ᠡᠪᠦᠳᠦᠭ ᠪᠣᠭᠤᠮᠲᠠ ᠶᠢᠨ 2024 ᠣᠨ ᠤ 1 ︱ 5 ᠳ᠋ᠤᠭᠠᠷ ᠰᠠᠷ᠎ᠠ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/7/9
          2024 ᠣᠨ ᠤ 1 ᠳ᠋ᠦᠭᠡᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠡᠪᠦᠳᠦᠭ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠠᠵᠢᠯᠯᠠᠭᠠᠨ ᠤ ᠪᠠᠶᠢᠳᠠᠯ ᠳᠣᠣᠷᠠᠬᠢ ᠮᠡᠲᠦ᠄          ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ 2024 ᠣᠨ ᠤ ᠡᠪᠦᠳᠦᠭ ᠪᠣᠭᠤᠮᠲᠠ ᠶᠢᠨ 1—5 ᠰᠠᠷ᠎ᠠ ᠳᠤ ᠬᠢᠯᠢ ᠪᠠᠷ ᠣᠷᠣᠭᠤᠯᠵᠤ ᠭᠠᠷᠭᠠᠭᠰᠠᠨ ᠬᠥᠮᠥᠨ ᠨᠡᠶᠢᠲᠡ 1.82 ᠲᠦᠮᠡᠨ ᠬᠥᠮᠥᠨ ᠤᠳᠠᠭ᠎ᠠ ︵ᠬᠢᠯᠢ ᠪᠠᠷ ᠣᠷᠣᠵᠤ ᠢᠷᠡᠭᠰᠡᠨ ᠬᠥᠮᠥᠨ 0.89 ᠲᠦᠮᠡᠨ ᠬᠥᠮᠥᠨ ᠤᠳᠠᠭ᠎ᠠ᠂ ᠬᠢᠯᠢ ᠪᠠᠷ ᠣᠷᠣᠵᠤ ᠭᠠᠷᠤᠭᠰᠠᠨ ᠬᠥᠮᠥᠨ 0.93 ᠲᠦᠮᠡᠨ ᠬᠥᠮᠥᠨ ᠤᠳᠠᠭ᠎ᠠ︶ ᠬᠦᠷᠴᠡᠢ︔ ᠬᠢᠯᠢ ᠪᠠᠷ ᠣᠷᠣᠭᠤᠯᠵᠤ ᠭᠠᠷᠭᠠᠬᠤ ᠲᠡᠷᠭᠡ ᠨᠡᠶᠢᠲᠡ 1.33 ᠲᠦᠮᠡᠨ ᠤᠳᠠᠭ᠎ᠠ ︵ᠬᠢᠯᠢ ᠪᠠᠷ ᠣᠷᠣᠭᠤᠯᠬᠤ ᠲᠡᠷᠭᠡ 0.66 ᠲᠦᠮᠡᠨ ᠤᠳᠠᠭ᠎ᠠ᠂ ᠬᠢᠯᠢ ᠪᠠᠷ ᠭᠠᠷᠭᠠᠬᠤ ᠲᠡᠷᠭᠡ 0.67 ᠲᠦᠮᠡᠨ ᠤᠳᠠᠭ᠎ᠠ︶︔ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠡ ᠨᠡᠶᠢᠲᠡ 23.3 ᠲᠦᠮᠡᠨ ᠲᠣᠨ ᠳᠤ ᠬᠦᠷᠴᠦ᠂ ᠣᠳᠣᠬᠠᠨ ᠳᠤ ᠪᠣᠭᠤᠮᠲᠠ ᠶᠢᠨ ᠣᠨ ᠤ ᠡᠭᠦᠷᠭᠡ ᠪᠠᠨ 34% ᠪᠠᠷ ᠪᠡᠶᠡᠯᠡᠭᠦᠯᠵᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ