ᠰᠢᠨ᠎ᠡ ᠪᠠᠷᠭᠤ ᠵᠡᠭᠦᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ | | | ᠰᠢᠨ᠎ᠡ ᠪᠠᠷᠭᠤ ᠵᠡᠭᠦᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠯ ᠵᠢᠩᠬᠢᠨᠢ ᠰᠠᠯᠠᠭᠠᠨ ᠤ ᠳᠡᠰ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠪᠣᠯᠣᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ᠂ ᠪᠣᠭᠤᠮᠲᠠ ᠶᠢᠨ ᠵᠠᠬ᠎ᠠ ᠶᠢᠨ | ᠠᠷᠠᠯᠵᠢᠶᠠᠨ ᠤ ᠦᠢᠯᠡᠴᠢᠯᠡᠭᠡᠨ ᠤ ᠲᠥᠪ ᠤᠨ ᠳᠣᠣᠷ᠎ᠠ ᠫᠠᠶᠢᠰᠠ ᠡᠯᠭᠦᠨ᠎ᠡ᠃ ᠬᠤᠰᠢᠭᠤᠨ ᠤ ᠨᠠᠮ ᠤᠨ ᠬᠤᠷᠢᠶ᠎ᠠ ᠶᠢᠨ ᠬᠤᠳᠠᠯᠳᠤᠭᠠᠨ ᠤ ᠶᠠᠪᠤᠳᠠᠯ᠂ ᠭᠠᠳᠠᠭᠠᠳᠤ | ᠶᠠᠪᠤᠳᠠᠯ ᠤᠨ ᠠᠵᠢᠯ ᠤᠨ ᠵᠥᠪᠯᠡᠯ ᠤᠨ ᠠᠯᠪᠠᠨ ᠭᠡᠷ ᠢ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠲᠤ ᠪᠠᠶᠢᠷᠢᠯᠠᠭᠤᠯᠵᠤ᠂ ᠬᠤᠰᠢᠭᠤᠨ ᠤ ᠨᠠᠮ ᠤᠨ | ᠬᠤᠷᠢᠶ᠎ᠠ ᠶᠢᠨ ᠬᠤᠳᠠᠯᠳᠤᠭᠠᠨ ᠤ ᠶᠠᠪᠤᠳᠠᠯ᠂ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠰᠢᠭᠤᠳ ᠤᠳᠤᠷᠢᠳᠤᠯᠭ᠎ᠠ ᠶᠢ ᠬᠦᠯᠢᠶᠡᠨ᠎ᠡ᠃ | | | ᠨᠢᠭᠡ᠂ ᠭᠤᠣᠯ ᠡᠭᠦᠷᠭᠡ ᠬᠠᠷᠢᠭᠤᠴᠠᠯᠭ᠎ᠠ | | | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠭᠠᠳᠠᠭᠠᠳᠤ ᠶᠠᠪᠤᠳᠠᠯ᠂ ᠪᠣᠭᠤᠮᠲᠠ᠂ ᠬᠤᠳᠠᠯᠳᠤᠭᠠᠨ ᠤ | ᠶᠠᠪᠤᠳᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ | ᠭᠠᠳᠠᠭᠠᠳᠤ ᠶᠠᠪᠤᠳᠠᠯ ᠤᠨ ᠠᠵᠢᠯ ᠤᠨ ᠲᠤᠬᠠᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠪᠤᠷᠢ ᠪᠠ ᠲᠣᠭᠲᠠᠭᠠᠯ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠎ᠠ᠃ ᠪᠣᠭᠤᠮᠲᠠ ᠶᠢᠨ ᠬᠠᠮᠢᠶᠠᠷᠤᠯᠲᠠ ᠶᠢᠨ ᠵᠢᠩᠬᠢᠨᠢᠴᠢᠯᠡᠬᠦ᠂ ᠳᠦᠷᠢᠮᠵᠢᠭᠦᠯᠬᠦ᠂ ᠵᠢᠷᠤᠮᠵᠢᠭᠤᠯᠬᠤ ᠪᠠᠶᠢᠭᠤᠯᠤᠯᠲᠠ ᠶᠢ ᠰᠠᠶᠢᠲᠤᠷ ᠠᠳᠬᠤᠵᠤ᠂ | ᠪᠣᠭᠤᠮᠲᠠ ᠶᠢᠨ ᠠᠵᠢᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ | ᠬᠤᠳᠠ ᠶᠢᠨ ᠭᠠᠳᠠᠭᠠᠳᠤ ᠳᠤ ᠬᠠᠨᠳᠤᠭᠤᠯᠤᠭᠰᠠᠨ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠳᠤ ᠭᠠᠷᠭᠠᠬᠤ ᠶᠢ ᠵᠠᠬᠢᠷᠤᠨ ᠬᠠᠮᠢᠶᠠᠷᠬᠤ ᠵᠢᠴᠢ ᠮᠡᠷᠭᠡᠵᠢᠯ᠂ ᠢᠵᠢ ᠪᠦᠷᠢᠨ | ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠪᠣᠯᠣᠨ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ | ︵ᠬᠤᠶᠠᠷ︶ ᠭᠠᠳᠠᠭᠠᠳᠤ ᠶᠠᠪᠤᠳᠠᠯ ᠤᠨ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠭᠠᠳᠠᠭᠠᠳᠤ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢᠨ ᠲᠥᠯᠦᠪᠵᠢᠭᠦᠯᠭᠡ ᠪᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠭᠠᠳᠠᠭᠠᠳᠤ ᠶᠠᠪᠤᠳᠠᠯ ᠤᠨ | ᠠᠵᠢᠯ ᠳᠤ ᠶᠡᠷᠦᠩᠬᠡᠶᠢᠯᠡᠭᠰᠡᠨ ᠰᠢᠰᠲ᠋ᠧᠮᠵᠢᠭᠦᠯᠦᠨ ᠬᠠᠮᠢᠶᠠᠷᠬᠤ ᠡᠭᠦᠷᠭᠡ ᠴᠢᠳᠠᠪᠤᠷᠢ ᠶᠢ ᠭᠦᠢᠴᠡᠳᠬᠡᠨ᠎ᠡ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠳᠤ ᠪᠥᠬᠦ ᠬᠤᠰᠢᠭᠤᠨ ᠤ ᠴᠢᠬᠤᠯᠠ ᠭᠠᠳᠠᠭᠠᠳᠤ ᠶᠠᠪᠤᠳᠠᠯ ᠤᠨ ᠠᠰᠠᠭᠤᠳᠠᠯ ᠤᠨ ᠲᠤᠬᠠᠢ ᠵᠢᠭᠠᠪᠤᠷᠢ ᠠᠪᠬᠤ ᠮᠡᠳᠡᠭᠦᠯᠦᠯᠲᠡ ᠶᠢ ᠮᠡᠳᠡᠭᠦᠯᠬᠦ ᠶᠢ | ᠬᠠᠷᠢᠭᠤᠴᠠᠨ᠎ᠠ᠃ | ︵ᠭᠤᠷᠪᠠ︶ ᠭᠠᠳᠠᠭᠠᠳᠤ ᠶᠠᠪᠤᠳᠠᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠭᠠᠳᠠᠭᠠᠳᠤ ᠳᠤ ᠬᠠᠳᠤᠭᠤᠯᠤᠭᠰᠠᠨ ᠤᠬᠠᠭᠤᠯᠭ᠎ᠠ ᠪᠠ ᠣᠯᠠᠨ ᠲᠦᠮᠡᠨᠴᠢ ᠴᠢᠨᠠᠷᠲᠠᠢ ᠭᠠᠳᠠᠭᠠᠳᠤ ᠶᠠᠪᠤᠳᠠᠯ ᠤᠨ ᠬᠥᠮᠦᠵᠢᠯ ᠤᠨ ᠠᠵᠢᠯ ᠢ ᠰᠠᠶᠢᠲᠤᠷ ᠬᠢᠵᠦ | ᠂ ᠬᠤᠰᠢᠭᠤᠨ ᠤ ᠨᠠᠮ ᠤᠨ ᠬᠤᠷᠢᠶ᠎ᠠ ᠪᠠ ᠬᠤᠰᠢᠭᠤᠨ ᠤ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠵᠢᠯ ᠤᠨ ᠳᠤᠮᠳᠠᠬᠢ ᠲᠤᠰᠠᠯᠠᠬᠤ ᠠᠵᠢᠯ ᠢ ᠰᠠᠶᠢᠲᠤᠷ | ᠬᠢᠵᠦ᠂ ᠮᠣᠩᠭᠤᠯ ᠤᠯᠤᠰ ᠲᠤ ᠬᠠᠨᠳᠤᠭᠤᠯᠤᠨ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠤᠬᠠᠭᠤᠯᠵᠤ᠂ | ᠳᠤᠮᠳᠠᠳᠤ ᠮᠣᠩᠭᠤᠯ ᠬᠤᠶᠠᠷ ᠤᠯᠤᠰ ᠤᠨ ᠭᠠᠵᠠᠷ ᠣᠷᠣᠨ ᠤ ᠬᠤᠭᠤᠷᠣᠨᠳᠣᠬᠢ ᠰᠣᠯᠢᠯᠴᠠᠭ᠎ᠠ ᠶᠢ ᠠᠬᠢᠭᠤᠯᠤᠨ᠎ᠠ᠃ ᠪᠥᠬᠦ ᠬᠤᠰᠢᠭᠤᠨ ᠤ ᠭᠠᠳᠠᠭᠠᠳᠤ ᠳᠤ | ᠬᠤᠯᠪᠣᠭᠳᠠᠬᠤ ᠬᠥᠮᠥᠰ ᠵᠢᠴᠢ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ᠬᠥᠮᠥᠰ ᠲᠤ ᠭᠠᠳᠠᠭᠠᠳᠤ ᠶᠢᠨ ᠲᠥᠷᠥ ᠶᠢᠨ ᠪᠣᠳᠣᠯᠭ᠎ᠠ᠂ ᠭᠠᠳᠠᠭᠠᠳᠤ ᠶᠠᠪᠤᠳᠠᠯ ᠤᠨ | ᠰᠠᠬᠢᠯᠭ᠎ᠠ ᠪᠠᠲᠤ ᠪᠠ ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠬᠥᠮᠦᠵᠢᠯ ᠬᠢᠨ᠎ᠡ᠃ | ︵ᠳᠥᠷᠪᠡ︶ ᠭᠠᠳᠠᠭᠠᠳᠤ ᠲᠠᠢ ᠬᠤᠯᠪᠣᠭᠳᠠᠬᠤ ᠠᠵᠢᠯᠯᠠᠭ᠎ᠠ ᠪᠠ ᠭᠠᠳᠠᠭᠠᠳᠤ ᠲᠠᠢ ᠬᠤᠯᠪᠣᠭᠳᠠᠬᠤ ᠶᠠᠪᠤᠳᠠᠯ ᠤᠨ ᠠᠵᠢᠯ ᠢ ᠵᠣᠬᠢᠶᠠᠨ ᠪᠠᠶᠢᠭᠤᠯᠤᠨ᠎ᠠ᠃ ᠪᠦᠭᠦ | ᠬᠤᠰᠢᠭᠤᠨ ᠤ ᠴᠢᠬᠤᠯᠠ ᠶᠡᠭᠡ ᠭᠠᠳᠠᠭᠠᠳᠤ ᠶᠠᠪᠤᠳᠠᠯ ᠤᠨ ᠠᠵᠢᠯ ᠪᠠ ᠭᠠᠳᠠᠭᠠᠳᠤ ᠳᠤ ᠬᠤᠯᠪᠣᠭᠳᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠤᠷᠪᠤᠯᠵᠢᠯᠠᠬᠤ ᠪᠠᠷ | ᠢᠷᠡᠭᠰᠡᠨ ᠴᠢᠬᠤᠯᠠ ᠭᠠᠳᠠᠭᠠᠳᠤ ᠶᠢᠨ ᠵᠣᠴᠢᠳ ᠢ ᠬᠦᠯᠢᠶᠡᠨ ᠠᠪᠤᠨ᠎ᠠ᠃ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠶᠢᠨ ᠭᠠᠳᠠᠭᠠᠳᠤ ᠶᠠᠪᠤᠳᠠᠯ ᠤᠨ | ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠠᠴᠠ ᠮᠣᠩᠭᠤᠯ ᠤᠯᠤᠰ ᠲᠤ ᠣᠴᠢᠬᠤ ᠵᠠᠰᠠᠭ ᠤᠨ ᠣᠷᠳᠣᠨ ᠤ | ᠪᠦᠯᠬᠦᠮ᠂ ᠠᠵᠤ ᠠᠬᠤᠢ ᠠᠷᠠᠯᠵᠢᠶᠠᠨ ᠤ ᠪᠦᠯᠬᠦᠮ ᠳᠤ ᠬᠤᠳᠠᠯᠳᠤᠭᠠᠨ ᠤ ᠶᠠᠪᠤᠳᠠᠯ ᠤᠨ ᠬᠠᠷᠢᠯᠴᠠᠭ᠎ᠠ ᠪᠠ ᠭᠥᠯᠢᠶᠡᠨ ᠠᠪᠬᠤ ᠦᠢᠯᠡᠴᠢᠯᠡᠭᠡ ᠶᠢ ᠬᠠᠩᠭᠠᠨ᠎ᠠ᠃ | ︵ᠲᠠᠪᠤ︶ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ᠶᠢ ᠬᠢᠨᠠᠨ ᠮᠡᠳᠡᠭᠦᠯᠬᠦ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠪᠥᠬᠦ ᠬᠤᠰᠢᠭᠤᠨ ᠤ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ ᠠᠴᠠ︶ ᠭᠠᠷᠬᠤ ᠪᠦᠯᠬᠦᠮ ︵ᠳᠤᠭᠤᠶᠢᠯᠠᠩ︶ ᠢ ᠬᠢᠨᠠᠨ ᠬᠠᠷᠭᠤᠭᠤᠯᠬᠤ ᠪᠤᠶᠤ ᠳᠡᠭᠡᠭᠰᠢ | ᠮᠡᠳᠡᠭᠦᠯᠵᠦ᠂ ᠪᠥᠬᠦ ᠬᠤᠰᠢᠭᠤᠨ ᠤ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ᠲᠥᠯᠥᠪᠯᠡᠭᠡ ᠶᠢ ᠲᠣᠭᠲᠠᠭᠠᠬᠤ ᠪᠤᠶᠤ ᠳᠡᠭᠡᠭᠰᠢ ᠮᠡᠳᠡᠭᠦᠯᠦᠨ᠎ᠡ᠃ | ︵ᠵᠢᠷᠭᠤᠭ᠎ᠠ︶ ᠪᠥᠬᠦ ᠬᠤᠰᠢᠭᠤᠨ ᠤ ᠳᠤᠮᠳᠠᠳᠤ ᠣᠷᠣᠰ᠂ ᠳᠤᠮᠳᠠᠳᠤ ᠮᠣᠩᠭᠤᠯ ᠤᠨ ᠬᠢᠯᠢ ᠶᠢᠨ ᠶᠠᠪᠤᠳᠠᠯ ᠤᠨ ᠡᠳᠦᠷ ᠲᠤᠲᠤᠮ ᠤᠨ ᠬᠠᠮᠢᠶᠠᠷᠤᠯᠲᠠ ᠶᠢ | ᠬᠠᠷᠢᠭᠤᠴᠠᠵᠤ᠂ ᠤᠯᠤᠰ ᠤᠨ ᠬᠢᠯᠢ ᠶᠢᠨ ᠲᠡᠮᠳᠡᠭ ᠢ ᠬᠠᠮᠠᠭᠠᠯᠠᠨ᠎ᠠ ; ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠰᠢᠭᠤᠨ ᠤ ᠴᠢᠬᠤᠯᠠ ᠶᠡᠭᠡ | ᠭᠠᠳᠠᠭᠠᠳᠤ ᠶᠠᠪᠤᠳᠠᠯ ᠤᠨ ᠠᠵᠢᠯ ᠪᠠ ᠭᠠᠳᠠᠭᠠᠳᠤ ᠳᠤ ᠬᠤᠯᠪᠣᠭᠳᠠᠬᠤ ᠬᠡᠷᠡᠭ ᠢ ᠠᠬᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ | ᠬᠤᠰᠢᠭᠤᠨ ᠤ ᠬᠢᠯᠢ ᠶᠢᠨ ᠬᠡᠷᠡᠭ ᠶᠠᠪᠤᠳᠠᠯ ᠪᠠ ᠬᠢᠯᠢ ᠶᠢᠨ ᠭᠠᠳᠠᠭᠠᠳᠤ ᠲᠠᠢ ᠬᠤᠯᠪᠣᠭᠳᠠᠬᠤ ᠬᠡᠷᠡᠭ ᠶᠠᠪᠤᠳᠠᠯ ᠢ ᠬᠠᠮᠢᠶᠠᠷᠴᠤ᠂ ᠬᠢᠯᠢ ᠶᠢᠨ ᠬᠠᠮᠠᠭᠠᠯᠠᠯᠲᠠ ᠶᠢᠨ | ᠬᠡᠯᠡᠯᠴᠡᠭᠡ᠂ ᠠᠭᠤᠯᠵᠠᠯᠲᠠ ᠶᠢᠨ ᠠᠵᠢᠯ ᠳᠤ ᠣᠷᠣᠯᠴᠠᠨ᠎ᠠ᠃ | ︵ᠳᠣᠯᠤᠭ᠎ᠠ︶ ᠲᠥᠪ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠲᠣᠭᠲᠠᠭᠠᠯ ᠢ ᠲᠤᠭᠤᠰᠢᠯᠠᠭᠤᠯᠤᠨ | ᠬᠡᠷᠡᠭᠵᠢᠭᠦᠯᠵᠦ᠂ ᠪᠣᠭᠤᠮᠲᠠ ᠶᠢᠨ ᠠᠵᠢᠯ ᠢ ᠡᠷᠬᠡᠪᠰᠢ ᠪᠥᠬᠦ ᠬᠤᠰᠢᠭᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠦᠢᠯᠡᠴᠢᠯᠡᠭᠡᠨ ᠤ ᠵᠢᠯᠤᠭᠤᠳᠬᠤ | ᠦᠵᠡᠯ ᠰᠠᠨᠠᠭ᠎ᠠ ᠳᠤ ᠦᠢᠯᠡᠴᠢᠯᠡᠬᠦ ᠪᠠᠷ ᠲᠣᠭᠲᠠᠭᠠᠵᠤ᠂ ᠮᠠᠨ ᠤ ᠬᠤᠰᠢᠭᠤᠨ ᠤ ᠪᠣᠭᠤᠮᠲᠠ ᠶᠢᠨ ᠠᠵᠢᠯ ᠤᠨ ᠠᠯᠤᠰ ᠬᠡᠲᠦ ᠶᠢᠨ ᠲᠥᠯᠦᠪᠵᠢᠭᠦᠯᠭᠡ ᠶᠢ ᠲᠣᠭᠲᠠᠭᠠᠨ᠎ᠠ᠃ | | ︵ᠨᠠᠢᠮᠠ︶ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠪᠥᠬᠦ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ | ᠬᠥᠭᠵᠢᠯᠲᠡ ᠶᠢᠨ ᠬᠠᠨᠳᠤᠰᠢ ᠶᠢ ᠰᠤᠳᠤᠯᠵᠤ᠂ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠶᠢᠰᠦ︶ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ ᠦᠢᠯᠡᠰ ᠪᠣᠯᠣᠨ ᠨᠡᠶᠢᠭᠡᠮ ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ | ᠵᠢᠯᠤᠭᠤᠳᠴᠤ᠂ ᠳᠤᠮᠳᠠ ᠵᠢᠵᠢᠭ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠳᠤᠷᠠᠳᠤᠨ᠎ᠠ ; ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠪᠠᠷᠢᠮᠵᠢᠶᠠᠵᠢᠭᠤᠯᠤᠯᠲᠠ ᠪᠠ ᠬᠤᠯᠪᠣᠯᠳᠤᠭᠰᠠᠨ ᠡᠵᠡᠩᠨᠡᠯᠲᠡ᠂ ᠬᠤᠳᠠᠯᠳᠤᠭᠠᠨ ᠤ ᠣᠨᠴᠠ | ᠵᠥᠪᠰᠢᠶᠡᠷᠡᠯ ᠤᠨ ᠡᠵᠡᠩᠨᠡᠯᠲᠡ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠤᠳᠤ ᠦᠶ᠎ᠡ ᠶᠢᠨ | ᠭᠦᠢᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠠᠷᠪᠠ︶ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ | ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ ; ᠶᠡᠭᠡ ᠬᠡᠮᠵᠢᠶᠡᠨ ᠤ ᠦᠢᠯᠡᠳᠬᠦᠨ ᠢ ᠪᠥᠭᠡᠮ ᠢᠶᠠᠷ ᠬᠤᠳᠠᠯᠳᠤᠬᠤ ᠵᠠᠬ᠎ᠠ | ᠳᠡᠯᠭᠡᠭᠦᠷ ᠤᠨ ᠲᠥᠯᠦᠪᠵᠢᠭᠦᠯᠭᠡ ᠪᠠ ᠬᠤᠳᠠ ᠶᠢᠨ ᠬᠤᠳᠠᠯᠳᠤᠭᠠᠨ ᠤ ᠲᠣᠣᠷ ᠴᠡᠭ ᠤᠨ ᠲᠥᠯᠦᠪᠵᠢᠭᠦᠯᠭᠡ ᠶᠢ ᠵᠢᠯᠤᠭᠤᠳᠴᠤ᠂ ᠬᠤᠳᠠᠯᠳᠤᠭᠠᠨ ᠤ ᠰᠢᠰᠲ᠋ᠧᠮ ᠤᠨ | ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ ; ᠮᠠᠯᠵᠢᠬᠤ ᠣᠷᠣᠨ ᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠤᠳᠤ ᠦᠶ᠎ᠡ ᠶᠢᠨ ᠭᠦᠢᠯᠭᠡᠭᠡᠨ ᠤ ᠲᠣᠣᠷ ᠰᠦᠯᠵᠢᠶᠡᠨ ᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ | ᠢ ᠮᠠᠯᠵᠢᠬᠤ ᠣᠷᠣᠨ ᠳᠤ ᠣᠷᠣᠭᠤᠯᠬᠤ ᠠᠵᠢᠯ ᠢ ᠲᠦᠯᠬᠢᠨ ᠠᠬᠢᠭᠤᠯᠤᠨ᠎ᠠ᠃ | ︵ᠠᠷᠪᠠᠨ ᠨᠢᠭᠡ︶ ᠬᠤᠳᠠᠯᠳᠤᠭᠠᠨ ᠤ ᠢᠲᠡᠭᠡᠮᠵᠢ ᠶᠢᠨ ᠪᠣᠷᠤᠯᠠᠭᠤᠯᠭ᠎ᠠ ᠶᠢ ᠵᠢᠯᠤᠭᠤᠳᠴᠤ᠂ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠤᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠᠭᠠᠶ | ᠭᠦᠢᠯᠭᠡᠭᠡᠨ ᠤ ᠠᠵᠢᠯ ᠲᠦᠷᠦᠯ ᠢ ᠬᠢᠨᠠᠵᠤ ᠬᠠᠮᠢᠶᠠᠷᠤᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ᠂ ᠲᠣᠮᠣ ᠬᠡᠯᠪᠡᠷᠢ ᠶᠢᠨ ᠠᠷᠠᠯᠵᠢᠶ᠎ᠠ | ᠬᠤᠳᠠᠯᠳᠤᠭᠠᠨ ᠤ ᠠᠵᠢᠯᠯᠠᠭᠠᠨ ᠤ ᠲᠠᠯᠠᠪᠤᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠢᠮᠳᠠᠭᠤᠯᠤᠨ ᠵᠢᠯᠤᠭᠤᠳᠬᠤ ᠶᠢ ᠬᠠᠷᠢᠭᠤᠴᠠᠨ᠎ᠠ᠃ | ︵ᠠᠷᠪᠠᠨ ᠬᠤᠶᠠᠷ︶ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ | ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠦ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠠᠨ ᠵᠢᠱᠢᠶᠡᠯᠡᠵᠦ ᠤᠷᠢᠳᠴᠢᠯᠠᠨ | ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠤᠨ᠎ᠠ᠃ ᠮᠢᠬᠠᠨ ᠤ ᠵᠦᠢᠯ ᠵᠡᠷᠭᠡ ᠴᠢᠬᠤᠯᠠ ᠲᠠᠸᠠᠷ ᠤᠨ ᠨᠥᠭᠡᠴᠡ ᠶᠢᠨ ᠬᠠᠮᠢᠶᠠᠷᠤᠯᠲᠠ ᠪᠠ ᠵᠠᠬ᠎ᠠ | ᠳᠡᠯᠭᠡᠭᠦᠷ ᠤᠨ ᠲᠣᠬᠢᠷᠠᠭᠤᠯᠤᠯ ᠡᠵᠡᠮᠳᠡᠯ ᠤᠨ ᠠᠵᠢᠯ ᠢ ᠬᠠᠷᠢᠭᠤᠴᠠᠨ᠎ᠠ ; ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠭᠦᠢᠯᠭᠡᠭᠡ ᠶᠢ ᠬᠠᠤᠯᠢ ᠶᠣᠰᠣᠭᠠᠷ | ᠬᠠᠮᠢᠶᠠᠷᠤᠨ᠎ᠠ᠃ | ︵ᠠᠷᠪᠠᠨ ᠭᠤᠷᠪᠠ︶ ᠪᠥᠬᠦ ᠬᠤᠰᠢᠭᠤᠨ ᠤ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ | ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠣᠭᠲᠠᠭᠠᠨ᠎ᠠ ; ᠪᠥᠬᠦ ᠬᠤᠰᠢᠭᠤᠨ ᠤ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠠ ᠭᠠᠳᠠᠭᠠᠳᠤ ᠠᠷᠠᠯᠵᠢᠶ᠎ᠠ ᠶᠢ | ᠠᠬᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃ | ︵ᠠᠷᠪᠠᠨ ᠳᠥᠷᠪᠡ︶ ᠪᠥᠬᠦ ᠬᠤᠰᠢᠭᠤᠨ ᠤ ᠭᠠᠳᠠᠭᠠᠳᠤ ᠶᠢᠨ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠶᠢᠨ ᠠᠵᠢᠯ ᠢ ᠬᠠᠷᠢᠭᠤᠴᠠᠵᠤ᠂ ᠣᠷᠣᠰ᠂ | ᠮᠣᠩᠭᠤᠯ ᠤᠯᠤᠰ ᠪᠠ ︽ᠨᠢᠭᠡ ᠪᠦᠰᠡ ᠨᠢᠭᠡ ᠵᠠᠮ︾ ᠤᠨ ᠱᠤᠭᠤᠮ ᠳᠠᠭᠠᠤ ᠶᠢᠨ ᠤᠯᠤᠰ ᠯᠤᠭ᠎ᠠ ᠶᠢᠨ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭ᠎ᠠ ᠶᠢ | ᠴᠢᠩᠭᠠᠳᠬᠠᠨ᠎ᠠ᠃ | ︵ᠠᠷᠪᠠᠨ ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ | ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ ᠤᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠰᠢᠭᠤᠨ ᠤ ᠱᠠᠲᠤᠨ ᠤ | ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ ᠤᠨ ᠳᠤᠮᠳᠠ᠂ ᠣᠷᠳᠣ ᠬᠤᠭᠤᠴᠠᠭᠠᠨ ᠤ ᠬᠥᠭᠵᠢᠯᠲᠡ ᠶᠢᠨ | ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠰᠤᠳᠤᠯᠤᠨ ᠲᠣᠭᠲᠠᠭᠠᠨ᠎ᠠ ; ᠳᠤᠮᠳᠠᠳᠤ ᠮᠣᠩᠭᠤᠯ ᠤᠨ ᠡᠪᠦᠳᠦᠭ ᠬᠢᠯᠢ ᠶᠢᠨ ᠠᠷᠠᠳ ᠤᠨ ᠬᠠᠷᠢᠯᠴᠠᠨ | ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ | ︵ᠠᠷᠪᠠᠨ ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠳᠣᠯᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ | | | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | | | ︵1︶ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠤᠨ ᠬᠠᠮᠢᠶ᠎ᠠ ᠪᠦᠬᠦᠢ ᠠᠵᠢᠯ ᠢ ᠲᠦᠷᠦᠭᠦᠯᠡᠨ | ᠠᠬᠢᠭᠤᠯᠤᠨ᠎ᠠ᠃ ᠠᠷᠢᠬᠢᠨ ᠤ ᠵᠦᠢᠯ ᠤᠨ ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢ | ᠬᠠᠷᠢᠭᠤᠴᠠᠨ᠎ᠠ᠃ | ︵2︶ ᠠᠷᠢᠬᠢᠨ ᠤ ᠵᠦᠢᠯ ᠤᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠣᠯᠣᠨ ᠠᠷᠢᠬᠢᠨ ᠤ ᠵᠦᠢᠯ ᠤᠨ ᠢᠳᠡᠭᠡᠨ ᠤ ᠠᠶᠤᠯ ᠦᠭᠡᠢ ᠶᠢ ᠬᠠᠷᠢᠭᠤᠴᠠᠵᠤ᠂ | ᠡᠮ ᠤᠨ ᠵᠦᠢᠯ ᠤᠨ ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠲᠥᠷᠥ ᠶᠢᠨ ᠪᠣᠳᠣᠯᠭ᠎ᠠ ᠶᠢ ᠬᠠᠮᠵᠢᠯᠴᠠᠨ ᠬᠡᠷᠡᠭᠵᠢᠭᠦᠯᠵᠦ᠂ ᠪᠣᠷᠣᠯᠠᠭᠤᠯᠤᠨ | ᠬᠤᠳᠠᠯᠳᠤᠭᠰᠠᠨ ᠪᠠᠶᠢᠳᠠᠯ ᠢ ᠪᠦᠷᠢᠳᠬᠡᠨ᠎ᠡ᠃ | | | ᠬᠢᠯᠢ ᠶᠢᠨ ᠭᠠᠳᠠᠨ᠎ᠠ ᠡᠭᠦᠰᠦᠭᠰᠡᠨ ᠢᠳᠡᠭᠡᠨ ᠤ ᠠᠮᠤᠷ ᠲᠦᠪᠰᠢᠨ ᠤ ᠬᠡᠷᠡᠭ ᠨᠢ ᠮᠠᠨ ᠤ ᠤᠯᠤᠰ ᠤᠨ ᠬᠢᠯᠢ ᠶᠢᠨ ᠳᠣᠲᠣᠷ᠎ᠠ ᠨᠥᠯᠥᠭᠡ ᠡᠭᠦᠰᠬᠦ ᠪᠣᠯᠣᠮᠵᠢ | ᠲᠠᠢ᠂ ᠡᠰᠡᠬᠦᠯ᠎ᠡ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠤ ᠵᠦᠢᠯ ᠠᠴᠠ ᠬᠦᠨᠳᠦ ᠨᠣᠴᠢᠲᠠᠢ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠣᠯᠵᠤ | ᠮᠡᠳᠡᠪᠡᠯ᠂ ᠡᠪᠦᠳᠦᠭ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠠᠶᠢᠭᠤᠯᠤᠮᠵᠢ ᠨᠢ ᠴᠠᠭ ᠲᠤᠬᠠᠢ ᠳᠤᠨᠢ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠤᠶᠤ ᠡᠵᠡᠮᠳᠡᠬᠦ ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠳᠤ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠦ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ | ᠴᠠᠭ ᠲᠤᠬᠠᠢ ᠳᠤᠨᠢ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠬᠡᠷᠡᠭᠲᠡᠢ᠃ | | | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | | | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠯᠳᠠᠪᠤᠷᠢᠲᠤ ᠡᠪᠡᠳᠴᠢᠨ ᠢ ᠶᠡᠷᠦᠩᠬᠡᠢ ᠳᠤᠨᠢ ᠰᠡᠷᠭᠡᠶᠢᠯᠡᠨ ᠵᠠᠰᠠᠬᠤ ᠪᠠ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠡᠪᠦᠳᠦᠭ ᠪᠣᠭᠤᠮᠲᠠ ᠶᠢᠨ ᠬᠢᠯᠢ ᠶᠢᠨ | ᠪᠠᠶᠢᠴᠠᠭᠠᠯᠲᠠ ᠯᠤᠭ᠎ᠠ ᠪᠣᠭᠤᠮᠲᠠ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ | ᠬᠠᠮᠲᠤᠷᠠᠯᠴᠠᠭᠠᠨ ᠤ ᠲᠣᠭᠲᠠᠴᠠ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠮᠡᠳᠡᠭᠳᠡᠵᠦ | ᠰᠣᠯᠢᠯᠴᠠᠬᠤ ᠲᠣᠭᠲᠠᠴᠠ᠂ ᠪᠣᠭᠤᠮᠲᠠ ᠶᠢᠨ ᠣᠷᠣᠭᠤᠯᠤᠯᠲᠠ ᠶᠢᠨ ᠬᠢᠵᠢᠭ ᠤᠨ ᠪᠠᠶᠢᠳᠠᠯ ᠢ ᠮᠡᠳᠡᠭᠳᠡᠬᠦ ᠪᠠ ᠬᠠᠮᠵᠢᠯᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ | | | ᠬᠤᠶᠠᠷ᠂ ᠳᠣᠲᠣᠭᠠᠳᠤ ᠪᠠᠶᠢᠭᠤᠯᠤᠮᠵᠢ | | ︵ᠨᠢᠭᠡ︶ ᠠᠯᠪᠠᠨ ᠭᠡᠷ ︵ᠬᠠᠤᠯᠢ ᠳᠦᠷᠢᠮ ᠤᠨ ᠬᠤᠪᠢ︶᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠶᠡᠷᠦᠩᠬᠡᠶᠢᠯᠡᠨ ᠵᠣᠬᠢᠶᠠᠨ ᠪᠠᠶᠢᠭᠤᠯᠬᠤ︔ | ᠭᠥᠯᠢᠶᠡᠨ ᠠᠪᠬᠤ᠂ ᠪᠢᠴᠢᠭ ᠴᠠᠬᠢᠯᠭᠠᠨ ᠮᠡᠳᠡᠭᠡ ᠳᠠᠮᠵᠢᠭᠤᠯᠬᠤ᠂ ᠮᠡᠳᠡᠭᠡ ᠵᠠᠩᠭᠢ᠂ ᠰᠢᠮᠳᠠᠭᠤᠯᠤᠨ ᠪᠠᠶᠢᠴᠠᠭᠠᠬᠤ᠂ ᠲᠠᠩᠰᠠ ᠡᠪᠬᠡᠮᠡᠯ᠂ ᠨᠢᠭᠤᠴᠠ ᠴᠢᠬᠤᠯᠠ | ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠲᠠᠮᠠᠭ᠎ᠠ ᠶᠢᠨ ᠬᠠᠮᠢᠶᠠᠷᠤᠯᠲᠠ᠂ ᠬᠠᠮᠠᠭᠠᠯᠠᠯᠲᠠ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠲᠡᠷᠭᠡ | ᠬᠥᠰᠬᠡ ᠶᠢᠨ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠨᠠᠮ ᠤᠨ ᠪᠠᠶᠢᠭᠤᠯᠤᠯᠲᠠ᠂ ᠪᠠᠶᠢᠭᠤᠯᠭ᠎ᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ | ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ ; ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠬᠥᠳᠡᠯᠮᠦᠷᠢ | ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ᠂ ᠣᠨ ᠤ ᠬᠢᠨᠠᠨ ᠰᠢᠯᠭᠠᠯᠲᠠ᠂ ᠺᠠᠳ᠋ᠷ ᠤᠨ ᠪᠣᠯᠪᠠᠰᠤᠷᠠᠭᠤᠯᠤᠯ ᠵᠡᠷᠭᠡ ᠠᠵᠢᠯ ᠢ ᠬᠠᠷᠢᠭᠤᠴᠠᠨ᠎ᠠ ; ᠪᠠᠶᠢᠭᠤᠯᠭ᠎ᠠ ᠶᠢᠨ | ᠳᠣᠲᠣᠭᠠᠳᠤ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠪᠠ ᠠᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠥᠭᠡᠳ | ᠬᠢᠨᠠᠯᠲᠠ ᠲᠠᠯᠪᠢᠵᠤ ᠬᠡᠷᠡᠭᠵᠢᠭᠦᠯᠦᠨ᠎ᠡ ; ᠪᠠᠶᠢᠭᠤᠯᠭ᠎ᠠ ᠶᠢᠨ ᠰᠦᠯᠵᠢᠶᠡᠨ ᠤ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠤᠳᠤᠷᠢᠳᠤᠯᠭ᠎ᠠ ᠶᠢᠨ ᠲᠤᠰᠢᠶᠠᠭᠰᠠᠨ | ᠪᠤᠰᠤᠳ ᠠᠵᠢᠯ ᠢ ᠡᠭᠦᠷᠭᠡᠯᠡᠨ᠎ᠡ᠃ ᠭᠠᠳᠠᠭᠠᠳᠤ ᠶᠠᠪᠤᠳᠠᠯ᠂ ᠪᠣᠭᠤᠮᠲᠠ᠂ ᠬᠤᠳᠠᠯᠳᠤᠭᠠᠨ ᠤ ᠶᠠᠪᠤᠳᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ | ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠪᠣᠳᠠᠲᠠᠢ ᠬᠡᠷᠡᠭᠵᠢᠭᠦᠯᠬᠦ ᠰᠠᠨᠠᠯ ᠢ ᠲᠣᠭᠲᠠᠭᠠᠨ᠎ᠠ ; ᠭᠠᠳᠠᠭᠠᠳᠤ ᠶᠠᠪᠤᠳᠠᠯ ᠤᠨ ᠪᠣᠭᠤᠮᠲᠠ | ᠵᠢᠴᠢ ᠬᠤᠳᠠᠯᠳᠤᠭᠠᠨ ᠤ ᠶᠠᠪᠤᠳᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠥᠷᠥᠯ ᠤᠨ ᠮᠡᠳᠡᠭᠡ ᠵᠠᠩᠭᠢ ᠶᠢ ᠴᠤᠭᠯᠠᠭᠤᠯᠵᠤ᠂ ᠡᠮᠬᠢᠳᠬᠡᠵᠦ᠂ ᠵᠠᠳᠠᠯᠵᠤ᠂ | ᠨᠡᠶᠢᠲᠡᠯᠡᠨ᠎ᠡ ; ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠡᠷᠭᠡ ᠠᠵᠢᠯ ᠢ | ᠡᠭᠦᠷᠭᠡᠯᠡᠨ᠎ᠡ᠃ ᠰᠢᠰᠲ᠋ᠧᠮ ᠤᠨ ᠳᠣᠲᠣᠷᠠᠬᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠬᠠᠮᠢᠶᠠᠷᠬᠤ ᠠᠵᠢᠯ ᠢ ᠬᠠᠷᠢᠭᠤᠴᠠᠬᠤ ᠶᠢᠨ ᠬᠠᠮᠲᠤ | ᠵᠣᠬᠢᠴᠠᠩᠭᠤᠢ ᠰᠢᠢᠳᠪᠦᠷᠢᠯᠡᠬᠦ ᠪᠠ ᠲᠣᠭᠲᠠᠪᠤᠷᠢᠵᠢᠭᠤᠯᠤᠨ ᠡᠵᠡᠮᠳᠡᠬᠦ ᠠᠵᠢᠯ ᠢ ᠡᠭᠦᠷᠭᠡᠯᠡᠨ᠎ᠡ᠃ | ︵ᠬᠤᠶᠠᠷ︶ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠲ᠋ᠣᠺ᠃ ᠪᠥᠬᠦ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠮᠣᠩᠭᠤᠯ ᠤᠯᠤᠰ | ᠯᠤᠭ᠎ᠠ ᠶᠢᠨ ᠰᠣᠶᠣᠯ᠂ ᠪᠡᠶ᠎ᠡ ᠶᠢᠨ ᠲᠠᠮᠢᠷ᠂ ᠠᠵᠤ ᠠᠬᠤᠢ᠂ ᠡᠮ ᠡᠮᠨᠡᠯᠭᠡ ᠵᠡᠷᠭᠡ ᠬᠦᠷᠢᠶ᠎ᠡ ᠴᠠᠷᠠᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭᠠᠨ ᠤ ᠠᠵᠢᠯ ᠢ | ᠵᠣᠬᠢᠴᠠᠭᠤᠯᠤᠨ᠎ᠠ ; ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ᠤᠴᠢᠷ ᠶᠠᠪᠤᠳᠠᠯ ᠵᠢᠴᠢ ᠠᠯᠪᠠᠨ ᠶᠠᠪᠤᠳᠠᠯ ᠤᠨ | ᠫᠠᠰᠫᠣᠷᠲ ᠤᠨ ᠬᠠᠮᠢᠶᠠᠷᠤᠯᠲᠠ ᠶᠢ ᠮᠡᠳᠡᠭᠦᠯᠦᠨ᠎ᠡ ; ᠪᠥᠬᠦ ᠬᠤᠰᠢᠭᠤᠨ ᠤ ᠭᠠᠳᠠᠭᠠᠳᠤ ᠳᠤ ᠨᠥᠬᠦᠷᠰᠡᠭ ᠬᠤᠲᠠ᠂ ᠨᠥᠬᠦᠷᠰᠡᠭ ᠭᠠᠵᠠᠷ ᠣᠷᠣᠨ᠂ ᠨᠥᠬᠦᠷᠰᠡᠭ | ᠦᠨᠳᠦᠰᠦᠨ ᠱᠠᠲᠤᠨ ᠤ ᠨᠢᠭᠡᠴᠢ ᠶᠢ ᠪᠠᠶᠢᠭᠤᠯᠬᠤ ᠪᠠ ᠥᠷᠨᠢᠭᠦᠯᠬᠦ ᠶᠢ ᠵᠢᠯᠣᠭᠤᠳᠤᠨ᠎ᠠ ; ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠦᠭᠦ ᠬᠤᠰᠢᠭᠤᠨ ᠤ | ᠬᠡᠪᠴᠢᠶᠡᠨ ᠳᠠᠬᠢ ᠤᠯᠤᠰ ᠤᠨ ᠬᠢᠯᠢ ᠶᠢᠨ ᠱᠤᠭᠤᠮ ᠤᠨ ᠵᠠᠭᠠᠭ ᠢ ᠬᠠᠶᠢᠨ ᠪᠠᠶᠢᠴᠠᠭᠠᠬᠤ᠂ ᠬᠠᠮᠲᠤᠷᠠᠨ ᠪᠠᠶᠢᠴᠠᠭᠠᠬᠤ᠂ ᠬᠢᠯᠢ ᠶᠢᠨ ᠱᠣᠩ ᠢ ᠰᠡᠯᠪᠢᠨ ᠵᠠᠰᠠᠬᠤ ᠪᠠ | ᠬᠢᠯᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠢᠯᠢ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠵᠣᠬᠢᠴᠠᠭᠤᠯᠤᠨ ᠰᠢᠢᠳᠪᠦᠷᠢᠯᠡᠵᠦ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠵᠢᠯᠴᠠᠨ ᠬᠢᠯᠢ ᠶᠢᠨ ᠪᠠ ᠭᠠᠳᠠᠭᠠᠳᠤ ᠳᠤ ᠬᠤᠯᠪᠣᠭᠳᠠᠬᠤ ᠬᠡᠷᠡᠭ ᠶᠠᠪᠤᠳᠠᠯ ᠢ ᠰᠢᠢᠳᠪᠦᠷᠢᠯᠡᠨ᠎ᠡ᠃ ᠨᠠᠮ ᠪᠠ ᠤᠯᠤᠰ ᠤᠨ ᠬᠢᠯᠢ ᠶᠢᠨ | ᠪᠣᠭᠤᠮᠲᠠ ᠶᠢᠨ ᠠᠵᠢᠯ ᠤᠨ ᠲᠦᠷᠦ ᠶᠢᠨ ᠪᠣᠳᠣᠯᠭ᠎ᠠ ᠪᠣᠯᠣᠨ ᠬᠠᠮᠢᠶ᠎ᠠ ᠪᠦᠬᠦᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠮᠠᠨ ᠤ ᠬᠤᠰᠢᠭᠤᠨ ᠤ ᠬᠢᠯᠢ ᠶᠢᠨ | ᠪᠣᠭᠤᠮᠲᠠ ᠶᠢᠨ ᠠᠵᠢᠯ ᠤᠨ ᠠᠯᠤᠰ ᠬᠡᠲᠤ ᠶᠢᠨ ᠲᠥᠯᠦᠪᠵᠢᠭᠦᠯᠭᠡ ᠶᠢ ᠲᠣᠭᠲᠠᠭᠠᠵᠤ᠂ ᠬᠢᠯᠢ ᠶᠢᠨ ᠪᠣᠭᠤᠮᠲᠠ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠂ ᠨᠢᠭᠡ ᠪᠣᠭᠤᠮᠲᠠ ᠬᠤᠶᠠᠷ ᠪᠠᠶᠢᠴᠠᠭᠠᠯᠲᠠ ᠳᠤ ᠰᠠᠶᠢᠲᠤᠷ ᠦᠢᠯᠡᠴᠢᠯᠡᠵᠦ᠂ ᠠᠵᠢᠯ ᠢ ᠱᠠᠭᠠᠷᠳᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠬᠢᠯᠢ ᠶᠢᠨ ᠪᠣᠭᠤᠮᠲᠠ ᠶᠢᠨ ᠶᠠᠪᠤᠳᠠᠯ ᠢ ᠰᠢᠢᠳᠪᠦᠷᠢᠯᠡᠨ᠎ᠡ᠃ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ; ᠪᠣᠭᠤᠮᠲᠠ ᠶᠢᠨ ᠪᠦᠲᠦᠭᠡᠨ | ᠪᠠᠶᠢᠭᠤᠯᠤᠯᠲᠠ ᠬᠢᠭᠡᠳ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠤᠯᠤᠰ ᠤᠨ ᠬᠤᠯᠪᠣᠭᠳᠠᠯ ᠪᠦᠬᠦᠢ ᠲᠠᠸᠠᠷ ᠤᠨ ᠭᠦᠢᠯᠭᠡᠭᠡᠨ ᠤ ᠴᠢᠭᠯᠡᠯᠲᠡ᠂ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ | ᠬᠤᠰᠢᠭᠤᠨ ᠤ ᠲᠠᠸᠠᠷ ᠤᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠨ᠎ᠠ ; ᠪᠥᠬᠦ ᠬᠤᠰᠢᠭᠤᠨ ᠤ ᠣᠷᠣᠨ | ᠪᠦᠰᠡ ᠶᠢᠨ ᠴᠢᠨᠠᠷᠲᠠᠢ ᠴᠢᠬᠤᠯᠠ ᠲᠠᠸᠠᠷ᠂ ᠤᠯᠤᠰ ᠤᠨ ᠲᠠᠸᠠᠷ ᠤᠨ ᠵᠠᠬ᠎ᠠ ᠳᠡᠯᠭᠡᠭᠦᠷ ᠪᠣᠯᠣᠨ ᠬᠠᠮᠢᠶᠠᠷᠤᠯᠲᠠ ᠶᠢ ᠬᠠᠷᠢᠭᠤᠴᠠᠵᠤ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠥᠭᠵᠢᠯᠲᠡ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠦᠢᠯᠡᠴᠢᠯᠡᠭᠡᠨ ᠤ ᠠᠷᠠᠯᠵᠢᠶ᠎ᠠ᠂ ᠦᠢᠯᠡᠴᠢᠯᠡᠭᠡᠨ ᠤ ᠦᠢᠯᠡᠰ ᠤᠨ | ᠲᠥᠯᠦᠪᠵᠢᠭᠦᠯᠭᠡ ᠵᠢᠴᠢ ᠬᠢᠨᠠᠨ ᠬᠠᠮᠢᠶᠠᠷᠤᠯᠲᠠ ᠶᠢᠨ ᠬᠡᠷᠡᠭᠵᠢᠭᠦᠯᠦᠯᠲᠡ ᠶᠢ ᠲᠣᠭᠲᠠᠭᠠᠨ᠎ᠠ᠃ ᠭᠦᠢᠯᠭᠡᠭᠡᠨ ᠤ ᠠᠵᠢᠯ ᠲᠥᠷᠥᠯ ᠤᠨ ᠪᠠᠢᠭᠤᠯᠤᠯ ᠤᠨ | ᠥᠭᠡᠷᠡᠴᠢᠯᠡᠯᠲᠡ ᠶᠢᠨ ᠲᠥᠰᠥᠯ ᠢ ᠰᠤᠳᠤᠯᠤᠨ ᠲᠣᠭᠲᠠᠭᠠᠵᠤ᠂ ᠪᠦᠭᠦ ᠬᠤᠰᠢᠭᠤᠨ ᠤ ᠤᠯᠤᠰ ᠤᠨ ᠳᠣᠲᠣᠭᠠᠳᠤ ᠶᠢᠨ ᠠᠷᠠᠯᠵᠢᠶ᠎ᠠ᠂ ᠭᠠᠳᠠᠭᠠᠳᠤ ᠠᠷᠠᠯᠵᠢᠶ᠎ᠠ ᠶᠢᠨ | ᠬᠠᠮᠢᠶᠠᠷᠤᠯᠲᠠ ᠶᠢᠨ ᠠᠵᠢᠯ ᠪᠠ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠬᠠᠷᠢᠭᠤᠴᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠠᠷᠠᠯᠵᠢᠶᠠᠨ ᠤ ᠵᠠᠬ᠎ᠠ | ᠳᠡᠯᠭᠡᠭᠦᠷ ᠤᠨ ᠰᠢᠰᠲ᠋ᠧᠮ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠲᠤᠰ ᠣᠷᠣᠨ ᠤ ᠳᠣᠲᠣᠷᠠᠬᠢ ᠠᠮᠤ ᠪᠤᠳᠠᠭ᠎ᠠ | ᠬᠤᠳᠠᠯᠳᠤᠨ ᠠᠪᠬᠤ ᠪᠠ ᠪᠣᠷᠣᠯᠠᠭᠤᠯᠬᠤ᠂ ᠠᠷᠢᠬᠢᠨ ᠤ ᠵᠦᠢᠯ ᠤᠨ ᠭᠦᠢᠯᠭᠡᠭᠡᠨ᠂ ᠪᠣᠯᠪᠠᠰᠤᠷᠠᠭᠤᠯᠤᠭᠰᠠᠨ ᠲᠤᠰᠤᠨ ᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ | ᠦᠢᠯᠡᠰ ᠤᠨ ᠢᠳᠡᠭᠡᠨ ᠤ ᠠᠶᠤᠯ ᠦᠭᠡᠢ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠨᠢᠭᠲᠠᠷᠠᠭᠰᠠᠨ ᠴᠢᠨᠠᠷᠲᠠᠢ ᠭᠠᠵᠠᠷ ᠲᠠᠯᠠᠪᠤᠷ ᠤᠨ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠬᠠᠭᠤᠴᠢᠨ ᠪᠠᠷᠠᠭ᠎ᠠ ᠠᠷᠠᠯᠵᠢᠶᠠᠯᠠᠬᠤ᠂ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠬᠤ᠂ | ᠳᠠᠨᠵᠢᠯᠠᠬᠤ ᠬᠤᠳᠠᠯᠳᠤᠭ᠎ᠠ ᠶᠢᠨ ᠦᠨ᠎ᠡ ᠬᠠᠶᠠᠵᠤ ᠬᠤᠳᠠᠯᠳᠤᠬᠤ ᠬᠤᠳᠠᠯᠳᠤᠭ᠎ᠠ᠂ ᠲᠦᠷᠢᠶᠡᠰᠦᠯᠡᠬᠦ ᠦᠢᠯᠡᠰ᠂ ᠰᠢᠭᠤᠳ ᠪᠣᠷᠣᠯᠠᠭᠤᠯᠬᠤ ᠦᠢᠯᠡᠰ᠂ ᠲᠠᠸᠠᠷ ᠤᠨ | ᠪᠣᠷᠤᠯᠠᠭᠤᠯᠭ᠎ᠠ ᠶᠢ ᠠᠬᠢᠭᠤᠯᠬᠤ ᠵᠢᠴᠢ ᠭᠦᠢᠯᠭᠡᠭᠡᠨ ᠤ ᠬᠦᠷᠢᠶᠡᠨ ᠤ ᠢᠳᠡᠭᠡᠨ ᠤ ᠠᠶᠤᠯ ᠦᠭᠡᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠡᠯ᠎ᠡ | ᠲᠥᠷᠥᠯ ᠤᠨ ᠭᠠᠳᠠᠭᠠᠳᠤ ᠳᠤ ᠬᠤᠯᠪᠣᠭᠳᠠᠬᠤ ᠲᠠᠸᠠᠷ ᠤᠨ ᠰᠣᠯᠢᠯᠴᠠᠭᠠᠨ ᠤ ᠴᠤᠭᠯᠠᠭᠠᠨ᠂ ᠦᠵᠡᠰᠬᠦᠯᠡᠩ ᠵᠡᠷᠭᠡ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠠ | ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠵᠢᠯᠤᠭᠤᠳᠴᠤ᠂ ᠠᠷᠠᠯᠵᠢᠶ᠎ᠠ ᠶᠢ ᠠᠬᠢᠭᠤᠯᠬᠤ ᠬᠤᠷᠠᠯ ᠤᠨ ᠠᠵᠢᠯ ᠢ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠣᠯᠭᠤᠭᠰᠠᠨ ᠣᠨᠴᠠᠭᠠᠢ ᠲᠥᠷᠥ ᠶᠢᠨ | ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠪᠦᠳᠦᠭ ᠬᠢᠯᠢ ᠶᠢᠨ ᠳᠤᠮᠳᠠᠳᠤ ᠮᠣᠩᠭᠤᠯ ᠤᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ | ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ ᠲᠠᠬᠢ ᠠᠵᠢᠯ ᠢ ᠵᠢᠯᠣᠭᠤᠳᠤᠨ ᠬᠠᠮᠢᠶᠠᠷᠤᠨ᠎ᠠ᠃ | | | ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠪᠠᠶᠢᠭᠤᠯᠭ᠎ᠠ ᠵᠢᠴᠢ ᠲᠡᠭᠦᠨ ᠤ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ | ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ | | ︵ᠭᠤᠷᠪᠠ︶ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 5 ᠬᠥᠮᠥᠨ᠃ ᠰᠠᠯᠠᠭᠠᠨ ᠤ | ᠲᠠᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ 4 ᠬᠥᠮᠥᠨ ︵2 ᠵᠢᠩᠬᠢᠨᠢ 2 ᠳᠡᠳ᠋︶ ᠪᠠᠶᠢᠨ᠎ᠠ᠃ ᠲᠣᠪᠴᠢᠶᠠᠨ ᠳᠠᠷᠤᠭ᠎ᠠ 1 ᠬᠥᠮᠥᠨ᠂ ᠡᠷᠬᠢᠯᠡᠭᠴᠢ 1 | ᠬᠥᠮᠥᠨ᠂ ᠳᠡᠳ᠋ ᠲᠣᠪᠴᠢᠶᠠᠨ ᠳᠠᠷᠤᠭ᠎ᠠ 2 ᠬᠥᠮᠥᠨ ᠢ ᠲᠣᠬᠢᠷᠠᠭᠤᠯᠤᠨ᠎ᠠ᠃ | | ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ | ᠠᠮᠤᠭᠤᠯᠠᠩ ᠵᠠᠮ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠠᠵᠢᠯᠯᠠᠬᠤ ᠴᠠᠭ᠄ ᠦᠳᠡ ᠶᠢᠨ ᠡᠮᠦᠨ᠎ᠡ 8᠄ 30 ︱ 12᠄ 00᠂ ᠦᠳᠡ ᠶᠢᠨ ᠬᠤᠶᠢᠨ᠎ᠠ 2᠄ 30 ︱ 5᠄ 30 | ᠬᠠᠷᠢᠯᠴᠠᠬᠤ ᠤᠲᠠᠰᠤ᠄ 0470 ︱ 6603056 | ᠹᠠᠺᠰ ᠤᠨ ᠨᠣᠮᠧᠷ᠄ 0470 ︱ 6603056 | ᠢᠨᠲ᠋ᠧᠷ ᠰᠦᠯᠵᠢᠶᠡᠨ ᠤ ᠬᠠᠷᠢᠯᠴᠠᠬᠤ ᠬᠡᠯᠪᠡᠷᠢ᠄ xzqkab6603056@126.com | ᠰᠦᠯᠵᠢᠶᠡᠨ ᠤ ᠬᠠᠶ᠋ᠢᠭ᠄ http://www.xzq.gov.cn/OpennessContent/showList/770/0/page_1.html | ᠬᠠᠷᠢᠭᠤᠴᠠᠯᠭᠠᠲᠠᠨ᠄ ᠵᠠᠩ ᠴᠦᠨ ᠭᠠᠩ ︵ᠲᠣᠪᠴᠢᠶᠠᠨ ᠳᠠᠷᠤᠭ᠎ᠠ︶ | | | ᠭᠤᠷᠪᠠ᠂ ᠬᠠᠷᠢᠶ᠎ᠠ ᠪᠠᠶᠢᠭᠤᠯᠤᠮᠵᠢ | | | ︵ᠨᠢᠭᠡ︶ ᠰᠢᠨ᠎ᠡ ᠪᠠᠷᠭᠤ ᠵᠡᠭᠦᠨ ᠬᠤᠰᠢᠭᠤᠨ ᠤ ᠪᠣᠭᠤᠮᠲᠠ ᠶᠢᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ | ᠦᠢᠯᠡᠴᠢᠯᠡᠭᠡᠨ ᠤ ᠲᠥᠪ | | | ᠰᠢᠨ᠎ᠡ ᠪᠠᠷᠭᠤ ᠵᠡᠭᠦᠨ ᠬᠤᠰᠢᠭᠤᠨ ᠤ ᠪᠣᠭᠤᠮᠲᠠ ᠶᠢᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ | ᠦᠢᠯᠡᠴᠢᠯᠡᠭᠡᠨ ᠤ ᠲᠥᠪ ︵ᠳᠣᠷᠣᠭᠰᠢ ᠪᠠᠨ ᠬᠤᠰᠢᠭᠤᠨ ᠤ ᠪᠣᠭᠤᠮᠲᠠ ᠶᠢᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ | ᠦᠢᠯᠡᠴᠢᠯᠡᠭᠡᠨ ᠤ ᠲᠥᠪ ᠭᠡᠵᠦ ᠲᠣᠪᠴᠢᠯᠠᠨ᠎ᠠ︶ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ | ᠭᠡᠷ ᠲᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ | ᠨᠢ ᠵᠢᠩᠬᠢᠨᠢ ᠰᠠᠯᠠᠭᠠᠨ ᠤ ᠲᠠᠰ ᠲᠠᠢ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ | | | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ | ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ ᠤᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠰᠢᠭᠤᠨ ᠤ ᠱᠠᠲᠤᠨ ᠤ | ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ ᠤᠨ ᠳᠤᠮᠳᠠ᠂ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠪᠠ | ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ; ᠳᠤᠮᠳᠠᠳᠤ ᠮᠣᠩᠭᠤᠯ ᠤᠨ ᠡᠪᠦᠳᠦᠭ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ | ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ ᠤᠨ ᠳᠦᠷᠢᠮ ᠲᠣᠭᠲᠠᠭᠠᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠡᠭᠦᠷᠭᠡᠯᠡᠵᠦ᠂ | ᠪᠣᠭᠤᠮᠲᠠ ᠶᠢᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ ᠤᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠨ᠎ᠠ᠃ | ︵ᠬᠤᠶᠠᠷ︶ ᠳᠡᠭᠡᠳᠦ ᠱᠠᠲᠤᠨ ᠤ ᠰᠠᠯᠠᠭ᠎ᠠ ᠮᠥᠴᠢᠷ ᠢ ᠬᠠᠮᠵᠢᠨ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ | ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ ᠤᠨ ᠡᠮᠦᠨᠡᠬᠢ ᠬᠤᠭᠤᠴᠠᠭᠠᠨ ᠤ ᠠᠬᠢᠭᠤᠯᠬᠤ ᠠᠵᠢᠯ ᠢ ᠥᠷᠨᠢᠭᠦᠯᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠠᠯᠪᠠᠨ ᠭᠡᠷ︶ ᠶᠢ ᠬᠠᠮᠵᠢᠨ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭ᠎ᠠ ᠶᠢᠨ | ᠰᠠᠭᠤᠷᠢ ᠠᠵᠢᠯ ᠢ ᠰᠠᠶᠢᠲᠤᠷ ᠥᠷᠨᠢᠭᠦᠯᠦᠨ᠎ᠡ᠃ | ︵ᠭᠤᠷᠪᠠ︶ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ | ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ ᠤᠨ ᠬᠠᠮᠢᠶᠠᠷᠤᠯᠲᠠ᠂ ᠪᠦᠲᠦᠭᠡᠨ ᠪᠠᠶᠢᠭᠤᠯᠤᠯᠲᠠ᠂ ᠵᠢᠷᠤᠮᠵᠢᠯ ᠤᠨ ᠵᠣᠬᠢᠴᠠᠭᠤᠯᠬᠤ᠂ ᠦᠢᠯᠡᠴᠢᠯᠡᠬᠦ ᠪᠠ | ᠨᠠᠶᠢᠳᠠᠪᠤᠷᠢᠵᠢᠭᠤᠯᠬᠤ ᠲᠤᠬᠠᠢ ᠠᠵᠢᠯ ᠢ ᠬᠠᠷᠢᠭᠤᠴᠠᠨ᠎ᠠ᠃ ᠮᠣᠩᠭᠤᠯ ᠤᠯᠤᠰ ᠤᠨ ᠪᠣᠭᠤᠮᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠ | ᠵᠣᠬᠢᠴᠠᠭᠤᠯᠭ᠎ᠠ ᠶᠢ ᠬᠠᠷᠢᠭᠤᠴᠠᠵᠤ᠂ ᠮᠣᠩᠭᠤᠯ ᠤᠯᠤᠰ ᠤᠨ ᠠᠵᠤ ᠠᠬᠤᠢ ᠠᠷᠠᠯᠵᠢᠶ᠎ᠠ ᠶᠢᠨ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠ ᠨᠡᠪᠲᠡᠷᠡᠯᠴᠡᠭᠡ ᠪᠠᠨ | ᠴᠢᠩᠭᠠᠳᠬᠠᠨ᠂ ᠬᠤᠶᠠᠷ ᠲᠠᠯ᠎ᠠ ᠶᠢᠨ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ᠃ | ( ᠳᠥᠷᠪᠡ ) ᠭᠠᠳᠠᠭᠠᠳᠤ ᠲᠠᠢ ᠠᠵᠤ ᠠᠬᠤᠢ ᠶᠢᠨ ᠲᠠᠯ᠎ᠠ ᠪᠠᠷ ᠬᠠᠮᠵᠢᠯᠴᠠᠬᠤ ᠠᠵᠢᠯ ᠢ ᠬᠠᠪᠰᠤᠷᠤᠨ ᠠᠬᠢᠭᠤᠯᠤᠨ᠎ᠠ ; ᠬᠢᠯᠢ ᠬᠢᠵᠠᠭᠠᠷ ᠤᠨ ᠠᠵᠤ | ᠠᠬᠤᠢ ᠶᠢᠨ ᠲᠥᠷᠥ ᠶᠢᠨ ᠪᠣᠳᠣᠯᠭ᠎ᠠ ᠶᠢ ᠰᠤᠳᠤᠯᠬᠤ᠂ ᠬᠡᠷᠡᠭᠵᠢᠭᠦᠯᠬᠦ ᠠᠵᠢᠯ ᠢ ᠰᠠᠶᠢᠲᠤᠷ ᠬᠢᠨ᠎ᠡ᠃ | ︵ᠲᠠᠪᠤ︶ ᠪᠣᠭᠤᠮᠲᠠ ᠶᠢᠨ ᠪᠠᠶᠢᠴᠠᠭᠠᠨ ᠰᠢᠯᠭᠠᠬᠤ ᠨᠢᠭᠡᠴᠢ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠬᠢᠨᠠᠨ | ᠪᠠᠶᠢᠴᠠᠭᠠᠵᠤ᠂ ᠪᠣᠭᠤᠮᠲᠠ ᠶᠢᠨ ᠶᠡᠷᠦᠩᠬᠡᠶᠢᠯᠡᠨ ᠵᠣᠬᠢᠴᠠᠭᠤᠯᠬᠤ᠂ ᠬᠠᠮᠢᠶᠠᠷᠬᠤ ᠵᠢᠴᠢ ᠦᠢᠯᠡᠴᠢᠯᠡᠬᠦ ᠶᠢ ᠬᠠᠷᠢᠭᠤᠴᠠᠨ᠎ᠠ ; ᠪᠣᠭᠤᠮᠲᠠ ᠪᠠᠷ ᠥᠩᠭᠡᠷᠡᠬᠦ ᠶᠠᠪᠤᠴᠠ ᠳᠠᠬᠢ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠷᠢᠴᠠᠭ᠎ᠠ ᠪᠠ ᠬᠠᠮᠲᠤᠷᠠᠯᠴᠠᠭ᠎ᠠ ᠶᠢ ᠵᠣᠬᠢᠴᠠᠭᠤᠯᠤᠨ ᠠᠬᠢᠭᠤᠯᠤᠨ᠎ᠠ ; ᠭᠠᠳᠠᠭᠠᠳᠤ ᠤᠬᠠᠭᠤᠯᠭ᠎ᠠ ᠶᠢᠨ | ᠠᠵᠢᠯ ᠢ ᠴᠢᠩᠭᠠᠳᠬᠠᠨ᠎ᠠ᠃ | ︵ᠵᠢᠷᠭᠤᠭ᠎ᠠ︶ ᠪᠣᠭᠤᠮᠲᠠ ᠶᠢᠨ ᠲᠤᠬᠠᠢ ᠶᠢᠨ ᠭᠠᠵᠠᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠶᠢ ᠬᠠᠮᠵᠢᠨ | ᠲᠡᠭᠦᠯᠳᠡᠷᠵᠢᠭᠦᠯᠵᠦ᠂ ᠪᠣᠭᠤᠮᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠨ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠨ᠎ᠠ᠃ | ︵ᠲᠤᠯᠤᠭ᠎ᠠ︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃ | ᠬᠤᠰᠢᠭᠤᠨ ᠤ ᠪᠣᠭᠤᠮᠲᠠ ᠶᠢᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠦᠢᠯᠡᠴᠢᠯᠡᠭᠡᠨ ᠤ ᠲᠥᠪ ᠲᠤ ᠳᠣᠲᠣᠭᠠᠳᠤ ᠳᠠᠭᠠᠨ | 3 ᠪᠠᠶᠢᠭᠤᠯᠤᠮᠵᠢ ᠲᠣᠬᠢᠷᠠᠭᠤᠯᠤᠨ᠎ᠠ᠄ | | | ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠨᠢᠭᠡᠴᠢ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠢ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠠᠮᠤᠷ | ᠲᠦᠪᠰᠢᠨ ᠤ ᠨᠢᠭᠤᠴᠠ ᠶᠢ ᠬᠠᠮᠠᠭᠠᠯᠠᠬᠤ᠂ ᠬᠤᠷᠠᠯ ᠤᠨ ᠶᠠᠪᠤᠳᠠᠯ᠂ ᠲᠠᠩᠰᠠ ᠡᠪᠬᠡᠮᠡᠯ᠂ ᠲᠣᠭᠲᠠᠮᠠᠯ ᠬᠥᠷᠥᠩᠭᠡ ᠶᠢᠨ ᠬᠠᠮᠠᠭᠠᠯᠠᠯᠲᠠ᠂ ᠠᠷᠤ ᠲᠠᠯ᠎ᠠ ᠶᠢᠨ | ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠬᠢᠯᠢ ᠶᠢᠨ ᠪᠣᠭᠤᠮᠲᠠ ᠶᠢᠨ ᠵᠠᠬ᠎ᠠ ᠳᠡᠯᠭᠡᠭᠦᠷ ᠤᠨ ᠠᠷᠠᠯᠵᠢᠶᠠᠨ ᠤ | ᠲᠣᠭᠤᠷᠢᠭ ᠤᠨ ᠠᠵᠢᠯ ᠤᠨ ᠲᠥᠯᠦᠪᠵᠢᠭᠦᠯᠭᠡ᠂ ᠲᠥᠯᠥᠪᠯᠡᠭᠡ ᠶᠢ ᠰᠤᠳᠤᠯᠤᠨ ᠲᠣᠭᠲᠠᠭᠠᠨ᠎ᠠ ; ᠭᠤᠣᠯ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ | ᠲᠤᠭ᠎ᠠ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠬᠠᠮᠢᠶᠠᠷᠤᠯᠲᠠ ᠦᠢᠯᠡᠴᠢᠯᠡᠭᠡ ᠵᠡᠷᠭᠡ ᠠᠵᠢᠯ ᠢ | ᠡᠭᠦᠷᠭᠡᠯᠡᠨ᠎ᠡ ; ᠲᠥᠪ ᠤᠨ ᠲᠥᠰᠥᠪ ᠪᠠ ᠲᠥᠰᠥᠪ ᠤᠨ ᠭᠦᠢᠴᠡᠳᠬᠡᠯ ᠤᠨ ᠬᠠᠮᠢᠶᠠᠷᠤᠯᠲᠠ᠂ ᠡᠯ᠎ᠡ ᠵᠦᠢᠯ ᠤᠨ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠶᠢᠨ | ᠬᠠᠮᠢᠶᠠᠷᠤᠯᠲᠠ᠂ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠬᠠᠮᠢᠶᠠᠷᠤᠯᠲᠠ᠂ ᠡᠳ᠋ ᠤᠨ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠡᠭᠦᠷᠭᠡᠯᠡᠨ᠎ᠡ᠃ ᠡᠳᠦᠷ ᠲᠤᠲᠤᠮ ᠤᠨ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ᠂ | ᠵᠠᠳᠠᠯᠬᠤ ᠠᠵᠢᠯ ᠢ ᠬᠠᠷᠢᠭᠤᠴᠠᠨ᠎ᠠ᠃ | ︵ᠬᠤᠶᠠᠷ︶ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ᠃ ᠪᠣᠭᠤᠮᠲᠠ ᠶᠢᠨ ᠪᠠᠶᠢᠴᠠᠭᠠᠨ ᠰᠢᠯᠭᠠᠬᠤ ᠨᠢᠭᠡᠴᠢ ᠶᠢᠨ | ᠵᠣᠬᠢᠴᠠᠭᠤᠯᠬᠤ ᠦᠢᠯᠡᠴᠢᠯᠡᠭᠡ ᠶᠢ ᠡᠭᠦᠷᠭᠡᠯᠡᠵᠦ᠂ ᠲᠡᠭᠦᠨ ᠳᠤ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ ; ᠪᠣᠭᠤᠮᠲᠠ ᠶᠢᠨ ᠳᠤᠮᠳᠠ ᠣᠷᠳᠣ | ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ᠂ ᠲᠥᠯᠥᠪᠯᠡᠭᠡ ᠶᠢ ᠬᠠᠷᠢᠭᠤᠴᠠᠨ ᠲᠣᠭᠲᠠᠭᠠᠨ᠎ᠠ ; ᠪᠣᠭᠤᠮᠲᠠ ᠶᠢᠨ ᠲᠤᠬᠠᠢ ᠶᠢᠨ ᠲᠠᠯᠠᠪᠠᠶ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠠᠮᠵᠢᠨ ᠲᠡᠭᠦᠯᠳᠡᠷᠵᠢᠭᠦᠯᠵᠦ᠂ ᠪᠣᠭᠤᠮᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠬᠠᠮᠠᠭᠠᠯᠠᠨ ᠪᠠᠲᠤᠯᠠᠨ᠎ᠠ᠃ | ︵ᠭᠤᠷᠪᠠ︶ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠲ᠋ᠣᠺ᠃ ᠬᠠᠷᠢᠯᠴᠠᠨ ᠠᠷᠠᠯᠵᠢᠶᠠᠯᠠᠬᠤ | ᠣᠷᠣᠨ ᠤ ᠳᠣᠲᠣᠷᠠᠬᠢ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠥᠯᠦᠪᠵᠢᠭᠦᠯᠭᠡ ᠪᠠ ᠨᠡᠭᠡᠭᠡᠨ ᠠᠰᠢᠭᠯᠠᠯᠲᠠ ᠵᠢᠴᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠢ ᠡᠭᠦᠷᠭᠡᠯᠡᠵᠦ᠂ ᠬᠠᠷᠢᠯᠴᠠᠨ ᠠᠷᠠᠯᠵᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠮᠡᠳᠡᠭᠦᠯᠬᠦ ᠪᠠ ᠬᠡᠷᠡᠭᠵᠢᠭᠦᠯᠬᠦ ᠶᠢ | ᠠᠬᠢᠭᠤᠯᠤᠨ᠎ᠠ ; ᠬᠢᠯᠢ ᠬᠢᠵᠠᠭᠠᠷ᠂ ᠬᠢᠯᠢ ᠶᠢᠨ ᠬᠠᠮᠠᠭᠠᠯᠠᠯᠲᠠ᠂ ᠭᠠᠳᠠᠭᠠᠳᠤ ᠶᠠᠪᠤᠳᠠᠯ᠂ ᠪᠣᠭᠤᠮᠲᠠ ᠶᠢᠨ ᠰᠠᠯᠠᠭ᠎ᠠ ᠮᠥᠴᠢᠷ ᠲᠠᠢ ᠵᠣᠬᠢᠴᠠᠭᠤᠯᠤᠨ ᠬᠠᠮᠵᠢᠯᠴᠠᠵᠤ᠂ | ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠬᠢᠯᠢ ᠶᠢᠨ ᠠᠷᠠᠳ ᠤᠨ ᠬᠠᠷᠢᠯᠴᠠᠨ | ᠠᠷᠠᠯᠵᠢᠶᠠᠯᠠᠬᠤ ᠲᠣᠭᠤᠷᠢᠭ ᠤᠨ ᠳᠦᠷᠢᠮ ᠲᠣᠭᠲᠠᠭᠠᠯ ᠢ ᠬᠠᠤᠯᠢ ᠶᠣᠰᠣᠭᠠᠷ ᠠᠬᠢᠭᠤᠯᠤᠨ᠎ᠠ ;ᠬᠠᠷᠢᠯᠴᠠᠨ ᠠᠷᠠᠯᠵᠢᠶᠠᠯᠠᠬᠤ ᠲᠣᠭᠤᠷᠢᠭ ᠲᠠᠬᠢ ᠭᠠᠳᠠᠷ ᠳ᠋ᠢᠶᠠᠮᠧᠲᠷ ᠤᠨ | ᠳᠣᠲᠣᠭᠠᠳᠤ ᠠᠷᠠᠯᠵᠢᠶ᠎ᠠ᠂ ᠵᠢᠭᠤᠯᠴᠢᠯᠠᠯ ᠤᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠤ | ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠮᠣᠩᠭᠤᠯ ᠤᠯᠤᠰ ᠯᠤᠭ᠎ᠠ ᠵᠣᠬᠢᠴᠠᠭᠤᠯᠤᠨ ᠬᠠᠷᠢᠯᠴᠠᠬᠤ᠂ ᠭᠠᠳᠠᠭᠠᠳᠤ ᠳᠤ | ᠤᠬᠠᠭᠤᠯᠬᠤ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠷᠢᠭᠤᠴᠠᠵᠤ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ | ᠠᠷᠠᠯᠵᠢᠶᠠᠯᠠᠬᠤ ᠲᠣᠭᠤᠷᠢᠭ ᠲᠤ ᠪᠡᠯᠡ ᠣᠷᠣᠭᠤᠯᠬᠤ᠂ ᠬᠤᠳᠠᠯᠳᠤᠭ᠎ᠠ ᠡᠷᠭᠢᠯᠡᠬᠦ᠂ ᠠᠵᠤ ᠠᠬᠤᠶᠢᠯᠠᠯ ᠡᠭᠦᠳᠦᠨ ᠡᠷᠭᠢᠯᠡᠬᠦ ᠳᠤ ᠲᠥᠷᠥ ᠶᠢᠨ ᠪᠣᠳᠣᠯᠭ᠎ᠠ ᠶᠢᠨ | ᠦᠢᠯᠡᠴᠢᠯᠡᠭᠡ ᠬᠠᠩᠭᠠᠨ᠎ᠠ᠃ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠡᠯᠧᠺᠲᠷᠣᠨ ᠠᠷᠠᠯᠵᠢᠶ᠎ᠠ ᠶᠢᠨ ᠲᠠᠪᠴᠠᠩ ᠤᠨ ᠰᠢᠰᠲ᠋ᠧᠮ ᠢ ᠬᠠᠮᠠᠭᠠᠯᠠᠬᠤ ᠠᠵᠢᠯ ᠢ | ᠬᠠᠷᠢᠭᠤᠴᠠᠨ᠎ᠠ᠃ | | | ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ | ᠠᠮᠤᠭᠤᠯᠠᠩ ᠵᠠᠮ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠠᠵᠢᠯᠯᠠᠬᠤ ᠴᠠᠭ᠄ ᠦᠳᠡ ᠶᠢᠨ ᠡᠮᠦᠨ᠎ᠡ 8᠄ 30 ︱ 12᠄ 00᠂ ᠦᠳᠡ ᠶᠢᠨ ᠬᠤᠶᠢᠨ᠎ᠠ 2᠄ 30 ︱ 5᠄ 30 | ᠬᠠᠷᠢᠯᠴᠠᠬᠤ ᠤᠲᠠᠰᠤ᠄ 0470 ︱ 6603056 | ᠹᠠᠺᠰ ᠤᠨ ᠨᠣᠮᠧᠷ᠄ 0470 ︱ 6603056 | ᠢᠨᠲ᠋ᠧᠷ ᠰᠦᠯᠵᠢᠶᠡᠨ ᠤ ᠬᠠᠷᠢᠯᠴᠠᠬᠤ ᠬᠡᠯᠪᠡᠷᠢ᠄ xzqkab66030556@126.com | ᠰᠦᠯᠵᠢᠶᠡᠨ ᠤ ᠬᠠᠶ᠋ᠢᠭ᠄ http://www.xzq.gov.cn/OpennessContent/showList/770/0/page_1.html | ᠬᠠᠷᠢᠭᠤᠴᠠᠯᠭᠠᠲᠠᠨ᠄ ᠪᠠᠢ ᠴᠢᠥᠸᠠᠨ ︵ᠡᠷᠬᠢᠯᠡᠭᠴᠢ︶ | | | ︵ᠬᠤᠶᠠᠷ︶ ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠶᠡᠷᠦᠩᠬᠡᠶᠢᠯᠡᠭᠰᠡᠨ | ᠪᠠᠲᠤᠯᠠᠭ᠎ᠠ ᠶᠢᠨ ᠲᠥᠪ | | ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ︵ | ᠳᠣᠷᠣᠭᠰᠢ ᠪᠠᠨ ᠬᠤᠰᠢᠭᠤᠨ ᠤ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠭᠡᠵᠦ ᠲᠣᠪᠴᠢᠯᠠᠨ᠎ᠠ | ︶ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠲᠤ ᠬᠠᠷᠢᠶᠠᠯᠠᠭᠳᠠᠬᠤ ᠨᠡᠶᠢᠲᠡ ᠶᠢᠨ | ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠲᠠᠰ ᠲᠠᠢ ᠲᠡᠩᠴᠡᠨ᠎ᠡ᠃ | ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ | | ︵ᠨᠢᠭᠡ︶ ᠡᠷᠬᠢᠨ ᠲᠣᠭᠤᠷᠢᠨ ᠤ ᠬᠥᠷᠰᠢ ᠵᠡᠷᠭᠡᠯᠡᠳᠡᠭᠡ ᠤᠯᠤᠰ ᠪᠠ ᠭᠠᠵᠠᠷ ᠣᠷᠣᠨ ᠤ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠠᠶᠢᠳᠠᠯ ᠵᠡᠷᠭᠡ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ ᠠᠵᠢᠯ ᠢ ᠡᠭᠦᠷᠭᠡᠯᠡᠨ᠎ᠡ ; ᠬᠤᠰᠢᠭᠤᠨ ᠤ ᠨᠠᠮ ᠤᠨ ᠬᠤᠷᠢᠶ᠎ᠠ᠂ | ᠬᠤᠰᠢᠭᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠨᠢᠭᠡᠴᠢ ᠳᠤ ᠬᠠᠮᠢᠶ᠎ᠠ ᠪᠦᠬᠦᠢ ᠭᠠᠳᠠᠭᠠᠳᠤ ᠶᠠᠪᠤᠳᠠᠯ ᠤᠨ ᠮᠡᠳᠡᠭᠡ ᠵᠠᠩᠭᠢ ᠶᠢᠨ ᠦᠢᠯᠡᠴᠢᠯᠡᠭᠡ | ᠬᠠᠩᠭᠠᠬᠤ ᠠᠵᠢᠯ ᠢ ᠡᠭᠦᠷᠭᠡᠯᠡᠨ᠎ᠡ ; ᠪᠦᠭᠦ ᠬᠤᠰᠢᠭᠤᠨ ᠤ ᠴᠢᠬᠤᠯᠠ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢᠨ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ | ᠤᠯᠤᠰ ᠲᠥᠷᠥ ᠶᠢᠨ ᠵᠥᠪᠯᠡᠯᠭᠡᠨ ᠤ ᠤᠯᠤᠰ ᠤᠨ ᠭᠠᠳᠠᠭᠠᠳᠤ ᠲᠠᠢ ᠬᠠᠷᠢᠯᠴᠠᠬᠤ ᠠᠵᠢᠯ ᠢ ᠡᠭᠦᠷᠭᠡᠯᠡᠨ᠎ᠡ ; ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ | ᠬᠥᠷᠰᠢ ᠵᠡᠷᠭᠡᠯᠡᠳᠡᠭᠡ ᠤᠯᠤᠰ ᠯᠤᠭ᠎ᠠ ᠶᠢᠨ ᠬᠤᠯᠪᠣᠭ᠎ᠠ ᠠᠪᠬᠤ ᠠᠵᠢᠯ ᠢ ᠬᠠᠪᠰᠤᠷᠤᠨ᠎ᠠ᠃ | ︵ᠭᠤᠷᠪᠠ︶ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠮᠵᠢᠨ ᠤᠯᠤᠰ ᠤᠨ ᠬᠢᠯᠢ ᠳᠤ ᠬᠤᠯᠪᠣᠭᠳᠠᠬᠤ ᠭᠤᠣᠯ ᠮᠥᠷᠡᠨ ᠨᠠᠭᠤᠷ ᠴᠥᠭᠦᠷᠥᠮ ᠤᠨ ᠤᠰᠤᠨ | ᠣᠷᠣᠨ ᠤ ᠬᠢᠯᠢ ᠶᠢᠨ ᠵᠠᠭᠠᠭ ᠢ ᠬᠠᠶᠢᠨ ᠪᠠᠶᠢᠴᠠᠭᠠᠬᠤ᠂ ᠬᠠᠷᠠᠭᠠᠨ ᠵᠠᠮ ᠨᠡᠭᠡᠭᠡᠬᠦ᠂ ᠤᠯᠤᠰ ᠤᠨ ᠬᠢᠯᠢ ᠶᠢᠨ ᠲᠡᠮᠳᠡᠭ ᠢ ᠬᠠᠮᠠᠭᠠᠯᠠᠬᠤ ᠵᠡᠷᠭᠡ ᠠᠵᠢᠯ ᠢ ᠬᠡᠷᠡᠭᠵᠢᠭᠦᠯᠦᠨ᠎ᠡ | ᠃ | ︵ᠳᠥᠷᠪᠡ︶ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ᠶᠢ ᠬᠢᠨᠠᠨ ᠮᠡᠳᠡᠭᠦᠯᠬᠦ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠪᠥᠬᠦ ᠬᠤᠰᠢᠭᠤᠨ ᠤ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ ᠠᠴᠠ︶ ᠭᠠᠷᠬᠤ ᠪᠦᠯᠬᠦᠮ ︵ᠳᠤᠭᠤᠶᠢᠯᠠᠩ︶ ᠢ ᠬᠢᠨᠠᠨ ᠬᠠᠷᠭᠤᠭᠤᠯᠬᠤ ᠪᠤᠶᠤ | ᠳᠡᠭᠡᠭᠰᠢ ᠮᠡᠳᠡᠭᠦᠯᠵᠦ᠂ ᠪᠥᠬᠦ ᠬᠤᠰᠢᠭᠤᠨ ᠤ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ᠲᠥᠯᠥᠪᠯᠡᠭᠡ ᠶᠢ ᠲᠣᠭᠲᠠᠭᠠᠬᠤ ᠪᠤᠶᠤ ᠳᠡᠭᠡᠭᠰᠢ ᠮᠡᠳᠡᠭᠦᠯᠦᠨ᠎ᠡ᠃ | ︵ᠲᠠᠪᠤ︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠡᠭᠦᠷᠭᠡᠯᠡᠨ᠎ᠡ᠃ | | | ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ | ᠠᠮᠤᠭᠤᠯᠠᠩ ᠵᠠᠮ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠠᠵᠢᠯᠯᠠᠬᠤ ᠴᠠᠭ᠄ ᠦᠳᠡ ᠶᠢᠨ ᠡᠮᠦᠨ᠎ᠡ 8᠄ 30 ︱ 12᠄ 00᠂ ᠦᠳᠡ ᠶᠢᠨ ᠬᠤᠶᠢᠨ᠎ᠠ 2᠄ 30 ︱ 5᠄ 30 | ᠬᠠᠷᠢᠯᠴᠠᠬᠤ ᠤᠲᠠᠰᠤ᠄ 0470 ︱ 6603056 | ᠹᠠᠺᠰ ᠤᠨ ᠨᠣᠮᠧᠷ᠄ 0470 ︱ 6603056 | ᠢᠨᠲ᠋ᠧᠷ ᠰᠦᠯᠵᠢᠶᠡᠨ ᠤ ᠬᠠᠷᠢᠯᠴᠠᠬᠤ ᠬᠡᠯᠪᠡᠷᠢ᠄ xzqkab66030556@126.com | ᠰᠦᠯᠵᠢᠶᠡᠨ ᠤ ᠬᠠᠶ᠋ᠢᠭ᠄ http://www.xzq.gov.cn/OpennessContent/showList/770/0/page_1.html | ᠬᠠᠷᠢᠭᠤᠴᠠᠯᠭᠠᠲᠠᠨ᠄ ᠵᠠᠩ ᠴᠦᠨ ᠭᠠᠩ ︵ᠲᠣᠪᠴᠢᠶᠠᠨ ᠳᠠᠷᠤᠭ᠎ᠠ︶ | |