ᠰᠢᠨ᠎ᠡ ᠪᠠᠷᠭᠤ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ
ᠨᠡᠶᠢᠲᠡᠯᠡᠭᠰᠡᠨ ᠴᠠᠭ᠄
2024/7/15
          ᠪᠠᠶᠢᠭᠤᠯᠤᠮᠵᠢ ᠶᠢᠨ ᠡᠷᠬᠡ ᠴᠢᠳᠠᠪᠤᠷᠢ          ᠰᠢᠨ᠎ᠡ ᠪᠠᠷᠭᠤ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︵ᠰᠢᠨ᠎ᠡ ᠪᠠᠷᠭᠤ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠃           ᠨᠢᠭᠡ᠂ ᠭᠤᠣᠯ ᠡᠭᠦᠷᠭᠡ ᠬᠠᠷᠢᠭᠤᠴᠠᠯᠭ᠎ᠠ           ︵ᠨᠢᠭᠡ︶ ᠤᠯᠤᠰ ᠪᠣᠯᠣᠨ ᠥᠪᠡᠷᠲᠡᠭᠡᠨ ᠵᠠᠰᠠᠬᠤ ᠣᠷᠣᠨ  ᠤ ᠳᠣᠲᠣᠭᠠᠳᠤ ᠶᠢ ᠬᠠᠮᠠᠭᠠᠯᠠᠬᠤ ᠠᠵᠢᠯ  ᠤᠨ ᠬᠠᠮᠢᠶ᠎ᠠ ᠪᠦᠬᠦᠢ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ  ᠤ ᠳᠣᠲᠣᠭᠠᠳᠤ ᠶᠢ ᠬᠠᠮᠠᠭᠠᠯᠠᠬᠤ ᠠᠵᠢᠯ ᠢ ᠪᠠᠶᠢᠷᠢᠯᠠᠭᠤᠯᠬᠤ ᠪᠠ ᠵᠢᠯᠤᠭᠤᠳᠴᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ  ᠤ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠦᠨᠳᠦᠰᠦᠯᠡᠨ ᠰᠢᠨ᠎ᠡ ᠪᠠᠷᠭᠤ ᠵᠡᠭᠦᠨ ᠬᠤᠰᠢᠭᠤᠨ  ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃           ︵ᠬᠤᠶᠠᠷ︶ ᠪᠥᠬᠦ ᠬᠤᠰᠢᠭᠤᠨ ᠤ ᠨᠡᠶᠢᠭᠡᠮ ᠤᠨ ᠲᠣᠭᠲᠠᠭᠤᠨ ᠢ ᠨᠥᠯᠥᠭᠡᠯᠡᠬᠦ᠂ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠢ ᠬᠤᠬᠢᠷᠠᠭᠤᠯᠬᠤ ᠪᠠᠶᠢᠳᠠᠯ ᠢ ᠡᠵᠡᠮᠰᠢᠵᠦ᠂ ᠪᠠᠶᠢᠳᠠᠯ ᠢ ᠵᠠᠳᠠᠯᠵᠤ᠂ ᠠᠷᠭᠠᠴᠠᠬᠤ ᠠᠷᠭ᠎ᠠ ᠲᠣᠭᠲᠠᠭᠠᠨ᠎ᠠ ; ᠠᠮᠤᠷ ᠲᠦᠪᠰᠢᠨ ᠤ ᠬᠦᠨᠳᠦ ᠶᠡᠭᠡ ᠡᠡ᠊ᠨᠳᠡᠯ ᠢ ᠵᠣᠬᠢᠴᠠᠭᠤᠯᠤᠨ ᠰᠢᠢᠳᠪᠦᠷᠢᠯᠡᠬᠦ ; ᠴᠢᠬᠤᠯᠠ ᠶᠡᠭᠡ ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠶᠢ ᠪᠠᠶᠢᠷᠢᠯᠠᠭᠤᠯᠵᠤ ᠵᠢᠯᠣᠭᠤᠳᠤᠨ᠎ᠠ᠃           ︵ᠭᠤᠷᠪᠠ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠡ ; ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠠᠤᠯᠢ ᠶᠣᠰᠣᠭᠠᠷ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠳᠤ ᠬᠤᠣᠷ ᠬᠥᠨᠥᠭᠡᠯ ᠤᠴᠠᠷᠠᠭᠤᠯᠤᠭᠰᠠᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ ᠬᠢᠨᠠᠯᠲᠠ ᠲᠠᠯᠪᠢᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ ; ᠬᠥᠮᠥᠨ ᠠᠮᠠ᠂ ᠡᠷᠦᠬᠡ ᠠᠮᠠ ᠶᠢᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠬᠦ ᠶᠢ ᠬᠠᠷᠢᠭᠤᠴᠠᠨ᠎ᠠ᠃           ︵ᠳᠥᠷᠪᠡ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ ; ᠨᠥᠯᠥᠭᠡ ᠶᠡᠬᠡᠲᠡᠢ ᠡᠯ᠎ᠡ ᠵᠦᠢᠯ ᠤᠨ ᠶᠠᠯᠠᠲᠤ ᠬᠡᠷᠡᠭ ᠢ ᠮᠥᠷᠳᠡᠨ ᠪᠠᠢᠴᠠᠭᠠᠵᠤ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃           ︵ᠲᠠᠪᠤ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠪᠠ ᠬᠢᠯᠢ ᠶᠢᠨ ᠬᠠᠮᠠᠭᠠᠯᠠᠯᠲᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ; ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢ ᠬᠠᠮᠢᠶᠠᠷᠤᠨ᠎ᠠ᠃          ︵ᠵᠢᠷᠭᠤᠭ᠎ᠠ︶ ᠪᠥᠬᠦ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠡ ; ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠳᠢᠭᠯᠢᠮ ᠵᠢᠴᠢ ᠮᠠᠰᠢᠨ ᠲᠡᠷᠭᠡ᠂ ᠵᠢᠯᠣᠭᠤᠴᠢ ᠶᠢᠨ ᠬᠤᠬᠢᠷᠠᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃           ︵ᠳᠣᠯᠤᠭ᠎ᠠ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠵᠢᠯᠤᠭᠤᠳᠬᠤ᠂ ᠬᠢᠨᠠᠯᠲᠠ ᠲᠠᠯᠪᠢᠬᠤ ᠶᠢᠨ ᠬᠠᠮᠲᠤ ᠬᠠᠤᠯᠢ ᠶᠣᠰᠣᠭᠠᠷ ᠥᠷᠨᠢᠭᠦᠯᠬᠦ ᠶᠢ ᠬᠠᠷᠢᠭᠤᠴᠠᠨ᠎ᠠ ;           ︵ᠨᠠᠢᠮᠠ︶ ᠪᠥᠬᠦ ᠬᠤᠰᠢᠭᠤᠨ ᠤ ᠰᠦᠷᠳᠡᠭᠦᠯᠦᠯ ᠤᠨ ᠠᠵᠢᠯᠯᠠᠭ᠎ᠠ ᠶᠢ ᠰᠡᠷᠭᠡᠶᠢᠯᠡᠬᠦ᠂ ᠲᠠᠩᠨᠠᠬᠤ᠂ ᠴᠣᠬᠢᠯᠲᠠ ᠥᠭᠬᠦ ᠠᠵᠢᠯ ᠢ ᠵᠣᠬᠢᠶᠠᠨ ᠪᠠᠶᠢᠭᠤᠯᠵᠤ᠂ ᠵᠢᠯᠤᠭᠤᠳᠴᠤ᠂ ᠵᠣᠬᠢᠴᠠᠭᠤᠯᠤᠨ᠎ᠠ᠃           ︵ᠶᠢᠰᠦ︶ ᠪᠥᠬᠦ ᠬᠤᠰᠢᠭᠤᠨ ᠤ ᠬᠤᠣᠷᠲᠤ ᠡᠳ᠋ ᠤᠨ ᠬᠠᠤᠯᠢ  ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠬᠠᠷᠢᠭᠤᠴᠠᠨ ᠡᠵᠡᠮᠰᠢᠵᠦ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠴᠣᠬᠢᠯᠲᠠ ᠥᠭᠭᠦᠨ᠎ᠡ᠃           ︵ᠠᠷᠪᠠ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠬᠠᠮᠢᠶᠠᠷᠬᠤ ᠲᠠᠯᠠᠪᠤᠷ ᠤᠨ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠤᠭᠤᠳᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃           ︵ᠠᠷᠪᠠᠨ ᠨᠢᠭᠡ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡᠯᠡᠵᠦ ᠪᠠᠶᠢᠭ᠎ᠠ ᠡᠷᠡᠭᠦᠦ ᠰᠢᠢᠳᠬᠡᠯ ᠭᠦᠢᠴᠡᠳᠬᠡᠬᠦ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ ; ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠬᠠᠷᠢᠭᠤᠴᠠᠨ᠎ᠠ᠃           ︵ᠠᠷᠪᠠᠨ ᠬᠤᠶᠠᠷ︶ ᠨᠠᠮ ᠪᠠ ᠲᠥᠷᠥ ᠶᠢᠨ ᠬᠤᠯᠪᠣᠭᠳᠠᠯ ᠪᠦᠬᠦᠢ ᠤᠳᠤᠷᠢᠳᠬᠤ ᠬᠥᠮᠥᠰ ᠵᠢᠴᠢ ᠭᠠᠳᠠᠭᠠᠳᠤ ᠶᠢᠨ ᠴᠢᠬᠤᠯᠠ ᠵᠣᠴᠢᠳ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃           ︵ᠠᠷᠪᠠᠨ ᠭᠤᠷᠪᠠ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠪᠠ ᠮᠡᠷᠭᠡᠵᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠵᠢᠯᠤᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ; ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠵᠢᠯᠤᠭᠤᠳᠴᠤ᠂ ᠲᠥᠯᠥᠪᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ; ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢᠨ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃           ︵ᠠᠷᠪᠠᠨ ᠳᠥᠷᠪᠡ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠷᠤᠳᠠᠯ᠂ ᠲᠣᠨᠤᠭ ᠲᠥᠬᠦᠭᠡᠷᠦᠮᠵᠢ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ ; ᠴᠠᠭᠳᠠᠭᠠᠨ ᠤ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃           ︵ᠠᠷᠪᠠᠨ ᠲᠠᠪᠤ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠪᠠ ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ ; ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠡᠭᠡᠨ ᠺᠠᠳ᠋ᠷ ᠢ ᠬᠠᠮᠢᠶᠠᠷᠤᠨ᠎ᠠ ; ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠬᠦᠨᠳᠦ ᠶᠡᠭᠡ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠰᠢᠪᠠᠳᠠᠨ ᠰᠢᠢᠳᠪᠦᠷᠢᠯᠡᠬᠦ ᠶᠢ ᠬᠠᠷᠢᠭᠤᠴᠠᠨ᠎ᠠ ; ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ ; ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢᠨ ᠬᠡᠷᠡᠭ ︵ᠬᠡᠷᠡᠭ︶᠎ ᠢ ᠭᠥᠯᠢᠶᠡᠨ ᠠᠪᠴᠤ ᠰᠢᠢᠳᠪᠦᠷᠢᠯᠡᠬᠦ᠂ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠢᠪᠠᠳᠠᠬᠤ᠂ ᠪᠠᠶᠢᠴᠠᠭᠠᠬᠤ᠂ ᠵᠢᠯᠣᠭᠤᠳᠤᠨ᠎ᠠ᠃           ︵ᠠᠷᠪᠠᠨ ᠵᠢᠷᠭᠤᠭ᠎ᠠ︶ ᠠᠷᠠᠳ ᠤᠨ ᠠᠭᠠᠷ ᠤᠨ ᠲᠡᠭᠡᠭᠡᠪᠦᠷᠢ᠂ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃           ︵ᠠᠷᠪᠠᠨ ᠳᠣᠯᠤᠭ᠎ᠠ︶ ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃           ᠬᠤᠶᠠᠷ᠂ ᠳᠣᠲᠣᠭᠠᠳᠤ ᠪᠠᠶᠢᠭᠤᠯᠤᠮᠵᠢ᠄          ︵ᠨᠢᠭᠡ︶ ᠤᠯᠤᠰ ᠲᠦᠷᠦ ᠶᠢᠨ ᠠᠵᠢᠯ ᠤᠨ ᠠᠯᠪᠠᠨ ᠭᠡᠷ᠃ ᠬᠠᠷᠢᠭᠤᠴᠠᠯᠭᠠᠲᠠᠨ᠄ ᠵᠠᠩ ᠪᠦᠦ ᠰᠢᠶᠠᠩ᠃ ᠬᠠᠷᠢᠯᠴᠠᠬᠤ ᠤᠲᠠᠰᠤ᠄ 0470 ︱ 6686829᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠨᠠᠮ ᠤᠨ ᠤᠯᠤᠰ ᠲᠥᠷᠥ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠵᠢᠴᠢ ᠺᠠᠳ᠋ᠷ ᠠᠵᠢᠯᠲᠠᠨ ᠤ ᠶᠠᠪᠤᠳᠠᠯ᠂ ᠤᠬᠠᠭᠤᠯᠭ᠎ᠠ ᠰᠣᠶᠣᠯ᠂ ᠦᠵᠡᠯ ᠤᠬᠠᠮᠰᠠᠷ ᠤᠨ ᠬᠡᠯᠪᠡᠷᠢ ᠵᠡᠷᠭᠡ ᠠᠵᠢᠯ ᠢ ᠡᠭᠦᠷᠭᠡᠯᠡᠨ᠎ᠡ᠃           ︵ᠬᠤᠶᠠᠷ︶ ᠮᠡᠳᠡᠭᠡ ᠰᠡᠯᠲᠡ ᠵᠢᠯᠤᠭᠤᠳᠬᠤ ᠲᠥᠪ᠃ ᠬᠠᠷᠢᠭᠤᠴᠠᠯᠭᠠᠲᠠᠨ᠄ ᠸᠠᠩ ᠵᠧ᠃ ᠬᠠᠷᠢᠯᠴᠠᠬᠤ ᠤᠲᠠᠰᠤ᠄ 0470 ︱ 6686844᠃ ᠪᠥᠬᠦ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠢ ᠡᠵᠡᠮᠰᠢᠵᠦ᠂ ᠡᠯ᠎ᠡ ᠲᠥᠷᠥᠯ ᠤᠨ ᠴᠢᠬᠤᠯᠠ ᠶᠡᠭᠡ ᠨᠡᠶᠢᠭᠡᠮ ᠤᠨ ᠪᠠᠶᠢᠳᠠᠯ᠂ ᠭᠡᠨᠡᠳᠲᠡ ᠶᠢᠨ ᠬᠡᠷᠡᠭ᠂ ᠬᠦᠨᠳᠦ ᠶᠡᠭᠡ ᠬᠡᠷᠡᠭ ᠵᠡᠷᠭᠡ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ᠂ ᠬᠠᠷᠢᠭᠤ ᠲᠤᠰᠬᠠᠬᠤ ᠪᠠ ᠶᠡᠷᠦᠩᠬᠡᠶᠢᠯᠡᠨ ᠰᠢᠢᠳᠪᠦᠷᠢᠯᠡᠬᠦ ᠶᠢ ᠬᠠᠷᠢᠭᠤᠴᠠᠨ᠎ᠠ᠃           ︵ᠭᠤᠷᠪᠠ︶ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠶᠡᠭᠡ ᠠᠩᠭᠢ᠃ ᠬᠠᠷᠢᠭᠤᠴᠠᠯᠭᠠᠲᠠᠨ᠄ ᠬᠤᠩ ᠰᠢᠶᠠ᠃ 0470 ︱ 6686829᠃ ᠳᠣᠲᠣᠭᠠᠳᠤ ᠶᠢ ᠬᠠᠮᠠᠭᠠᠯᠠᠬᠤ ᠲᠣᠨᠣᠭᠯᠠᠯ᠂ ᠤᠭᠰᠠᠷᠠᠭᠤᠯᠬᠤ ᠲᠣᠨᠣᠭᠯᠠᠯ᠂ ᠴᠠᠭᠳᠠᠭᠠᠨ ᠤ ᠶᠠᠪᠤᠳᠠᠯ ᠤᠨ ᠬᠡᠷᠡᠭᠴᠡᠭᠡ ᠶᠢ ᠪᠠᠲᠤᠯᠠᠬᠤ ᠲᠥᠯᠥᠪᠯᠡᠭᠡ ᠶᠢ ᠪᠠᠲᠤᠯᠠᠨ᠎ᠠ᠃           ︵ᠳᠥᠷᠪᠡ︶ ᠬᠠᠤᠯᠢ ᠳᠦᠷᠢᠮ ᠤᠨ ᠶᠡᠭᠡ ᠠᠩᠭᠢ ᠶᠢ ᠰᠢᠮᠳᠠᠭᠤᠯᠤᠨ ᠪᠠᠶᠢᠴᠠᠭᠠᠨ᠎ᠠ᠃ ᠬᠠᠷᠢᠭᠤᠴᠠᠯᠭᠠᠲᠠᠨ᠄ ᠵᠠᠨ ᠭᠦᠸᠧ᠃ 0470 ︱6686844᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠤᠨ ᠵᠣᠬᠢᠴᠠᠭᠤᠯᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠡᠷᠬᠡ ᠲᠤᠰᠢᠶᠠᠯ ᠢᠶᠠᠨ ᠬᠡᠷᠡᠭᠵᠢᠭᠦᠯᠦᠭᠰᠡᠨ ᠪᠠ ᠰᠠᠬᠢᠯᠭ᠎ᠠ ᠪᠠᠲᠤ ᠶᠢ ᠰᠠᠬᠢᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃           ︵ᠲᠠᠪᠤ︶ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠶᠡᠭᠡ ᠠᠩᠭᠢ᠃ ᠬᠠᠷᠢᠭᠤᠴᠠᠯᠭᠠᠲᠠᠨ᠄ ᠪᠦᠦ ᠵᠢᠶᠠᠩ᠃ 0470 ︱ 6686844᠃           ︵ᠵᠢᠷᠭᠤᠭ᠎ᠠ︶ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ᠃ ᠬᠠᠷᠢᠭᠤᠴᠠᠯᠭᠠᠲᠠᠨ᠄  ᠴᠢᠥᠸᠠᠨ ᠵᠧᠨ ᠹᠧᠩ᠃ 0470 ︱6686829᠃ ᠪᠥᠬᠦ ᠬᠤᠰᠢᠭᠤᠨ ᠤ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠡᠵᠡᠮᠰᠢᠵᠦ᠂ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠵᠠᠷᠯᠠᠨ ᠮᠡᠳᠡᠭᠳᠡᠵᠦ᠂ ᠰᠣᠯᠢᠯᠴᠠᠵᠤ᠂ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ ᠠᠷᠭ᠎ᠠ ᠪᠣᠳᠣᠯᠭ᠎ᠠ ᠶᠢ ᠬᠠᠷᠢᠭᠤᠴᠠᠨ᠎ᠠ᠃          (ᠲᠤᠯᠤᠭ᠎ᠠ︶ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠶᠡᠭᠡ ᠠᠩᠭᠢ᠃ ᠬᠠᠷᠢᠭᠤᠴᠠᠯᠭᠠᠲᠠᠨ᠄ ᠵᠢᠢ ᠰᠢᠶᠠᠩ ᠫᠢᠩ᠃ 0470 ︱ 6686844᠃ ᠪᠥᠬᠦ ᠬᠤᠰᠢᠭᠤᠨ ᠤ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠲᠣᠭᠲᠠᠭᠠᠯ ᠢ ᠲᠣᠭᠲᠠᠭᠠᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠡᠪᠳᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠢᠭᠠᠨ ᠵᠢᠯᠤᠭᠤᠳᠴᠤ᠂ ᠬᠢᠨᠠᠯᠲᠠ ᠲᠠᠯᠪᠢᠨ᠎ᠠ᠃          ︵ᠨᠠᠢᠮᠠ︶ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠃ ᠬᠠᠷᠢᠭᠤᠴᠠᠯᠭᠠᠲᠠᠨ᠄ ᠪᠦᠦ ᠱᠤᠤ ᠯᠦᠩ᠃ 0470 ︱ 6686829᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠮ ᠬᠠᠷᠢᠯᠴᠠᠭᠠᠨ ᠤ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠵᠢᠭᠠᠨ ᠵᠢᠯᠤᠭᠤᠳᠴᠤ᠂ ᠬᠢᠨᠠᠯᠲᠠ ᠲᠠᠯᠪᠢᠨ᠎ᠠ᠃ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠵᠢᠷᠤᠮ᠂ ᠵᠠᠰᠠᠮᠠᠯ ᠵᠠᠮ ᠤᠨ ᠠᠮᠤᠷ ᠲᠦᠪᠰᠢᠨ ᠤ ᠡᠮᠬᠢ ᠵᠢᠷᠤᠮ ᠢ ᠬᠠᠮᠠᠭᠠᠯᠠᠨ᠎ᠠ᠃          ︵ᠶᠢᠰᠦ︶ ᠠᠮᠢ ᠠᠬᠤᠢ ᠶᠢᠨ ᠣᠷᠴᠢᠨ ᠲᠣᠭᠤᠷᠢᠨ ᠤ ᠢᠳᠡᠭᠡᠨ ᠤ ᠵᠦᠢᠯ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ᠃ ᠬᠠᠷᠢᠭᠤᠴᠠᠯᠭᠠᠲᠠᠨ᠄ ᠱᠢ ᠴᠠᠩ ᠱᠧᠩ᠃ 0470 ︱6686844᠃ ᠪᠥᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ᠂ ᠢᠳᠡᠭᠡᠨ ᠪᠠ ᠡᠮ ᠤᠨ ᠵᠦᠢᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠦᠷᠢᠶᠡᠨ ᠳᠠᠬᠢ ᠶᠠᠯᠠᠲᠤ ᠠᠵᠢᠯᠯᠠᠭ᠎ᠠ ᠶᠢᠨ ᠪᠠᠶᠢᠳᠠᠯ ᠢ ᠡᠵᠡᠮᠰᠢᠵᠦ᠂ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ ᠠᠷᠭ᠎ᠠ ᠪᠣᠳᠣᠯᠭ᠎ᠠ ᠶᠢ ᠲᠣᠭᠲᠠᠭᠠᠨ᠎ᠠ᠃           ︵ᠠᠷᠪᠠ︶ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭ᠎ᠠ ᠶᠢᠨ ᠶᠡᠭᠡ ᠠᠩᠭᠢ᠃ ᠬᠠᠷᠢᠭᠤᠴᠠᠯᠭᠠᠲᠠᠨ᠄ ᠦ᠋ ᠴᠠᠩ ᠵᠢᠶᠦ᠋ᠨ᠃ 0470 ︱6686829᠃ ᠪᠥᠬᠦ ᠬᠤᠰᠢᠭᠤᠨ ᠤ ᠰᠦᠷᠳᠡᠭᠦᠯᠦᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠶᠡᠷᠦᠩᠬᠡᠶᠢᠯᠡᠨ ᠵᠠᠳᠠᠯᠤᠨ ᠰᠤᠳᠤᠯᠵᠤ᠂ ᠪᠥᠬᠦ ᠬᠤᠰᠢᠭᠤᠨ ᠤ ᠰᠦᠷᠳᠡᠭᠦᠯᠦᠯ ᠤᠨ ᠠᠵᠢᠯᠯᠠᠭ᠎ᠠ ᠶᠢᠨ ᠣᠨᠴᠠᠯᠢᠭ ᠪᠠ ᠬᠥᠳᠡᠯᠦᠯ ᠪᠠᠶᠢᠳᠠᠯ ᠢ ᠡᠵᠡᠮᠰᠢᠨ᠂ ᠴᠠᠭ ᠲᠤᠬᠠᠢ ᠳᠤᠨᠢ ᠠᠷᠭ᠎ᠠ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃           ︵ᠠᠷᠪᠠᠨ ᠨᠢᠭᠡ︶ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ᠃ ᠬᠠᠷᠢᠭᠤᠴᠠᠯᠭᠠᠲᠠᠨ᠄ ᠪᠠᠢ ᠷᠤ ᠺᠦᠨ᠃ 0470 ︱ 6686844᠃ ᠪᠥᠬᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠠᠵᠢᠯ ᠤᠨ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ ᠶᠢ ᠲᠣᠭᠲᠠᠭᠠᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠲᠣᠭᠲᠠᠭᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠡᠭᠡᠭᠡᠨ ᠬᠥᠭᠵᠢᠭᠦᠯᠦᠯᠲᠡ᠂ ᠦᠷ᠎ᠡ ᠪᠦᠲᠦᠭᠡᠯ ᠤᠨ ᠬᠠᠮᠢᠶᠠᠷᠤᠯᠲᠠ ᠪᠠ ᠮᠡᠷᠭᠡᠵᠢᠯ ᠤᠨ ᠳᠡᠯᠭᠡᠷᠡᠭᠦᠯᠦᠯᠲᠡ ᠶᠢᠨ ᠠᠵᠢᠯ ᠢ ᠡᠭᠦᠷᠭᠡᠯᠡᠨ᠎ᠡ᠃           ︵ᠠᠷᠪᠠᠨ ᠬᠤᠶᠠᠷ︶ ᠠᠵᠤ ᠠᠬᠤᠢ ᠶᠢᠨ ᠲᠤᠷᠰᠢᠨ ᠪᠠᠶᠢᠴᠠᠭᠠᠬᠤ ᠶᠡᠭᠡ ᠠᠩᠭᠢ᠃ ᠬᠠᠷᠢᠭᠤᠴᠠᠯᠭᠠᠲᠠᠨ᠄ ᠰᠢᠩ ᠭᠦᠢ ᠭᠥᠸ᠋᠃ 0470 ︱  6686829᠃ ᠪᠥᠬᠦ ᠬᠤᠰᠢᠭᠤᠨ ᠤ ᠠᠵᠤ ᠠᠬᠤᠢ ᠶᠢᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠡᠵᠡᠮᠰᠢᠵᠦ᠂ ᠪᠥᠬᠦ ᠬᠤᠰᠢᠭᠤᠨ ᠤ ᠠᠵᠤ ᠠᠬᠤᠢ ᠶᠢᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠵᠠᠳᠠᠯᠤᠨ ᠰᠤᠳᠤᠯᠵᠤ᠂ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ ᠠᠷᠭ᠎ᠠ ᠪᠣᠳᠣᠯᠭ᠎ᠠ ᠶᠢ ᠲᠣᠭᠲᠠᠭᠠᠨ᠎ᠠ᠃          ︵ᠠᠷᠪᠠᠨ ᠭᠤᠷᠪᠠ︶ ᠵᠢᠭᠤᠯᠴᠢᠯᠠᠯ ᠤᠨ ᠠᠮᠤᠷ ᠢ ᠬᠠᠮᠠᠭᠠᠯᠠᠬᠤ ᠶᠡᠭᠡ ᠠᠩᠭᠢ᠃ ᠬᠠᠷᠢᠭᠤᠴᠠᠯᠭᠠᠲᠠᠨ᠄ ᠴᠧᠨ ᠶᠦᠩ᠃ 0470 ︱ 6686844᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ᠂ ᠬᠠᠤᠯᠢ  ᠠᠴᠠ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠪᠠ ᠬᠠᠤᠯᠢ ᠴᠠᠭᠠᠵᠠ ᠶᠢᠨ ᠤᠬᠠᠭᠤᠯᠭ᠎ᠠ ᠶᠢ ᠥᠷᠨᠢᠭᠦᠯᠬᠦ ᠶᠢ ᠬᠠᠷᠢᠭᠤᠴᠠᠨ᠎ᠠ᠃           2023 ᠣᠨ ᠤ 2 ᠰᠠᠷ᠎ᠠ ᠶᠢᠨ 1᠎ ᠤ ᠡᠳᠦᠷ           ᠬᠠᠷᠢᠭᠤᠴᠠᠯᠭᠠᠲᠠᠨ᠄ ᠯᠢᠦ ᠰᠢᠶᠣᠣ ᠬᠤᠢ          ᠬᠠᠷᠢᠯᠴᠠᠬᠤ ᠤᠲᠠᠰᠤ᠄ 0470 ︱ 6686844          ᠰᠢᠤᠳᠠᠨ ᠳ᠋ᠤᠭᠠᠷ᠄ 021099          ᠢᠨᠲ᠋ᠧᠷ ᠰᠦᠯᠵᠢᠶᠡᠨ ᠤ ᠬᠠᠷᠢᠯᠴᠠᠬᠤ ᠬᠡᠯᠪᠡᠷᠢ᠄ xzqgajbgs@126.com          ᠠᠵᠢᠯᠯᠠᠬᠤ ᠭᠠᠵᠠᠷ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠦᠵᠡᠮᠵᠢ ᠶᠢᠨ ᠶᠡᠭᠡ ᠵᠠᠮ          ᠠᠵᠢᠯᠯᠠᠬᠤ ᠴᠠᠭ᠄ 8᠄ 30 ︱ 12᠄ 00 14᠄ 30 ︱ 17᠄ 30 ︵ᠵᠣᠨ ᠤ ᠤᠯᠠᠷᠢᠯ ᠤᠨ ᠴᠠᠭ︶ 8᠄ 30 ︱ 12᠄ 00 ︱ 14᠄ 00 ︱ 17᠄ 00 ︵ᠵᠣᠨ ᠤ ᠤᠯᠠᠷᠢᠯ ᠤᠨ ᠴᠠᠭ︶ 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ