ᠰᠢᠨ᠎ᠡ ᠪᠠᠷᠭᠤ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/7/15
         ᠨᠢᠭᠡ᠂ ᠰᠢᠨ᠎ᠡ ᠪᠠᠷᠭᠤ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃1 ᠭᠤᠣᠯ ᠡᠭᠦᠷᠭᠡ ᠬᠠᠷᠢᠭᠤᠴᠠᠯᠭ᠎ᠠ          ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠬᠥᠮᠥᠨ  ᠤ ᠬᠦᠴᠦᠨ  ᠤ ᠡᠬᠢ ᠪᠠᠶᠠᠯᠢᠭ ᠬᠢᠭᠡᠳ ᠨᠡᠶᠢᠭᠡᠮ  ᠤᠨ ᠪᠠᠲᠤᠯᠠᠭ᠎ᠠ ᠶᠢᠨ ᠦᠢᠯᠡᠰ  ᠤᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠦᠨ᠎ᠡ ;    ᠪᠥᠬᠦ ᠬᠤᠰᠢᠭᠤᠨ ᠤ ᠠᠵᠢᠯᠲᠠᠨ ᠤ ᠶᠠᠪᠤᠳᠠᠯ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠨ᠎ᠠ᠃          ︵ᠬᠤᠶᠠᠷ︶ ᠬᠥᠮᠥᠨ  ᠤ ᠬᠦᠴᠦᠨ  ᠤ ᠡᠬᠢ ᠪᠠᠶᠠᠯᠢᠭ  ᠢ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠪᠥᠬᠦ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠳᠠᠪᠤᠷᠢᠲᠠᠨ ᠬᠥᠮᠥᠵᠢᠭᠦᠯᠬᠦ᠂ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠪᠥᠬᠦ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠦᠪᠵᠢᠭᠦᠯᠭᠡ ᠪᠠ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠥᠨ ᠤ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃          ︵ᠭᠤᠷᠪᠠ︶ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ ᠶᠢᠨ ᠬᠡᠷᠡᠭᠵᠢᠭᠦᠯᠬᠦ ᠰᠠᠨᠠᠯ ᠢ ᠲᠤᠭᠤᠷᠪᠢᠨ ᠲᠣᠭᠲᠠᠭᠠᠵᠤ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ ; ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠢ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠲᠦᠷᠤ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠳᠠ ᠬᠥᠳᠡᠭᠡ ᠶᠢᠨ ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠤᠨ ᠳᠦᠷᠢᠮ ᠢ ᠨᠢᠭᠡᠳᠦᠯᠲᠡᠢ ᠲᠥᠯᠥᠪᠯᠡᠨ ᠪᠠᠶᠢᠭᠤᠯᠤᠨ᠎ᠠ ; ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃          ︵ᠳᠥᠷᠪᠡ︶ ᠨᠡᠶᠢᠭᠡᠮ  ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ  ᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠬᠤ ᠶᠢ ᠬᠠᠷᠢᠭᠤᠴᠠᠨ᠎ᠠ᠃ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠤᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠲᠡᠭᠦᠨ ᠤ ᠨᠥᠬᠦᠪᠦᠷᠢ ᠳᠠᠭᠠᠳᠬᠠᠯ ᠤᠨ ᠲᠦᠷᠦ ᠶᠢᠨ ᠪᠣᠳᠣᠯᠭ᠎ᠠ᠂ ᠪᠠᠷᠢᠮᠵᠢᠶ᠎ᠠ ᠪᠠ ᠰᠠᠭᠤᠷᠢ ᠮᠥᠩᠭᠦᠨ ᠤ ᠬᠠᠮᠢᠶᠠᠷᠤᠯᠲᠠ᠂ ᠬᠢᠨᠠᠯᠲᠠ ᠶᠢᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠨᠠᠶᠢᠷᠠᠭᠤᠯᠤᠨ ᠵᠣᠬᠢᠶᠠᠵᠤ᠂ ᠪᠥᠬᠦ ᠬᠤᠰᠢᠭᠤᠨ ᠤ ᠬᠠᠮᠢᠶ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠰᠠᠭᠤᠷᠢ ᠮᠥᠩᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠬᠦ ᠪᠥᠭᠡᠳ ᠨᠡᠶᠢᠭᠡᠮ ᠤᠨ ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠢ ᠲᠠᠪᠴᠠᠩ ᠢ ᠪᠠᠶᠢᠭᠤᠯᠤᠨ᠎ᠠ᠃ ᠪᠥᠬᠦ ᠬᠤᠰᠢᠭᠤᠨ ᠤ ᠠᠵᠢᠯ  ᠠᠴᠠ ᠪᠠᠨ ᠠᠮᠠᠷᠠᠭᠰᠠᠨ ᠬᠥᠮᠥᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠤᠨ ᠬᠠᠮᠢᠶᠠᠷᠤᠯᠲᠠ ᠶᠢᠨ ᠠᠷᠭ᠎ᠠ ᠶᠢ ᠰᠦᠪᠡᠭᠴᠢᠯᠡᠬᠦ ᠶᠢᠨ ᠬᠠᠮᠲᠤ ᠬᠡᠷᠡᠭᠵᠢᠯᠡᠭᠦᠯᠦᠨ᠎ᠡ᠃          ︵ᠲᠠᠪᠤ︶ ᠪᠡᠯᠡ ᠮᠥᠩᠭᠦ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠡᠯᠡ ᠮᠥᠩᠭᠦ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠪᠥᠬᠦ ᠬᠤᠰᠢᠭᠤᠨ ᠤ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ ᠪᠠ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠢᠴᠢ ᠮᠡᠳᠡᠭᠡ ᠵᠠᠩᠭᠢ ᠪᠠᠷ ᠬᠥᠲᠥᠯᠥᠨ ᠵᠢᠯᠤᠭᠤᠳᠬᠤ ᠶᠢ ᠬᠠᠷᠢᠭᠤᠴᠠᠵᠤ᠂ ᠠᠷᠭᠠᠴᠠᠬᠤ ᠲᠥᠰᠥᠯ ᠢ ᠲᠤᠭᠤᠷᠪᠢᠨ ᠲᠣᠭᠲᠠᠭᠠᠵᠤ᠂ ᠤᠷᠢᠳᠴᠢᠯᠠᠨ ᠰᠡᠷᠭᠡᠶᠢᠯᠡᠬᠦ᠂ ᠲᠣᠬᠢᠷᠠᠭᠤᠯᠬᠤ ᠪᠠ ᠳᠣᠲᠣᠭᠠᠳᠤ ᠳᠠᠭᠠᠨ ᠡᠵᠡᠮᠳᠡᠬᠦ ᠲᠣᠭᠲᠠᠴᠠ ᠶᠢ ᠬᠡᠷᠡᠭᠵᠢᠭᠦᠯᠦᠨ᠂ ᠠᠵᠢᠯ ᠣᠯᠭᠤᠯᠲᠠ ᠶᠢᠨ ᠪᠠᠶᠢᠳᠠᠯ ᠢ ᠲᠣᠭᠲᠠᠭᠤᠨ ᠪᠠᠶᠢᠯᠭᠠᠬᠤ ᠪᠠ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠢ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢ ᠪᠠᠲᠤᠯᠠᠨ᠎ᠠ᠃          ︵ᠵᠢᠷᠭᠤᠭ᠎ᠠ︶ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠬᠠᠮᠢᠶ᠎ᠠ ᠪᠦᠬᠦᠢ ᠠᠵᠢᠯ  ᠢ ᠬᠠᠷᠢᠭᠤᠴᠠᠨ᠎ᠠ᠃ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠳᠦᠷᠢᠮ ᠪᠠ ᠬᠥᠳᠡᠯᠮᠦᠷᠢ ᠶᠢᠨ ᠬᠠᠷᠢᠴᠠᠭ᠎ᠠ ᠶᠢᠨ ᠲᠦᠷᠦ ᠶᠢᠨ ᠪᠣᠳᠣᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠵᠦ᠂ ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯᠲᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ ᠴᠢᠯᠦᠭᠡ᠂ ᠠᠮᠠᠷᠠᠯᠲᠠ ᠶᠢᠨ ᠬᠤᠭᠤᠴᠠᠭᠠᠨ ᠤ ᠳᠦᠷᠢᠮ ᠪᠠ ᠬᠡᠦᠬᠡᠳ ᠠᠵᠢᠯᠴᠢᠨ᠂ ᠡᠮᠡᠭᠲᠡᠢ ᠠᠵᠢᠯᠴᠢᠨ ᠵᠢᠴᠢ ᠨᠠᠰᠤᠨ ᠳᠤ ᠦᠯᠤ ᠬᠥᠷᠦᠭᠰᠡᠨ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠶᠢ ᠠᠷᠢᠯᠭᠠᠬᠤ ᠬᠥᠳᠡᠯᠮᠦᠷᠢ ᠶᠢᠨ ᠬᠠᠮᠠᠭᠠᠯᠠᠯᠲᠠ ᠶᠢᠨ ᠣᠨᠴᠠᠭᠠᠶ ᠲᠦᠷᠤ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠵᠤ᠂ ᠬᠠᠤᠯᠢ ᠠᠴᠠ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃          ︵ᠳᠣᠯᠤᠭ᠎ᠠ︶ ᠲᠤᠰᠬᠠᠢ ᠮᠡᠷᠭᠡᠵᠢᠯ ᠤᠨ ᠠᠵᠢᠯᠲᠠᠨ ᠢ ᠬᠠᠮᠢᠶᠠᠷᠬᠤ ᠪᠠ ᠦᠷᠭᠦᠯᠵᠢᠯᠡᠨ ᠰᠤᠷᠭᠠᠨ ᠬᠥᠮᠥᠵᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠲᠦᠷᠦᠭᠦᠯᠡᠨ ᠠᠬᠢᠭᠤᠯᠵᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠰᠢᠭᠤᠨ ᠤ ᠳᠡᠭᠡᠳᠦ ᠲᠠᠰ ᠳᠠᠪᠬᠤᠷᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠬᠤ᠂ ᠬᠥᠮᠥᠵᠢᠭᠦᠯᠬᠦ ᠶᠢ ᠬᠠᠷᠢᠭᠤᠴᠠᠨ᠎ᠠ᠃ ᠬᠤᠰᠢᠭᠤᠨ ᠠᠴᠠ ᠴᠢᠳᠠᠪᠤᠷᠢᠲᠠᠨ ᠤ ᠨᠡᠭᠡᠭᠡᠯᠲᠡ ᠶᠢᠨ ᠰᠠᠭᠤᠷᠢ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠬᠠᠷᠢᠭᠤᠴᠠᠨ᠎ᠠ᠃ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠢ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠤᠯᠠᠨ ᠡᠰᠢᠵᠢᠭᠦᠯᠦᠨ ᠦᠨᠡᠯᠡᠬᠦ ᠲᠣᠭᠲᠠᠴᠠ ᠶᠢ ᠪᠠᠶᠢᠭᠤᠯᠤᠨ᠎ᠠ᠃          ︵ᠨᠠᠢᠮᠠ︶ ᠠᠵᠢᠯ ᠦᠢᠯᠡᠰ  ᠤᠨ ᠨᠢᠭᠡᠴᠢ ᠶᠢᠨ ᠠᠵᠢᠯᠲᠠᠨ  ᠤ ᠶᠠᠪᠤᠳᠠᠯ  ᠤᠨ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠦᠭᠡᠷᠡᠴᠢᠯᠡᠯᠡᠲᠡ ᠶᠢ ᠠᠬᠢᠭᠤᠯᠤᠨ᠎ᠠ᠃ ᠪᠥᠬᠦ ᠬᠤᠰᠢᠭᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠠ ᠠᠯᠪᠠᠨ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠯᠡᠭᠦᠯᠦᠨ᠎ᠡ᠃ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠲᠣᠬᠢᠷᠠᠭᠤᠯᠬᠤ᠂ ᠢᠯᠡ ᠪᠠᠷ ᠤᠷᠢᠬᠤ᠂ ᠤᠷᠢᠨ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠶᠢ ᠬᠠᠷᠢᠭᠤᠴᠠᠨ᠎ᠠ᠃ ᠬᠤᠰᠢᠭᠤᠨ ᠲᠣᠰ ᠱᠠᠲᠤᠨ ᠤ ᠵᠠᠰᠠᠭ ᠤᠨ ᠣᠷᠳᠣᠨ ᠤ ᠳᠠᠷᠠᠭᠠᠯᠠᠯ ᠳᠠᠬᠢ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ︽ᠰᠠᠭᠠᠳ ᠦᠭᠡᠢ ᠨᠡᠪᠲᠡᠷᠡᠬᠦ ᠵᠠᠮ︾᠎ ᠤᠨ ᠲᠥᠷᠥ ᠶᠢᠨ ᠬᠠᠮᠢᠶ᠎ᠠ ᠪᠦᠬᠦᠢ ᠬᠥᠮᠥᠰ ᠢ ᠰᠢᠯᠵᠢᠭᠦᠯᠦᠨ ᠲᠣᠬᠢᠷᠠᠭᠤᠯᠬᠤ᠂ ᠲᠠᠰ ᠤᠨ ᠺᠠᠳ᠋ᠷ ᠢ ᠲᠣᠮᠢᠯᠠᠬᠤ ᠪᠠᠭᠤᠯᠭᠠᠬᠤ᠂ ᠤᠷᠢᠬᠤ ᠪᠠᠨ ᠪᠣᠯᠢᠬᠤ ᠵᠡᠷᠭᠡ ᠶᠠᠪᠤᠳᠠᠯ ᠢ ᠬᠠᠷᠢᠭᠤᠴᠠᠨ᠎ᠠ᠃ ᠪᠥᠬᠦ ᠬᠤᠰᠢᠭᠤᠨ ᠤ ᠠᠵᠢᠯ ᠦᠢᠯᠡᠰ ᠤᠨ ᠨᠢᠭᠡᠴᠢ ᠶᠢᠨ ᠬᠢᠨᠠᠨ ᠰᠢᠯᠭᠠᠬᠤ᠂ ᠱᠠᠩᠨᠠᠵᠤ ᠲᠣᠷᠭᠠᠬᠤ᠂ ᠭᠤᠮᠣᠳᠠᠯ ᠲᠣᠭᠠᠴᠢᠬᠤ᠂ ᠪᠣᠯᠪᠠᠰᠤᠷᠠᠭᠤᠯᠬᠤ ᠵᠡᠷᠭᠡ ᠶᠠᠪᠤᠳᠠᠯ ᠢ ᠬᠠᠷᠢᠭᠤᠴᠠᠨ᠎ᠠ᠃          ︵ᠶᠢᠰᠦ︶ ᠴᠠᠯᠢᠩ  ᠤᠨ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠠ ᠪᠠᠶᠢᠭᠤᠯᠭ᠎ᠠ ᠶᠢᠨ ᠠᠵᠢᠯ ᠤᠨ ᠦᠢᠯᠡᠴᠢᠯᠡᠭᠡᠨ ᠤ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ ᠢ ᠲᠣᠭᠲᠠᠭᠠᠬᠤ᠂ ᠬᠡᠪ ᠤᠨ ᠶᠣᠰᠣᠭᠠᠷ ᠨᠡᠮᠡᠭᠳᠡᠭᠦᠯᠬᠦ ᠪᠠ ᠥᠭᠬᠦ ᠶᠢ ᠪᠠᠲᠤᠯᠠᠬᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠠᠰᠠᠷᠠᠮᠵᠢ ᠪᠠ ᠠᠵᠢᠯ ᠠᠴᠠ ᠪᠠᠨ ᠰᠠᠯᠵᠤ ᠠᠮᠠᠷᠠᠬᠤ ᠪᠠ ᠨᠠᠰᠤᠨ ᠤ ᠠᠮᠠᠷᠠᠯᠲᠠ ᠠᠪᠬᠤ  ᠶᠢ ᠬᠡᠷᠡᠭᠵᠢᠭᠦᠯᠦᠨ᠎ᠡ᠃          ︵ᠠᠷᠪᠠ︶ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠶᠡᠷᠦᠩᠬᠡᠶᠢᠯᠡᠭᠰᠡᠨ ᠴᠢᠨᠠᠷᠲᠠᠢ ᠲᠥᠷᠥ ᠶᠢᠨ ᠪᠣᠳᠣᠯᠭ᠎ᠠ ᠪᠠ ᠲᠥᠯᠦᠪᠵᠢᠭᠦᠯᠭᠡ ᠶᠢ ᠲᠤᠭᠤᠰᠢᠯᠠᠭᠤᠯᠤᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠤᠨ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃          ︵ᠠᠷᠪᠠᠨ ᠨᠢᠭᠡ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃          ︵ᠠᠷᠪᠠᠨ ᠬᠤᠶᠠᠷ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠦᠭᠡᠲᠡᠢ ᠪᠣᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠭᠠᠳᠠᠭᠠᠳᠤ ᠳᠤ ᠰᠢᠢᠳᠪᠦᠷᠢᠯᠡᠬᠦ ᠵᠦᠢᠯᠡᠰ ᠢ ᠵᠢᠷᠤᠮᠵᠢᠭᠤᠯᠤᠨ ᠰᠢᠯᠢᠳᠡᠭᠵᠢᠭᠦᠯᠵᠦ᠂ ᠠᠵᠢᠯ ᠮᠡᠷᠭᠡᠵᠢᠯ ᠤᠨ ᠬᠢᠷᠢ ᠬᠡᠮ ᠢ ᠵᠥᠪᠰᠢᠶᠡᠷᠡᠬᠦ ᠪᠠ ᠮᠠᠭᠠᠳᠯᠠᠨ ᠲᠣᠭᠲᠠᠭᠠᠬᠤ ᠵᠡᠷᠭᠡ ᠬᠢᠨᠠᠨ ᠵᠥᠪᠰᠢᠶᠡᠷᠡᠬᠦ ᠵᠦᠢᠯᠡᠰ ᠢ ᠪᠠᠭᠠᠰᠬᠠᠵᠤ᠂ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠭᠠᠷᠴᠠᠭ ᠤᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃          ︵ᠠᠷᠪᠠᠨ ᠭᠤᠷᠪᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠭᠠᠭᠤᠯᠢ  ᠠᠴᠠ ᠪᠠᠨ ᠰᠠᠯᠬᠤ  ᠠᠴᠠ ᠡᠮᠦᠨᠡᠬᠢ ᠠᠵᠢᠯ ᠣᠯᠬᠤ ᠵᠢᠯᠣᠭᠤᠳᠤᠯᠭ᠎ᠠ ᠪᠠ ᠦᠢᠯᠡᠴᠢᠯᠡᠭᠡᠨ ᠤ ᠠᠵᠢᠯ  ᠢ ᠬᠤᠰᠢᠭᠤᠨ  ᠤ ᠰᠤᠷᠭᠠᠨ ᠬᠥᠮᠦᠵᠢᠯ ᠤᠨ ᠲᠣᠪᠴᠢᠶ᠎ᠠ  ᠠᠴᠠ ᠬᠠᠷᠢᠭᠤᠴᠠᠨ᠎ᠠ ; ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠭᠠᠭᠤᠯᠢ  ᠠᠴᠠ ᠪᠠᠨ ᠰᠠᠯᠤᠭᠰᠠᠨ ᠤ ᠳᠠᠷᠠᠭᠠᠬᠢ ᠠᠵᠢᠯ ᠣᠯᠬᠤ ᠵᠢᠯᠣᠭᠤᠳᠤᠯᠭ᠎ᠠ ᠪᠠ ᠦᠢᠯᠡᠴᠢᠯᠡᠭᠡᠨ ᠤ ᠠᠵᠢᠯ  ᠢ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠠᠷᠢᠭᠤᠴᠠᠨ᠎ᠠ᠃          2 ᠳᠣᠲᠣᠭᠠᠳᠤ ᠪᠠᠶᠢᠭᠤᠯᠤᠮᠵᠢ          ︵ᠨᠢᠭᠡ︶ ᠠᠯᠪᠠᠨ ᠭᠡᠷ ︵ᠬᠠᠤᠯᠢ ᠳᠦᠷᠢᠮ ᠤᠨ ᠠᠯᠪᠠᠨ ᠭᠡᠷ︶᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠶᠡᠷᠦᠩᠬᠡᠶᠢᠯᠡᠭᠰᠡᠨ ᠴᠢᠨᠠᠷᠲᠠᠢ ᠡᠬᠡ ᠪᠢᠴᠢᠭ ᠢ ᠲᠤᠭᠤᠷᠪᠢᠬᠤ᠂ ᠡᠳ᠋ ᠤᠨ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ᠂ ᠴᠢᠬᠤᠯᠠ ᠨᠢᠭᠤᠴᠠ ᠮᠠᠲ᠋ᠧᠷᠢᠶᠠᠯ᠂ ᠲᠠᠩᠰᠠ ᠡᠪᠬᠡᠮᠡᠯ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠬᠠᠷᠢᠭᠤᠴᠠᠨ᠎ᠠ᠃ ᠳᠠᠭᠠᠭᠠᠨ ᠡᠭᠦᠷᠭᠡᠯᠡᠬᠦ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠵᠢᠴᠢ ᠲᠣᠪᠴᠢᠶ᠎ᠠ ᠶᠢᠨ ᠭᠠᠳᠠᠨᠠᠬᠢ ᠬᠠᠤᠯᠢ ᠲᠣᠭᠲᠠᠭᠠᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠰᠠᠨᠠᠯ ᠬᠤᠷᠢᠶᠠᠵᠤ ᠬᠠᠷᠢᠭᠤᠯᠲᠠ ᠥᠭᠭᠦᠨ᠎ᠡ ; ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ ; ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ ; ᠪᠥᠬᠦ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠠᠤᠯᠢ ᠲᠦᠭᠡᠮᠡᠯᠵᠢᠭᠦᠯᠬᠦ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠠᠵᠢᠯ ᠢ ᠬᠠᠷᠲᠢᠭᠤᠴᠠᠨ᠎ᠠ ; ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠂ ᠰᠣᠨᠢᠨ ᠮᠡᠳᠡᠭᠡᠨ ᠤ ᠤᠬᠠᠭᠤᠯᠭ᠎ᠠ ᠵᠢᠴᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠪᠠᠶᠢᠴᠠᠭᠠᠨ᠎ᠠ ; ᠪᠥᠬᠦ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠬᠠᠷᠢᠭᠤᠴᠠᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠨᠡᠶᠢᠭᠡᠮ  ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ  ᠢ ᠬᠠᠷᠢᠭᠤᠴᠠᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠠᠵᠢᠯ ᠲᠦᠷᠦᠯ ᠤᠨ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠬᠦ ᠶᠢ ᠬᠠᠷᠢᠭᠤᠴᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ   ᠲᠤᠭᠤᠰᠢᠯᠠᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃          ︵ᠬᠤᠶᠠᠷ︶ ᠬᠥᠮᠥᠨ ᠤ ᠬᠦᠴᠦᠨ ᠤ ᠡᠬᠢ ᠪᠠᠶᠠᠯᠢᠭ ᠤᠨ ᠶᠡᠷᠦᠩᠬᠡᠶᠢᠯᠡᠭᠰᠡᠨ ᠰᠲ᠋ᠣᠺ᠃ ᠪᠥᠬᠦ ᠬᠤᠰᠢᠭᠤᠨ ᠤ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠵᠤ᠂ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠭᠠᠷᠴᠠᠭ ᠢ ᠨᠠᠶᠢᠷᠠᠭᠤᠯᠤᠨ ᠵᠣᠬᠢᠶᠠᠵᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠴᠢᠬᠤᠯᠠ ᠶᠡᠭᠡ ᠴᠢᠳᠠᠪᠤᠷᠢᠲᠠᠨ ᠤ ᠲᠥᠷᠥᠯ ᠵᠦᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠯᠠᠨ ᠤᠯᠤᠰ ᠤᠨ ᠪᠠ ᠣᠷᠣᠨ ᠪᠦᠰᠡ ᠶᠢᠨ ᠴᠢᠳᠠᠪᠤᠷᠢᠲᠠᠨ ᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠠᠮᠢᠶᠠᠷᠬᠤ ᠪᠠ ᠦᠷᠭᠦᠯᠵᠢᠯᠡᠨ ᠰᠤᠷᠭᠠᠨ ᠬᠥᠮᠥᠵᠢᠭᠦᠯᠬᠦ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠪᠠ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠡᠭᠦᠷᠭᠡᠯᠡᠨ᠎ᠡ᠃ ᠲᠤᠰᠬᠠᠢ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠢᠯᠭᠠᠯᠲᠠ ᠶᠢᠨ ᠰᠠᠬᠢᠯᠭ᠎ᠠ ᠪᠠᠲᠤ ᠶᠢ ᠵᠥᠷᠢᠴᠡᠭᠰᠡᠳ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ᠂ ᠠᠵᠢᠯ ᠠᠯᠳᠠᠯᠲᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠶᠡᠷᠦᠩᠬᠡᠶᠢᠯᠡᠭᠰᠡᠨ ᠴᠢᠨᠠᠷᠲᠠᠢ ᠲᠥᠷᠥ ᠶᠢᠨ ᠪᠣᠳᠣᠯᠭ᠎ᠠ ᠶᠢ ᠬᠠᠷᠢᠭᠤᠴᠠᠨ᠎ᠠ᠃ ᠳᠡᠭᠡᠳᠦ ᠲᠠᠰ ᠳᠠᠪᠬᠤᠷᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠲᠠᠨᠢᠯᠴᠠᠭᠤᠯᠬᠤ ᠪᠠ ᠬᠥᠮᠥᠵᠢᠭᠦᠯᠬᠦ ᠠᠵᠢᠯ ᠢ ᠡᠭᠦᠷᠭᠡᠯᠡᠵᠦ᠂ ᠴᠢᠳᠠᠪᠤᠷᠢᠲᠠᠨ ᠤ ᠲᠡᠷᠢᠭᠦᠨ ᠤ ᠨᠢᠭᠡᠴᠢ᠂ ᠰᠢᠯᠢᠳᠡᠭ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠬᠡᠷᠡᠭᠯᠡᠭᠡᠨ ᠤ ᠴᠢᠳᠠᠪᠤᠷᠢᠲᠠᠨ ᠢ ᠬᠥᠬᠢᠭᠦᠯᠦᠨ ᠰᠠᠶᠢᠰᠢᠶᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ; ᠪᠥᠬᠦ ᠬᠤᠰᠢᠭᠤᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠥᠯᠥᠨ ᠪᠤᠶᠢᠷ ᠬᠤᠲᠠ ᠶᠢᠨ ᠬᠠᠮᠢᠶ᠎ᠠ ᠪᠦᠬᠦᠢ ᠣᠯᠭᠤᠮᠵᠢ ᠶᠢ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠰᠥᠪ ᠢ ᠲᠥᠰᠥᠪᠯᠡᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠪᠠ ᠠᠵᠢᠯ ᠮᠡᠷᠭᠡᠵᠢᠯ ᠤᠨ ᠵᠠᠭᠤᠴᠢ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠵᠢᠯᠣᠭᠤᠳᠤᠨ ᠵᠢᠷᠤᠮᠵᠢᠭᠤᠯᠵᠤ᠂ ᠨᠡᠶᠢᠭᠡᠮᠴᠢᠯᠡᠭᠰᠡᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠭᠤᠴᠢ ᠪᠠᠶᠢᠭᠤᠯᠤᠮᠵᠢ ᠶᠢᠨ ᠵᠠᠭᠤᠴᠢ ᠠᠵᠢᠯᠯᠠᠭ᠎ᠠ ᠳᠤ ᠬᠢᠨᠠᠯᠲᠠ ᠲᠠᠯᠪᠢᠨ᠎ᠠ᠃ ᠬᠥᠮᠥᠨ  ᠤ ᠬᠦᠴᠦᠨ  ᠤ ᠡᠬᠢ ᠪᠠᠶᠠᠯᠢᠭ  ᠤᠨ ᠵᠠᠬ᠎ᠠ ᠳᠡᠯᠭᠡᠭᠦᠷ  ᠤᠨ ᠮᠡᠳᠡᠭᠡ ᠵᠠᠩᠭᠢ ᠶᠢᠨ ᠬᠠᠮᠢᠶ᠎ᠠ ᠪᠦᠬᠦᠢ ᠠᠵᠢᠯ  ᠢ ᠬᠠᠷᠢᠭᠤᠴᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠬᠠᠷᠢᠭᠤᠴᠠᠨ ᠬᠡᠷᠡᠭᠵᠢᠭᠦᠯᠵᠦ ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠦᠨᠳᠦᠰᠦᠨ ᠱᠠᠲᠤᠨ ᠤ ᠦᠢᠯᠡᠴᠢᠯᠡᠭᠡᠨ ᠤ ᠲᠥᠷᠥᠯ ᠵᠦᠢᠯ ᠢ ᠵᠣᠬᠢᠶᠠᠨ ᠪᠠᠶᠢᠭᠤᠯᠤᠨ᠎ᠠ᠃ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠥᠭᠡᠷᠡᠴᠢᠯᠡᠯᠲᠡ ᠶᠢ ᠬᠠᠷᠢᠭᠤᠴᠠᠨ᠎ᠠ᠃ ᠪᠥᠬᠦ ᠬᠤᠰᠢᠭᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢ ᠳᠠᠭᠠᠭᠠᠨ ᠭᠦᠢᠴᠡᠳᠬᠡᠵᠦ᠂ ᠢᠯᠡ ᠪᠠᠷ ᠤᠷᠢᠨ ᠬᠡᠷᠡᠭᠯᠡᠬᠦ᠂ ᠠᠵᠢᠯ ᠤᠨ ᠬᠠᠮᠢᠶ᠎ᠠ ᠪᠦᠬᠦᠢ ᠬᠥᠮᠥᠰ ᠢ ᠰᠢᠯᠵᠢᠭᠦᠯᠦᠨ ᠲᠣᠬᠢᠷᠠᠭᠤᠯᠬᠤ᠂ ᠲᠠᠰ ᠤᠨ ᠺᠠᠳ᠋ᠷ ᠢ ᠲᠣᠮᠢᠯᠠᠬᠤ ᠪᠠᠭᠤᠯᠭᠠᠬᠤ᠂ ᠤᠷᠢᠬᠤ ᠪᠠᠨ ᠪᠣᠯᠢᠬᠤ ᠵᠡᠷᠭᠡ ᠶᠠᠪᠤᠳᠠᠯ ᠢ ᠬᠠᠷᠢᠭᠤᠴᠠᠨ᠎ᠠ᠃ ᠪᠥᠬᠦ ᠬᠤᠰᠢᠭᠤᠨ ᠤ ᠠᠵᠢᠯ ᠦᠢᠯᠡᠰ ᠤᠨ ᠨᠢᠭᠡᠴᠢ ᠶᠢᠨ ᠬᠢᠨᠠᠨ ᠰᠢᠯᠭᠠᠬᠤ᠂ ᠱᠠᠩᠨᠠᠵᠤ ᠲᠣᠷᠭᠠᠬᠤ᠂ ᠭᠤᠮᠣᠳᠠᠯ ᠲᠣᠭᠠᠴᠢᠬᠤ᠂ ᠪᠣᠯᠪᠠᠰᠤᠷᠠᠭᠤᠯᠬᠤ ᠵᠡᠷᠭᠡ ᠶᠠᠪᠤᠳᠠᠯ ᠢ ᠬᠠᠷᠢᠭᠤᠴᠠᠨ᠎ᠠ᠃ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠯᠪᠠᠨ ᠲᠤᠰᠢᠶᠠᠯᠲᠠᠨ ᠤ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠎ ᠠᠴᠠ ᠭᠠᠷᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃          ︵ᠭᠤᠷᠪᠠ︶ ᠴᠠᠯᠢᠩ ᠠᠰᠠᠷᠠᠮᠵᠢ ᠪᠠ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠠᠮᠢᠶᠠᠷᠤᠯᠲᠠ ᠶᠢᠨ ᠬᠤᠪᠢ᠃ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ᠂ ᠠᠰᠠᠷᠠᠮᠵᠢ ᠪᠠ ᠠᠵᠢᠯ ᠠᠴᠠ ᠪᠠᠨ ᠰᠠᠯᠵᠤ ᠠᠮᠠᠷᠠᠭᠰᠠᠨ  ᠢ ᠬᠡᠷᠡᠭᠵᠢᠭᠦᠯᠦᠨ᠎ᠡ ;  ᠡᠷᠬᠡ ᠮᠡᠳᠡᠯ ᠤᠨ ᠬᠡᠪᠴᠢᠶᠡᠨ ᠳᠠᠬᠢ ᠠᠵᠢᠯ ᠦᠢᠯᠡᠰ ᠤᠨ ᠨᠢᠭᠡᠴᠢ ᠶᠢᠨ ᠠᠵᠢᠯᠲᠠᠨ᠂ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠴᠠᠯᠢᠩ ᠢ ᠬᠢᠨᠠᠨ ᠵᠥᠪᠰᠢᠶᠡᠷᠡᠬᠦ᠂ ᠠᠵᠢᠯ  ᠠᠴᠠ ᠪᠠᠨ ᠰᠠᠯᠵᠤ ᠠᠮᠠᠷᠠᠭᠰᠠᠨ ᠪᠠ ᠠᠵᠢᠯ  ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ  ᠵᠠᠷᠤᠳᠠᠯ ᠢ ᠬᠢᠨᠠᠨ ᠬᠠᠷᠭᠤᠭᠤᠯᠬᠤ᠂ ᠡᠷᠬᠡ ᠮᠡᠳᠡᠯ ᠤᠨ ᠬᠡᠪᠴᠢᠶᠡᠨ ᠳᠣᠲᠣᠷᠠᠬᠢ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠠᠰᠠᠷᠠᠮᠵᠢ᠂ ᠳᠤᠯᠠᠭᠠᠯᠠᠭ᠎ᠠ ᠵᠡᠷᠭᠡ ᠠᠰᠠᠷᠠᠮᠵᠢ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠡᠷᠡᠭᠵᠢᠭᠦᠯᠬᠦ ᠲᠥᠰᠥᠯ ᠢ ᠲᠤᠭᠤᠷᠪᠢᠬᠤ ᠶᠢᠨ ᠬᠠᠮᠲᠤ ᠵᠣᠬᠢᠶᠠ ᠪᠠᠶᠢᠭᠤᠯᠤᠨ᠎ᠠ᠃ ᠪᠥᠬᠦ ᠬᠤᠰᠢᠭᠤᠨ ᠤ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠬᠢᠨᠠᠨ ᠲᠣᠭᠲᠠᠭᠠᠬᠤ᠂ ᠴᠠᠯᠢᠩ ᠤᠨ ᠰᠠᠭᠤᠷᠢ ᠮᠥᠩᠭᠦ ᠶᠢ ᠬᠢᠨᠠᠨ ᠰᠢᠭᠦᠬᠦ᠂ ᠠᠵᠢᠯᠯᠠᠭᠰᠠᠨ ᠣᠨ ᠵᠢᠯ ᠢ ᠮᠠᠭᠠᠳᠯᠠᠨ ᠲᠣᠭᠲᠠᠭᠠᠬᠤ ᠵᠢᠴᠢ ᠴᠠᠯᠢᠩ ᠢ ᠲᠣᠭᠲᠠᠭᠠᠬᠤ᠂ ᠬᠢᠨᠠᠨ ᠬᠠᠷᠭᠤᠭᠤᠯᠬᠤ᠂ ᠳᠠᠩᠰᠠᠯᠠᠬᠤ ᠠᠵᠢᠯ ᠢ ᠬᠠᠷᠢᠭᠤᠴᠠᠨ᠎ᠠ᠃          ︵ᠳᠥᠷᠪᠡ︶ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠰᠲ᠋ᠣᠺ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠨᠠᠰᠤᠵᠢᠯ ᠤᠨ ᠳᠠᠭᠠᠳᠬᠠᠯ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠠᠵᠤ ᠠᠬᠤᠶᠢᠯᠠᠯ ︵ᠠᠵᠢᠯ ᠮᠡᠷᠭᠡᠵᠢᠯ︶᠎ ᠤᠨ ᠣᠨ ᠤ ᠮᠥᠩᠭᠦ᠂ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠦᠷᠡᠵᠢᠯ ᠤᠨ ᠳᠠᠭᠠᠳᠬᠠᠯ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠯᠡᠭᠦᠯᠦᠨ᠎ᠡ᠃ ᠬᠤᠪᠢ ᠬᠥᠮᠥᠨ ᠤ ᠬᠠᠳᠠᠭᠠᠯᠠᠮᠵᠢ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠬᠡᠷᠡᠭᠵᠢᠯᠡᠭᠦᠯᠦᠨ᠎ᠡ᠃ ᠪᠥᠬᠦ ᠬᠤᠰᠢᠭᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ  ᠠᠴᠠ ᠪᠠᠨ ᠠᠮᠠᠷᠠᠬᠤ ᠶᠢ ᠬᠢᠨᠠᠨ ᠵᠥᠪᠰᠢᠶᠡᠷᠡᠬᠦ ᠪᠠ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ ᠮᠠᠭᠠᠳᠯᠠᠨ ᠲᠣᠭᠲᠠᠭᠠᠬᠤ ᠠᠵᠢᠯ ᠢ ᠬᠠᠷᠢᠭᠤᠴᠠᠨ᠎ᠠ᠃ ᠭᠠᠵᠠᠷ ᠰᠢᠷᠣᠢ ᠲᠠᠲᠠᠪᠤᠷᠢᠯᠠᠬᠤ ᠲᠥᠰᠥᠯ ᠳᠠᠬᠢ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠮᠠᠯᠴᠢᠨ ᠲᠠᠷᠢᠶᠠᠴᠢᠳ ᠤᠨ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠣᠨᠳᠣᠣ ᠭᠠᠵᠠᠷ ᠲᠤ ᠡᠮᠨᠡᠭᠦᠯᠬᠦ ᠬᠠᠮᠢᠶᠠᠷᠤᠯᠲᠠ ᠶᠢᠨ ᠠᠷᠭ᠎ᠠ ᠪᠠ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠤᠯᠠᠨ ᠲᠡᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠥᠯ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠡᠮ ᠡᠮᠨᠡᠯᠭᠡ ᠶᠢᠨ ᠳᠠᠭᠠᠳᠬᠠᠯ ᠤᠨ ᠠᠵᠢᠯ ᠠᠴᠠ ᠪᠠᠭᠤᠭᠰᠠᠨ ᠣᠯᠭᠤᠮᠵᠢ ᠶᠢ ᠬᠢᠨᠠᠨ ᠵᠥᠪᠰᠢᠶᠡᠷᠡᠬᠦ ᠠᠵᠢᠯ ᠢ ᠬᠤᠰᠢᠭᠤᠨ ᠠᠴᠠ ᠲᠣᠰ ᠱᠠᠲᠤᠨ ᠤ ᠠᠵᠢᠯ ᠠᠴᠠ ᠪᠣᠯᠤᠭᠰᠠᠨ ᠭᠡᠮᠲᠦᠯ ᠢ ᠨᠤᠲᠠᠯᠠᠬᠤ ᠠᠵᠢᠯ ᠵᠢᠴᠢ ᠬᠤᠲᠠ ᠶᠢᠨ ᠲᠣᠰ ᠱᠠᠲᠤᠨ ᠤ ᠬᠥᠳᠡᠯᠮᠦᠷᠢ ᠶᠢᠨ ᠴᠢᠳᠠᠪᠤᠷᠢ ᠶᠢ ᠬᠢᠨᠠᠨ ᠲᠣᠭᠲᠠᠭᠠᠬᠤ ᠠᠵᠢᠯ ᠳᠤ ᠬᠠᠮᠵᠢᠯᠴᠠᠨ᠎ᠠ᠃ ᠪᠥᠬᠦ ᠬᠤᠰᠢᠭᠤᠨ ᠤ ᠠᠵᠢᠯ ᠣᠯᠭᠤᠯᠲᠠ ᠶᠢᠨ ᠲᠥᠯᠦᠪᠵᠢᠭᠦᠯᠭᠡ᠂ ᠣᠨ ᠤ ᠲᠥᠯᠥᠪᠯᠡᠭᠡ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠠᠵᠢᠯ ᠣᠯᠭᠤᠯᠲᠠ ᠶᠢ ᠲᠤᠰᠠᠯᠠᠬᠤ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠠᠵᠢᠯ ᠠᠯᠳᠠᠬᠤ ᠶᠢ ᠤᠷᠢᠳᠴᠢᠯᠠᠨ ᠰᠡᠷᠡᠮᠵᠢᠯᠡᠭᠦᠯᠵᠦ᠂ ᠬᠢᠨᠠᠨ ᠬᠡᠮᠵᠢᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠶᠢ ᠵᠥᠪᠰᠢᠶᠡᠷᠡᠬᠦ ᠤᠴᠢᠷ ᠶᠠᠪᠤᠳᠠᠯ ᠢ ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠡᠯ᠎ᠡ ᠵᠦᠢᠯ ᠤᠨ ᠪᠦᠷᠢᠳᠬᠡᠬᠦ ᠠᠵᠢᠯ ᠢ ᠬᠠᠷᠢᠭᠤᠴᠠᠨ᠎ᠠ᠃          ︵ᠲᠠᠪᠤ︶ ᠡᠮ ᠡᠮᠨᠡᠯᠭᠡ ᠶᠢᠨ ᠬᠠᠮᠢᠶᠠᠷᠤᠯᠲᠠ ᠶᠢᠨ ᠲᠠᠰᠤᠭ᠃ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠬᠠᠷᠢᠭᠤᠴᠠᠨ᠎ᠠ᠃ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠤᠯᠤᠰ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠪᠠ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠲᠥᠯᠥᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ ᠪᠥᠬᠦ ᠬᠤᠰᠢᠭᠤᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠳᠤ ᠬᠢᠨᠠᠯᠲᠠ ᠲᠠᠯᠪᠢᠵᠤ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃          ︵ᠵᠢᠷᠭᠤᠭ᠎ᠠ︶ ᠬᠥᠨᠳᠡᠯᠡᠨ ᠠᠴᠠ ᠲᠠᠰᠤᠯᠬᠤ ᠵᠠᠬᠢᠳᠠᠯ ᠰᠣᠷᠪᠤᠯᠵᠢᠯᠠᠭ᠎ᠠ ᠶᠢᠨ ᠲᠠᠰᠤᠭ᠃ ᠪᠥᠬᠦ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠰᠦᠪᠡᠭᠴᠢᠯᠡᠨ᠎ᠡ᠃ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠲᠣᠭᠲᠠᠴᠠ ᠶᠢ ᠲᠦᠷᠦᠭᠦᠯᠡᠨ ᠪᠠᠶᠢᠭᠤᠯᠤᠨ ᠪᠦᠷᠢᠨᠰᠢᠭᠦᠯᠦᠨ᠎ᠡ ; ᠬᠥᠳᠡᠯᠮᠦᠷᠢᠴᠢᠨ ᠤ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠤᠨ᠎ᠠ ; ᠬᠥᠳᠡᠯᠮᠦᠷᠢ᠂ ᠠᠵᠢᠯᠲᠠᠨ ᠤ ᠶᠠᠪᠤᠳᠠᠯ᠂ ᠨᠡᠶᠢᠭᠡᠮ ᠤᠨ ᠳᠠᠭᠠᠳᠬᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠢ ᠵᠢᠯᠤᠭᠤᠳᠴᠤ ᠬᠢᠨᠠᠯᠲᠠ ᠲᠠᠯᠪᠢᠨ᠎ᠠ᠃ ᠬᠥᠳᠡᠯᠮᠦᠷᠢ᠂ ᠠᠵᠢᠯᠲᠠᠨ ᠤ ᠶᠠᠪᠤᠳᠠᠯ᠂ ᠨᠡᠶᠢᠭᠡᠮ ᠤᠨ ᠳᠠᠭᠠᠳᠬᠠᠯ ᠤᠨ ᠮᠠᠷᠭᠤᠯᠳᠤᠭᠠᠨ ᠢ ᠤᠷᠢᠳᠴᠢᠯᠠᠨ ᠰᠡᠷᠭᠡᠶᠢᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ ; ᠬᠥᠳᠡᠯᠮᠦᠷᠢ᠂ ᠠᠵᠢᠯᠲᠠᠨ ᠤ ᠶᠠᠪᠤᠳᠠᠯ᠂ ᠨᠡᠶᠢᠭᠡᠮ ᠤᠨ ᠳᠠᠭᠠᠳᠬᠠᠯ ᠤᠨ ᠮᠠᠷᠭᠤᠯᠳᠤᠭᠠᠨ ᠤ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠨ᠎ᠡ᠃ ᠰᠣᠷᠪᠤᠯᠵᠢᠯᠠᠭ᠎ᠠ ᠶᠢ ᠬᠦᠯᠢᠶᠡᠨ ᠠᠪᠬᠤ ᠪᠠ ᠠᠷᠠᠳ ᠤᠯᠠᠨ ᠤ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠴᠢᠬᠤᠯᠠ ᠶᠡᠭᠡ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠦᠷᠢᠯᠡᠵᠦ᠂ ᠬᠠᠮᠲᠤᠯᠢᠭ ᠤᠨ ᠴᠢᠨᠠᠷᠲᠠᠢ ᠭᠡᠨᠡᠳᠲᠡ ᠶᠢᠨ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ᠃          ︵ᠳᠣᠯᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰᠤᠭ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠥᠯᠥᠪᠯᠡᠭᠡ᠂ ᠬᠠᠮᠢᠶᠠᠷᠤᠯᠲᠠ ᠶᠢᠨ ᠳᠦᠷᠢᠮ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠡᠷᠬᠡ ᠮᠡᠳᠡᠯ ᠤᠨ ᠬᠡᠪᠴᠢᠶᠡᠨ ᠳᠣᠲᠣᠷᠠᠬᠢ ᠬᠥᠮᠥᠨ ᠤ ᠬᠦᠴᠦᠨ ᠤ ᠡᠬᠢ ᠪᠠᠶᠠᠯᠢᠭ᠂ ᠨᠡᠶᠢᠭᠡᠮ ᠤᠨ ᠪᠠᠲᠤᠯᠠᠭ᠎ᠠ ᠵᠡᠷᠭᠡ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠢᠴᠢ ᠵᠠᠰᠠᠭ ᠵᠠᠬᠢᠷᠭᠠᠨ ᠤ  ᠰᠢᠢᠳᠬᠡᠯ ᠯᠦᠭᠡ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ᠂ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠬᠡᠷᠡᠭ ᠢ ᠰᠢᠮᠳᠠᠭᠤᠯᠤᠨ ᠰᠢᠢᠳᠪᠦᠷᠢᠯᠡᠬᠦ᠂ ᠪᠠᠶᠢᠴᠠᠭᠠᠨ ᠰᠢᠢᠳᠪᠦᠷᠢᠯᠡᠬᠦ ᠪᠠ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠠᠵᠢᠯ ᠢ ᠬᠠᠷᠢᠭᠤᠴᠠᠨ᠎ᠠ᠃          ︵ᠨᠠᠢᠮᠠ︶  ᠰᠠᠭᠤᠷᠢ ᠮᠥᠩᠭᠦᠨ ᠤ ᠪᠡᠯᠡ ᠮᠥᠩᠭᠦᠨ ᠤ ᠬᠠᠮᠢᠶᠠᠷᠤᠯᠲᠠ ᠶᠢᠨ ᠰᠲ᠋ᠣᠺ᠃ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠵᠡᠷᠭᠡ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠨᠠᠶᠢᠷᠠᠭᠤᠯᠤᠨ ᠵᠣᠬᠢᠶᠠᠵᠤ᠂ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ︵ᠪᠡᠯᠡ ᠮᠥᠩᠭᠦ︶᠎ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ᠎ᠠ᠃ ᠬᠠᠮᠢᠶ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ᠂ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠨᠠᠰᠤᠵᠢᠯ ᠤᠨ ᠦᠨᠳᠦᠰᠦᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠯᠲᠠ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠪᠠ ᠠᠵᠢᠯ ᠣᠯᠭᠤᠯᠲᠠ ᠶᠢᠨ ᠲᠤᠰᠬᠠᠢ ᠪᠡᠯᠡ ᠮᠥᠩᠭᠦ᠂ ᠴᠢᠳᠠᠪᠤᠷᠢᠲᠠᠨ ᠤ ᠨᠡᠭᠡᠭᠡᠨ ᠬᠥᠭᠵᠢᠭᠦᠯᠦᠯᠲᠡ ᠶᠢᠨ ᠰᠠᠭᠤᠷᠢ ᠮᠥᠩᠭᠦ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠲᠣᠰ ᠰᠢᠰᠲ᠋ᠧᠮ ᠤᠨ ᠲᠤᠰᠬᠠᠢ ᠵᠦᠢᠯ ᠤᠨ ᠵᠠᠷᠤᠳᠠᠯ ᠳᠤ ᠳᠣᠲᠣᠭᠠᠳᠤ ᠶᠢᠨ ᠬᠢᠨᠠᠨ ᠪᠤᠳᠤᠬᠤ ᠠᠵᠢᠯ ᠬᠢᠨ᠎ᠡ᠃ ᠠᠵᠤ ᠠᠬᠤᠶᠢᠯᠠᠯ ︵ᠠᠵᠢᠯ ᠮᠡᠷᠭᠡᠵᠢᠯ︶᠎ ᠤᠨ ᠣᠨ ᠤ ᠮᠥᠩᠭᠦ᠂ ᠬᠤᠪᠢ ᠬᠥᠮᠥᠨ ᠤ ᠬᠠᠳᠠᠭᠠᠯᠠᠮᠵᠢ ᠶᠢᠨ ᠴᠢᠨᠠᠷᠲᠠᠢ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠡᠵᠡᠩᠨᠡᠯᠲᠡ ᠳᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ︵ᠪᠡᠯᠡ ᠮᠥᠩᠭᠦ︶᠎ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠰᠢᠰᠲ᠋ᠧᠮ ᠢ ᠪᠠᠶᠢᠭᠤᠯᠵᠤ᠂ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠨ᠎ᠡ᠃ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠠᠵᠢᠯ ᠢ ᠬᠠᠮᠢᠶᠠᠷᠴᠤ ᠵᠢᠯᠣᠭᠤᠳᠤᠨ᠎ᠠ᠃          3 ᠬᠠᠷᠢᠶ᠎ᠠ ᠪᠠᠶᠢᠭᠤᠯᠤᠮᠵᠢ          ︵ᠨᠢᠭᠡ︶ ᠰᠢᠨ᠎ᠡ ᠪᠠᠷᠭᠤ ᠵᠡᠭᠦᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠃          ︵1︶ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠲᠤᠬᠠᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ; ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ᠂ ᠣᠨ ᠤ ᠲᠥᠯᠥᠪᠯᠡᠭᠡ  ᠶᠢ ᠬᠡᠷᠡᠭᠵᠢᠭᠦᠯᠬᠦ ᠳᠤ ᠣᠷᠣᠯᠴᠠᠨ᠎ᠠ ; ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠬᠡᠷᠡᠭᠵᠢᠭᠦᠯᠦᠨ᠎ᠡ᠃          ︵2︶ ᠬᠤᠯᠪᠣᠭᠳᠠᠯ ᠪᠦᠬᠦᠢ ᠨᠢᠭᠡᠴᠢ ᠶᠢ ᠬᠠᠮᠵᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠵᠦ᠂ ᠪᠥᠬᠦ ᠬᠤᠰᠢᠭᠤᠨ ᠤ ᠠᠵᠢᠯ ᠮᠡᠷᠭᠡᠵᠢᠯ ᠤᠨ ᠣᠨ ᠤ ᠮᠥᠩᠭᠦ ᠶᠢ ᠴᠤᠭᠯᠠᠭᠤᠯᠤᠨ ᠰᠢᠯᠵᠢᠭᠦᠯᠬᠦ ᠵᠢᠴᠢ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃          ︵  3 ︶ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠡᠭᠦᠷᠭᠡᠯᠡᠨ᠎ᠡ ; ᠲᠣᠭᠲᠠᠭᠠᠯ  ᠠᠴᠠ ᠵᠥᠷᠢᠴᠡᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ  ᠢ ᠠᠪᠬᠤ᠂ ᠲᠣᠭᠲᠠᠭᠠᠯ  ᠠᠴᠠ ᠵᠥᠷᠢᠴᠡᠨ ᠰᠠᠭᠤᠷᠢ ᠮᠥᠩᠭᠦ  ᠶᠢ ᠨᠡᠭᠦᠯᠭᠡᠨ ᠬᠡᠷᠡᠭᠯᠡᠭᠰᠡᠨ  ᠢ ᠨᠡᠬᠡᠮᠵᠢᠯᠡᠨ ᠲᠤᠰᠢᠶᠠᠯᠭᠠᠬᠤ ᠵᠡᠷᠭᠡ ᠠᠵᠢᠯ  ᠢ ᠵᠣᠬᠢᠶᠠᠨ ᠪᠠᠶᠢᠭᠤᠯᠵᠤ ᠥᠷᠨᠢᠭᠦᠯᠦᠨ᠎ᠡ ; ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠯᠲᠡ ᠵᠡᠷᠭᠡ ᠠᠵᠢᠯ ᠢ ᠡᠭᠦᠷᠭᠡᠯᠡᠨ᠎ᠡ᠃          ︵4︶ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ᠂ ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠬᠡᠬᠦ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ᠎ᠠ ; ᠪᠥᠬᠦ ᠬᠤᠰᠢᠭᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠬᠠᠷᠢᠭᠤᠴᠠᠨ᠎ᠠ᠃          ︵5︶ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠲᠤᠭ᠎ᠠ ᠪᠦᠷᠢᠳᠬᠡᠯ ᠪᠠ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠨᠠᠷᠢᠨ ᠪᠤᠳᠤᠬᠤ ᠠᠵᠢᠯ ᠢ ᠡᠭᠦᠷᠭᠡᠯᠡᠨ᠎ᠡ ; ᠨᠡᠶᠢᠭᠡᠮ ᠤᠨ ᠳᠠᠭᠠᠳᠬᠠᠯ ᠤᠨ ᠮᠡᠳᠡᠭᠡ ᠵᠠᠩᠭᠢ ᠶᠢ ᠨᠡᠶᠢᠲᠡᠯᠡᠬᠦ᠂ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠪᠠ ᠬᠠᠮᠢᠶ᠎ᠠ ᠪᠦᠬᠦᠢ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃          ︵  6︶ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ᠂ ᠬᠦᠯᠢᠶᠡᠨ ᠠᠪᠴᠤ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠡᠷᠭᠡ ᠠᠵᠢᠯ ᠢ ᠡᠭᠦᠷᠭᠡᠯᠡᠨ᠎ᠡ᠃          ︵7︶ ᠪᠥᠬᠦ ᠬᠤᠰᠢᠭᠤᠨ ᠤ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠠᠵᠢᠯ  ᠠᠴᠠ ᠪᠠᠨ ᠰᠠᠯᠵᠤ ᠠᠮᠠᠷᠠᠭᠰᠠᠨ ᠪᠠ ᠠᠵᠢᠯ  ᠠᠴᠠ ᠪᠠᠨ ᠪᠠᠭᠤᠵᠤ ᠠᠮᠠᠷᠠᠭᠰᠠᠨ ᠬᠥᠮᠥᠰ ᠪᠠ ᠨᠥᠭᠴᠢᠭᠰᠡᠳ ᠤᠨ ᠭᠡᠷ ᠪᠦᠯᠢ ᠶᠢᠨ ᠠᠰᠠᠷᠠᠨ ᠲᠡᠵᠢᠭᠡᠭᠴᠢᠳ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃          ︵  8 ︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠲᠣᠪᠴᠢᠶ᠎ᠠ ᠶᠢᠨ 2 ᠳ᠋ᠤᠭᠠᠷ ᠳᠠᠪᠬᠤᠷᠯᠢᠭ ᠤᠨ ᠵᠡᠭᠦᠨ ᠲᠠᠯ᠎ᠠ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6601732          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠮᠠᠨᠳᠤᠯ᠎ᠠ          ︵ᠬᠤᠶᠠᠷ︶ ᠰᠢᠨ᠎ᠡ ᠪᠠᠷᠭᠤ ᠵᠡᠭᠦᠨ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ᠃          ︵1︶ ᠪᠥᠬᠦ ᠬᠤᠰᠢᠭᠤᠨ ᠤ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠵᠢᠴᠢ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠳᠤ ᠣᠷᠣᠯᠴᠠᠨ᠎ᠠ ; ᠪᠥᠬᠦ ᠬᠤᠰᠢᠭᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠵᠣᠬᠢᠶᠠᠨ ᠪᠠᠶᠢᠭᠤᠯᠵᠤ᠂ ᠵᠢᠯᠤᠭᠤᠳᠴᠤ᠂ ᠬᠡᠷᠡᠭᠵᠢᠭᠦᠯᠦᠨ᠎ᠡ᠃          ︵  2︶ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠰᠢᠯᠵᠢᠯᠲᠡ ᠪᠠ ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ᠃          ︵  3︶ ᠬᠤᠳᠠ ᠬᠥᠳᠡᠭᠡ ᠶᠢᠨ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ ; ᠬᠤᠲᠠ ᠬᠥᠳᠡᠭᠡ ᠶᠢᠨ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠲᠥᠷᠥ ᠶᠢᠨ ᠪᠣᠳᠣᠯᠭ᠎ᠠ ᠵᠢᠴᠢ ᠣᠨ ᠤ ᠲᠥᠯᠥᠪᠯᠡᠭᠡ ᠶᠢ ᠨᠠᠶᠢᠳᠠᠪᠤᠷᠢᠵᠢᠭᠤᠯᠬᠤ ᠬᠡᠷᠡᠭᠲᠡᠢ᠃          ︵ 4 ︶ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠳᠦᠷᠢᠮ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠢ ᠡᠭᠦᠷᠭᠡᠯᠡᠨ᠎ᠡ ; ᠪᠥᠬᠦ ᠬᠤᠰᠢᠭᠤᠨ ᠤ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠦᠨᠡᠯᠡᠬᠦ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ ᠶᠠᠰᠤ ᠴᠢᠨᠠᠷ ᠤᠨ ᠬᠢᠨᠠᠨ ᠵᠢᠯᠣᠭᠤᠳᠤᠯᠭ᠎ᠠ᠂ ᠮᠡᠷᠭᠡᠵᠢᠯ ᠤᠨ ᠳᠡᠮᠵᠢᠯᠭᠡ ᠵᠢᠴᠢ ᠲᠤᠰᠬᠠᠢ ᠮᠡᠷᠭᠡᠵᠢᠯᠲᠡᠨ ᠤ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ᠃          ︵5 ︶ ᠬᠤᠲᠠ ᠬᠥᠳᠡᠭᠡ ᠶᠢᠨ ᠬᠥᠳᠡᠯᠮᠦᠷᠢᠴᠢᠳ ᠤᠨ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ; ᠤᠯᠤᠰ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠬᠥᠳᠡᠯᠮᠦᠷᠢᠴᠢᠳ ᠤᠨ ᠠᠳᠠᠯ ᠦᠢᠯᠡᠰ ᠴᠣᠭᠴᠠᠯᠠᠬᠤ ᠠᠵᠢᠯ ᠤᠨ ᠲᠥᠯᠥᠪᠯᠡᠭᠡ ᠶᠢ ᠨᠠᠶᠢᠳᠠᠪᠤᠷᠢᠵᠢᠭᠤᠯᠤᠨ᠎ᠠ ; ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠤᠨ ᠥᠷᠨᠢᠭᠦᠯᠦᠨ᠎ᠡ᠃          ︵6︶ ᠤᠯᠤᠰ᠂ ᠥᠪᠡᠷᠲᠡᠭᠡᠨ ᠵᠠᠰᠠᠬᠤ ᠣᠷᠣᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ; ᠪᠥᠬᠦ ᠬᠤᠰᠢᠭᠤᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠳᠠᠭᠠᠭᠠᠨ ᠭᠦᠢᠴᠡᠳᠬᠡᠨ᠎ᠡ᠃          ︵7︶ ᠪᠥᠬᠦ ᠬᠤᠰᠢᠭᠤᠨ ᠤ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ᠃          ︵8︶ ᠠᠵᠢᠯ ᠣᠯᠭᠤᠯᠲᠠ ᠶᠢᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠯᠡᠭᠡ ᠶᠢ ᠲᠣᠭᠲᠠᠭᠠᠨ᠎ᠠ ; ᠠᠵᠢᠯ ᠣᠯᠭᠤᠯᠲᠠ ᠶᠢᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠪᠦᠷᠢᠳᠬᠡᠨ ᠰᠢᠢᠳᠪᠦᠷᠢᠯᠡᠬᠦ ᠪᠠ ᠵᠠᠳᠠᠯᠬᠤ ᠠᠵᠢᠯ ᠢ ᠡᠭᠦᠷᠭᠡᠯᠡᠨ᠎ᠡ᠃          ︵  9 ︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠲᠣᠪᠴᠢᠶ᠎ᠠ ᠶᠢᠨ 3 ᠳ᠋ᠤᠭᠠᠷ ᠳᠠᠪᠬᠤᠷᠭ᠎ᠠ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6607131          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠪᠠᠭᠠᠲᠤᠷ          ︵ᠭᠤᠷᠪᠠ︶ ᠰᠢᠨ᠎ᠡ ᠪᠠᠷᠭᠤ ᠵᠡᠭᠦᠨ ᠬᠤᠰᠢᠭᠤᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ᠃          ︵1︶ ᠪᠥᠬᠦ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃          ︵2︶ ᠬᠤᠰᠢᠭᠤᠨ ᠲᠣᠰ ᠱᠠᠲᠤᠨ ᠤ ᠬᠤᠯᠪᠣᠭᠳᠠᠯ ᠪᠦᠬᠦᠢ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ ᠰᠢᠯᠢᠨ ᠰᠣᠩᠭᠤᠬᠤ ᠦᠢᠯᠡᠴᠢᠯᠡᠭᠡ ᠵᠡᠷᠭᠡ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ᠃          ︵3 ︶ ᠡᠷᠬᠡ ᠮᠡᠳᠡᠯ ᠤᠨ ᠬᠡᠪᠴᠢᠶᠡᠨ ᠳᠣᠲᠣᠷᠠᠬᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠲᠤᠰᠬᠠᠢ ᠮᠡᠷᠭᠡᠵᠢᠯ ᠤᠨ ᠠᠵᠢᠯᠲᠠᠨ ᠢ ᠦᠷᠭᠦᠯᠵᠢᠯᠡᠨ ᠬᠥᠮᠥᠵᠢᠭᠦᠯᠵᠦ ᠪᠣᠯᠪᠠᠰᠤᠷᠠᠭᠤᠯᠬᠤ ᠠᠵᠢᠯ ᠢ ᠡᠭᠦᠷᠭᠡᠯᠡᠨ᠎ᠡ ; ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠠᠵᠢᠯᠲᠠᠨ ᠤ ᠠᠵᠢᠯ ᠤᠨ ᠪᠠᠶᠢᠷᠢ  ᠶᠢᠨ ᠡᠮᠦᠨᠡᠬᠢ ᠠᠵᠢᠯ ᠤᠨ ᠪᠣᠯᠪᠠᠰᠤᠷᠠᠯ ᠢ ᠬᠠᠷᠢᠭᠤᠴᠠᠨ᠎ᠠ ; ᠬᠤᠰᠢᠭᠤᠨ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠠᠮᠢᠶ᠎ᠠ ᠪᠦᠬᠦᠢ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ ; ᠴᠢᠳᠠᠪᠤᠷᠢᠲᠠᠨ ᠢ ᠬᠠᠨᠳᠤᠯᠭ᠎ᠠ ᠲᠠᠢ ᠪᠣᠯᠪᠠᠰᠤᠷᠠᠭᠤᠯᠬᠤ ᠠᠵᠢᠯ ᠢ ᠡᠭᠦᠷᠭᠡᠯᠡᠨ᠎ᠡ ; ᠡᠯ᠎ᠡ ᠲᠥᠷᠥᠯ ᠤᠨ ᠰᠢᠯᠭᠠᠯᠲᠠ ᠶᠢᠨ ᠰᠢᠯᠭᠠᠯᠲᠠ ᠠᠴᠠ ᠡᠮᠦᠨᠡᠬᠢ ᠪᠣᠯᠪᠠᠰᠤᠷᠠᠯ ᠤᠨ ᠠᠵᠢᠯ ᠢ ᠡᠭᠦᠷᠭᠡᠯᠡᠨ᠎ᠡ᠃          ︵4︶ ᠡᠷᠬᠡ ᠮᠡᠳᠡᠯ ᠤᠨ ᠬᠡᠪᠴᠢᠶᠡᠨ ᠳᠣᠲᠣᠷᠠᠬᠢ ᠶᠡᠭᠡ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠶᠡᠷᠦᠩᠬᠡᠶᠢᠯᠡᠨ ᠬᠠᠮᠢᠶᠠᠷᠬᠤ ᠪᠠ ᠠᠰᠢᠭᠯᠠᠬᠤ ᠠᠵᠢᠯ ᠢ ᠡᠭᠦᠷᠭᠡᠯᠡᠨ᠎ᠡ᠃          ︵5︶ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠴᠢᠳᠠᠪᠤᠷᠢᠲᠠᠨ ᠤ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠨ᠎ᠠ ; ᠪᠥᠬᠦ ᠬᠤᠰᠢᠭᠤᠨ ᠤ ᠠᠵᠢᠯ ᠦᠢᠯᠡᠰ ᠤᠨ ᠨᠢᠭᠡᠴᠢ ᠶᠢᠨ ᠨᠠᠶᠢᠳᠠᠨ ᠤᠷᠢᠬᠤ᠂ ᠨᠡᠶᠢᠭᠡᠮᠴᠢᠯᠡᠭᠰᠡᠨ ᠨᠠᠶᠢᠳᠠᠯᠭ᠎ᠠ ᠵᠡᠷᠭᠡ ᠰᠢᠯᠭᠠᠯᠲᠠ ᠶᠢᠨ ᠠᠵᠢᠯ ᠢ ᠬᠠᠷᠢᠭᠤᠴᠠᠨ᠎ᠠ᠃          ︵6︶ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ  ᠬᠠᠷᠢᠭᠤᠴᠠᠨ᠎ᠠ᠃          ︵7︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠰᠢᠭᠤᠨ ᠤ ᠲᠣᠰ ᠱᠠᠲᠤᠨ ᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠨᠡᠶᠢᠭᠡᠮ ᠤᠨ ᠬᠦᠴᠦᠨ ᠤ ᠡᠭᠦᠷᠭᠡᠯᠡᠬᠦ ᠳᠤ ᠲᠣᠬᠢᠷᠠᠬᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ᠂ ᠨᠡᠶᠢᠭᠡᠮ ᠤᠨ ᠬᠠᠮᠢᠶᠠᠷᠤᠯᠲᠠ ᠶᠢᠨ ᠴᠢᠨᠠᠷᠲᠠᠢ ᠦᠢᠯᠡᠴᠢᠯᠡᠭᠡ᠂ ᠠᠵᠢᠯ ᠲᠥᠷᠥᠯ ᠤᠨ ᠬᠠᠮᠢᠶᠠᠷᠤᠯᠲᠠ ᠬᠢᠭᠡᠳ ᠵᠣᠬᠢᠴᠠᠯᠳᠤ ᠴᠢᠨᠠᠷᠲᠠᠢ ᠦᠢᠯᠡᠴᠢᠯᠡᠭᠡ᠂ ᠮᠡᠷᠭᠡᠵᠢᠯ ᠤᠨ ᠴᠢᠨᠠᠷᠲᠠᠢ ᠦᠢᠯᠡᠴᠢᠯᠡᠭᠡ ᠪᠠ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠬᠡᠷᠡᠭᠰᠡᠬᠦ ᠲᠤᠰᠠᠯᠠᠬᠤ ᠴᠢᠨᠠᠷᠲᠠᠢ ᠵᠦᠢᠯᠡᠰ ᠢ ᠡᠭᠦᠷᠭᠡᠯᠡᠨ᠎ᠡ᠃          ︵ 8 ︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠲᠣᠪᠴᠢᠶ᠎ᠠ ᠶᠢᠨ 4 ᠳ᠋ᠦ᠋ᠭᠡᠷ ᠳᠠᠪᠬᠤᠷᠭ᠎ᠠ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6606615          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄  ᠨᠠᠶᠢᠷᠠᠯ          ︵ᠳᠥᠷᠪᠡ︶ ᠰᠢᠨ᠎ᠡ ᠪᠠᠷᠭᠤ ᠵᠡᠭᠦᠨ ᠬᠤᠰᠢᠭᠤᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ           ︵1︶ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠬᠠᠷᠢᠴᠠᠭ᠎ᠠ ᠪᠠ ᠬᠥᠳᠡᠯᠮᠦᠷᠢ ᠶᠢᠨ ᠪᠠᠲᠤᠯᠠᠭ᠎ᠠ ᠶᠢᠨ ᠬᠠᠮᠢᠶ᠎ᠠ ᠪᠦᠬᠦᠢ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ ᠬᠠᠷᠢᠭᠤᠴᠠᠨ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠦᠢᠯᠡᠰ ᠤᠨ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵2︶ ᠪᠥᠬᠦ ᠬᠤᠰᠢᠭᠤᠨ ᠤ ᠠᠵᠤ ᠠᠬᠤᠶᠢᠯᠠᠯ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠢ ᠶᠢᠨ ᠬᠥᠳᠡᠯᠮᠦᠷᠢ ᠪᠠ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠢ ᠳᠠᠭᠠᠭᠠᠨ ᠭᠦᠢᠴᠡᠳᠬᠡᠬᠦ ᠶᠢ ᠬᠠᠷᠢᠭᠤᠴᠠᠨ᠎ᠠ᠃          ︵3︶ ᠪᠥᠬᠦ ᠬᠤᠰᠢᠭᠤᠨ ᠤ ᠲᠣᠭᠲᠠᠭᠤᠨ ᠳᠤ ᠬᠤᠯᠪᠣᠭᠳᠠᠭᠰᠠᠨ ᠬᠦᠨᠳᠦ ᠶᠡᠭᠡ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠣᠷᠣᠯᠴᠠᠨ᠎ᠠ᠃          ︵4︶ ᠪᠥᠬᠦ ᠬᠤᠰᠢᠭᠤᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠥᠨᠳᠡᠯᠡᠨ ᠠᠴᠠ ᠲᠠᠰᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠲᠤᠰᠬᠠᠢ᠂ ᠲᠤᠰᠢᠶᠠᠯ ᠬᠠᠪᠰᠤᠷᠭᠠᠭᠰᠠᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠥᠨᠳᠡᠯᠡᠨ ᠠᠴᠠ ᠲᠠᠰᠤᠯᠤᠭᠴᠢ ᠪᠠ ᠡᠶᠡᠳᠡᠭᠦᠯᠦᠭᠴᠢ ᠶᠢ ᠪᠣᠯᠪᠠᠰᠤᠷᠠᠭᠤᠯᠤᠨ᠎ᠠ᠃          ︵5︶ ᠬᠤᠰᠢᠭᠤᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃          ︵ 6 ︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 2 ᠳ᠋ᠤᠭᠠᠷ ᠳᠠᠪᠬᠤᠷᠭ᠎ᠠ ᠶᠢᠨ 201 ᠲᠠᠰᠤᠭ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6601603          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠤᠤᠭᠠᠨ ᠨᠠᠷᠠᠰᠤ          ︵ᠲᠠᠪᠤ︶ ᠰᠢᠨ᠎ᠡ ᠪᠠᠷᠭᠤ ᠵᠡᠭᠦᠨ ᠬᠤᠰᠢᠭᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ᠃          ︵1︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠲᠣᠭᠲᠠᠭᠠᠵᠤ᠂ ᠲᠥᠯᠥᠪᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵2︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠨᠠᠶᠢᠷᠠᠭᠤᠯᠤᠨ ᠵᠣᠬᠢᠶᠠᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠥᠭᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃          ︵3︶ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠥᠳᠡᠯᠦᠩᠭᠦᠢ ᠪᠠᠷ ᠲᠣᠬᠢᠷᠠᠭᠤᠯᠬᠤ ᠪᠠ ᠣᠷᠣᠨ ᠪᠦᠰᠡ ᠶᠢᠨ ᠲᠣᠬᠢᠷᠠᠭᠤᠯᠤᠨ ᠲᠡᠩᠴᠡᠭᠦᠯᠬᠦ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠢ ᠲᠥᠯᠥᠪᠯᠡᠵᠦ᠂ ᠪᠡᠯᠡ ᠴᠤᠭᠯᠠᠭᠤᠯᠬᠤ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠣᠯᠭᠤᠮᠵᠢ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠤᠷᠲᠤ ᠬᠤᠭᠤᠴᠠᠭᠠᠨ ᠤ ᠰᠤᠪᠢᠯᠠᠯᠲᠠ  ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ  ᠶᠢᠨ ᠲᠥᠰᠥᠯ  ᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠦᠨ᠎ᠡ᠃          ︵4︶ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃          ︵ 5︶ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃          ︵6︶ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠠᠴᠠ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃          ︵7︶ ᠡᠮᠴᠢᠯᠡᠭᠡᠨ ᠤ ᠳᠠᠭᠠᠳᠬᠠᠯ ᠤᠨ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ ᠪᠣᠯᠣᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠣᠯᠣᠨ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠶᠯᠡ ᠠᠵᠢᠯᠯᠠᠭ᠎ᠠ ᠪᠣᠯᠣᠨ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃          ︵8︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠣ ᠭᠠᠵᠠᠷ ᠲᠤ ᠡᠮᠴᠢᠯᠡᠭᠦᠯᠬᠦ ᠶᠢ ᠬᠠᠮᠢᠶᠠᠷᠬᠤ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ  ᠳᠡᠯᠭᠡᠷᠡᠭᠦᠯᠦᠨ᠎ᠡ᠃          ︵9︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃          ︵10︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ ᠳᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ ᠤᠯᠠᠨ ᠲᠡᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦ ᠶᠢ ᠵᠦᠢ ᠵᠣᠬᠢᠰᠲᠠᠢ ᠬᠡᠷᠡᠭᠯᠡᠬᠦ᠂ ᠠᠮᠤᠷ ᠲᠦᠪᠰᠢᠨ ᠢ ᠡᠵᠡᠮᠳᠡᠬᠦ ᠶᠢ ᠦᠨᠡᠨ ᠬᠦ ᠪᠠᠲᠤᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ︽ᠭᠤᠷᠪᠠᠨ ᠡᠮᠴᠢᠯᠡᠭᠡ ᠶᠢ ᠬᠤᠯᠪᠣᠯᠳᠤᠭᠤᠯᠬᠤ︾ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃          ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ  ᠠᠮᠤᠭᠤᠯᠠᠩ ᠶᠡᠭᠡ ᠵᠡᠭᠡᠯᠢ ᠬᠢᠭᠡᠳ ᠷᠠᠰᠢᠶᠠᠨ ᠵᠠᠮ ᠤᠨ ᠠᠭᠤᠯᠵᠠᠷ ᠠᠴᠠ ᠪᠠᠷᠠᠭᠤᠨ ᠡᠮᠦᠨᠡᠰᠢ 60 ᠮᠧᠲᠷ          ᠰᠢᠤᠳᠠᠨ ᠳ᠋ᠤᠭᠠᠷ᠄ 021200          ᠠᠵᠢᠯ ᠤᠨ ᠤᠲᠠᠰᠤ᠄ 0470 ︱ 6606780          ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶          ᠬᠠᠷᠢᠭᠤᠴᠠᠯᠭᠠᠲᠠᠨ᠄ ᠴᠢ ᠵᠢᠶᠦ᠋ᠨ 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ