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠵᠢᠯᠣᠭᠤᠳᠤᠨ ᠥᠷᠨᠢᠭᠦᠯᠦᠨ᠎ᠡ᠃ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ᠂ ᠣᠷᠣᠨ ᠰᠠᠭᠤᠴᠠ ᠶᠢᠨ ᠠᠮᠤᠷ ᠲᠦᠪᠰᠢᠨ ᠪᠠ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠬᠠᠮᠵᠢᠯᠴᠠᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠬᠤᠯᠪᠣᠭᠳᠠᠯ ᠪᠦᠬᠦᠢ ᠠᠵᠢᠯ ᠢ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪ  ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠵᠣᠬᠢᠴᠠᠭᠤᠯᠤᠨ ᠥᠷᠨᠢᠭᠦᠯᠵᠦ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠠ ᠠᠵᠢᠯᠯᠠᠬᠤ ᠠᠩᠭᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢ ᠵᠣᠬᠢᠴᠠᠭᠤᠯᠬᠤ ᠳᠤ ᠣᠷᠣᠯᠴᠠᠵᠤ᠂ ᠨᠡᠶᠢᠭᠡᠮ ᠤᠨ ᠬᠦᠴᠦᠨ ᠢ ᠳᠠᠶᠢᠴᠢᠯᠠᠨ ᠶᠠᠳᠠᠭᠤ ᠎ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠣᠷᠣᠯᠴᠠᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠢ ᠬᠠᠪᠰᠤᠷᠤᠨ ᠲᠡᠳᠬᠦᠬᠦ ᠪᠠ ᠬᠥᠳᠡᠭᠡ ᠲᠣᠰᠬᠤᠨ ᠤ ᠬᠥᠭᠵᠢᠯᠲᠡ ᠶᠢ ᠲᠦᠯᠬᠢᠨ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠤ ᠬᠥᠳᠡᠭᠡ ᠲᠣᠰᠬᠤᠨ ᠤ ᠬᠥᠭᠵᠢᠯᠲᠡ ᠶᠢ ᠬᠠᠮᠵᠢᠯᠴᠠᠨ ᠲᠦᠯᠬᠢᠨ ᠠᠬᠢᠭᠤᠯᠤᠨ᠎ᠠ᠃ ᠬᠥᠭᠵᠢᠭᠡᠳᠦᠢ ᠭᠠᠵᠠᠷ ᠣᠷᠣᠨ ᠤ ᠪᠠᠶᠢᠩᠭᠤ ᠶᠢᠨ ᠴᠢᠨᠠᠷᠲᠠᠢ ᠬᠠᠪᠰᠤᠷᠤᠨ ᠲᠡᠳᠬᠦᠬᠦ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠯᠵᠢᠯᠲᠡ ᠶᠢᠨ ᠬᠤᠭᠤᠴᠠᠭᠠᠨ ᠳᠤ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ ᠴᠢᠬᠤᠯᠠ ᠪᠠᠶᠢᠷᠢᠯᠠᠭᠤᠯᠤᠯᠲᠠ ᠪᠣᠯᠣᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠰᠲ᠋ᠧᠮ ᠤᠨ ᠳᠣᠲᠣᠭᠠᠳᠤ ᠶᠢᠨ ᠬᠢᠨᠠᠨ ᠪᠣᠳᠣᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠬᠡᠷᠡᠭᠲᠡᠢ᠃ ᠮᠠᠯᠴᠢᠨ ᠲᠠᠷᠢᠶᠠᠴᠢᠳ ᠤᠨ ᠳᠠᠭᠠᠭᠠᠴᠢᠯᠠᠭᠰᠠᠨ ᠭᠠᠵᠠᠷ ᠤᠨ ᠥᠭᠡᠷᠡᠴᠢᠯᠡᠯᠲᠡ ᠪᠠ ᠬᠠᠮᠢᠶᠠᠷᠤᠯᠲᠠ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠵᠦ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠵᠢᠯᠣᠭᠤᠳᠤᠨ ᠬᠥᠭᠵᠢᠭᠦᠯᠦᠨ ᠪᠤᠵᠠᠭᠠᠶᠢᠷᠠᠭᠤᠯᠤᠨ᠎ᠠ᠃ ᠮᠠᠯᠴᠢᠨ ᠲᠠᠷᠢᠶᠠᠴᠢᠳ  ᠤᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ  ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠲ᠋ᠧᠷᠢᠶᠠᠯ  ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠪᠣᠯᠣᠨ ᠤᠯᠠᠨ ᠵᠦᠢᠯ  ᠤᠨ ᠬᠡᠯᠪᠡᠷᠢ ᠮᠠᠲ᠋ᠧᠷᠢᠶᠠᠯ  ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠵᠢᠯᠣᠭᠤᠳᠤᠨ ᠬᠥᠭᠵᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ  ᠤ ᠣᠷᠣᠨ ᠰᠠᠭᠤᠴᠠ ᠶᠢᠨ ᠰᠠᠭᠤᠷᠢ ᠭᠠᠵᠠᠷ  ᠢ ᠬᠤᠪᠢᠶᠠᠷᠢᠯᠠᠬᠤ᠂ ᠬᠡᠷᠡᠭᠯᠡᠬᠦ᠂ ᠡᠷᠭᠢᠯᠳᠦᠭᠦᠯᠬᠦ᠂ ᠵᠢᠭᠤᠷᠠᠯᠳᠤᠭᠠᠨ  ᠢ ᠬᠥᠨᠳᠡᠯᠡᠨ ᠠᠴᠠ ᠲᠠᠰᠤᠯᠬᠤ ᠬᠠᠮᠢᠶᠠᠷᠤᠯᠲᠠ ᠪᠣᠯᠣᠨ ᠣᠷᠣᠨ ᠰᠠᠭᠤᠴᠠ ᠶᠢᠨ ᠰᠠᠭᠤᠷᠢ ᠭᠠᠵᠠᠷ  ᠢ ᠵᠦᠢ ᠵᠣᠬᠢᠰᠲᠠᠢ ᠪᠠᠶᠢᠷᠢᠰᠢᠭᠤᠯᠬᠤ᠂ ᠭᠠᠵᠠᠷ ᠬᠡᠷᠡᠭᠯᠡᠬᠦ ᠪᠠᠷᠢᠮᠵᠢᠶ᠎ᠠ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ  ᠢ ᠪᠠᠶᠢᠴᠠᠭᠠᠨ ᠰᠢᠢᠳᠪᠦᠷᠢᠯᠡᠬᠦ  ᠢ ᠵᠢᠯᠤᠭᠤᠳᠴᠤ᠂ ᠰᠤᠯᠠ ᠪᠠᠶᠢᠭ᠎ᠠ ᠣᠷᠣᠨ ᠰᠠᠭᠤᠴᠠ ᠶᠢᠨ ᠰᠠᠭᠤᠷᠢ ᠭᠠᠵᠠᠷ ᠪᠣᠯᠣᠨ ᠰᠤᠯᠠ ᠪᠠᠶᠢᠭ᠎ᠠ ᠲᠠᠷᠢᠶᠠᠴᠢᠳ  ᠤᠨ ᠭᠡᠷ ᠪᠠᠶᠢᠰᠢᠩ  ᠢ ᠠᠰᠢᠭᠯᠠᠬᠤ ᠶᠢ ᠵᠢᠯᠣᠭᠤᠳᠤᠨ᠎ᠠ᠃           ᠠᠯᠪᠠᠨ ᠭᠡᠷ ᠤᠨ ᠡᠷᠬᠢᠯᠡᠭᠴᠢ᠄ ᠪᠠᠢ ᠸᠧᠨ ᠱᠧᠩ          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠠᠰᠠᠷ ᠤᠨ 5 ᠳ᠋ᠤᠭᠠᠷ ᠠᠰᠠᠷ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6601379          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠰᠦᠯᠵᠢᠶᠡᠨ ᠤ ᠬᠠᠶ᠋ᠢᠭ᠄ http://www.xzq.gov.cn/OpennessContent/showList/761/0/page_1.html          ᠪᠠᠶᠢᠭᠤᠯᠭ᠎ᠠ ᠵᠢᠨ‌ᠨᠠᠮ ᠤᠨ ᠵᠣᠬᠢᠶᠠᠨ ᠪᠠᠶᠢᠭᠤᠯᠤᠯᠲᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ ᠪᠠ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠤᠳᠤᠷᠢᠳᠤᠨ᠎ᠠ᠃          ᠠᠷᠪᠠᠳᠤᠭᠠᠷ ᠵᠦᠢᠯ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 17᠃ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 5 ︵1 ᠵᠢᠩᠬᠢᠨᠢ 4 ᠳᠡᠳ᠋︶ ᠪᠠᠶᠢᠵᠤ᠂ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 4 ᠪᠣᠶ᠃          ᠠᠷᠪᠠᠨ ᠨᠢᠭᠡᠳᠦᠭᠡᠷ ᠵᠦᠢᠯ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠵᠡᠷᠭᠡ ᠵᠦᠢᠯᠡᠰ ᠢ ᠠᠰᠲᠠᠭᠠᠨ ᠲᠣᠭᠲᠠᠭᠠᠨ᠎ᠠ᠃          ᠠᠷᠪᠠᠨ ᠬᠤᠶᠠᠳᠤᠭᠠᠷ ᠵᠦᠢᠯ ᠲᠣᠰ ᠲᠣᠭᠲᠠᠭᠠᠯ ᠤᠨ ᠲᠠᠶᠢᠯᠪᠤᠷᠢᠯᠠᠯᠲᠠ ᠶᠢ ᠭᠦᠢᠴᠡᠳᠬᠡᠬᠦ ᠠᠵᠢᠯ ᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠬᠠᠷᠢᠭᠤᠴᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃          ᠠᠷᠪᠠᠨ ᠭᠤᠷᠪᠠᠳᠤᠭᠠᠷ ᠵᠦᠢᠯ ᠲᠤᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ