ᠡᠨᠡ ᠵᠢᠯ ᠠᠴᠠ ᠨᠠᠰᠢ᠂ ᠰᠢᠨ᠎ᠡ ᠪᠠᠷᠭᠤ ᠵᠡᠭᠦᠨ ᠬᠤᠰᠢᠭᠤ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢ ᠬᠥᠭᠵᠢᠭᠦᠯᠦᠨ | ᠂ ᠬᠥᠭᠵᠢᠯᠲᠡ ᠪᠠᠨ ᠠᠬᠢᠭᠤᠯᠵᠤ᠂ ᠭᠤᠣᠯᠳᠠᠯᠭ᠎ᠠ ᠲᠠᠢ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠣᠭᠲᠠᠭᠤᠨ ᠢᠶᠠᠷ ᠰᠠᠶᠢᠵᠢᠷᠠᠭᠤᠯᠤᠨ᠂ ᠪᠥᠬᠦ ᠬᠤᠰᠢᠭᠤᠨ ᠤ | ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ ᠤᠷᠤᠭᠰᠢᠯᠠᠬᠤ ᠬᠠᠨᠳᠤᠰᠢ ᠶᠢ ᠦᠷᠭᠦᠯᠵᠢᠯᠡᠭᠦᠯᠬᠦ ᠪᠠᠷ ᠪᠦᠬᠦ ᠬᠦᠴᠦᠨ ᠢᠶᠠᠷ ᠴᠢᠷᠮᠠᠶᠢᠨ ᠵᠢᠳᠬᠦᠨ᠎ᠡ᠃ ᠳᠡᠭᠡᠷ᠎ᠡ | ᠬᠠᠭᠠᠰ ᠵᠢᠯ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | ᠳᠠᠷᠤᠯᠲᠠ ᠶᠢ ᠳᠠᠭᠠᠭᠠᠨ ᠠᠵᠢᠯᠯᠠᠵᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠦᠷᠭᠦᠯᠵᠢᠯᠡᠨ ᠬᠦᠴᠦᠯᠡᠵᠦ᠂ ᠠᠵᠤ ᠠᠬᠤᠢ ᠶᠢᠨ ᠠᠵᠢᠯᠯᠠᠭᠠᠨ | ᠶᠡᠷᠦᠩᠬᠡᠢ ᠳᠡᠭᠡᠨ ᠲᠣᠭᠲᠠᠭᠤᠨ ᠤ ᠳᠤᠮᠳᠠ ᠤᠷᠤᠭᠰᠢᠯᠠᠬᠤ ᠬᠥᠭᠵᠢᠯᠲᠡ ᠶᠢᠨ ᠪᠠᠶᠢᠳᠠᠯ ᠲᠠᠢ ᠪᠣᠯᠪᠠ᠃ | ᠬᠤᠰᠢᠭᠤ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ | ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ ᠰᠢᠨ᠎ᠡ ᠪᠠᠷᠭᠤ ᠵᠡᠭᠦᠨ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 8.97 | ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠷᠠᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ᠃ ᠠᠳᠠᠯᠢ | ᠪᠤᠰᠤ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1.03 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.4% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 1.36 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 2.8% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 6.57 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 7.5% ᠨᠡᠮᠡᠭᠳᠡᠪᠡ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠪᠠᠭᠤᠷᠠᠯᠲᠠ ᠤᠳᠠᠭᠠᠰᠢᠷᠠᠪᠠ | ᠳᠡᠭᠡᠷ᠎ᠡ ᠬᠠᠭᠠᠰ ᠵᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19. | 1% ᠪᠠᠷ ᠪᠠᠭᠤᠷᠠᠪᠠ᠃ ᠴᠠᠬᠢᠯᠭᠠᠨ ᠭᠠᠷᠭᠠᠭᠰᠠᠨ ᠬᠡᠮᠵᠢᠶ᠎ᠡ 10350 ᠲᠦᠮᠡᠨ ᠺᠢᠯᠣᠸᠠᠲ ᠤᠨ ᠦᠶ᠎ᠡ ᠳᠤ᠂ ᠠᠳᠠᠯᠢ ᠬᠤᠭᠤᠴᠠᠭᠠᠨ ᠤ ᠬᠢ ᠠᠴᠠ 6.5% ᠪᠠᠷ | ᠪᠠᠭᠤᠷᠠᠪᠠ︔ ᠴᠠᠭᠠᠨ ᠢᠳᠡᠭᠡᠨ ᠤ ᠭᠠᠷᠤᠯᠲᠠ 1244 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.3% ᠪᠠᠭᠤᠷᠠᠵᠠᠢ᠃ | ᠬᠤᠶᠠᠷ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠪᠡ | ᠳᠡᠭᠡᠷ᠎ᠡ ᠬᠠᠭᠠᠰ ᠵᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 26.6% ᠪᠠᠷ ᠳᠡᠭᠡᠭᠰᠢᠯᠡᠪᠡ᠃ ᠲᠣᠰ ᠵᠢᠯ ᠤᠨ ᠪᠠᠷᠢᠯᠭ᠎ᠠ ᠶᠢᠨ ᠲᠥᠷᠥᠯ ᠵᠦᠢᠯ 41 ᠪᠠᠶᠢᠵᠤ᠂ ᠡᠭᠦᠨ ᠳᠤ 5000 ᠲᠦᠮᠡᠨ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ 7᠂ 500 ︱ 5000 ᠲᠦᠮᠡᠨ ᠲᠥᠭᠦᠷᠢᠭ ᠤᠨ ᠲᠥᠷᠥᠯ ᠵᠦᠢᠯ 30᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ | ᠲᠥᠷᠥᠯ ᠵᠦᠢᠯ 4 ᠪᠣᠶ᠃ ᠳᠡᠭᠡᠷ᠎ᠡ ᠬᠠᠭᠠᠰ ᠵᠢᠯ ᠳᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ 7340 ᠲᠡᠭᠰᠢ | ᠳᠥᠷᠪᠡᠯᠵᠢᠨ ᠮᠧᠲᠷ ᠲᠤ ᠬᠦᠷᠴᠦ᠂ ᠪᠣᠷᠣᠯᠠᠭᠤᠯᠤᠯᠲᠠ ᠶᠢᠨ ᠬᠡᠮᠵᠢᠶ᠎ᠡ 2390 ᠲᠦᠮᠡᠨ ᠲᠥᠭᠦᠷᠢᠭ ᠲᠤ ᠬᠦᠷᠴᠡᠢ᠃ | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠪᠡ | ᠳᠡᠭᠡᠷ᠎ᠡ ᠬᠠᠭᠠᠰ ᠵᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 3.2 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠪᠡ᠃ | ᠳᠥᠷᠪᠡ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠡᠷᠭᠡ ᠪᠠᠷ ᠨᠡᠮᠡᠭᠳᠡᠪᠡ | ᠳᠡᠭᠡᠷ᠎ᠡ ᠬᠠᠭᠠᠰ ᠵᠢᠯ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 5318 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 14.3% ᠪᠠᠷ ᠨᠡᠮᠡᠭᠳᠡᠪᠡ᠂ ᠡᠭᠦᠨ ᠳᠤ ᠭᠠᠶᠢᠯᠢ ᠶᠢᠨ ᠣᠷᠣᠯᠭ᠎ᠠ 3667 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 19.2% ᠢᠶᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 1651 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 4.7% ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 49624 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.5% ᠨᠡᠮᠡᠭᠳᠡᠪᠡ᠃ | ᠲᠠᠪᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠠᠵᠢᠯᠯᠠᠭᠠᠨ ᠯᠠᠪᠳᠠᠭᠤᠨ ᠲᠣᠭᠲᠠᠭᠤᠨ ᠢᠶᠠᠷ ᠶᠠᠪᠤᠭᠳᠠᠵᠤ ᠪᠠᠶᠢᠨ᠎ᠠ | 6 ᠰᠠᠷ᠎ᠠ ᠶᠢᠨ ᠰᠡᠭᠦᠯᠴᠢ ᠪᠠᠷ᠂ ᠰᠢᠨ᠎ᠡ ᠪᠠᠷᠭᠤ ᠵᠡᠭᠦᠨ ᠬᠤᠰᠢᠭᠤᠨ ᠤ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ | ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 149199 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠪᠠᠷ ᠪᠠᠭᠤᠷᠠᠪᠠ | ᠃ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 120472 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠪᠡ | ︔ ᠳᠡᠯᠭᠡᠷᠡᠩᠭᠦᠢ ᠤᠳᠬ᠎ᠠ ᠶᠢᠨ ᠵᠠᠰᠠᠭ ᠤᠨ ᠣᠷᠳᠣᠨ ᠤ ᠬᠠᠳᠠᠭᠠᠯᠠᠮᠵᠢ 23243 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41. | 4% ᠳᠣᠷᠣᠭᠰᠢᠯᠠᠵᠠᠢ᠃ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ | 124105 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠪᠡ᠃ ᠡᠭᠦᠨ ᠳᠤ᠄ ᠰᠠᠭᠤᠭᠠᠯᠢ ᠡᠷᠦᠬᠡ ᠶᠢᠨ | ᠵᠢᠭᠡᠯᠡᠯᠭᠡ 108806 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.8% ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ | ᠠᠬᠤᠶᠢᠯᠠᠯ ᠵᠢᠴᠢ ᠪᠠᠶᠢᠭᠤᠯᠤᠯᠭ᠎ᠠ ᠪᠦᠯᠬᠦᠮ ᠤᠨ ᠵᠢᠭᠡᠯᠡᠯᠭᠡ 15299 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6% | ᠨᠡᠮᠡᠭᠳᠡᠪᠡ᠃ | ᠵᠢᠷᠭᠤᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠢᠯᠡᠷᠬᠡᠢ ᠪᠠᠶᠢᠨ᠎ᠠ | ᠳᠡᠭᠡᠷ᠎ᠡ ᠬᠠᠭᠠᠰ ᠵᠢᠯ ᠳᠤ᠂ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 9951 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ | ᠡᠵᠡᠮᠳᠡᠵᠦ ᠪᠣᠯᠬᠤ ᠣᠷᠣᠯᠭ᠎ᠠ 15712 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠨᠡᠮᠡᠭᠳᠡᠪᠡ︔ ᠮᠠᠯᠵᠢᠬᠤ ᠲᠠᠷᠢᠶᠠᠯᠠᠬᠤ | ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 3022 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 8.6% ᠨᠡᠮᠡᠭᠳᠡᠪᠡ᠃ | ᠡᠨᠡ ᠵᠢᠯ ᠠᠴᠠ ᠨᠠᠭᠠᠰᠢ᠂ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠳᠤ ︽ᠪᠦᠬᠦ ᠲᠠᠯ᠎ᠠ ᠪᠠᠷ ᠳᠡᠭᠡᠭᠰᠢᠯᠡᠵᠦ | ᠰᠠᠶᠢᠵᠢᠷᠠᠬᠤ︾ ᠬᠥᠭᠵᠢᠯᠲᠡ ᠶᠢᠨ ᠪᠠᠶᠢᠳᠠᠯ ᠢᠯᠡᠷᠡᠪᠡ᠄ ᠠᠵᠤ ᠦᠢᠯᠡᠳᠪᠦᠷᠢ ᠶᠢᠨ ᠦᠢᠯᠡᠳᠪᠦᠷᠢᠯᠡᠯ ᠰᠠᠷ᠎ᠠ ᠳᠠᠷᠠᠭᠠᠯᠠᠨ ᠬᠤᠷᠳᠤᠯᠠᠵᠤ᠂ ᠨᠡᠶᠢᠭᠡᠮ ᠤᠨ ᠬᠡᠷᠡᠭᠯᠡᠭᠡ | ᠦᠷᠭᠦᠯᠵᠢᠯᠡᠨ ᠰᠡᠷᠭᠦᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠪᠥᠬᠦ ᠲᠠᠯ᠎ᠠ ᠪᠠᠷ ᠲᠦᠷᠭᠡᠳᠴᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ | ᠬᠦᠴᠦᠨ ᠣᠷᠭᠢᠯᠤᠨ ᠪᠠᠳᠠᠷᠠᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠬᠢᠨ ᠦᠷᠭᠦᠯᠵᠢᠯᠡᠨ ᠲᠡᠷᠢᠭᠦᠨ ᠳᠤ ᠣᠷᠣᠬᠤ ᠪᠠᠷ | ᠡᠷᠡᠯᠬᠡᠭᠯᠡᠨ ᠲᠡᠮᠡᠴᠡᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠠᠶᠢᠲᠤᠷ ᠠᠳᠬᠤᠵᠤ᠂ ᠬᠥᠭᠵᠢᠯ | ᠪᠠᠳᠠᠷᠠᠯ ᠲᠠᠢ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠪᠠᠬᠢᠵᠢᠭᠦᠯᠵᠦ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠬᠥᠭᠵᠢᠯᠲᠡ ᠳᠤ ᠦᠷᠭᠦᠯᠵᠢᠯᠡᠨ | ᠬᠦᠴᠦᠯᠡᠬᠦ ᠬᠡᠷᠡᠭᠲᠡᠢ᠃ | | |