ᠰᠢᠨ᠎ᠡ ᠪᠠᠷᠭᠤ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/7/2
          ᠰᠢᠨ᠎ᠡ ᠪᠠᠷᠭᠤ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠤ ᠲᠠᠰ ᠪᠣᠯᠣᠨ᠎ᠠ᠃          ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠠᠯᠪᠠᠨ ᠭᠡᠷ ᠢ ᠬᠢᠨᠠᠨ ᠪᠤᠳᠤᠬᠤ ᠲᠣᠪᠴᠢᠶ᠎ᠠ ᠳᠤ ᠲᠣᠬᠢᠷᠠᠭᠤᠯᠤᠨ᠎ᠠ᠃          ᠭᠤᠣᠯ ᠡᠭᠦᠷᠭᠡ ᠬᠠᠷᠢᠭᠤᠴᠠᠯᠭ᠎ᠠ᠄          ᠰᠢᠨ᠎ᠡ ᠪᠠᠷᠭᠤ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠢᠨᠠᠨ ᠪᠤᠳᠤᠬᠤ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠪᠠ᠃          ︵ᠨᠢᠭᠡ︶ᠬᠢᠨᠠᠨ ᠪᠤᠳᠤᠬᠤ ᠠᠵᠢᠯ ᠢ ᠥᠷᠨᠢᠭᠦᠯᠦᠨ᠎ᠡ᠃ ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠢ᠂ ᠬᠠᠤᠯᠢ ᠶᠣᠰᠣᠨ ᠤ ᠪᠠ ᠦᠷ᠎ᠡ ᠠᠰᠢᠭ ᠲᠤ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ  ᠶᠢ ᠬᠠᠷᠢᠭᠤᠴᠠᠨ᠎ᠠ᠃ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠤᠯᠤᠰ ᠤᠨ ᠥᠮᠴᠢᠯᠡᠯᠲᠦ ᠡᠬᠢ ᠪᠠᠶᠠᠯᠢᠭ ᠪᠠ ᠤᠳᠤᠷᠢᠳᠬᠤ ᠺᠠᠳ᠋ᠷᠴᠤᠳ ᠤᠨ ᠠᠵᠤ ᠠᠬᠤᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠪᠣᠳᠣᠯᠲᠠ ᠬᠢᠬᠦ ᠶᠢ ᠨᠡᠶᠢᠳᠡᠮ ᠬᠡᠷᠡᠭᠵᠢᠭᠦᠯᠵᠦ᠂ ᠤᠳᠤᠷᠢᠳᠬᠤ ᠺᠠᠳ᠋ᠷᠴᠤᠳ ᠲᠤ ᠲᠤᠰᠢᠶᠠᠯ ᠎ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠣᠳᠣᠯᠲᠠ ᠬᠢᠬᠦ ᠶᠢ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠨ ᠪᠣᠳᠣᠯᠲᠠ ᠬᠢᠨ᠎ᠡ᠃ ᠬᠢᠨᠠᠨ ᠪᠤᠳᠤᠭᠰᠠᠨ᠂ ᠲᠤᠰᠬᠠᠢ ᠵᠦᠢᠯ ᠤᠨ ᠬᠢᠨᠠᠨ ᠪᠣᠳᠣᠯᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ ᠬᠢᠨᠠᠨ ᠪᠣᠳᠣᠯᠲᠠ ᠬᠢᠯᠭᠡᠭᠰᠡᠨ ᠨᠢᠭᠡᠴᠢ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠲᠠᠢ᠃          ︵ᠬᠤᠶᠠᠷ︶ᠬᠢᠨᠠᠨ ᠪᠤᠳᠤᠬᠤ ᠬᠠᠤᠯᠢ ᠲᠣᠭᠲᠠᠭᠠᠯ  ᠤᠨ ᠲᠥᠰᠥᠯ᠂ ᠬᠢᠨᠠᠨ ᠪᠤᠳᠤᠬᠤ ᠵᠢᠷᠤᠮᠵᠢᠯ  ᠤᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ ᠵᠦᠭᠯᠡᠭᠦᠷ ᠢ ᠲᠤᠭᠤᠷᠪᠢᠨ ᠲᠣᠭᠲᠠᠭᠠᠬᠤ  ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠬᠢᠨᠠᠨ ᠪᠤᠳᠤᠬᠤ ᠠᠵᠢᠯ ᠤᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠳ᠋ ᠤᠨ ᠵᠠᠰᠠᠭ ᠠᠵᠤ ᠠᠬᠤᠢ ᠵᠢᠴᠢ ᠲᠡᠭᠦᠨ ᠲᠠᠢ ᠬᠤᠯᠪᠣᠭᠳᠠᠬᠤ ᠬᠠᠤᠯᠢ ᠲᠣᠭᠲᠠᠭᠠᠯ ᠤᠨ ᠲᠥᠰᠥᠯ ᠢ ᠲᠤᠭᠤᠷᠪᠢᠨ ᠪᠢᠴᠢᠬᠦ ᠳᠤ ᠣᠷᠣᠯᠴᠠᠨ᠎ᠠ᠃ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠢᠯᠡᠰ ᠲᠤ ᠬᠠᠤᠯᠢ ᠶᠣᠰᠣᠭᠠᠷ ᠬᠢᠨᠠᠨ ᠪᠤᠳᠤᠵᠤ ᠦᠨᠡᠯᠡᠯᠲᠡ ᠬᠢᠵᠦ᠂ ᠬᠢᠨᠠᠨ ᠪᠤᠳᠤᠭᠰᠠᠨ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠭᠰᠠᠨ ᠰᠠᠨᠠᠭᠤᠯᠭ᠎ᠠ ᠳᠤᠷᠠᠳᠬᠤ ᠬᠡᠷᠡᠭᠲᠡᠢ᠃          ︵ᠭᠤᠷᠪᠠ︶ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠳᠤ ᠰᠢᠨ᠎ᠡ ᠪᠠᠷᠭᠤ ᠵᠡᠭᠦᠨ ᠬᠤᠰᠢᠭᠤᠨ ᠤ ᠵᠢᠯ ᠤᠨ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠤᠨ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠳᠤᠷᠠᠳᠤᠨ᠎ᠠ᠃ ᠬᠤᠰᠢᠭᠤᠨ ᠳᠠᠷᠤᠭ᠎ᠠ ᠳᠤ ᠵᠢᠯ ᠤᠨ ᠥᠪᠡᠷᠲᠡᠭᠡᠨ ᠵᠠᠰᠠᠬᠤ ᠣᠷᠣᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠳᠤᠷᠠᠳᠤᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠰᠢᠨ᠎ᠡ ᠪᠠᠷᠭᠤ ᠵᠡᠭᠦᠨ ᠬᠤᠰᠢᠭᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠣᠳᠣᠯᠲᠠ ᠶᠢᠨ ᠠᠵᠢᠯ ᠤᠨ ᠮᠡᠳᠡᠭᠦᠯᠦᠯᠲᠡ᠂ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠳᠤᠷᠠᠳᠤᠨ ᠭᠠᠷᠭᠠᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠪᠤᠰᠤᠳ ᠵᠦᠢᠯ ᠤᠨ ᠬᠢᠨᠠᠨ ᠪᠣᠳᠣᠯᠲᠠ ᠪᠠ ᠲᠤᠰᠬᠠᠢ ᠵᠦᠢᠯ ᠤᠨ ᠬᠢᠨᠠᠨ ᠪᠣᠳᠣᠯᠲᠠ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ᠃ ᠬᠢᠨᠠᠨ ᠪᠣᠳᠣᠯᠲᠠ ᠶᠢᠨ ᠦᠷ᠎ᠡ ᠳ᠋ᠦᠩ ᠢ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠨ᠎ᠡ᠃          ︵ᠳᠥᠷᠪᠡ︶ ᠳᠣᠣᠷᠠᠬᠢ ᠵᠦᠢᠯᠡᠰ ᠲᠤ ᠰᠢᠭᠤᠳ ᠬᠢᠨᠠᠨ ᠪᠣᠳᠣᠯᠲᠠ ᠬᠢᠵᠦ᠂ ᠬᠢᠨᠠᠨ ᠪᠣᠳᠣᠯᠲᠠ ᠶᠢᠨ ᠮᠡᠳᠡᠭᠦᠯᠦᠯᠲᠡ ᠬᠢᠵᠦ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ ᠪᠣᠳᠣᠯᠲᠠ ᠶᠢᠨ ᠲᠣᠭᠲᠠᠭᠠᠯ ᠭᠠᠷᠭᠠᠨ᠎ᠠ᠂ ᠡᠭᠦᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠪᠠᠭᠲᠠᠨ᠎ᠠ ; ᠰᠢᠨ᠎ᠡ ᠪᠠᠷᠭᠤ ᠵᠡᠭᠦᠨ ᠬᠤᠰᠢᠭᠤᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠢ ᠪᠠᠭᠲᠠᠨ᠎ᠠ︶᠎ ᠤᠨ ᠲᠥᠰᠥᠪ ᠢ ᠭᠦᠢᠴᠡᠳᠬᠡᠭᠰᠡᠨ ᠪᠠᠶᠢᠳᠠᠯ᠂ ᠲᠥᠰᠥᠪ ᠤᠨ ᠭᠦᠢᠴᠡᠳᠬᠡᠯ ᠤᠨ ᠲᠥᠰᠥᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ; ᠵᠠᠰᠠᠭ ᠤᠨ ᠣᠷᠳᠣᠨ ᠤ ᠲᠥᠰᠥᠪ ᠢ ᠭᠦᠢᠴᠡᠳᠬᠡᠭᠰᠡᠨ ᠪᠠᠶᠢᠳᠠᠯ᠂ ᠲᠥᠰᠥᠪ ᠤᠨ ᠭᠦᠢᠴᠡᠳᠬᠡᠯ ᠤᠨ ᠲᠥᠰᠥᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠡᠯᠡ ᠮᠥᠩᠭᠦ ; ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ  ᠨᠢᠭᠡᠴᠢ ᠪᠣᠯᠣᠨ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ; ᠤᠯᠤᠰ ᠤᠨ ᠪᠡᠯᠡ ᠣᠷᠣᠭᠤᠯᠤᠯᠲᠠ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠪᠠᠷ ᠭᠤᠣᠯ ᠪᠣᠯᠭᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ ᠲᠥᠰᠥᠪ ᠤᠨ ᠭᠦᠢᠴᠡᠳᠬᠡᠯ᠂ ᠰᠢᠨ᠎ᠡ ᠪᠠᠷᠭᠤ ᠵᠡᠭᠦᠨ ᠬᠤᠰᠢᠭᠤᠨ ᠤ ᠴᠢᠬᠤᠯᠠ ᠶᠡᠭᠡ ᠣᠯᠠᠨ ᠨᠡᠶᠢᠲᠡ ᠶᠢᠨ ᠢᠨᠵᠧᠨᠧᠷᠢᠩ ᠤᠨ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠪᠠ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠪᠠᠶᠢᠳᠠᠯ ; ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠭᠰᠠᠨ ᠪᠠ ᠠᠮᠢ ᠠᠬᠤᠢ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢᠨ ᠪᠠᠶᠢᠳᠠᠯ ; ᠰᠢᠨ᠎ᠡ ᠪᠠᠷᠭᠤ ᠵᠡᠭᠦᠨ ᠬᠤᠰᠢᠭᠤᠨ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯᠲᠦ ᠬᠥᠷᠥᠩᠭᠡ ᠨᠢ ᠰᠲ᠋ᠣᠺ ᠡᠵᠡᠮᠳᠡᠬᠦ ᠪᠤᠶᠤ ᠭᠤᠣᠯᠯᠠᠬᠤ ᠪᠠᠶᠢᠷᠢ ᠶᠢ ᠡᠵᠡᠯᠡᠬᠦ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠥᠭᠴᠡᠭᠡ ᠪᠠ ᠣᠯᠵᠠᠪᠤᠷᠢ ᠠᠯᠳᠠᠪᠤᠷᠢ᠂ ᠬᠤᠯᠪᠣᠭᠳᠠᠯ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠤᠨ ᠬᠠᠨᠳᠢᠪᠯᠡᠭ᠌ᠰᠠᠨ ᠪᠡᠯᠡ ᠮᠥᠩᠭᠦ ᠪᠠ ᠪᠤᠰᠤᠳ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ; ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠵᠦᠢᠯ ᠤᠳ᠃          ︵ᠲᠠᠪᠤ︶ᠲᠣᠭᠲᠠᠭᠠᠯ ᠶᠣᠰᠣᠭᠠᠷ ᠰᠠᠯᠠᠭᠠᠨ ᠤ ᠱᠠᠲᠤᠨ ᠤ ᠨᠠᠮ ᠵᠠᠰᠠᠭ᠂ ᠠᠵᠤ ᠠᠬᠤᠶᠢᠯᠠᠯ ᠠᠵᠢᠯ ᠦᠢᠯᠡᠰ ᠤᠨ ᠭᠤᠣᠯ ᠤᠳᠤᠷᠢᠳᠬᠤ ᠺᠠᠳ᠋ᠷ ᠵᠢᠴᠢ ᠪᠤᠰᠤᠳ  ᠨᠢᠭᠡᠴᠢ ᠶᠢᠨ ᠭᠤᠣᠯ ᠬᠠᠷᠢᠭᠤᠴᠠᠯᠭᠠᠲᠠᠨ ᠳᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠪᠠ ᠲᠤᠰᠢᠶᠠᠯ  ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠣᠳᠣᠯᠲᠠ ᠶᠢ ᠬᠡᠷᠡᠭᠵᠢᠭᠦᠯᠦᠨ᠎ᠡ᠃          ︵ᠵᠢᠷᠭᠤᠭ᠎ᠠ︶ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠠ ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠠᠵᠤ ᠠᠬᠤᠢ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠰᠠᠨ ᠵᠦᠢᠯᠡᠰ ᠲᠤ ᠲᠤᠰᠬᠠᠢ ᠵᠦᠢᠯ ᠤᠨ ᠬᠢᠨᠠᠨ ᠪᠣᠳᠣᠯᠲᠠ ᠶᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵ᠳᠣᠯᠤᠭ᠎ᠠ︶ᠬᠢᠨᠠᠨ ᠪᠣᠳᠣᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠣᠳᠣᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠬᠢᠨᠠᠨ ᠪᠣᠳᠣᠯᠲᠠ ᠬᠢᠯᠭᠡᠭᠰᠡᠨ ᠨᠢᠭᠡᠴᠢ  ᠶᠢᠨ ᠬᠢᠨᠠᠨ ᠪᠣᠳᠣᠯᠲᠠ ᠶᠢᠨ ᠲᠣᠭᠲᠠᠭᠠᠯ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠳᠡᠪᠰᠢᠭᠦᠯᠬᠦ᠂ ᠵᠠᠰᠠᠭ ᠵᠠᠬᠢᠷᠭᠠᠨ ᠤ ᠵᠠᠷᠭᠤ ᠬᠢᠬᠦ ᠪᠤᠶᠤ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠠᠰᠤᠯᠤᠯᠲᠠ ᠶᠢᠨ ᠳᠤᠮᠳᠠᠬᠢ ᠬᠤᠯᠪᠣᠭᠳᠠᠯ ᠪᠦᠬᠦᠢ ᠵᠦᠢᠯᠡᠰ ᠢ ᠬᠠᠤᠯᠢ ᠶᠣᠰᠣᠭᠠᠷ ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃          ︵ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠤᠭᠤᠳᠴᠤ ᠬᠢᠨᠠᠯᠲᠠ ᠲᠠᠯᠪᠢᠨ᠎ᠠ᠃          ︵ᠶᠢᠰᠦ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃          ︵ᠠᠷᠪᠠ︶ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠳᠣᠲᠣᠭᠠᠳᠤ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠨ᠂ ᠬᠢᠨᠠᠨ ᠪᠤᠳᠤᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠢᠭᠡᠳᠦᠭᠡᠷ ᠹᠷᠣᠨᠲ ᠤᠨ ᠬᠢᠨᠠᠨ ᠪᠤᠳᠤᠬᠤ ᠬᠦᠴᠦᠨ ᠢ ᠲᠡᠭᠦᠯᠳᠡᠷᠵᠢᠭᠦᠯᠦᠨ ᠴᠢᠩᠭᠠᠳᠬᠠᠵᠤ᠂ ᠲᠥᠪᠯᠡᠷᠡᠩᠭᠦᠢ ᠨᠢᠭᠡᠳᠦᠯᠲᠡᠢ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠥᠨᠳᠥᠷ ᠪᠦᠲᠦᠮᠵᠢᠲᠡᠶ ᠬᠢᠨᠠᠨ ᠪᠤᠳᠤᠬᠤ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ᠎ᠠ᠃ ᠬᠢᠨᠠᠨ ᠪᠤᠳᠤᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠨᠠᠨ ᠪᠠᠶᠢᠴᠠᠭᠠᠬᠤ ᠶᠢ ᠴᠢᠩᠭᠠᠳᠬᠠᠬᠤ ᠶᠢ ᠪᠠᠷᠢᠮᠲᠠᠯᠠᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠳᠣᠲᠣᠭᠠᠳᠤ ᠶᠢᠨ ᠬᠢᠨᠠᠨ ᠪᠤᠳᠤᠬᠤ ᠪᠠ ᠨᠡᠶᠢᠭᠡᠮ ᠤᠨ ᠬᠢᠨᠠᠨ ᠪᠤᠳᠤᠬᠤ ᠬᠦᠴᠦᠨ ᠢ ᠭᠦᠢᠴᠡᠳ ᠳᠠᠶᠢᠴᠢᠯᠠᠨ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄          ᠳᠣᠲᠣᠭᠠᠳᠤ ᠳᠠᠭᠠᠨ ᠪᠠᠶᠢᠭᠤᠯᠤᠭᠰᠠᠨ ᠪᠠᠶᠢᠭᠤᠯᠤᠮᠵᠢ᠃ ᠠᠯᠪᠠᠨ ᠭᠡᠷ᠂ ᠡᠳ᠋ ᠤᠨ ᠵᠠᠰᠠᠭ᠂ ᠭᠠᠶᠢᠯᠢ᠂ ᠮᠥᠩᠭᠦᠨ ᠭᠦᠢᠯᠭᠡᠭᠡᠨ ᠤ ᠬᠢᠨᠠᠨ ᠪᠤᠳᠤᠬᠤ ᠰᠲ᠋ᠣᠺ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠯᠪᠠᠨ ᠭᠡᠷ᠂ ᠬᠠᠤᠯᠢ ᠳᠦᠷᠢᠮ ᠤᠨ ᠰᠢᠭᠦᠨ ᠰᠢᠢᠳᠪᠦᠷᠢᠯᠡᠬᠦ ᠰᠲ᠋ᠣᠺ᠂ ᠨᠡᠶᠢᠭᠡᠮ ᠤᠨ ᠪᠠᠲᠤᠯᠠᠭ᠎ᠠ ᠶᠢᠨ ᠬᠢᠨᠠᠨ ᠪᠤᠳᠤᠬᠤ ᠰᠲ᠋ᠣᠺ᠂ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠪᠤᠳᠤᠬᠤ ᠰᠲ᠋ᠣᠺ᠂ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ          ᠬᠠᠶ᠋ᠢᠭ᠄ ᠥᠪᠥᠷ ᠮᠣᠩᠭᠤᠯ  ᠤᠨ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤ ᠶᠢᠨ ᠨᠢᠭᠡᠳᠦᠮᠡᠯ ᠹᠷᠣᠨᠲ ᠤᠨ ᠶᠡᠷᠦᠩᠬᠡᠶᠢᠯᠡᠭᠰᠡᠨ ᠠᠯᠪᠠᠨ ᠠᠰᠠᠷ ᠤᠨ 4 ᠳ᠋ᠦᠭᠡᠷ ᠠᠰᠠᠷ          ᠰᠢᠤᠳᠠᠨ ᠳ᠋ᠤᠭᠠᠷ᠄ 021300          ᠰᠦᠯᠵᠢᠶᠡᠨ ᠤ ᠬᠠᠶ᠋ᠢᠭ᠄ http://www.xzq.gov.cn/OpennessContent/showList/766/0/page_1.html          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 ︱ 12᠄ 00᠂ 13᠄ 30 ︱ 17᠄ 00᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠡᠭᠦᠨ ᠳᠤ ᠪᠠᠭᠲᠠᠬᠤ ᠦᠭᠡᠢ          ᠬᠠᠷᠢᠯᠴᠠᠬᠤ ᠠᠷᠭ᠎ᠠ᠄ 0470 ︱ 6601067          ᠬᠠᠷᠢᠭᠤᠴᠠᠯᠭᠠᠲᠠᠨ᠄ ᠪᠦᠦ ᠹᠦ᠋  ᠴᠢᠥᠸᠠᠨ          ᠬᠠᠷᠢᠶ᠎ᠠ ᠨᠢᠭᠡᠴᠢ᠄          ︵ᠨᠢᠭᠡ︶  ᠰᠢᠨ᠎ᠡ ᠪᠠᠷᠭᠤ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ          1.ᠲᠣᠪᠴᠢᠶ᠎ᠠ ᠶᠢᠨ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ᠃          2.ᠪᠥᠬᠦ ᠬᠤᠰᠢᠭᠤᠨ ᠤ ᠬᠢᠨᠠᠨ ᠪᠣᠳᠣᠯᠲᠠ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠵᠠᠳᠠᠯᠤᠨ ᠡᠮᠬᠢᠳᠬᠡᠬᠦ᠂ ᠬᠠᠮᠢᠶᠠᠷᠬᠤ ᠵᠢᠴᠢ ᠬᠠᠮᠠᠭᠠᠯᠠᠬᠤ ᠠᠵᠢᠯ ᠢ ᠡᠭᠦᠷᠭᠡᠯᠡᠨ᠎ᠡ᠃          3.ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠲᠥᠷᠥᠯ ᠤᠨ ᠺᠣᠮᠫᠢᠦ᠋ᠲ᠋ᠧᠷ ᠤᠨ ᠬᠢᠨᠠᠨ ᠪᠤᠳᠤᠬᠤ ᠰᠤᠳᠤᠯᠭᠠᠨ᠂ ᠪᠣᠯᠪᠠᠰᠤᠷᠠᠭᠤᠯᠤᠯ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃          4.ᠳᠣᠲᠣᠭᠠᠳᠤ ᠶᠢᠨ ᠬᠢᠨᠠᠨ ᠪᠤᠳᠤᠬᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠦᠨᠡᠯᠡᠬᠦ᠂ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠯᠠᠪᠯᠠᠭ᠎ᠠ ᠪᠠ ᠲᠤᠬᠠᠶᠢᠯᠠᠭᠰᠠᠨ ᠠᠵᠢᠯ ᠤᠨ ᠠᠵᠢᠯᠲᠠᠨ ᠤ ᠪᠣᠯᠪᠠᠰᠤᠷᠠᠭᠤᠯᠤᠯ ᠵᠡᠷᠭᠡ ᠠᠵᠢᠯ ᠢ ᠡᠭᠦᠷᠭᠡᠯᠡᠨ᠎ᠡ᠃          5. ᠭᠤᠣᠯᠯᠠᠨ ᠬᠠᠮᠢᠶᠠᠷᠬᠤ ᠰᠠᠯᠠᠭ᠎ᠠ ᠮᠥᠴᠢᠷ  ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ  ᠢ ᠡᠭᠦᠷᠭᠡᠯᠡᠨ᠎ᠡ᠃ᠬᠠᠶ᠋ᠢᠭ᠄ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠠᠯᠪᠠᠨ ᠠᠰᠠᠷ ᠤᠨ 4 ᠳ᠋ᠦᠭᠡᠷ ᠠᠰᠠᠷ          ᠰᠢᠤᠳᠠᠨ ᠳ᠋ᠤᠭᠠᠷ᠄ 021300          ᠰᠦᠯᠵᠢᠶᠡᠨ ᠤ ᠬᠠᠶ᠋ᠢᠭ᠄ http://www.xzq.gov.cn/OpennessContent/showList/766/0/page_1.html          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 ︱ 12᠄ 00᠂ 13᠄ 30 ︱ 17᠄ 00᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠡᠭᠦᠨ ᠳᠤ ᠪᠠᠭᠲᠠᠬᠤ ᠦᠭᠡᠢ          ᠬᠠᠷᠢᠯᠴᠠᠬᠤ ᠠᠷᠭ᠎ᠠ᠄ 0470 ︱ 6601067          ᠬᠠᠷᠢᠭᠤᠴᠠᠯᠭᠠᠲᠠᠨ᠄ ᠸᠠᠩ ᠯᠢᠦ ᠶᠢᠨ 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ