2024 ᠣᠨ ᠤ 1 ︱ 5 ᠰᠠᠷ᠎ᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/7/9
          ᠡᠨᠡ ᠵᠢᠯ ᠠᠴᠠ ᠨᠠᠰᠢ᠂ ᠰᠢᠨ᠎ᠡ ᠪᠠᠷᠭᠤ ᠵᠡᠭᠦᠨ ᠬᠤᠰᠢᠭᠤᠨ ᠤ ᠳᠡᠭᠡᠳᠦ ᠳᠣᠣᠷᠠᠳᠤ ᠱᠠᠲᠤᠨ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠦᠦᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠤᠨ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠵᠦ᠂ ᠪᠥᠬᠦ ᠬᠦᠴᠦᠨ ᠢᠶᠠᠷ ᠢᠶᠠᠨ ᠵᠢᠱᠢᠯᠲᠡ ᠶᠢ ᠲᠣᠭᠲᠠᠪᠤᠷᠢᠵᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠪᠠ᠃ 1—5 ᠰᠠᠷ᠎ᠠ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠨ ᠠᠵᠢᠯᠯᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠲᠦᠷᠭᠡᠨ ᠪᠣᠯᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠤ ᠳᠤᠮᠳᠠ ᠤᠷᠤᠭᠰᠢᠯᠠᠬᠤ ᠬᠥᠭᠵᠢᠯᠲᠡ ᠶᠢᠨ ᠪᠠᠶᠢᠳᠠᠯ ᠲᠠᠢ ᠪᠣᠯᠪᠠ᠃          ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠠᠷᠤᠯᠲᠠᠲᠤ ᠠᠵᠢᠯᠯᠠᠭᠠᠨ          1—5 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.0% ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 144.8% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 52.6 ᠵᠠᠭᠤᠨ ᠤ ᠨᠢᠭᠡᠴᠢ ᠪᠠᠭᠤᠷᠠᠪᠠ᠃ ᠴᠠᠬᠢᠯᠭᠠᠨ ᠭᠠᠷᠭᠠᠭᠰᠠᠨ ᠬᠡᠮᠵᠢᠶ᠎ᠡ 10311.72 ᠲᠦᠮᠡᠨ ᠺᠢᠯᠣᠸᠠᠲ ᠤᠨ ᠦᠶ᠎ᠡ ᠳᠤ᠂ ᠠᠳᠠᠯᠢ ᠬᠤᠭᠤᠴᠠᠭᠠᠨ ᠤ ᠬᠢ ᠠᠴᠠ 7.1% ᠪᠠᠷ ᠪᠠᠭᠤᠷᠠᠪᠠ︔ ᠴᠠᠭᠠᠨ ᠢᠳᠡᠭᠡᠨ ᠤ ᠭᠠᠷᠤᠯᠲᠠ 1001 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.0% ᠪᠠᠭᠤᠷᠠᠵᠠᠢ᠃          ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠥᠨᠳᠥᠷ ᠨᠡᠮᠡᠭᠳᠡᠯ          1—5 ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 90.0% ᠨᠡᠮᠡᠭᠳᠡᠪᠡ᠃ ᠲᠣᠰ ᠵᠢᠯ ᠤᠨ ᠪᠠᠷᠢᠯᠭ᠎ᠠ ᠶᠢᠨ ᠲᠥᠷᠥᠯ ᠵᠦᠢᠯ 32 ᠪᠠᠶᠢᠵᠤ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 5᠂ 500 ︱ 5000 ᠲᠦᠮᠡᠨ ᠲᠥᠭᠦᠷᠢᠭ ᠤᠨ ᠲᠥᠷᠥᠯ ᠵᠦᠢᠯ 24᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 3 ᠪᠣᠶ᠃ 1—5 ᠰᠠᠷ᠎ᠠ ᠳᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ 2187 ᠲᠡᠭᠰᠢ ᠳᠥᠷᠪᠡᠯᠵᠢᠨ ᠮᠧᠲᠷ᠂ ᠪᠣᠷᠣᠯᠠᠭᠤᠯᠤᠯᠲᠠ ᠶᠢᠨ ᠬᠡᠮᠵᠢᠶ᠎ᠡ ᠨᠢ 813 ᠲᠦᠮᠡᠨ ᠲᠥᠭᠦᠷᠢᠭ ᠪᠣᠯᠣᠨ᠎ᠠ᠃          ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠪᠠᠲᠤᠯᠠᠪᠠ          1—5 ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 26594 ᠲᠦᠮᠡᠨ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 1.8% ᠪᠠᠷ ᠨᠡᠮᠡᠭᠳᠡᠪᠡ᠃          ᠳᠥᠷᠪᠡ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠡᠷᠭᠡ ᠪᠠᠷ ᠨᠡᠮᠡᠭᠳᠡᠪᠡ          1—5 ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 3580 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠪᠠᠷ ᠨᠡᠮᠡᠭᠳᠡᠪᠡ᠂ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 2158 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠪᠠᠭᠤᠷᠠᠪᠠ︔ ᠭᠠᠶᠢᠯᠢ ᠶᠢᠨ ᠪᠤᠰᠤ ᠣᠷᠣᠯᠭ᠎ᠠ 1422 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 13.3% ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 41210 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠪᠡ᠃          ᠲᠠᠪᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠠᠵᠢᠯᠯᠠᠭᠠᠨ ᠯᠠᠪᠳᠠᠭᠤᠨ ᠲᠣᠭᠲᠠᠭᠤᠨ ᠪᠠᠶᠢᠨ᠎ᠠ          5 ᠰᠠᠷ᠎ᠠ ᠶᠢᠨ ᠰᠡᠭᠦᠯᠴᠢ ᠪᠠᠷ᠂ ᠰᠢᠨ᠎ᠡ ᠪᠠᠷᠭᠤ ᠵᠡᠭᠦᠨ ᠬᠤᠰᠢᠭᠤᠨ ᠤ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 146606 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠪᠠᠭᠤᠷᠠᠪᠠ ᠃ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 120379 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠨᠡᠮᠡᠭᠳᠡᠪᠡ ︔ ᠳᠡᠯᠭᠡᠷᠡᠩᠭᠦᠢ ᠤᠳᠬ᠎ᠠ ᠶᠢᠨ ᠵᠠᠰᠠᠭ ᠤᠨ ᠣᠷᠳᠣᠨ ᠤ ᠬᠠᠳᠠᠭᠠᠯᠠᠮᠵᠢ 20346 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 49.8%  ᠪᠠᠷ ᠪᠠᠭᠤᠷᠠᠪᠠ᠃ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 120914 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ᠃ ᠡᠭᠦᠨ ᠳᠤ᠄ ᠰᠠᠭᠤᠭᠠᠯᠢ ᠡᠷᠦᠬᠡ ᠶᠢᠨ ᠵᠢᠭᠡᠯᠡᠯᠭᠡ 106175 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.7% ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠵᠢᠴᠢ ᠪᠠᠶᠢᠭᠤᠯᠤᠯᠭ᠎ᠠ ᠪᠦᠯᠬᠦᠮ ᠤᠨ ᠵᠢᠭᠡᠯᠡᠯᠭᠡ 14739 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.5% ᠪᠠᠷ ᠪᠠᠭᠤᠷᠠᠪᠠ᠃          ᠶᠡᠷᠦᠩᠬᠡᠢ ᠳᠤᠨᠢ ᠠᠪᠴᠤ ᠦᠵᠡᠪᠡᠯ᠂ 1—5 ᠰᠠᠷ᠎ᠠ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠰᠠᠶᠢᠨ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠡᠷᠡᠯᠬᠡᠭᠯᠡᠨ ᠲᠡᠮᠡᠴᠡᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠠᠶᠢᠲᠤᠷ ᠠᠳᠬᠤᠵᠤ᠂ ᠤᠳᠤ ᠶᠢᠨ ᠬᠥᠭᠵᠢᠯᠲᠡ ᠶᠢᠨ ᠪᠠᠶᠢᠳᠠᠯ ᠢ ᠪᠠᠬᠢᠵᠢᠭᠦᠯᠵᠦ᠂ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠬᠥᠭᠵᠢᠯᠲᠡ ᠳᠤ ᠦᠷᠭᠦᠯᠵᠢᠯᠡᠨ ᠬᠦᠴᠦᠯᠡᠬᠦ ᠬᠡᠷᠡᠭᠲᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ