2024 ᠣᠨ ᠤ 1 ︱ 7 ᠳ᠋ᠤᠭᠠᠷ ᠰᠠᠷ᠎ᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/8/29
          ᠡᠨᠡ ᠵᠢᠯ ᠠᠴᠠ ᠨᠠᠰᠢ᠂ ᠰᠢᠨ᠎ᠡ ᠪᠠᠷᠭᠤ ᠵᠡᠭᠦᠨ ᠬᠤᠰᠢᠭᠤ ᠪᠦᠬᠦ ᠬᠤᠰᠢᠭᠤ ᠪᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ  ᠤᠨ ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ  ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠭᠤᠰᠢᠯᠠᠭᠤᠯᠵᠤ᠂ ᠬᠤᠷᠸ᠎ᠠ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠥᠷᠢᠰᠦᠯᠳᠦᠭᠡᠨ ᠢ ᠪᠦᠲᠦᠮᠵᠢᠲᠡᠶ ᠰᠢᠢᠳᠪᠦᠷᠢᠯᠡᠵᠦ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ  ᠤ ᠳᠤᠮᠳᠠ ᠤᠷᠤᠭᠰᠢᠯᠠᠵᠠᠢ᠃1—7 ᠳ᠋ᠤᠭᠠᠷ ᠰᠠᠷ᠎ᠠ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠨ ᠠᠵᠢᠯᠯᠠᠵᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠦᠷᠭᠦᠯᠵᠢᠯᠡᠨ ᠬᠦᠴᠦᠯᠡᠵᠦ᠂ ᠠᠵᠤ ᠠᠬᠤᠢ ᠶᠢᠨ ᠠᠵᠢᠯᠯᠠᠭ᠎ᠠ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠬᠤ ᠬᠥᠭᠵᠢᠯᠲᠡ ᠶᠢᠨ ᠬᠠᠨᠳᠤᠰᠢ ᠶᠢ ᠢᠯᠡᠷᠡᠭᠦᠯᠪᠡ᠃          ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠵᠤ ᠠᠵᠢᠯᠯᠠᠵᠠᠢ          1—7 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18.5% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 130.5% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 37.7 ᠵᠠᠭᠤᠨ ᠤ ᠨᠢᠭᠡᠴᠢ ᠪᠠᠭᠤᠷᠠᠪᠠ᠃ᠴᠠᠬᠢᠯᠭᠠᠨ ᠭᠠᠷᠭᠠᠭᠰᠠᠨ ᠬᠡᠮᠵᠢᠶ᠎ᠡ 13616.49 ᠲᠦᠮᠡᠨ ᠺᠢᠯᠣᠸᠠᠲ ᠤᠨ ᠦᠶ᠎ᠡ ᠳᠤ ᠠᠳᠠᠯᠢ ᠬᠤᠭᠤᠴᠠᠭᠠᠨ ᠤ ᠬᠢ ᠠᠴᠠ 9.1% ᠪᠠᠷ ᠪᠠᠭᠤᠷᠠᠪᠠ; ᠴᠠᠭᠠᠨ ᠢᠳᠡᠭᠡᠨ ᠤ ᠭᠠᠷᠤᠯᠲᠠ 1508 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.6% ᠪᠠᠷ ᠪᠠᠭᠤᠷᠠᠪᠠ᠃          ᠬᠤᠶᠠᠷ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠪᠡ          1—7 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠲᠣᠭᠲᠠᠮᠠᠯ ᠬᠥᠷᠥᠩᠭᠡ  ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ  ᠠᠴᠠ 7.1%  ᠪᠠᠷ ᠨᠡᠮᠡᠭᠳᠡᠵᠡᠢ᠃ᠲᠣᠰ ᠵᠢᠯ ᠤᠨ ᠪᠠᠷᠢᠯᠭ᠎ᠠ ᠶᠢᠨ ᠲᠥᠷᠥᠯ ᠵᠦᠢᠯ 42 ᠪᠠᠶᠢᠵᠤ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 8᠂ 500 ︱ 5000 ᠲᠦᠮᠡᠨ ᠲᠥᠭᠦᠷᠢᠭ ᠤᠨ ᠲᠥᠷᠥᠯ ᠵᠦᠢᠯ 30᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 4 ᠪᠣᠶ᠃1—7 ᠳ᠋ᠤᠭᠠᠷ ᠰᠠᠷ᠎ᠠ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ ᠨᠢ 7340 ᠲᠡᠭᠰᠢ ᠳᠥᠷᠪᠡᠯᠵᠢᠨ ᠮᠧᠲᠷ᠂ ᠪᠣᠷᠣᠯᠠᠭᠤᠯᠤᠯᠲᠠ ᠶᠢᠨ ᠬᠡᠮᠵᠢᠶ᠎ᠡ ᠨᠢ 2390 ᠲᠦᠮᠡᠨ ᠲᠥᠭᠦᠷᠢᠭ  ᠲᠤ ᠬᠦᠷᠴᠡᠢ᠃          ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠪᠡ          1—7 ᠳ᠋ᠤᠭᠠᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 3.92 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2%  ᠢᠶᠠᠷ ᠨᠡᠮᠡᠭᠳᠡᠪᠡ᠃          ᠳᠥᠷᠪᠡ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠡᠷᠭᠡ ᠪᠠᠷ ᠨᠡᠮᠡᠭᠳᠡᠪᠡ          1—7 ᠳ᠋ᠤᠭᠠᠷ ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 6071 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.1% ᠪᠠᠷ ᠨᠡᠮᠡᠭᠳᠡᠪᠡ᠂ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 4144 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.2% ᠢᠶᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 1927 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 4.5%  ᠪᠠᠷ ᠨᠡᠮᠡᠭᠳᠡᠪᠡ᠃ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 58699 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.6%  ᠪᠠᠷ ᠨᠡᠮᠡᠭᠳᠡᠵᠡᠢ᠃          ᠲᠠᠪᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠠᠵᠢᠯᠯᠠᠭ᠎ᠠ ᠯᠠᠪᠳᠠᠭᠤᠨ ᠪᠠᠲᠤᠲᠠᠢ ᠶᠠᠪᠤᠭᠳᠠᠵᠤ ᠪᠠᠶᠢᠨ᠎ᠠ          7 ᠰᠠᠷ᠎ᠠ ᠶᠢᠨ ᠰᠡᠭᠦᠯᠴᠢ ᠪᠠᠷ᠂ ᠰᠢᠨ᠎ᠡ ᠪᠠᠷᠭᠤ ᠵᠡᠭᠦᠨ ᠬᠤᠰᠢᠭᠤᠨ ᠤ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 150187 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠪᠠᠭᠤᠷᠠᠪᠠ ᠃ ᠡᠭᠦᠨ  ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 120476 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠪᠡ︔ ᠳᠡᠯᠭᠡᠷᠡᠩᠭᠦᠢ ᠤᠳᠬ᠎ᠠ  ᠶᠢᠨ ᠵᠠᠰᠠᠭ ᠤᠨ ᠣᠷᠳᠣᠨ ᠤ ᠬᠠᠳᠠᠭᠠᠯᠠᠮᠵᠢ 23250 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 46.4%  ᠪᠠᠷ ᠳᠣᠷᠣᠭᠰᠢᠯᠠᠵᠠᠢ᠃ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 124750 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.6% ᠪᠠᠷ ᠨᠡᠮᠡᠭᠳᠡᠪᠡ᠃ ᠡᠭᠦᠨ ᠳᠤ᠄ ᠰᠠᠭᠤᠭᠠᠯᠢ ᠡᠷᠦᠬᠡ ᠶᠢᠨ ᠵᠢᠭᠡᠯᠡᠯᠭᠡ 110858 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4%  ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠵᠢᠴᠢ ᠪᠠᠶᠢᠭᠤᠯᠤᠯᠭ᠎ᠠ ᠪᠦᠯᠬᠦᠮ ᠤᠨ ᠵᠢᠭᠡᠯᠡᠯᠭᠡ 13893 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 6.6% ᠪᠠᠷ ᠪᠠᠭᠤᠷᠠᠪᠠ᠃          ᠶᠡᠷᠦᠩᠬᠡᠢ ᠳᠤᠨᠢ ᠠᠪᠴᠤ ᠦᠵᠡᠪᠡᠯ᠂ 7 ᠳ᠋ᠤᠭᠠᠷ ᠰᠠᠷ᠎ᠠ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭ᠎ᠠ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ  ᠤ ᠳᠤᠮᠳᠠ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤ ᠦᠷᠭᠦᠯᠵᠢᠯᠡᠨ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠠᠶᠢᠲᠤᠷ ᠠᠳᠬᠤᠵᠤ᠂ ᠬᠥᠭᠵᠢᠯ ᠪᠠᠳᠠᠷᠠᠯ ᠲᠠᠢ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠪᠠᠬᠢᠵᠢᠭᠦᠯᠵᠦ᠂ ᠭᠤᠷᠪᠠᠳᠤᠭᠠᠷ ᠤᠯᠠᠷᠢᠯ ᠤᠨ ᠠᠵᠤ ᠠᠬᠤᠢ ᠶᠢᠨ ᠬᠥᠭᠵᠢᠯᠲᠡ ᠳᠤ ᠦᠷᠭᠦᠯᠵᠢᠯᠡᠨ ᠴᠢᠷᠮᠠᠶᠢᠨ ᠬᠦᠴᠦᠯᠡᠨ᠎ᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ