ᠰᠢᠨ᠎ᠡ ᠪᠠᠷᠭᠤ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ | ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠤᠬᠠᠢ ᠲᠣᠭᠲᠠᠭᠠᠯ | | ᠨᠢᠭᠡᠳᠦᠭᠡᠷ ᠵᠦᠢᠯ ᠰᠢᠨ᠎ᠡ ᠪᠠᠷᠭᠤ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ ︵ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠭᠡᠵᠦ ᠲᠣᠪᠴᠢᠯᠠᠨ᠎ᠠ︶ ᠶᠢᠨ | ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢ ᠵᠢᠷᠤᠮᠵᠢᠭᠤᠯᠬᠤ᠂ ᠪᠠᠶᠢᠭᠤᠯᠤᠮᠵᠢ᠂ ᠡᠭᠦᠷᠭᠡ | ᠴᠢᠳᠠᠪᠤᠷᠢ᠂ ᠡᠷᠬᠡ ᠮᠡᠳᠡᠯ᠂ ᠲᠠᠰ ᠳᠠᠷᠠᠭᠠᠯᠠᠯ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠶᠢ ᠠᠬᠢᠭᠤᠯᠵᠤ ᠶᠢᠨ ᠲᠥᠯᠥᠭᠡ᠂ ᠬᠥᠯᠥᠨ ᠪᠤᠶᠢᠷ ᠬᠤᠲᠠ ᠶᠢᠨ | ᠨᠠᠮ ᠤᠨ ᠬᠤᠷᠢᠶ᠎ᠠ ᠶᠢᠨ ᠨᠠᠶᠢᠷᠠᠭᠤᠯᠬᠤ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠥᠰᠥᠯ︾ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠬᠤᠷᠢᠶ᠎ᠠ᠂ ᠰᠢᠨ᠎ᠡ ᠪᠠᠷᠭᠤ ᠵᠡᠭᠦᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ | ᠲᠥᠰᠥᠯ︾ ᠢ ᠦᠨᠳᠦᠰᠦᠯᠡᠨ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠣᠯ | ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠂ ᠵᠢᠩᠬᠢᠨᠢ ᠰᠠᠯᠠᠭᠠᠨ ᠤ ᠲᠠᠰ ᠲᠠᠢ ᠰᠢᠨ᠎ᠡ ᠪᠠᠷᠭᠤ ᠵᠡᠭᠦᠨ ᠬᠤᠰᠢᠭᠤᠨ ᠤ ᠠᠮᠤ | ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠰᠢᠨ᠎ᠡ ᠪᠠᠷᠭᠤ ᠵᠡᠭᠦᠨ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ | ᠭᠡᠷ᠂ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠫᠠᠶᠢᠰᠠ ᠶᠢ ᠨᠡᠮᠡᠵᠦ ᠡᠯᠭᠦᠨ᠎ᠡ᠃ ᠳᠤᠮᠳᠠᠳᠤ ᠤᠯᠤᠰ ᠤᠨ | ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠢ ᠬᠤᠰᠢᠭᠤᠨ ᠤ | ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ | ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠰᠢᠭᠤᠳ ᠤᠳᠤᠷᠢᠳᠤᠯᠭ᠎ᠠ ᠶᠢ ᠬᠦᠯᠢᠶᠡᠨ᠎ᠡ᠃ | ᠭᠤᠷᠪᠠᠳᠤᠭᠠᠷ ᠵᠦᠢᠯ ᠤᠤᠯ ᠤᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠵᠡᠷᠭᠡ ᠡᠭᠦᠷᠭᠡ | ᠬᠠᠷᠢᠭᠤᠴᠠᠯᠭ᠎ᠠ ᠶᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ︵ᠬᠤᠰᠢᠭᠤᠨ ᠤ ᠵᠠᠰᠠᠭ ᠤᠨ ᠲᠣᠭᠠᠨ ᠤ ᠲᠣᠪᠴᠢᠶ᠎ᠠ︶ ᠳᠤ ᠬᠤᠪᠢᠶᠠᠷᠢᠯᠠᠨ ᠣᠷᠣᠭᠤᠯᠤᠨ᠎ᠠ | ᠃ | ᠳᠥᠷᠪᠡᠳᠦᠭᠡᠷ ᠵᠦᠢᠯ ᠲᠣᠰ ᠲᠣᠭᠲᠠᠭᠠᠯ ᠳᠤ ᠲᠣᠭᠲᠠᠭᠠᠭᠰᠠᠨ ᠭᠤᠣᠯ ᠡᠭᠦᠷᠭᠡ ᠬᠠᠷᠢᠭᠤᠴᠠᠯᠭ᠎ᠠ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ | ᠠᠵᠢᠯᠲᠠᠨ ᠤ ᠣᠷᠣᠨ ᠲᠤᠭ᠎ᠠ ᠵᠡᠷᠭᠡ ᠪᠣᠯ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ | ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ᠂ ᠠᠵᠢᠯᠲᠠᠨ ᠤ ᠲᠣᠬᠢᠷᠠᠭᠤᠯᠤᠯᠲᠠ ᠪᠠ ᠠᠵᠢᠯ ᠤᠨ ᠠᠵᠢᠯᠯᠠᠭᠠᠨ ᠤ ᠦᠨᠳᠦᠰᠦᠨ | ᠦᠨᠳᠦᠰᠦᠯᠡᠯ ᠪᠣᠯᠣᠨ᠎ᠠ᠃ | ᠲᠠᠪᠤᠳᠤᠭᠠᠷ ᠵᠦᠢᠯ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠨᠠᠮ ᠤᠨ | ᠲᠥᠪ ᠬᠤᠷᠢᠶ᠎ᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠡᠨᠧᠷᠭᠢ ᠶᠢᠨ ᠠᠵᠢᠯ ᠤᠨ ᠲᠤᠬᠠᠢ ᠴᠢᠭᠯᠡᠯᠲᠡ | ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ | ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠡᠭᠦᠷᠭᠡ ᠴᠢᠳᠠᠪᠤᠷᠢ ᠶᠢᠨ | ᠦᠢᠯᠡᠳᠦᠯ ᠢᠶᠠᠨ ᠪᠠᠳᠠᠷᠠᠭᠤᠯᠤᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠱᠤᠭᠤᠮ ᠢ ᠪᠠᠲᠤ ᠡᠵᠡᠮᠰᠢᠵᠦ᠂ ᠡᠭᠦᠨ ᠤ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠢ ᠬᠢᠨᠠᠨ ᠬᠠᠷᠭᠤᠭᠤᠯᠬᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ᠂ ᠪᠡᠯᠡ | ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠥᠭᠵᠢᠯᠲᠡ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠤᠨ ᠨᠥᠭᠡᠴᠡᠯᠡᠯᠲᠡ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ | ᠴᠡᠷᠢᠭ ᠤᠨ ᠶᠠᠪᠤᠳᠠᠯ ᠤᠨ ᠪᠡᠯᠡᠳᠬᠡᠮᠵᠢ ᠶᠢᠨ ᠬᠠᠮᠠᠭᠠᠯᠠᠯᠲᠠ᠂ ᠡᠨᠧᠷᠭᠢ ᠶᠢᠨ ᠬᠠᠮᠢᠶᠠᠷᠤᠯᠲᠠ ᠶᠢᠨ ᠬᠢᠨᠠᠯᠲᠠ ᠵᠡᠷᠭᠡ ᠠᠵᠢᠯ ᠵᠢᠴᠢ ᠲᠣᠰ ᠪᠡᠶ᠎ᠡ ᠶᠢᠨ ᠪᠠᠶᠢᠭᠤᠯᠤᠯᠲᠠ ᠶᠢᠨ | ᠪᠥᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃ | ︵ᠬᠤᠶᠠᠷ︶ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠠᠮᠤ ᠪᠤᠳᠠᠭ᠎ᠠ ᠪᠠ ᠡᠳ᠋ ᠪᠣᠳᠠᠰ ᠤᠨ | ᠨᠥᠭᠡᠴᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠤᠨ ᠲᠤᠬᠠᠢ ᠤᠯᠤᠰ᠂ ᠥᠪᠡᠷᠲᠡᠭᠡᠨ | ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠰᠢᠭᠤᠨ ᠤ | ᠲᠣᠰ ᠱᠠᠲᠤᠨ ᠤ ᠬᠠᠮᠢᠶ᠎ᠠ ᠪᠦᠬᠦᠢ ᠲᠥᠯᠦᠪᠵᠢᠭᠦᠯᠭᠡ᠂ ᠠᠷᠭ᠎ᠠ ᠬᠡᠮᠵᠢᠶ᠎ᠡ ᠵᠢᠴᠢ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠭᠤᠷᠪᠠ︶ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ ᠣᠷᠳᠣ | ᠬᠤᠭᠤᠴᠠᠭᠠᠨ ᠤ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ | ᠲᠥᠯᠦᠪᠵᠢᠭᠦᠯᠭᠡ ᠶᠢᠨ ᠰᠢᠰᠲ᠋ᠧᠮᠵᠢ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠢ ᠶᠡᠷᠦᠩᠬᠡᠶᠢᠯᠡᠭᠰᠡᠨ ᠲᠥᠯᠦᠪᠵᠢᠭᠦᠯᠭᠡ᠂ | ᠭᠤᠣᠯᠳᠠᠯᠭ᠎ᠠ ᠲᠠᠢ ᠲᠤᠰᠬᠠᠢ ᠵᠦᠢᠯ ᠤᠨ ᠲᠥᠯᠦᠪᠵᠢᠭᠦᠯᠭᠡ᠂ ᠣᠷᠣᠨ ᠪᠦᠰᠡ ᠶᠢᠨ ᠲᠥᠯᠦᠪᠵᠢᠭᠦᠯᠭᠡ᠂ ᠣᠷᠣᠨ ᠵᠠᠢ ᠶᠢᠨ ᠲᠥᠯᠦᠪᠵᠢᠭᠦᠯᠭᠡ ᠬᠢᠭᠡᠳ ᠪᠥᠬᠦ | ᠬᠤᠰᠢᠭᠤᠨ ᠤ ᠬᠥᠭᠵᠢᠯᠲᠡ ᠶᠢᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ ᠵᠣᠯᠭᠠᠭᠤᠯᠬᠤ ᠶᠢ ᠬᠠᠷᠢᠭᠤᠴᠠᠨ᠎ᠠ᠃ ᠴᠢᠬᠤᠯᠠ ᠶᠡᠭᠡ ᠠᠵᠤ ᠠᠬᠤᠢ ᠨᠡᠶᠢᠭᠡᠮ ᠠᠮᠢ | ᠠᠬᠤᠢ ᠶᠢᠨ ᠰᠣᠶᠣᠯ ᠵᠡᠷᠭᠡ ᠴᠢᠬᠤᠯᠠ ᠶᠡᠭᠡ ᠵᠦᠢᠯᠡᠰ ᠪᠠ ᠠᠰᠠᠭᠤᠳᠠᠯ ᠤᠨ ᠰᠤᠳᠤᠯᠭᠠᠨ ᠢ ᠥᠷᠨᠢᠭᠦᠯᠵᠦ᠂ ᠲᠥᠰᠥᠯ ᠤᠨ ᠮᠡᠳᠡᠭᠦᠯᠦᠯᠲᠡ ᠶᠢ ᠳᠤᠷᠠᠳᠤᠨ ᠭᠠᠷᠭᠠᠨ᠎ᠠ᠃ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ ᠲᠠᠢ ᠴᠢᠯᠦᠭᠡᠲᠡᠢ | ᠶᠠᠪᠤᠯᠴᠠᠬᠤ ᠲᠤᠬᠠᠢ ᠬᠤᠯᠪᠣᠭᠳᠠᠯ ᠪᠦᠬᠦᠢ ᠢᠯᠡᠳᠬᠡᠯ ᠤᠨ ᠲᠥᠰᠥᠯ ᠬᠢᠭᠡᠳ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠬᠡᠷᠡᠭᠲᠡᠢ᠃ | ︵ᠳᠥᠷᠪᠡ︶ ᠣᠲᠣ ᠦᠶ᠎ᠡ ᠶᠢᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠶᠡᠷᠦᠩᠬᠡᠢ ᠬᠠᠷᠠᠯᠲᠠ᠂ ᠴᠢᠬᠤᠯᠠ ᠶᠡᠭᠡ ᠡᠭᠦᠷᠭᠡ ᠵᠢᠴᠢ ᠬᠠᠮᠢᠶ᠎ᠠ ᠪᠦᠬᠦᠢ ᠠᠵᠢᠯ ᠢ ᠳᠤᠷᠠᠳᠪᠠ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ | ᠴᠢᠬᠤᠯᠠ ᠶᠡᠭᠡ ᠲᠥᠷᠥ ᠶᠢᠨ ᠪᠣᠳᠣᠯᠭ᠎ᠠ᠂ ᠭᠤᠣᠯᠳᠠᠯᠭ᠎ᠠ ᠲᠠᠢ ᠲᠥᠷᠥᠯ ᠵᠦᠢᠯ ᠵᠢᠴᠢ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠬᠢᠨᠠᠨ | ᠵᠢᠯᠤᠭᠤᠳᠴᠤ ᠦᠨᠡᠯᠡᠨ ᠵᠢᠱᠢᠬᠦ ᠪᠠ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ | ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠦᠬᠦᠢ ᠲᠣᠬᠢᠷᠠᠭᠤᠯᠤᠯᠲᠠ ᠬᠢᠬᠦ ᠰᠠᠨᠠᠭᠤᠯᠭ᠎ᠠ ᠶᠢ ᠳᠤᠷᠠᠳᠤᠨ᠎ᠠ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ | ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠡᠶᠡᠯᠡᠭᠦᠯᠬᠦ ᠬᠡᠷᠡᠭᠲᠡᠢ᠃ | ︵ᠲᠠᠪᠤ︶ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠨᠢᠭᠡᠳᠦᠯᠲᠡᠢ ᠲᠥᠯᠥᠪᠯᠡᠨ ᠳᠤᠷᠠᠳᠴᠤ᠂ ᠠᠵᠤ | ᠠᠬᠤᠢ ᠶᠢᠨ ᠠᠵᠢᠯᠯᠠᠭ᠎ᠠ᠂ ᠶᠡᠷᠦᠩᠬᠡᠢ ᠬᠡᠮᠵᠢᠶᠡᠨ ᠤ ᠲᠡᠩᠴᠡᠭᠦᠷᠢ᠂ ᠠᠵᠤ ᠠᠬᠤᠢ ᠶᠢᠨ ᠠᠮᠤᠷ ᠲᠦᠪᠰᠢᠨ ᠪᠠ ᠠᠵᠤ ᠦᠢᠯᠡᠰ ᠤᠨ ᠠᠮᠤᠷ ᠲᠦᠪᠰᠢᠨ ᠵᠡᠷᠭᠡ ᠴᠢᠬᠤᠯᠠ | ᠶᠡᠭᠡ ᠠᠰᠠᠭᠤᠳᠠᠯ ᠢ ᠰᠤᠳᠤᠯᠵᠤ᠂ ᠬᠤᠷᠸ᠎ᠠ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ ᠤᠷᠢᠳᠴᠢᠯᠠᠨ ᠵᠢᠱᠢᠵᠦ ᠤᠷᠢᠳᠴᠢᠯᠠᠨ | ᠰᠡᠷᠡᠮᠵᠢᠯᠡᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ᠬᠤᠷᠸ᠎ᠠ ᠠᠵᠤ ᠠᠬᠤᠢ ᠶᠢᠨ | ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠲᠣᠬᠢᠷᠠᠭᠤᠯᠤᠨ ᠡᠵᠡᠮᠳᠡᠵᠦ᠂ ᠬᠤᠷᠸ᠎ᠠ ᠠᠵᠤ ᠠᠬᠤᠢ ᠶᠢᠨ ᠠᠷᠭᠠᠴᠠᠬᠤ ᠠᠷᠭ᠎ᠠ ᠬᠡᠮᠵᠢᠶ᠎ᠡ ᠶᠢ ᠲᠦᠷᠦᠭᠦᠯᠡᠨ ᠰᠤᠳᠤᠯᠵᠤ᠂ | ᠠᠵᠤ ᠠᠬᠤᠢ ᠶᠢᠨ ᠠᠵᠢᠯᠯᠠᠭᠠᠨ ᠢ ᠲᠣᠬᠢᠷᠠᠭᠤᠯᠤᠨ᠎ᠠ᠃ ᠪᠦᠭᠦ ᠬᠤᠰᠢᠭᠤᠨ ᠤ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠶᠢ ᠳᠤᠷᠠᠳᠴᠤ᠂ | ᠬᠤᠯᠪᠣᠭᠳᠠᠯ ᠪᠦᠬᠦᠢ ᠦᠨ᠎ᠡ ᠬᠠᠩᠰᠢ ᠶᠢᠨ ᠲᠦᠷᠤ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶᠠᠷᠤᠯᠲᠠ ᠶᠢᠨ | ᠡᠷᠬᠡ ᠶᠢᠨ ᠬᠢᠵᠠᠭᠠᠷ ᠶᠣᠰᠣᠭᠠᠷ ᠴᠢᠬᠤᠯᠠ ᠲᠠᠸᠠᠷ᠂ ᠦᠢᠯᠡᠴᠢᠯᠡᠭᠡᠨ ᠤ ᠦᠨ᠎ᠡ ᠬᠠᠩᠰᠢ ᠪᠠ ᠴᠢᠬᠤᠯᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠪᠠ | ᠲᠣᠬᠢᠷᠠᠭᠤᠯᠤᠨ᠎ᠠ᠃ | ︵ᠵᠢᠷᠭᠤᠭ᠎ᠠ︶ ᠪᠥᠬᠦ ᠬᠤᠰᠢᠭᠤᠨ ᠤ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ | ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠤᠨ᠎ᠠ᠃ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠥᠮᠴᠢᠯᠡᠯ ᠤᠨ ᠡᠷᠬᠡ ᠶᠢᠨ ᠳᠦᠷᠢᠮ ᠪᠠ ᠡᠯᠧᠮᠧᠨ᠋ᠲ ᠢ | ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ ᠠᠵᠤ ᠠᠬᠤᠢ ᠶᠢᠨ ᠦᠨᠳᠦᠰᠦᠨ ᠪᠠᠶᠢᠭᠤᠯᠤᠯ ᠪᠠ ᠤᠳᠤ | ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠳᠣᠯᠤᠭ᠎ᠠ︶ ᠪᠥᠬᠦ ᠬᠤᠰᠢᠭᠤᠨ ᠤ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠲᠥᠯᠦᠪᠵᠢᠭᠦᠯᠭᠡ᠂ | ᠪᠠᠶᠢᠷᠢᠯᠠᠭᠤᠯᠤᠯᠲᠠ᠂ ᠲᠥᠷᠥᠯ ᠵᠦᠢᠯ ᠪᠠ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ ᠵᠢᠴᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ | ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠭᠠᠳᠠᠭᠰᠢ ᠭᠠᠷᠬᠤ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠯᠲᠠ ᠶᠢᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠳᠤᠷᠠᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠪᠥᠬᠦ ᠬᠤᠰᠢᠭᠤᠨ ᠤ ᠭᠠᠳᠠᠭᠠᠳᠤ | ᠵᠢᠭᠡᠯᠡᠯᠭᠡ ᠶᠢᠨ ᠪᠠᠶᠢᠳᠠᠯ ᠤᠨ ᠵᠠᠳᠠᠯᠤᠯᠲᠠ ᠪᠠ ᠰᠠᠨᠠᠯ ᠤᠨ ᠮᠡᠳᠡᠭᠦᠯᠦᠯᠲᠡ ᠶᠢ ᠳᠤᠷᠠᠳᠤᠨ᠎ᠠ᠃ | ︵ᠨᠠᠢᠮᠠ︶ ᠪᠥᠬᠦ ᠬᠤᠰᠢᠭᠤᠨ ᠤ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ | ᠬᠠᠷᠢᠭᠤᠴᠠᠵᠤ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠪᠴᠢᠶ᠎ᠡ ᠪᠠ ᠪᠡᠯᠡ ᠣᠷᠣᠭᠤᠯᠤᠯᠲᠠ ᠶᠢᠨ ᠪᠦᠲᠦᠴᠡ ᠶᠢᠨ | ᠲᠣᠬᠢᠷᠠᠭᠤᠯᠤᠨ ᠡᠵᠡᠮᠳᠡᠬᠦ ᠬᠠᠷᠠᠯᠲᠠ ᠵᠢᠴᠢ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠪᠠ ᠵᠠᠰᠠᠭ ᠤᠨ ᠣᠷᠳᠣᠨ ᠤ ᠬᠢᠨᠠᠨ ᠵᠥᠪᠰᠢᠶᠡᠷᠡᠬᠦ ᠵᠦᠢᠯᠡᠰ ᠤᠨ ᠭᠠᠷᠴᠠᠭ ᠢ | ᠲᠤᠭᠤᠷᠪᠢᠨ ᠲᠣᠭᠲᠠᠭᠠᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠡᠳ᠋ ᠤᠨ ᠵᠠᠰᠠᠭ ᠤᠨ ᠴᠢᠨᠠᠷᠲᠠᠢ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢ ᠲᠣᠬᠢᠷᠠᠭᠤᠯᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠬᠤᠯᠠ ᠶᠡᠭᠡ ᠲᠥᠷᠥᠯ ᠵᠦᠢᠯ ᠢ ᠬᠢᠨᠠᠨ | ᠵᠥᠪᠰᠢᠶᠡᠷᠡᠬᠦ᠂ ᠬᠢᠨᠠᠨ ᠬᠠᠷᠭᠤᠭᠤᠯᠬᠤ ᠬᠡᠷᠡᠭᠲᠡᠢ᠃ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ | ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠵᠦᠢᠯᠡᠰ ᠤᠨ ᠪᠦᠲᠦᠭᠡᠨ ᠪᠠᠶᠢᠭᠤᠯᠤᠯᠲᠠ ᠪᠠ ᠵᠦᠢᠯᠡᠰ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ | ᠵᠣᠬᠢᠶᠠᠨ ᠪᠠᠶᠢᠭᠤᠯᠤᠨ᠎ᠠ᠃ ᠠᠷᠠᠳ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠭᠠᠳᠠᠭᠠᠳᠤ ᠶᠢᠨ ᠵᠢᠭᠡᠯᠡᠯᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢ ᠵᠢᠯᠣᠭᠤᠳᠤᠨ᠎ᠠ᠃ ᠬᠤᠰᠢᠭᠤᠨ ᠱᠠᠲᠤᠨ ᠤ ᠵᠠᠰᠠᠭ ᠤᠨ | ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠥᠯᠥᠪᠯᠡᠭᠡ ᠶᠢ ᠨᠢᠭᠡᠳᠦᠯᠲᠡᠢ ᠲᠥᠯᠥᠪᠯᠡᠨ ᠢᠨᠵᠧᠨᠧᠷᠢᠩ ᠤᠨ ᠯᠠᠪᠯᠠᠯᠭ᠎ᠠ ᠥᠭᠬᠦ | ᠦᠢᠯᠡᠰ ᠤᠨ ᠬᠥᠭᠵᠢᠯᠲᠡ ᠶᠢ ᠳᠤᠷᠠᠳᠤᠨ᠎ᠠ᠃ ᠪᠥᠬᠦ ᠬᠤᠰᠢᠭᠤᠨ ᠤ ᠠᠵᠤ ᠦᠢᠯᠡᠳᠪᠦᠷᠢ᠂ ᠡᠨᠧᠷᠭᠢ ᠵᠡᠷᠭᠡ ᠬᠦᠷᠢᠶᠡᠨ ᠤ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠪᠣᠳᠠᠲᠠᠢ ᠠᠵᠢᠯ ᠢ ᠬᠠᠷᠢᠭᠤᠴᠠᠨ᠎ᠠ᠃ | ︵ᠶᠢᠰᠦ︶ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠯᠡᠨ | ᠲᠦᠯᠬᠢᠨ ᠠᠬᠢᠭᠤᠯᠤᠨ᠎ᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠲᠤᠷᠠᠯᠴᠠᠭᠠᠨ ᠤ | ᠴᠢᠬᠤᠯᠠ ᠶᠡᠭᠡ ᠵᠦᠢᠯᠡᠰ ᠪᠠ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠬᠤ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠤᠯᠤᠰ᠂ ᠥᠪᠡᠷᠲᠡᠭᠡᠨ | ᠵᠠᠰᠠᠬᠤ ᠣᠷᠣᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠴᠥᠭᠡᠨ ᠲᠣᠭᠠᠲᠤ ᠦᠨᠳᠦᠰᠦᠲᠡᠨ ᠤ ᠣᠷᠣᠨ ᠬᠢᠯᠢ ᠬᠢᠵᠠᠭᠠᠷ ᠣᠷᠣᠨ ᠶᠠᠳᠠᠭᠤ ᠬᠦᠴᠢᠷᠳᠡᠯᠲᠡᠢ | ᠭᠠᠵᠠᠷ ᠣᠷᠣᠨ ᠵᠢᠴᠢ ᠪᠤᠰᠤᠳ ᠣᠨᠴᠠᠭᠠᠢ ᠬᠦᠴᠢᠷᠳᠡᠯᠲᠡᠢ ᠭᠠᠵᠠᠷ ᠣᠷᠣᠨ ᠤ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ | ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠵᠡᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠳᠠ ᠬᠥᠳᠡᠭᠡ ᠶᠢ ᠠᠭᠤᠰᠤᠯᠴᠠᠭᠤᠯᠬᠤ ᠪᠠ | ᠰᠢᠨ᠎ᠡ ᠮᠠᠶ᠋ᠢᠭ ᠤᠨ ᠬᠤᠳᠠ ᠪᠠᠯᠭᠠᠰᠤᠵᠢᠭᠤᠯᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠬᠦ ᠶᠢ ᠲᠦᠯᠬᠢᠨ | ᠠᠬᠢᠭᠤᠯᠤᠨ᠎ᠠ᠃ | ︵ᠠᠷᠪᠠ︶ ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢᠨ | ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ ᠲᠥᠯᠦᠪᠵᠢᠭᠦᠯᠭᠡ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠯᠤᠭ᠎ᠠ ᠨᠢᠭᠡᠳᠦᠯᠲᠡᠢ ᠲᠥᠯᠥᠪᠯᠡᠨ ᠵᠣᠯᠭᠠᠭᠤᠯᠬᠤ ᠶᠢ | ᠰᠠᠶᠢᠲᠤᠷ ᠬᠢᠨ᠎ᠡ᠃ ᠪᠥᠬᠦ ᠬᠤᠰᠢᠭᠤᠨ ᠤ ᠦᠢᠯᠡᠴᠢᠯᠡᠭᠡᠨ ᠤ ᠦᠢᠯᠡᠰ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠶᠢ ᠠᠬᠢᠭᠤᠯᠵᠤ᠂ ᠬᠤᠯᠪᠣᠭᠳᠠᠯ ᠪᠦᠬᠦᠢ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠬᠥᠭᠵᠢᠯᠲᠡ ᠶᠢ ᠵᠣᠬᠢᠴᠠᠩᠭᠤᠢ ᠪᠠᠷ ᠲᠦᠯᠬᠢᠨ ᠠᠬᠢᠭᠤᠯᠵᠤ᠂ ᠲᠥᠯᠦᠪᠵᠢᠭᠦᠯᠭᠡ᠂ ᠲᠥᠰᠥᠯ ᠪᠠ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠨ᠎ᠠ᠃ ᠬᠡᠷᠡᠭᠯᠡᠭᠡᠨ ᠤ ᠬᠤᠪᠢᠷᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ | ᠴᠢᠨᠠᠷᠲᠠᠢ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ | ︵ᠠᠷᠪᠠᠨ ᠨᠢᠭᠡ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠶᠢ ᠡᠭᠦᠳᠬᠦ ᠪᠠ ᠳᠡᠭᠡᠳᠦ ᠮᠡᠷᠭᠡᠵᠢᠯ ᠤᠨ ᠬᠦᠢᠭᠵᠢᠯᠲᠠ ᠶᠢ ᠠᠬᠢᠭᠤᠯᠬᠤ ᠲᠥᠯᠦᠪᠵᠢᠭᠦᠯᠭᠡ ᠪᠠ ᠠᠷᠭ᠎ᠠ | ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠰᠢᠨ᠎ᠡ ᠶᠢ ᠡᠭᠦᠳᠦᠨ ᠬᠦᠢᠭᠵᠢᠭᠦᠯᠭᠦ ᠪᠠ ᠠᠵᠤ ᠠᠬᠤᠢ ᠶᠢᠨ ᠬᠦᠢᠭᠵᠢᠯᠲᠠ ᠶᠢᠨ ᠰᠢᠨ᠎ᠡ ᠬᠥᠳᠡᠯᠭᠡᠬᠦ ᠬᠦᠢᠴᠣᠠ ᠢ | ᠪᠣᠶᠢᠵᠢᠭᠤᠯᠬᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠭᠦ ᠬᠤᠰᠢᠭᠤᠨ ᠤ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢ ᠲᠥᠯᠥᠪᠵᠢᠭᠦᠯᠦᠨ ᠪᠠᠶᠢᠷᠢᠯᠠᠭᠤᠯᠵᠤ᠂ ᠳᠡᠭᠡᠳᠦ ᠱᠠᠲᠤᠨ ᠤ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠦᠢᠭᠵᠢᠯᠲᠠ ᠶᠢᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠨ᠂ ᠲᠦᠷᠦ ᠶᠢᠨ ᠪᠣᠳᠣᠯᠭ᠎ᠠ ᠠᠵᠤ | ᠦᠢᠯᠡᠰ ᠤᠨ ᠳᠡᠰ ᠳᠡᠪᠰᠢᠬᠦ᠂ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ᠎ᠠ᠃ | ︵ᠠᠷᠪᠠᠨ ᠬᠤᠶᠠᠷ︶ ᠠᠵᠤ ᠠᠬᠤᠢ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ | ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠳᠤ ᠬᠤᠯᠪᠣᠭᠳᠠᠬᠤ ᠡᠯ᠎ᠡ ᠲᠥᠷᠥᠯ ᠤᠨ ᠲᠦᠭᠰᠢᠭᠦᠷᠢ ᠶᠢᠨ ᠳᠠᠯᠳᠠ | ᠬᠡᠮ ᠢ ᠮᠥᠷᠳᠡᠨ ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ᠃ ᠠᠵᠤ ᠠᠬᠤᠢ᠂ ᠠᠮᠢ ᠠᠬᠤᠢ᠂ ᠡᠬᠢ ᠪᠠᠶᠠᠯᠢᠭ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠤᠯᠤᠰ ᠤᠨ ᠠᠮᠤᠷ ᠲᠦᠪᠰᠢᠨ ᠤ ᠠᠵᠢᠯ ᠢ ᠵᠣᠬᠢᠴᠠᠩᠭᠤᠢ ᠪᠠᠷ ᠬᠥᠭᠵᠢᠭᠦᠯᠬᠦ ᠰᠠᠨᠠᠭᠤᠯᠭ᠎ᠠ ᠶᠢ ᠳᠤᠷᠠᠳᠤᠨ ᠭᠠᠷᠭᠠᠪᠠ᠃ ᠠᠵᠤ | ᠠᠬᠤᠢ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠡᠷᠦᠩᠬᠡᠢ ᠬᠡᠮᠵᠢᠶᠡᠨ ᠤ ᠲᠥᠯᠥᠪᠯᠡᠭᠡ ᠳᠤ | ᠲᠣᠬᠢᠷᠠᠭᠤᠯᠤᠯᠲᠠ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠥᠭᠡᠴᠡ ᠡᠳ᠋ ᠪᠣᠳᠠᠰ ᠤᠨ ᠶᠡᠷᠦᠩᠬᠡᠢ ᠬᠥᠭᠵᠢᠯᠲᠡ ᠶᠢᠨ ᠲᠥᠯᠦᠪᠵᠢᠭᠦᠯᠭᠡ᠂ | ᠳᠦᠷᠦᠯ ᠵᠦᠢᠯ ᠤᠨ ᠭᠠᠷᠴᠠᠭ ᠢ ᠲᠤᠭᠤᠷᠪᠢᠨ ᠲᠣᠭᠲᠠᠭᠠᠨ᠎ᠠ᠃ | ︵ᠠᠷᠪᠠᠨ ᠭᠤᠷᠪᠠ︶ ᠪᠥᠬᠦ ᠬᠤᠰᠢᠭᠤᠨ ᠤ ᠨᠡᠶᠢᠭᠡᠮ ᠤᠨ ᠬᠥᠭᠵᠢᠯᠲᠡ ᠬᠢᠭᠡᠳ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠲᠥᠷᠥ ᠶᠢᠨ | ᠪᠣᠳᠣᠯᠭ᠎ᠠ ᠶᠢᠨ ᠵᠣᠯᠭᠠᠯᠴᠠᠭ᠎ᠠ ᠶᠢ ᠬᠠᠷᠢᠭᠤᠴᠠᠵᠤ᠂ ᠬᠠᠮᠢᠶ᠎ᠠ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠨᠡᠶᠢᠭᠡᠮ ᠤᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠶᠡᠷᠦᠩᠬᠡᠢ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠪᠠ ᠣᠷᠣᠯᠭ᠎ᠠ ᠶᠢᠨ ᠬᠤᠪᠢᠶᠠᠷᠢᠯᠠᠯᠲᠠ ᠬᠡᠷᠡᠭᠯᠡᠭᠡᠨ ᠤ ᠳᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠲᠡᠭᠦᠯᠳᠡᠷᠵᠢᠭᠦᠯᠬᠦ ᠲᠦᠷᠦ ᠶᠢᠨ | ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠥᠷᠨᠢᠭᠦᠯᠦᠨ᠎ᠡ᠃ | ︵ᠠᠷᠪᠠᠨ ᠳᠥᠷᠪᠡ︶ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠬᠠᠷᠠᠯᠲᠠ ᠶᠢ ᠰᠢᠯᠭᠠᠨ ᠦᠨᠡᠯᠡᠬᠦ ᠪᠠ | ᠳᠦᠷᠢᠮ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠵᠣᠬᠢᠶᠠᠨ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠬᠦ᠂ | ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ | ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠪᠠ ᠰᠠᠨᠠᠭᠤᠯᠭ᠎ᠠ ᠶᠢ ᠳᠤᠷᠠᠳᠤᠨ᠎ᠠ᠃ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠪᠠ ᠨᠤᠲᠤᠭ ᠪᠡᠯᠴᠢᠭᠡᠷ᠂ ᠤᠰᠤᠨ | ᠠᠰᠢᠭᠯᠠᠯᠲᠠ᠂ ᠴᠠᠭ ᠠᠭᠤᠷ᠂ ᠠᠮᠢ ᠠᠬᠤᠢ ᠵᠡᠷᠭᠡ ᠶᠢᠨ ᠬᠥᠭᠵᠢᠯᠲᠡ ᠶᠢᠨ ᠲᠥᠯᠦᠪᠵᠢᠭᠦᠯᠭᠡ᠂ ᠲᠥᠯᠥᠪᠯᠡᠭᠡ ᠶᠢ ᠵᠣᠯᠭᠠᠭᠤᠯᠤᠨ ᠲᠡᠩᠴᠡᠭᠦᠷᠢᠰᠢᠭᠦᠯᠵᠦ᠂ ᠴᠢᠬᠤᠯᠠ | ᠶᠡᠭᠡ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠲᠣᠭᠲᠠᠴᠠ ᠶᠢ ᠪᠦᠷᠢᠨᠰᠢᠭᠦᠯᠬᠦ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠴᠤ᠂ ᠣᠷᠴᠢᠨ ᠠᠬᠤᠢ ᠶᠢᠨ | ᠬᠠᠮᠠᠭᠠᠯᠠᠯᠲᠠ ᠶᠢᠨ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ | ︵ᠠᠷᠪᠠᠨ ᠲᠠᠪᠤ︶ ᠣᠷᠣᠨ ᠪᠦᠰᠡ ᠶᠢᠨ ᠬᠤᠭᠤᠷᠣᠨᠳᠣᠬᠢ᠂ ᠠᠵᠤ ᠦᠢᠯᠡᠰ ᠤᠨ ᠬᠤᠭᠤᠷᠣᠨᠳᠣᠬᠢ ᠬᠠᠮᠵᠢᠯᠴᠠᠨ ᠬᠥᠭᠵᠢᠬᠦ ᠪᠠ ᠬᠤᠷᠰᠢᠯᠴᠠᠬᠤ ᠶᠢ | ᠨᠢᠭᠡᠳᠦᠯᠲᠡᠢ ᠲᠥᠯᠥᠪᠯᠡᠨ ᠰᠤᠳᠤᠯᠵᠤ᠂ ᠣᠷᠣᠨ ᠪᠦᠰᠡ ᠶᠢᠨ ᠠᠵᠤ ᠠᠬᠤᠢ ᠶᠢᠨ ᠬᠠᠮᠵᠢᠯᠴᠠᠭ᠎ᠠ ᠶᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ | ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ | ᠮᠠᠨᠳᠤᠭᠤᠯᠬᠤ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠰᠢᠯᠠᠭᠤᠯᠤᠨ᠎ᠠ᠃ ᠣᠷᠣᠨ ᠪᠦᠰᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠪᠥᠬᠦ ᠬᠤᠰᠢᠭᠤᠨ ᠤ | ᠳᠣᠲᠣᠨ᠎ᠠ ᠭᠠᠳᠠᠨᠠᠬᠢ ᠠᠵᠤ ᠠᠬᠤᠢ ᠶᠢᠨ ᠬᠠᠮᠲᠤᠷᠠᠯᠴᠠᠭᠠᠨ ᠤ ᠰᠠᠨᠠᠯ ᠵᠥᠪᠯᠡᠯᠴᠡᠭᠡᠷ ᠢ ᠨᠢᠭᠡᠳᠦᠯᠲᠡᠢ ᠲᠥᠯᠥᠪᠯᠡᠨ ᠳᠤᠷᠠᠳᠴᠤ᠂ ᠪᠥᠬᠦ ᠬᠤᠰᠢᠭᠤᠨ ᠤ ᠪᠡᠯᠡ | ᠣᠷᠣᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠤᠯᠠᠨ ᠤᠯᠤᠰ ᠤᠨ ᠬᠤᠭᠤᠷᠣᠨᠳᠣᠬᠢ ᠠᠵᠤ ᠠᠬᠤᠢ ᠶᠢᠨ | ᠰᠣᠯᠢᠯᠴᠠᠭ᠎ᠠ ᠬᠠᠮᠲᠤᠷᠠᠯᠴᠠᠭ᠎ᠠ ᠳᠤ ᠣᠷᠣᠯᠴᠠᠨ᠎ᠠ᠃ ᠬᠠᠷᠢᠶ᠎ᠠ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ | ︵ᠠᠷᠪᠠᠨ ᠵᠢᠷᠭᠤᠭ᠎ᠠ︶ ᠣᠷᠣᠨ ᠪᠦᠰᠡ ᠶᠢᠨ ᠴᠢᠨᠠᠷᠲᠠᠢ ᠭᠠᠵᠠᠷ ᠣᠷᠣᠨ ᠤ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ᠂ ᠬᠡᠷᠡᠭᠵᠢᠭᠦᠯᠬᠦ | ᠲᠥᠰᠥᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃ ᠤᠯᠤᠰ ᠤᠨ ᠭᠠᠵᠠᠷ ᠰᠢᠷᠣᠢ ᠶᠢ ᠴᠡᠭᠴᠡᠯᠡᠨ ᠵᠠᠰᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ | ᠲᠥᠷᠥ ᠶᠢᠨ ᠪᠣᠳᠣᠯᠭ᠎ᠠ ᠶᠢ ᠵᠣᠬᠢᠴᠠᠭᠤᠯᠵᠤ᠂ ᠤᠰᠤᠨ ᠤ ᠡᠬᠢ ᠪᠠᠶᠠᠯᠢᠭ ᠢ ᠲᠡᠩᠴᠡᠭᠦᠷᠢᠲᠡᠢ ᠪᠠᠶᠢᠯᠭᠠᠬᠤ ᠪᠠ ᠠᠷᠪᠢᠯᠠᠨ ᠭᠠᠮᠨᠠᠬᠤ᠂ ᠭᠠᠵᠠᠷ ᠰᠢᠷᠣᠢ ᠬᠢᠭᠡᠳ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠯᠦᠪᠵᠢᠭᠦᠯᠭᠡ ᠪᠠ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠨ᠎ᠠ᠃ | ᠭᠤᠣᠯᠳᠠᠯᠭ᠎ᠠ ᠲᠠᠢ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠰᠠᠪᠠ ᠭᠠᠵᠠᠷ ᠤᠨ ᠠᠵᠤ ᠠᠬᠤᠢ ᠶᠢᠨ ᠬᠥᠭᠵᠢᠯᠲᠡ ᠳᠤ ᠣᠷᠣᠯᠴᠠᠨ᠎ᠠ᠃ | ︵ᠠᠷᠪᠠᠨ ᠳᠣᠯᠤᠭ᠎ᠠ︶ ᠪᠥᠬᠦ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠥᠯᠦᠪᠵᠢᠭᠦᠯᠭᠡ᠂ ᠣᠨ ᠤ ᠬᠥᠭᠵᠢᠯᠲᠡ ᠶᠢᠨ | ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠳᠠᠬᠢ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ | ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠤᠭᠤᠳᠴᠤ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ | ᠪᠠ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ | ︵ᠠᠷᠪᠠᠨ ᠨᠠᠢᠮᠠ︶ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠬᠠᠷᠢᠭᠤᠴᠠᠨ ᠪᠠᠲᠤᠯᠠᠵᠤ᠂ ᠪᠥᠬᠦ ᠬᠤᠰᠢᠭᠤᠨ ᠤ ᠠᠵᠤ | ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠬᠦ᠂ ᠵᠠᠳᠠᠯᠬᠤ᠂ ᠲᠥᠰᠥᠭᠡᠯᠡᠬᠦ᠂ ᠵᠣᠬᠢᠴᠠᠭᠤᠯᠬᠤ ᠵᠢᠴᠢ ᠬᠤᠷᠸ᠎ᠠ ᠲᠣᠬᠢᠷᠠᠭᠤᠯᠤᠯ ᠡᠵᠡᠮᠳᠡᠯ ᠤᠨ | ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠳᠤᠮᠳᠠ ᠣᠷᠣᠰᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠵᠣᠬᠢᠶᠠᠨ | ᠪᠠᠶᠢᠭᠤᠯᠤᠨ ᠵᠣᠬᠢᠴᠠᠭᠤᠯᠤᠨ ᠰᠢᠢᠳᠪᠦᠷᠢᠯᠡᠵᠦ᠂ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠠᠵᠤ | ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠬᠠᠷᠢᠭᠤᠴᠠᠨ᠎ᠠ᠃ | ︵ᠠᠷᠪᠠ ᠶᠢᠰᠦ︶ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠤᠯᠠᠮᠵᠢᠯᠠᠯᠲᠤ ᠠᠵᠤ | ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠰᠠᠨᠠᠭᠤᠯᠭ᠎ᠠ ᠶᠢ ᠳᠤᠷᠠᠳᠪᠠ᠃ | ᠭᠤᠣᠯᠳᠠᠯᠭ᠎ᠠ ᠲᠠᠢ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ ᠳᠦᠷᠢᠮ ᠢ ᠨᠠᠶᠢᠳᠠᠪᠤᠷᠢᠵᠢᠭᠤᠯᠤᠨ᠂ ᠠᠵᠤ ᠦᠢᠯᠡᠳᠪᠦᠷᠢ ᠶᠢᠨ ᠪᠠᠶᠢᠷᠢᠰᠢᠯ ᠤᠨ | ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠠᠪᠤᠰᠤᠨ ᠤ ᠦᠢᠯᠡᠰ ᠤᠨ ᠠᠵᠢᠯ ᠲᠥᠷᠥᠯ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ | ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ᠂ ᠲᠡᠮᠦᠷᠯᠢᠭ ᠬᠠᠶᠢᠯᠤᠭᠤᠯᠬᠤ ᠠᠵᠢᠯ ᠲᠥᠷᠥᠯ᠂ ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠥᠷᠥᠯ᠂ | ᠬᠡᠷᠡᠭᠯᠡᠭᠡᠨ ᠤ ᠡᠳ᠋ ᠤᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠡᠷᠡᠭᠵᠢᠭᠦᠯᠦᠨ᠎ᠡ᠃ ᠬᠠᠤᠯᠢ ᠶᠣᠰᠣᠭᠠᠷ | ᠪᠥᠬᠦ ᠬᠤᠰᠢᠭᠤᠨ ᠤ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | | ︵ᠬᠤᠷᠢ︶ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠵᠢᠯᠣᠭᠤᠳᠤᠨ᠎ᠠ᠃ ᠪᠥᠬᠦ ᠬᠤᠰᠢᠭᠤᠨ ᠤ ᠠᠵᠤ ᠦᠢᠯᠡᠳᠪᠦᠷᠢ ᠶᠢᠨ | ᠡᠨᠧᠷᠭᠢ ᠶᠢ ᠠᠷᠪᠢᠯᠠᠬᠤ ᠪᠠ ᠪᠣᠬᠢᠷᠲᠤᠯ ᠦᠭᠡᠢ ᠬᠥᠭᠵᠢᠭᠦᠯᠬᠦ ᠵᠡᠷᠭᠡ ᠲᠥᠯᠦᠪᠵᠢᠭᠦᠯᠭᠡ ᠪᠠ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ | ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠠ ᠰᠢᠨ᠎ᠡ ᠦᠢᠯᠡᠳᠬᠦᠨ | ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ | ᠶᠢᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠳᠠᠬᠢᠯᠲᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠠᠵᠤ ᠦᠢᠯᠡᠰ ᠤᠨ | ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ | ᠪᠠᠶᠢᠭᠤᠯᠤᠯᠲᠠ ᠲᠠᠢ ᠬᠠᠮᠵᠢᠯᠴᠠᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠭᠤᠯᠤᠯᠲᠠ ᠶᠢᠨ | ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠳᠤ ᠬᠠᠮᠵᠢᠯᠴᠠᠨ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ | ᠰᠤᠳᠤᠯᠤᠯ ᠤᠨ ᠦᠷ᠎ᠡ ᠪᠦᠲᠦᠭᠡᠯ ᠤᠨ ᠠᠵᠤ ᠦᠢᠯᠡᠰᠴᠢᠯᠡᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ | ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠶᠢ ᠵᠢᠯᠣᠭᠤᠳᠤᠨ᠎ᠠ᠃ | ︵ᠬᠤᠷᠢᠨ ᠨᠢᠭᠡ︶ ᠠᠵᠤ ᠦᠢᠯᠡᠳᠪᠦᠷᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ | ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠪᠣᠯᠣᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ | ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠤ ᠦᠢᠯᠡᠳᠪᠦᠷᠢ ᠪᠣᠯᠣᠨ | ᠮᠡᠳᠡᠭᠡ ᠵᠠᠩᠭᠢᠵᠢᠭᠤᠯᠤᠯᠲᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠳᠤ ᠬᠠᠮᠵᠢᠯᠴᠠᠨ᠂ ᠬᠠᠮᠢᠶ᠎ᠠ ᠪᠦᠬᠦᠢ | ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠤᠨ ᠠᠵᠤ ᠦᠢᠯᠡᠰᠴᠢᠯᠡᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ | ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠶᠢ ᠵᠢᠯᠣᠭᠤᠳᠤᠨ᠎ᠠ᠃ | ︵ᠬᠤᠷᠢᠨ ᠬᠤᠶᠠᠷ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ | ᠬᠦᠷᠢᠶᠡᠨ ᠳᠠᠬᠢ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠬᠡᠷᠡᠭᠰᠡᠯ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ | ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢᠵᠢᠯᠲᠠ ᠵᠢᠴᠢ ᠮᠡᠳᠡᠭᠡ ᠵᠠᠩᠭᠢ ᠶᠢᠨ ᠠᠮᠤᠷ ᠲᠦᠪᠰᠢᠨ᠂ ᠡᠯᠧᠺᠲᠷᠣᠨ | ᠬᠤᠳᠠᠯᠳᠤᠭᠠᠨ ᠤ ᠶᠠᠪᠤᠳᠠᠯ᠂ ᠡᠯᠧᠺᠲᠷᠣᠨ ᠭᠡᠷᠡᠴᠢᠯᠡᠭᠡ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠰᠠᠭᠤᠷᠢ | ᠲᠥᠬᠦᠭᠡᠷᠦᠮᠵᠢ ᠶᠢ ᠬᠠᠮᠲᠤ ᠪᠠᠷ ᠪᠠᠶᠢᠭᠤᠯᠬᠤ ᠵᠢᠴᠢ ᠰᠦᠯᠵᠢᠶᠡᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠵᠣᠬᠢᠴᠠᠭᠤᠯᠤᠨ ᠵᠢᠯᠣᠭᠤᠳᠤᠨ᠎ᠠ᠃ | ︵ᠬᠤᠷᠢᠨ ᠭᠤᠷᠪᠠ︶ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠵᠤ | ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠬᠠᠮᠢᠶ᠎ᠠ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠪᠦᠭᠦ ᠬᠤᠰᠢᠭᠤᠨ ᠤ ᠠᠵᠤ ᠦᠢᠯᠡᠳᠪᠦᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢ | ᠵᠢᠯᠤᠭᠤᠳᠬᠤ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠠᠮᠢᠶ᠎ᠠ | ᠪᠦᠬᠦᠢ ᠠᠵᠢᠯ ᠢ ᠵᠣᠬᠢᠴᠠᠭᠤᠯᠤᠨ᠎ᠠ᠃ | ︵ᠬᠤᠷᠢᠨ ᠳᠥᠷᠪᠡ︶ ᠡᠨᠧᠷᠭᠢ ᠶᠢᠨ ᠰᠤᠷᠪᠤᠯᠵᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠲᠦᠯᠬᠢᠨ ᠠᠬᠢᠭᠤᠯᠵᠤ᠂ | ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠲᠥᠰᠥᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠪᠠ | ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠢ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠠᠷᠭ᠎ᠠ ᠬᠡᠮᠵᠢᠶᠡᠨ ᠤ ᠲᠤᠬᠠᠢ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠡᠨᠧᠷᠭᠢ ᠶᠢᠨ ᠰᠤᠷᠪᠤᠯᠵᠢ ᠶᠢᠨ | ᠬᠥᠭᠵᠢᠯᠲᠡ ᠶᠢᠨ ᠲᠥᠯᠦᠪᠵᠢᠭᠦᠯᠭᠡ ᠪᠠ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠬᠤᠷᠢᠨ ᠲᠠᠪᠤ︶ ᠪᠥᠬᠦ ᠬᠤᠰᠢᠭᠤᠨ ᠤ ᠨᠡᠭᠦᠷᠡᠰᠦ᠂ ᠴᠠᠬᠢᠯᠭᠠᠨ ᠬᠦᠴᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠰᠢᠨ᠎ᠡ ᠡᠨᠧᠷᠭᠢ | ᠪᠠ ᠳᠠᠬᠢᠨ ᠡᠭᠦᠰᠴᠦ ᠪᠣᠯᠬᠤ ᠡᠨᠧᠷᠭᠢ ᠵᠢᠴᠢ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠲᠦᠯᠡᠰᠢ ᠪᠣᠯᠭᠠᠬᠤ ᠪᠠ ᠰᠢᠲᠠᠭᠠᠯᠭ᠎ᠠ ᠶᠢᠨ ᠡᠲ᠋ᠢᠯ ᠠᠯᠺᠣᠣᠯ ᠵᠡᠷᠭᠡ | ᠠᠵᠢᠯ ᠲᠥᠷᠥᠯ ᠤᠨ ᠬᠠᠮᠢᠶᠠᠷᠤᠯᠲᠠ ᠶᠢ ᠡᠭᠦᠷᠭᠡᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠶᠢᠨ ᠬᠥᠭᠵᠢᠯᠲᠡ ᠶᠢᠨ ᠠᠵᠢᠯ ᠢ ᠵᠢᠯᠣᠭᠤᠳᠤᠨ | ᠵᠣᠬᠢᠴᠠᠭᠤᠯᠤᠨ᠎ᠠ᠃ | ︵ᠬᠤᠷᠢᠨ ᠵᠢᠷᠭᠤᠭ᠎ᠠ︶ ᠪᠥᠬᠦ ᠬᠤᠰᠢᠭᠤᠨ ᠤ ᠡᠨᠧᠷᠭᠢ ᠶᠢᠨ ᠴᠢᠬᠤᠯᠠ ᠶᠡᠭᠡ ᠲᠣᠨᠤᠭ ᠲᠥᠬᠦᠭᠡᠷᠦᠮᠵᠢ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ | ᠵᠢᠴᠢ ᠬᠠᠮᠢᠶ᠎ᠠ ᠪᠦᠬᠦᠢ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠵᠣᠬᠢᠶᠠᠨ ᠪᠠᠶᠢᠭᠤᠯᠤᠨ ᠠᠬᠢᠭᠤᠯᠵᠤ᠂ ᠡᠨᠧᠷᠭᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠳᠠᠪᠰᠢᠯᠲᠠ᠂ ᠢᠵᠢ ᠪᠦᠷᠢᠨ ᠲᠣᠨᠤᠭ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠰᠢᠩᠭᠡᠬᠡᠨ ᠰᠢᠨ᠎ᠡ ᠶᠢ ᠡᠭᠦᠳᠬᠦ ᠶᠢ ᠵᠢᠯᠤᠭᠤᠳᠴᠤ᠂ | ᠬᠠᠮᠢᠶ᠎ᠠ ᠪᠦᠬᠦᠢ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ ᠶᠢ | ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠬᠤᠷᠢᠨ ᠳᠣᠯᠤᠭ᠎ᠠ︶ ᠪᠥᠬᠦ ᠬᠤᠰᠢᠭᠤᠨ ᠤ ᠡᠨᠧᠷᠭᠢ ᠶᠢᠨ ᠠᠵᠢᠯ ᠲᠥᠷᠥᠯ ᠤᠨ ᠠᠵᠤ ᠠᠬᠤᠢ ᠶᠢᠨ ᠠᠵᠢᠯᠯᠠᠭᠠᠨ ᠤ ᠬᠢᠨᠠᠨ ᠰᠢᠨᠵᠢᠵᠦ ᠵᠠᠳᠠᠯᠤᠯᠲᠠ | ᠬᠢᠬᠦ ᠪᠠ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠨ᠎ᠠ᠃ ᠡᠨᠧᠷᠭᠢ ᠶᠢᠨ ᠰᠤᠷᠪᠤᠯᠵᠢ ᠶᠢᠨ ᠠᠵᠢᠯ ᠲᠦᠷᠦᠯ ᠤᠨ ᠡᠨᠧᠷᠭᠢ ᠠᠷᠪᠢᠯᠠᠬᠤ ᠪᠠ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠬᠠᠷᠢᠭᠤᠴᠠᠵᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠬᠠᠷᠠᠯᠲᠠ ᠶᠢᠨ | ᠰᠠᠨᠠᠭᠤᠯᠭ᠎ᠠ ᠶᠢ ᠰᠤᠳᠤᠯᠬᠤ ᠳᠤ ᠣᠷᠣᠯᠴᠠᠵᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠬᠤᠯᠪᠣᠭᠳᠠᠯ ᠪᠦᠬᠦᠢ ᠠᠵᠢᠯ ᠢ | ᠵᠢᠯᠣᠭᠤᠳᠤᠨ ᠵᠣᠬᠢᠴᠠᠭᠤᠯᠵᠤ᠂ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ | ᠵᠣᠯᠭᠠᠭᠤᠯᠤᠨ᠎ᠠ᠃ | ︵ᠬᠤᠷᠢᠨ ᠨᠠᠢᠮᠠ︶ ᠪᠥᠬᠦ ᠬᠤᠰᠢᠭᠤᠨ ᠤ ᠡᠨᠧᠷᠭᠢ ᠶᠢᠨ ᠨᠡᠭᠡᠭᠡᠨ ᠬᠥᠭᠵᠢᠭᠦᠯᠦᠯᠲᠡ᠂ ᠠᠵᠢᠯᠯᠠᠭᠠᠨ ᠪᠠ ᠬᠠᠮᠢᠶᠠᠷᠤᠯᠲᠠ ᠶᠢ ᠬᠠᠷᠢᠭᠤᠴᠠᠵᠤ᠂ | ᠡᠨᠧᠷᠭᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠨ᠎ᠠ᠃ ᠡᠨᠧᠷᠭᠢ ᠶᠢᠨ ᠰᠤᠷᠪᠤᠯᠵᠢ ᠲᠠᠢ ᠬᠤᠯᠪᠣᠭᠳᠠᠬᠤ ᠡᠬᠢ ᠪᠠᠶᠠᠯᠢᠭ᠂ ᠡᠳ᠋ ᠤᠨ | ᠵᠠᠰᠠᠭ ᠭᠠᠶᠢᠯᠢ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠣᠷᠣᠯᠴᠠᠨ᠎ᠠ᠃ ᠪᠥᠬᠦ ᠬᠤᠰᠢᠭᠤᠨ ᠤ ᠡᠨᠧᠷᠭᠢ ᠶᠢᠨ ᠭᠠᠳᠠᠭᠠᠳᠤ | ᠯᠤᠭ᠎ᠠ ᠶᠢᠨ ᠬᠠᠮᠲᠤᠷᠠᠯᠴᠠᠭ᠎ᠠ ᠶᠢ ᠬᠠᠷᠢᠭᠤᠴᠠᠨ ᠥᠷᠨᠢᠭᠦᠯᠵᠦ᠂ ᠭᠠᠵᠠᠷ ᠣᠷᠣᠨ ᠤ ᠬᠤᠭᠤᠷᠣᠨᠳᠣᠬᠢ ᠪᠠ ᠬᠢᠯᠢ ᠶᠢᠨ ᠭᠠᠳᠠᠨᠠᠬᠢ ᠡᠨᠧᠷᠭᠢ ᠶᠢᠨ ᠨᠡᠭᠡᠭᠡᠨ ᠠᠰᠢᠭᠯᠠᠬᠤ | ᠠᠵᠢᠯ ᠢ ᠵᠣᠬᠢᠴᠠᠭᠤᠯᠤᠨ᠎ᠠ᠃ | ︵ᠬᠤᠷᠢ ᠶᠢᠰᠦ︶ ᠪᠥᠬᠦ ᠬᠤᠰᠢᠭᠤᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ | ᠬᠤᠭᠤᠯᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠢ ᠴᠡᠭᠴᠡᠯᠡᠨ ᠵᠠᠰᠠᠬᠤ | ᠠᠵᠢᠯ ᠢ ᠬᠠᠷᠢᠭᠤᠴᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ ᠪᠥᠬᠦ | ᠬᠤᠰᠢᠭᠤᠨ ᠤ ᠡᠨᠧᠷᠭᠢ ᠶᠢᠨ ᠠᠵᠢᠯ ᠲᠥᠷᠥᠯ ᠤᠨ ᠬᠦᠨᠳᠦ ᠣᠨᠴᠠ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ | ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠬᠠᠮᠵᠢᠯᠴᠠᠨ ᠵᠣᠬᠢᠴᠠᠭᠤᠯᠤᠨ᠎ᠠ᠃ ᠪᠥᠬᠦ ᠬᠤᠰᠢᠭᠤᠨ ᠤ | ᠡᠨᠧᠷᠭᠢ ᠶᠢᠨ ᠤᠷᠢᠳᠴᠢᠯᠠᠨ ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠵᠤ᠂ ᠡᠨᠧᠷᠭᠢ ᠶᠢᠨ ᠠᠵᠢᠯᠯᠠᠭᠠᠨ ᠤ | ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠳᠤ ᠣᠷᠣᠯᠴᠠᠨ᠎ᠠ᠃ | | ︵ᠭᠤᠴᠢ︶ ᠪᠥᠬᠦ ᠬᠤᠰᠢᠭᠤᠨ ᠤ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ | ᠵᠠᠳᠠᠯᠬᠤ ᠶᠢ ᠬᠠᠷᠢᠭᠤᠴᠠᠵᠤ᠂ ᠴᠠᠬᠢᠯᠭᠠᠨ ᠬᠦᠴᠦᠨ ᠤ ᠠᠵᠢᠯᠯᠠᠭᠠᠨ ᠪᠠ ᠴᠠᠬᠢᠯᠭᠠᠨ ᠲᠣᠣᠷ ᠤᠨ ᠠᠵᠢᠯᠯᠠᠭᠠᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ ᠪᠥᠬᠦ ᠬᠤᠰᠢᠭᠤᠨ ᠤ ᠴᠠᠬᠢᠯᠭᠠᠨ ᠬᠦᠴᠦᠨ ᠤ ᠲᠥᠬᠦᠭᠡᠷᠦᠮᠵᠢ ᠶᠢ ᠬᠠᠮᠠᠭᠠᠯᠠᠬᠤ ᠪᠠ ᠴᠠᠬᠢᠯᠭᠠᠨ ᠬᠦᠴᠦᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ ᠪᠥᠬᠦ ᠬᠤᠰᠢᠭᠤᠨ ᠤ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ ᠠᠮᠤᠷ | ᠲᠦᠪᠰᠢᠨ ᠪᠠ ᠴᠠᠬᠢᠯᠭᠠᠨ ᠬᠦᠴᠦᠨ ᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠴᠡᠭᠡ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠴᠢᠨ ᠨᠢᠭᠡ︶ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠪᠠᠶᠢᠳᠠᠯ ᠢ ᠮᠥᠷᠳᠡᠨ ᠣᠶᠢᠯᠠᠭᠠᠬᠤ ᠪᠠ ᠵᠠᠳᠠᠯᠵᠤ ᠰᠤᠳᠤᠯᠤᠨ ᠮᠠᠭᠠᠳᠯᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠠᠷᠠᠳ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠯᠤᠭ᠎ᠠ ᠶᠢᠨ ᠪᠠᠶᠢᠩᠭᠤ ᠶᠢᠨ ᠴᠢᠨᠠᠷᠲᠠᠢ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠤᠨ᠂ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠶᠢ ᠵᠣᠬᠢᠴᠠᠭᠤᠯᠤᠨ ᠳᠡᠮᠵᠢᠨ᠎ᠡ᠃ ᠬᠤᠰᠢᠭᠤᠨ ᠤ ᠭᠤᠣᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠲᠠᠢ ᠰᠢᠭᠤᠳ ᠬᠠᠷᠢᠯᠴᠠᠬᠤ ᠶᠢ ᠬᠠᠷᠢᠭᠤᠴᠠᠨ᠎ᠠ᠃ | ︵ᠭᠤᠴᠢᠨ ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠨᠥᠭᠡᠴᠡ ᠶᠢᠨ ᠶᠡᠷᠦᠩᠬᠡᠢ ᠬᠥᠭᠵᠢᠯᠲᠡ ᠶᠢᠨ | ᠲᠥᠯᠦᠪᠵᠢᠭᠦᠯᠭᠡ ᠪᠠ ᠲᠥᠷᠥᠯ ᠵᠦᠢᠯ ᠤᠨ ᠭᠠᠷᠴᠠᠭ ᠢ ᠦᠨᠳᠦᠰᠦᠯᠡᠨ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠴᠢᠬᠤᠯᠠ ᠨᠥᠭᠡᠴᠡ ᠶᠢᠨ ᠡᠳ᠋ | ᠪᠣᠳᠠᠰ ᠢ ᠬᠤᠷᠢᠶᠠᠨ ᠬᠠᠳᠠᠭᠠᠯᠠᠬᠤ᠂ ᠡᠭᠡᠯᠵᠢᠯᠡᠨ ᠰᠣᠯᠢᠬᠤ ᠲᠥᠯᠥᠪᠯᠡᠭᠡ ᠶᠢ ᠨᠢᠭᠡᠳᠦᠯᠲᠡᠢ ᠲᠥᠯᠥᠪᠯᠡᠨ ᠳᠤᠷᠠᠳᠴᠤ᠂ ᠲᠥᠰᠥᠯ᠂ ᠠᠷᠭ᠎ᠠ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ ᠶᠠᠪᠤᠭᠳᠠᠭᠤᠯᠤᠨ᠎ᠠ᠃ ᠠᠮᠤ ᠪᠤᠳᠠᠭᠠᠨ ᠤ | ᠭᠦᠢᠯᠭᠡᠭᠡᠨ ᠤ ᠬᠤᠷᠸ᠎ᠠ ᠲᠣᠬᠢᠷᠠᠭᠤᠯᠤᠯ ᠡᠵᠡᠮᠳᠡᠯ ᠤᠨ ᠪᠣᠳᠠᠲᠠᠢ ᠠᠵᠢᠯ ᠢ ᠡᠭᠦᠷᠭᠡᠯᠡᠵᠦ᠂ ᠠᠮᠤ ᠪᠤᠳᠠᠭ᠎ᠠ ᠪᠣᠯᠣᠨ ᠨᠥᠭᠡᠴᠡ ᠡᠳ᠋ ᠪᠣᠳᠠᠰ ᠤᠨ ᠬᠠᠩᠭᠠᠯᠭ᠎ᠠ | ᠬᠡᠷᠡᠭᠴᠡᠭᠡ ᠶᠢᠨ ᠬᠤᠪᠢᠷᠠᠯᠲᠠ ᠶᠢ ᠬᠢᠨᠠᠨ ᠬᠡᠮᠵᠢᠨ᠎ᠡ᠃ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠨᠥᠭᠡᠴᠡᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ | ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠭᠤᠴᠢᠨ ᠭᠤᠷᠪᠠ︶ ᠠᠮᠤ ᠪᠤᠳᠠᠭ᠎ᠠ᠂ ᠢᠳᠡᠰᠢᠨ ᠲᠣᠰᠣ᠂ ᠡᠮ ᠤᠨ ᠵᠦᠢᠯ ᠪᠠ ᠭᠠᠮᠰᠢᠭ ᠠᠴᠠ ᠠᠪᠤᠷᠠᠬᠤ ᠵᠡᠷᠭᠡ ᠬᠤᠯᠪᠣᠭᠳᠠᠯ ᠪᠦᠬᠦᠢ ᠡᠳ᠋ | ᠪᠣᠳᠠᠰ ᠤᠨ ᠨᠥᠭᠡᠴᠡᠯᠡᠯᠲᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢ ᠡᠭᠦᠷᠭᠡᠯᠡᠨ᠎ᠡ᠃ ᠠᠮᠤ ᠪᠤᠳᠠᠭ᠎ᠠ ᠪᠠ ᠡᠳ᠋ ᠪᠣᠳᠠᠰ ᠢ ᠨᠥᠭᠡᠴᠡᠯᠡᠨ ᠬᠠᠳᠠᠭᠠᠯᠠᠬᠤ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠦᠷᠦ ᠶᠢᠨ | ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠪᠠ ᠴᠡᠷᠢᠭ ᠤᠨ ᠠᠮᠤ ᠬᠦᠨᠡᠰᠦᠨ ᠤ ᠬᠠᠩᠭᠠᠯᠭ᠎ᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ | ᠨᠥᠭᠡᠴᠡᠯᠡᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ᠂ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠰᠠᠭᠤᠷᠢ | ᠲᠥᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ᠂ ᠨᠥᠭᠡᠴᠡᠯᠡᠯᠲᠡ ᠶᠢᠨ ᠰᠠᠭᠤᠷᠢ ᠲᠥᠬᠦᠭᠡᠷᠦᠮᠵᠢ | ᠂ ᠠᠮᠤ ᠪᠤᠳᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠠᠮᠤ ᠪᠤᠳᠠᠭᠠᠨ ᠤ ᠭᠦᠢᠯᠭᠡᠭᠡᠨ ᠤ ᠠᠵᠢᠯ ᠲᠦᠷᠦᠯ ᠤᠨ ᠬᠠᠮᠢᠶᠠᠷᠤᠯᠲᠠ ᠪᠠ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠰᠢᠰᠲ᠋ᠧᠮ ᠤᠨ | ᠪᠠᠶᠢᠭᠤᠯᠤᠯᠲᠠ ᠶᠢ ᠡᠭᠦᠷᠭᠡᠯᠡᠵᠦ᠂ ᠠᠵᠢᠯ ᠲᠦᠷᠦᠯ ᠤᠨ ᠬᠥᠭᠵᠢᠯᠲᠡ ᠶᠢᠨ ᠲᠥᠯᠦᠪᠵᠢᠭᠦᠯᠭᠡ ᠪᠠ ᠠᠷᠭ᠎ᠠ ᠬᠡᠮᠵᠢᠶ᠎ᠡ ᠶᠢ ᠲᠣᠭᠲᠠᠭᠠᠵᠤ᠂ ᠠᠮᠤ ᠪᠤᠳᠠᠭᠠᠨ ᠤ ᠭᠦᠢᠯᠭᠡᠭᠡ | ᠪᠠ ᠡᠳ᠋ ᠪᠣᠳᠠᠰ ᠨᠥᠭᠡᠴᠡᠯᠡᠬᠦ ᠪᠠᠷᠢᠮᠵᠢᠶ᠎ᠠ᠂ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠮᠡᠷᠭᠡᠵᠢᠯ ᠤᠨ | ᠵᠢᠷᠤᠮᠵᠢᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | ︵ᠭᠤᠴᠢᠨ ᠳᠥᠷᠪᠡ︶ ᠠᠮᠤ ᠪᠤᠳᠠᠭᠠᠨ ᠤ ᠭᠦᠢᠯᠭᠡᠭᠡᠨ ᠳᠤ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠬᠦ ᠠᠵᠢᠯ ᠢ | ᠬᠠᠤᠯᠢ ᠶᠣᠰᠣᠭᠠᠷ ᠵᠣᠬᠢᠶᠠᠨ ᠪᠠᠶᠢᠭᠤᠯᠪᠠ᠃ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠠᠩᠭᠢᠯᠠᠭ᠎ᠠ ᠶᠢᠨ ᠠᠮᠤ ᠪᠤᠳᠠᠭᠠᠨ ᠤ ᠶᠠᠰᠤ | ᠴᠢᠨᠠᠷ ᠤᠨ ᠠᠶᠤᠯᠭᠦᠢ ᠪᠠ ᠬᠠᠷ᠎ᠠ ᠠᠮᠤ ᠶᠢᠨ ᠠᠷᠢᠭᠤᠨ ᠴᠡᠪᠡᠷ ᠤᠨ ᠬᠢᠨᠠᠯᠲᠠ ᠬᠠᠮᠢᠶᠠᠷᠤᠯᠲᠠ ᠵᠢᠴᠢ ᠠᠮᠤ ᠪᠤᠳᠠᠭ᠎ᠠ ᠲᠤᠰᠤᠨ ᠤ ᠶᠠᠰᠤ ᠴᠢᠨᠠᠷ ᠤᠨ ᠠᠶᠤᠯᠭᠦᠢ ᠶᠢᠨ | ᠡᠡ᠊ᠨᠳᠡᠯ ᠬᠢᠭᠡᠳ ᠵᠢᠭᠤᠷᠠᠯᠳᠤᠭᠠᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃ ᠠᠮᠤ ᠪᠤᠳᠠᠭᠠᠨ ᠤ ᠭᠦᠢᠯᠭᠡᠭᠡᠨ ᠤ ᠠᠵᠢᠯ ᠲᠥᠷᠥᠯ ᠤᠨ ᠠᠶᠤᠯ ᠦᠭᠡᠢ | ᠦᠢᠯᠡᠳᠪᠦᠷᠢᠯᠡᠯ ᠤᠨ ᠠᠵᠢᠯ ᠤᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠵᠦ᠂ ᠠᠮᠤ ᠪᠤᠳᠠᠭ᠎ᠠ᠂ ᠡᠮ ᠤᠨ ᠵᠦᠢᠯ ᠢ ᠨᠥᠭᠡᠴᠡᠯᠡᠬᠦ ᠪᠠ ᠭᠠᠮᠰᠢᠭ ᠠᠴᠠ ᠠᠪᠤᠷᠠᠬᠤ | ᠪᠠᠷᠠᠭ᠎ᠠ ᠨᠥᠭᠡᠴᠡᠯᠡᠬᠦ᠂ ᠳᠠᠭᠠᠭᠠᠨ ᠨᠥᠭᠡᠴᠡᠯᠡᠬᠦ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠢ ᠶᠢᠨ ᠬᠦᠭᠵᠢᠡᠯᠲᠡ ᠶᠢ ᠠᠬᠢᠭᠤᠯᠤᠨ᠎ᠠ᠃ | ︵ᠭᠤᠴᠢᠨ ᠲᠠᠪᠤ︶ ᠡᠷᠬᠡ ᠮᠡᠳᠡᠯ ᠤᠨ ᠬᠡᠪᠴᠢᠶᠡᠨ ᠳᠠᠬᠢ ᠳᠠᠪᠤᠰᠤᠨ ᠤ ᠦᠢᠯᠡᠰ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠲᠦᠭᠦᠬᠡᠢ | ᠮᠠᠲ᠋ᠧᠷᠢᠶᠠᠯ ᠤᠨ ᠠᠵᠤ ᠦᠢᠯᠡᠳᠪᠦᠷᠢ᠂ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ᠂ ᠠᠮᠤ ᠪᠤᠳᠠᠭᠠᠨ ᠤ | ᠭᠦᠢᠯᠭᠡᠭᠡᠨ ᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠢᠴᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠯᠤᠭ᠎ᠠ ᠬᠤᠯᠪᠣᠭᠳᠠᠬᠤ ᠵᠠᠰᠠᠭ ᠵᠠᠬᠢᠷᠭᠠᠨ ᠤ | ᠪᠠᠶᠢᠴᠠᠭᠠᠯᠲᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ | ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ︵ᠭᠤᠴᠢᠨ ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠵᠢᠷᠭᠤᠳᠤᠭᠠᠷ ᠵᠦᠢᠯ ᠪᠤᠰᠤᠳ ᠰᠠᠯᠠᠭ᠎ᠠ ᠮᠥᠴᠢᠷ ᠯᠦᠭᠡ ᠶᠢᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄ | 1. ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠥᠮᠥᠨ ᠠᠮᠠ ᠶᠢᠨ | ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ ᠬᠠᠷᠢᠭᠤᠴᠠᠵᠤ᠂ ᠬᠥᠮᠥᠨ ᠠᠮᠠ ᠶᠢ ᠤᠷᠢᠳᠴᠢᠯᠠᠨ | ᠵᠢᠱᠢᠵᠦ ᠤᠷᠢᠳᠴᠢᠯᠠᠨ ᠮᠡᠳᠡᠭᠡᠯᠡᠬᠦ ᠳᠦᠷᠢᠮ ᠢ ᠪᠠᠶᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠥᠮᠥᠨ ᠠᠮᠠ ᠶᠢᠨ ᠨᠥᠯᠥᠭᠡ ᠶᠢ ᠦᠨᠡᠯᠡᠨ ᠵᠢᠱᠢᠬᠦ | ᠠᠵᠢᠯ ᠢ ᠥᠷᠨᠢᠭᠦᠯᠵᠦ᠂ ᠬᠥᠮᠥᠨ ᠠᠮᠠ ᠶᠢᠨ ᠬᠥᠭᠵᠢᠯᠲᠡ ᠶᠢᠨ ᠴᠢᠬᠤᠯᠠ ᠶᠡᠭᠡ ᠲᠥᠯᠦᠪᠵᠢᠭᠦᠯᠭᠡ ᠪᠠ ᠬᠥᠮᠥᠨ ᠠᠮᠠ ᠶᠢᠨ ᠲᠤᠬᠠᠢ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠬᠥᠮᠥᠨ ᠠᠮᠠ ᠬᠢᠭᠡᠳ ᠠᠵᠤ ᠠᠬᠤᠢ᠂ ᠨᠡᠶᠢᠭᠡᠮ᠂ ᠡᠬᠢ ᠪᠠᠶᠠᠯᠢᠭ᠂ ᠣᠷᠴᠢᠨ ᠠᠬᠤᠢ ᠶᠢᠨ ᠵᠣᠬᠢᠴᠠᠩᠭᠤᠢ ᠦᠷᠭᠦᠯᠵᠢᠯᠡᠬᠦ ᠬᠥᠭᠵᠢᠯᠲᠡ ᠵᠢᠴᠢ | ᠬᠥᠮᠥᠨ ᠠᠮᠠ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠰᠤᠳᠤᠯᠤᠨ ᠳᠤᠷᠠᠳᠤᠨ᠎ᠠ᠃ | ︵2︶ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠥᠮᠥᠨ ᠠᠮᠠ ᠶᠢᠨ ᠬᠢᠨᠠᠨ ᠬᠡᠮᠵᠢᠯᠲᠡ ᠶᠢᠨ ᠤᠷᠢᠳᠴᠢᠯᠠᠨ ᠰᠡᠷᠡᠮᠵᠢᠯᠡᠭᠦᠯᠬᠦ | ᠠᠵᠢᠯ ᠢ ᠬᠠᠷᠢᠭᠤᠴᠠᠨ ᠥᠷᠨᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠦᠷᠡᠵᠢᠯ ᠯᠦᠭᠡ ᠬᠤᠯᠪᠣᠭᠳᠠᠬᠤ ᠬᠥᠮᠥᠨ ᠠᠮᠠ ᠶᠢᠨ | ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ | ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠠᠵᠤ ᠠᠬᠤᠢ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠢᠵᠢ ᠪᠦᠷᠢᠳᠦᠭᠦᠯᠦᠨ ᠵᠣᠯᠭᠠᠭᠤᠯᠬᠤ ᠶᠢ ᠠᠬᠢᠭᠤᠯᠤᠨ᠂ | ᠬᠥᠮᠥᠨ ᠠᠮᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ | ᠬᠥᠯᠥᠨ ᠪᠤᠶᠢᠷ ᠬᠤᠲᠠ ᠪᠠ ᠪᠥᠬᠦ ᠬᠤᠰᠢᠭᠤᠨ ᠤ ᠬᠥᠮᠥᠨ ᠠᠮᠠ ᠶᠢᠨ ᠬᠥᠭᠵᠢᠯᠲᠡ ᠶᠢᠨ ᠲᠥᠯᠦᠪᠵᠢᠭᠦᠯᠭᠡ ᠳᠠᠬᠢ ᠬᠠᠮᠢᠶ᠎ᠠ ᠪᠦᠬᠦᠢ ᠡᠭᠦᠷᠭᠡ ᠶᠢ | ᠨᠠᠶᠢᠳᠠᠪᠤᠷᠢᠵᠢᠭᠤᠯᠤᠨ᠎ᠠ᠃ | 2. ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠯᠤᠭ᠎ᠠ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠵᠠᠰᠠᠭ ᠤᠨ | ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠥᠯᠥᠪᠯᠡᠭᠡ ᠶᠢ ᠨᠢᠭᠡᠳᠦᠯᠲᠡᠢ ᠲᠥᠯᠥᠪᠯᠡᠨ ᠳᠤᠷᠠᠳᠬᠤ ᠶᠢ ᠬᠠᠷᠢᠭᠤᠴᠠᠨ᠎ᠠ᠃ ᠵᠠᠰᠠᠭ ᠤᠨ | ᠣᠷᠳᠣᠨ ᠤ ᠵᠦᠢᠯᠡᠰ ᠤᠨ ᠬᠢᠨᠠᠨ ᠵᠥᠪᠰᠢᠶᠡᠷᠡᠬᠦ ᠭᠠᠷᠴᠠᠭ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ ᠪᠡᠯᠡ | ᠣᠷᠣᠭᠤᠯᠤᠯᠲᠠ ᠶᠢᠨ ᠵᠦᠢᠯᠡᠰ ᠤᠨ ᠭᠠᠷᠴᠠᠭ ᠲᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠤᠨ᠎ᠠ᠃ | ︵2︶ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠪᠥᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ ᠪᠡᠯᠡ ᠮᠥᠩᠭᠦ ᠶᠢ ᠲᠣᠬᠢᠷᠠᠭᠤᠯᠬᠤ ᠪᠠ ᠵᠣᠭᠤᠰ ᠰᠠᠯᠭᠠᠨ ᠥᠭᠬᠦ ᠶᠢ ᠬᠠᠷᠢᠭᠤᠴᠠᠵᠤ᠂ ᠪᠥᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ | ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠣᠷᠣᠯᠴᠠᠵᠤ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ | ᠶᠠᠪᠤᠳᠠᠯ ᠤᠨ ᠳᠦᠷᠢᠮ ᠢ ᠬᠡᠷᠡᠭᠵᠢᠭᠦᠯᠦᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ ᠪᠠ ᠲᠤᠰᠬᠠᠢ ᠵᠦᠢᠯ ᠤᠨ ᠨᠥᠭᠡᠴᠡ ᠪᠡᠯᠡ | ᠮᠥᠩᠭᠦ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 3. ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠪᠥᠬᠦ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠪᠠ ᠴᠢᠬᠤᠯᠠ ᠶᠡᠭᠡ ᠠᠰᠠᠭᠤᠳᠠᠯ ᠢ ᠵᠠᠳᠠᠯᠤᠨ | ᠰᠤᠳᠤᠯᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ᠲᠠᠷᠢᠶᠠᠯᠠᠩ ᠮᠠᠯ | ᠠᠵᠤ ᠠᠬᠤᠢ᠂ ᠣᠶ ᠰᠢᠭᠤᠢ ᠪᠠ ᠨᠤᠲᠤᠭ ᠪᠡᠯᠴᠢᠭᠡᠷ᠂ ᠤᠰᠤᠨ ᠠᠰᠢᠭᠯᠠᠯᠲᠠ᠂ ᠴᠠᠭ ᠠᠭᠤᠷ᠂ ᠠᠮᠢ ᠠᠬᠤᠢ ᠵᠡᠷᠭᠡ ᠬᠥᠭᠵᠢᠯᠲᠡ ᠶᠢᠨ ᠲᠥᠯᠦᠪᠵᠢᠭᠦᠯᠭᠡ᠂ | ᠲᠥᠯᠥᠪᠯᠡᠭᠡ ᠶᠢ ᠵᠣᠯᠭᠠᠭᠤᠯᠤᠨ ᠲᠡᠩᠴᠡᠭᠦᠷᠢᠰᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ | ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | ︵2︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠲᠠᠷᠢᠶᠠᠯᠠᠩ | ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠬᠠᠷᠢᠭᠤᠴᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ | ᠲᠠᠷᠢᠶᠠᠯᠠᠩ ᠤᠨ ᠤᠰᠤᠨ ᠠᠰᠢᠭᠯᠠᠯᠲᠠ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠲᠠᠷᠢᠶᠠᠯᠠᠩ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠯᠥᠪᠯᠡᠭᠡ ᠶᠢᠨ | ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ | ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠤᠨ ᠪᠡᠯᠡ ᠮᠥᠩᠭᠦ ᠶᠢ ᠲᠣᠬᠢᠷᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | 3. ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠃ | ︵1︶ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠤᠯᠤᠰ ᠤᠨ ᠦᠨ᠎ᠡ | ᠬᠠᠩᠰᠢ ᠶᠢᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠦᠨ᠎ᠡ | ᠬᠠᠩᠰᠢ ᠶᠢᠨ ᠲᠣᠬᠢᠷᠠᠭᠤᠯᠤᠯᠲᠠ ᠶᠢᠨ ᠬᠠᠷᠠᠯᠲᠠ ᠶᠢ ᠳᠤᠷᠠᠳᠤᠨ᠂ ᠬᠠᠮᠢᠶ᠎ᠠ ᠪᠦᠬᠦᠢ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠬᠤᠯᠠ ᠲᠠᠸᠠᠷ᠂ ᠦᠢᠯᠡᠴᠢᠯᠡᠭᠡᠨ ᠤ ᠦᠨ᠎ᠡ ᠬᠠᠩᠰᠢ ᠪᠠ | ᠴᠢᠬᠤᠯᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠪᠠ ᠲᠣᠬᠢᠷᠠᠭᠤᠯᠤᠨ᠎ᠠ᠃ ︵2︶ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠤᠯᠪᠣᠭᠳᠠᠯ ᠪᠦᠬᠦᠢ ᠦᠨ᠎ᠡ ᠬᠠᠩᠰᠢ ᠶᠢᠨ ᠰᠦᠢᠳᠬᠡᠯ ᠬᠤᠷᠢᠶᠠᠯᠲᠠ ᠶᠢ ᠬᠢᠨᠠᠨ ᠪᠠᠶᠢᠴᠠᠭᠠᠬᠤ᠂ ᠵᠦᠢ ᠪᠤᠰᠤ ᠥᠷᠢᠰᠦᠯᠳᠦᠭᠡᠨ ᠢ | ᠡᠰᠡᠷᠭᠦᠴᠡᠬᠦ ᠪᠠ ᠭᠠᠭᠴᠠᠭᠠᠷ ᠡᠵᠡᠮᠰᠢᠯ ᠢ ᠡᠰᠡᠷᠭᠦᠴᠡᠬᠦ ᠳᠦᠷᠢᠮ ᠤᠨ ᠠᠷᠭ᠎ᠠ ᠬᠡᠮᠵᠢᠶ᠎ᠡ ᠶᠢ ᠲᠣᠭᠲᠠᠭᠠᠬᠤ ᠶᠢ ᠬᠠᠷᠢᠭᠤᠴᠠᠨ᠎ᠠ᠃ ᠲᠠᠸᠠᠷ ᠤᠨ ᠦᠨ᠎ᠡ ᠬᠠᠩᠰᠢ᠂ | ᠦᠢᠯᠡᠴᠢᠯᠡᠭᠡᠨ ᠤ ᠦᠨ᠎ᠡ ᠬᠠᠩᠰᠢ ᠵᠢᠴᠢ ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠳᠤ ᠬᠢᠨᠠᠯᠲᠠ ᠲᠠᠯᠪᠢᠵᠤ ᠪᠠᠶᠢᠴᠠᠭᠠᠬᠤ | ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | 5. ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠯᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠭᠠᠮᠰᠢᠭ ᠠᠴᠠ | ᠠᠪᠤᠷᠠᠬᠤ ᠡᠳ᠋ ᠪᠣᠳᠠᠰ ᠢ ᠨᠥᠭᠡᠴᠡᠯᠡᠬᠦ ᠲᠥᠯᠦᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ | ᠦᠨᠳᠦᠰᠦᠯᠡᠨ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠬᠤᠷᠢᠶᠠᠨ ᠬᠠᠳᠠᠭᠠᠯᠠᠬᠤ᠂ ᠡᠭᠡᠯᠵᠢᠯᠡᠨ ᠰᠣᠯᠢᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢ | ᠬᠠᠷᠢᠭᠤᠴᠠᠵᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠶᠢᠨ ᠵᠠᠷᠯᠢᠭ ᠵᠢᠭᠠᠪᠤᠷᠢ ᠶᠢ ᠦᠨᠳᠦᠰᠦᠯᠡᠨ ᠠᠯᠬᠤᠮ ᠳᠠᠷᠠᠭ᠎ᠠ ᠪᠠᠷ ᠵᠣᠬᠢᠶᠠᠨ ᠪᠠᠶᠢᠭᠤᠯᠵᠤ | ᠰᠢᠯᠵᠢᠭᠦᠯᠦᠨ ᠭᠠᠷᠭᠠᠨ᠎ᠠ᠃ ᠡᠨᠧᠷᠭᠢ ᠶᠢᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠡᠡ᠊ᠨᠳᠡᠯ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃ | ︵2︶ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠬᠦ ᠬᠡᠷᠡᠭᠴᠡᠭᠡ | ᠱᠠᠭᠠᠷᠳᠠᠯᠭ᠎ᠠ ᠪᠠ ᠬᠡᠷᠡᠭᠯᠡᠬᠦ ᠰᠢᠢᠳᠪᠦᠷᠢᠲᠦ ᠪᠣᠳᠣᠯᠭ᠎ᠠ ᠶᠢ ᠬᠠᠷᠢᠭᠤᠴᠠᠨ ᠳᠤᠷᠠᠳᠴᠤ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠬᠦ ᠲᠥᠯᠦᠪᠵᠢᠭᠦᠯᠭᠡ | ᠂ ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠣᠨ ᠤ ᠬᠤᠳᠠᠯᠳᠤᠨ ᠠᠪᠬᠤ ᠲᠥᠯᠥᠪᠯᠡᠭᠡ ᠶᠢ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠬᠡᠷᠡᠭᠯᠡᠬᠦ ᠵᠠᠷᠯᠢᠭ ᠪᠠᠭᠤᠯᠭᠠᠨ᠎ᠠ᠃ ᠨᠡᠭᠦᠷᠡᠰᠦᠨ ᠠᠭᠤᠷᠬᠠᠢ ᠪᠣᠯᠣᠨ | ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠢ ᠬᠢᠮᠢ ᠶᠢᠨ ᠵᠦᠢᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | 6. ᠬᠤᠰᠢᠭᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠣᠭᠲᠠᠭᠠᠭᠰᠠᠨ ᠡᠷᠬᠡ | ᠮᠡᠳᠡᠯ ᠪᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠬᠢᠨᠠᠨ ᠵᠥᠪᠰᠢᠶᠡᠷᠡᠬᠦ᠂ ᠳᠠᠩᠰᠠᠯᠠᠬᠤ ᠵᠢᠴᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ ᠰᠢᠯᠵᠢᠭᠦᠯᠦᠨ ᠮᠡᠳᠡᠭᠦᠯᠬᠦ ᠶᠢ ᠬᠠᠷᠢᠭᠤᠴᠠᠨ᠎ᠠ᠃ | ︵2︶ ᠬᠤᠰᠢᠭᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠵᠠᠮ ᠲᠡᠭᠡᠭᠡᠪᠦᠷᠢ ᠶᠢᠨ ᠲᠣᠪᠴᠢᠶ᠎ᠠ ᠬᠠᠶᠢᠨ ᠪᠠᠶᠢᠴᠠᠭᠠᠵᠤ ᠵᠢᠷᠤᠵᠤ | ᠲᠥᠯᠥᠪᠯᠡᠬᠦ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠵᠤ᠂ ᠪᠠᠷᠢᠯᠭ᠎ᠠ ᠶᠢᠨ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠶᠢᠨ ᠠᠵᠢᠯ ᠲᠥᠷᠥᠯ ᠤᠨ ᠬᠢᠨᠠᠨ | ᠪᠠᠶᠢᠴᠠᠭᠠᠭᠰᠠᠨ ᠰᠠᠨᠠᠯ ᠢ ᠳᠤᠷᠠᠳᠤᠨ᠎ᠠ᠃ | 7. ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠤᠰᠤᠳ ᠴᠢᠬᠤᠯᠠ | ᠬᠡᠷᠡᠭᠯᠡᠭᠡᠨ ᠤ ᠡᠳ᠋ ᠤᠨ ᠨᠥᠭᠡᠴᠡᠯᠡᠯᠲᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ | ︵2︶ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠮᠢᠬᠠᠨ ᠤ ᠵᠦᠢᠯ ᠤᠨ ᠨᠥᠭᠡᠴᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ | ᠳᠣᠯᠣᠳᠤᠭᠠᠷ ᠵᠦᠢᠯ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠣᠰ | ᠲᠣᠭᠲᠠᠭᠠᠯ ᠤᠨ ᠲᠠᠪᠤᠳᠤᠭᠠᠷ ᠵᠦᠢᠯ ᠳᠤ ᠲᠣᠳᠣᠷᠬᠠᠶᠢᠯᠠᠭᠰᠠᠨ ᠭᠤᠣᠯ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠡᠷᠬᠡ ᠬᠠᠷᠢᠭᠤᠴᠠᠯᠭ᠎ᠠ ᠶᠢᠨ ᠨᠠᠷᠢᠨ | ᠲᠠᠩᠰᠠ ᠶᠢ ᠨᠠᠶᠢᠷᠠᠭᠤᠯᠤᠨ ᠵᠣᠬᠢᠶᠠᠵᠤ᠂ ᠵᠦᠢᠯ ᠳᠠᠷᠠᠭᠠᠯᠠᠨ ᠡᠷᠬᠡ ᠬᠠᠷᠢᠭᠤᠴᠠᠯᠭ᠎ᠠ ᠶᠢᠨ ᠨᠡᠷᠡᠶᠢᠳᠦᠯ᠂ ᠡᠷᠬᠡ ᠬᠠᠷᠢᠭᠤᠴᠠᠯᠭ᠎ᠠ ᠶᠢᠨ ᠲᠥᠷᠥᠯ ᠬᠡᠯᠪᠡᠷᠢ᠂ | ᠲᠣᠭᠲᠠᠭᠠᠭᠰᠠᠨ ᠦᠨᠳᠦᠰᠦᠯᠡᠯ᠂ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠮᠠᠶ᠋ᠢᠭ᠂ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠵᠡᠷᠭᠡ ᠶᠢ ᠲᠣᠳᠣᠷᠬᠠᠶᠢᠯᠠᠨ᠎ᠠ᠃ | ᠡᠭᠦᠨ ᠤ ᠰᠠᠭᠤᠷᠢᠨ ᠳᠡᠭᠡᠷ᠎ᠡ ᠬᠡᠷᠡᠭ ᠡᠷᠬᠢᠯᠡᠬᠦ ᠵᠦᠭᠯᠡᠭᠦᠷ᠂ ᠠᠵᠢᠯᠯᠠᠭᠠᠨ ᠤ ᠴᠤᠪᠤᠷᠠᠯ ᠵᠢᠷᠤᠭ ᠵᠡᠷᠭᠡ ᠶᠢ ᠲᠣᠭᠲᠠᠭᠠᠵᠤ᠂ ᠵᠠᠰᠠᠭ ᠵᠠᠬᠢᠷᠭᠠᠨ ᠤ ᠵᠢᠷᠤᠮ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠤᠨ᠎ᠠ᠃ | ᠨᠠᠢᠮᠠᠳᠤᠭᠠᠷ ᠵᠦᠢᠯ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠳᠣᠣᠷᠠᠬᠢ ᠮᠡᠲᠦ | ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄ | ︵ᠨᠢᠭᠡ︶ ᠠᠯᠪᠠᠨ ᠭᠡᠷ ︵ᠬᠠᠤᠯᠢ ᠳᠦᠷᠢᠮ ᠤᠨ ᠠᠯᠪᠠᠨ ᠭᠡᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠶᠡᠷᠦᠩᠬᠡᠶᠢᠯᠡᠭᠰᠡᠨ | ᠲᠠᠰᠤᠭ︶᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠢ | ᠡᠬᠡ ᠪᠢᠴᠢᠭ ᠲᠤᠭᠤᠷᠪᠢᠬᠤ᠂ ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠠᠮᠤᠷ ᠲᠦᠪᠰᠢᠨ᠂ ᠵᠠᠬᠢᠳᠠᠯ ᠰᠣᠷᠪᠤᠯᠵᠢᠯᠠᠭ᠎ᠠ᠂ ᠨᠢᠭᠤᠴᠠ ᠶᠢ | ᠬᠠᠮᠠᠭᠠᠯᠠᠬᠤ᠂ ᠨᠢᠭᠤᠴᠠ ᠴᠢᠬᠤᠯᠠ ᠮᠠᠲ᠋ᠧᠷᠢᠶᠠᠯ᠂ ᠮᠡᠳᠡᠭᠡ ᠵᠠᠩᠭᠢ ᠶᠢᠨ ᠤᠬᠠᠭᠤᠯᠭ᠎ᠠ᠂ ᠲᠠᠩᠰᠠ ᠡᠪᠬᠡᠮᠡᠯ᠂ ᠳᠣᠲᠣᠭᠠᠳᠤ ᠶᠢᠨ ᠰᠢᠮᠳᠠᠭᠤᠯᠤᠨ ᠪᠠᠶᠢᠴᠠᠭᠠᠬᠤ᠂ | ᠡᠳ᠋ ᠤᠨ ᠶᠠᠪᠤᠳᠠᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ | ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠪᠠ ᠬᠠᠤᠯᠢ ᠶᠣᠰᠣᠭᠠᠷ | ᠵᠠᠰᠠᠭ ᠶᠠᠪᠤᠭᠤᠯᠬᠤ ᠠᠵᠢᠯ ᠢ ᠬᠠᠷᠢᠭᠤᠴᠠᠨ᠎ᠠ᠃ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠡᠮᠬᠢᠯᠡᠨ ᠬᠢᠨᠠᠬᠤ᠂ ᠬᠠᠮᠢᠶᠠᠷᠬᠤ | ᠠᠵᠢᠯ ᠢ ᠬᠠᠷᠢᠭᠤᠴᠠᠨ᠎ᠠ ; ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠤᠭᠤᠳᠬᠤ ᠪᠠ ᠵᠢᠷᠤᠮᠵᠢᠭᠤᠯᠬᠤ ᠶᠢ | ᠬᠠᠷᠢᠭᠤᠴᠠᠨ᠎ᠠ ; ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ ᠴᠢᠬᠤᠯᠠ ᠶᠡᠭᠡ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ ᠠᠵᠢᠯ ᠢ ᠬᠠᠷᠢᠭᠤᠴᠠᠨ᠎ᠠ ; ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠬᠠᠤᠯᠢ ᠪᠠᠷ ᠵᠠᠰᠠᠬᠤ ᠪᠠᠶᠢᠭᠤᠯᠤᠯᠲᠠ᠂ ᠬᠠᠤᠯᠢ ᠪᠠᠷ ᠵᠠᠰᠠᠬᠤ ᠤᠬᠠᠭᠤᠯᠭ᠎ᠠ ᠵᠡᠷᠭᠡ | ᠠᠵᠢᠯ ᠢ ᠬᠠᠷᠢᠭᠤᠴᠠᠨ᠎ᠠ᠃ ᠪᠦᠭᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠭ᠎ᠠ᠂ ᠠᠷᠭ᠎ᠠ ᠬᠡᠮᠵᠢᠶ᠎ᠡ ᠶᠢ ᠲᠤᠭᠤᠷᠪᠢᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠪᠥᠬᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠢᠭᠡᠨᠲᠡ ᠪᠠᠶᠢᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠬᠠᠮᠠᠭᠠᠯᠠᠯᠲᠠ | ᠬᠠᠮᠢᠶᠠᠷᠤᠯᠲᠠ ᠪᠣᠯᠣᠨ ᠶᠡᠷᠦᠩᠬᠡᠶᠢᠯᠡᠨ ᠨᠡᠭᠡᠭᠡᠨ ᠠᠰᠢᠭᠯᠠᠬᠤ ᠠᠰᠢᠭ ᠲᠤᠰᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠬᠤᠶᠠᠷ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠤᠪᠢ ︵ᠡᠨᠧᠷᠭᠢ ᠠᠷᠪᠢᠯᠠᠬᠤ ᠬᠤᠪᠢ︶᠃ ᠳᠡᠭᠡᠳᠦ ᠱᠠᠲᠤᠨ ᠤ ᠵᠠᠰᠠᠭ ᠤᠨ | ᠣᠷᠳᠣᠨ ᠤ ᠲᠥᠷᠥᠯ ᠵᠦᠢᠯ ᠤᠨ ᠬᠢᠨᠠᠨ ᠵᠥᠪᠰᠢᠶᠡᠷᠡᠬᠦ ᠭᠠᠷᠴᠠᠭ ᠪᠣᠯᠣᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ ᠭᠠᠷᠴᠠᠭ ᠳᠤ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠪᠥᠬᠦ ᠨᠡᠶᠢᠭᠡᠮ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠶᠢᠳᠠᠯ ᠢ ᠬᠢᠨᠠᠨ ᠰᠢᠨᠵᠢᠵᠦ ᠵᠠᠳᠠᠯᠬᠤ ᠶᠢ ᠡᠭᠦᠷᠭᠡᠯᠡᠵᠦ᠂ ᠳᠡᠭᠡᠳᠦ ᠱᠠᠲᠤᠨ ᠤ ᠪᠥᠬᠦ ᠨᠡᠶᠢᠭᠡᠮ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠪᠴᠢᠶ᠎ᠡ ᠪᠠ ᠪᠡᠯᠡ ᠣᠷᠣᠭᠤᠯᠤᠯᠲᠠ ᠶᠢᠨ ᠪᠦᠲᠦᠴᠡ ᠶᠢᠨ ᠲᠣᠬᠢᠷᠠᠭᠤᠯᠤᠨ ᠡᠵᠡᠮᠳᠡᠬᠦ ᠬᠠᠷᠠᠯᠲᠠ᠂ | ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠵᠡᠷᠭᠡ ᠵᠦᠢᠯᠡᠰ ᠢ ᠨᠠᠶᠢᠳᠠᠪᠤᠷᠢᠵᠢᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠢ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠣᠬᠢᠷᠠᠭᠤᠯᠵᠤ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠬᠤᠯᠠ ᠶᠡᠭᠡ ᠲᠥᠷᠥᠯ ᠵᠦᠢᠯ ᠢ ᠬᠢᠨᠠᠨ | ᠬᠠᠷᠭᠤᠭᠤᠯᠬᠤ ᠬᠡᠷᠡᠭᠲᠡᠢ᠃ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠵᠣᠬᠢᠴᠠᠭᠤᠯᠤᠨ ᠲᠦᠯᠬᠢᠨ | ᠠᠬᠢᠭᠤᠯᠵᠤ᠂ ᠠᠷᠠᠳ ᠤᠨ ᠪᠡᠯᠡ ᠣᠷᠣᠭᠤᠯᠤᠯᠲᠠ ᠶᠢ ᠲᠦᠯᠬᠢᠨ ᠠᠬᠢᠭᠤᠯᠬᠤ ᠶᠢ ᠬᠠᠷᠢᠭᠤᠴᠠᠬᠤ ᠶᠢᠨ ᠬᠠᠮᠲᠤ ᠰᠠᠨᠠᠯ ᠳᠤᠷᠠᠳᠴᠤ᠂ ᠠᠵᠢᠯ ᠤᠨ ᠬᠤᠪᠢᠶᠠᠷᠢᠯᠠᠯ | ᠶᠣᠰᠣᠭᠠᠷ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠶᠢᠨ ᠬᠤᠷᠰᠢᠯᠴᠠᠭ᠎ᠠ ᠶᠢ ᠵᠣᠬᠢᠶᠠᠨ ᠪᠠᠶᠢᠭᠤᠯᠤᠨ ᠳᠡᠯᠭᠡᠷᠡᠭᠦᠯᠦᠨ᠎ᠡ᠃ ᠪᠥᠬᠦ ᠬᠤᠰᠢᠭᠤᠨ ᠤ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠬᠢᠭᠡᠳ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠣᠬᠢᠶᠠᠨ ᠪᠠᠶᠢᠭᠤᠯᠤᠨ ᠵᠠᠳᠠᠯᠬᠤ᠂ ᠲᠣᠬᠢᠷᠠᠭᠤᠯᠬᠤ᠂ ᠲᠣᠬᠢᠷᠠᠭᠤᠯᠤᠨ | ᠡᠵᠡᠮᠳᠡᠬᠦ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ | ᠲᠥᠯᠥᠪᠵᠢᠭᠦᠯᠬᠦ᠂ ᠨᠥᠭᠡᠴᠡᠯᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠬᠢᠭᠡᠳ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠬᠡᠷᠡᠭᠵᠢᠭᠦᠯᠦᠨ᠎ᠡ᠃ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠥᠷᠥᠯ ᠵᠦᠢᠯ ᠢ ᠬᠢᠨᠠᠨ ᠬᠠᠷᠭᠤᠭᠤᠯᠵᠤ᠂ ᠨᠤᠲᠠᠯᠠᠵᠤ᠂ ᠬᠢᠨᠠᠨ ᠵᠥᠪᠰᠢᠶᠡᠷᠡᠬᠦ ᠶᠢᠨ | ᠬᠠᠮᠲᠤ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠢᠨᠠᠨ ᠬᠠᠮᠢᠶᠠᠷᠤᠨ᠎ᠠ᠃ ᠢᠨᠵᠧᠨᠧᠷᠢᠩ ᠤᠨ ᠯᠠᠪᠯᠠᠯᠭ᠎ᠠ ᠥᠭᠬᠦ ᠠᠵᠢᠯ ᠲᠥᠷᠥᠯ ᠤᠨ ᠬᠥᠭᠵᠢᠯᠲᠡ ᠶᠢ | ᠵᠢᠯᠣᠭᠤᠳᠤᠨ ᠵᠢᠷᠤᠮᠵᠢᠭᠤᠯᠬᠤ ᠶᠢ ᠬᠠᠷᠢᠭᠤᠴᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠡᠨᠧᠷᠭᠢ ᠶᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ᠂ ᠪᠣᠬᠢᠷᠲᠤᠯ ᠦᠭᠡᠢ ᠦᠢᠯᠡᠳᠬᠦ ᠰᠢᠰᠲ᠋ᠧᠮ ᠤᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠬᠡᠯᠪᠡᠷᠢ ᠶᠢᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ | ᠲᠤᠬᠠᠢ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ ᠪᠠ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢ ᠬᠢᠨᠠᠨ | ᠪᠠᠶᠢᠴᠠᠭᠠᠬᠤ ᠠᠵᠢᠯ ᠢ ᠥᠷᠨᠢᠭᠦᠯᠦᠨ᠎ᠡ᠃ ᠳᠠᠬᠢᠯᠲᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ | ᠠᠬᠢᠭᠤᠯᠤᠨ᠎ᠠ᠃ ᠪᠣᠬᠢᠷᠲᠤᠯ ᠦᠭᠡᠢ ᠬᠥᠭᠵᠢᠯᠲᠡ ᠶᠢᠨ ᠬᠠᠮᠢᠶ᠎ᠠ ᠪᠦᠬᠦᠢ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠤᠨ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ | ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ᠂ ᠣᠷᠴᠢᠯ ᠠᠵᠤ ᠠᠬᠤᠢ ᠶᠢ ᠬᠥᠭᠵᠢᠭᠦᠯᠬᠦ ᠲᠥᠯᠦᠪᠵᠢᠭᠦᠯᠭᠡ ᠶᠢ | ᠵᠣᠬᠢᠴᠠᠭᠤᠯᠤᠨ ᠬᠡᠷᠡᠭᠵᠢᠭᠦᠯᠵᠦ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠠᠷᠠᠯᠲᠠ ᠶᠢ ᠳᠤᠷᠠᠳᠤᠨ ᠭᠠᠷᠭᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠵᠣᠬᠢᠴᠠᠭᠤᠯᠤᠨ ᠬᠤᠯᠪᠣᠭᠳᠠᠯ | ᠪᠦᠬᠦᠢ ᠠᠵᠢᠯ ᠢ ᠠᠬᠢᠭᠤᠯᠤᠨ᠎ᠠ᠃ ᠪᠦᠭᠦ ᠬᠤᠰᠢᠭᠤᠨ ᠤ ᠴᠢᠬᠤᠯᠠ ᠶᠡᠭᠡ ᠡᠨᠧᠷᠭᠢ ᠠᠷᠪᠢᠯᠠᠬᠤ ᠵᠢᠱᠢᠶ᠎ᠡ ᠦᠵᠡᠭᠦᠯᠬᠦ ᠢᠨᠵᠧᠨ᠋ᠧᠷᠢᠩ ᠪᠣᠯᠣᠨ ᠰᠢᠨ᠎ᠡ ᠦᠢᠯᠡᠳᠬᠦᠨ᠂ | ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠬᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠭᠤᠷᠪᠠ︶ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠤᠪᠢ ︵ᠠᠵᠤ ᠦᠢᠯᠡᠳᠪᠦᠷᠢ ᠶᠢᠨ ᠠᠵᠤ ᠠᠬᠤᠢ ᠶᠢᠨ ᠬᠤᠪᠢ︶᠃ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ ᠤᠷᠳᠤ ᠬᠤᠭᠤᠴᠠᠭᠠᠨ ᠤ ᠬᠥᠭᠵᠢᠯᠲᠡ ᠶᠢᠨ ᠰᠡᠳᠬᠢᠴᠡ᠂ | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠲᠥᠯᠥᠪᠵᠢᠭᠦᠯᠬᠦ ᠰᠠᠨᠠᠭᠤᠯᠭ᠎ᠠ ᠶᠢ ᠬᠠᠷᠢᠭᠤᠴᠠᠨ ᠳᠤᠷᠠᠳᠤᠨ᠎ᠠ᠃ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠶᠢ ᠲᠤᠭᠤᠷᠪᠢᠵᠤ᠂ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ | ᠬᠢᠨᠠᠨ ᠬᠡᠮᠵᠢᠯᠲᠡ ᠪᠠ ᠦᠨᠡᠯᠡᠯᠲᠡ ᠬᠢᠵᠦ᠂ ᠨᠢᠭᠡᠳᠦᠯᠲᠡᠢ ᠲᠥᠯᠦᠪᠵᠢᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠪᠥᠬᠦ | ᠬᠤᠰᠢᠭᠤᠨ ᠤ ᠶᠡᠷᠦᠩᠬᠡᠢ ᠲᠥᠯᠦᠪᠵᠢᠭᠦᠯᠭᠡ᠂ ᠭᠤᠣᠯᠳᠠᠯᠭ᠎ᠠ ᠲᠠᠢ ᠲᠤᠰᠬᠠᠢ ᠵᠦᠢᠯ ᠤᠨ ᠲᠥᠯᠦᠪᠵᠢᠭᠦᠯᠭᠡ᠂ ᠣᠷᠣᠨ ᠪᠦᠰᠡ ᠶᠢᠨ ᠲᠥᠯᠦᠪᠵᠢᠭᠦᠯᠭᠡ᠂ ᠣᠷᠣᠨ | ᠵᠠᠢ ᠶᠢᠨ ᠲᠥᠯᠦᠪᠵᠢᠭᠦᠯᠭᠡ ᠬᠢᠭᠡᠳ ᠪᠥᠬᠦ ᠬᠤᠰᠢᠭᠤᠨ ᠤ ᠬᠥᠭᠵᠢᠯᠲᠡ ᠶᠢᠨ ᠲᠥᠯᠦᠪᠵᠢᠭᠦᠯᠭᠡ ᠶᠢᠨ ᠨᠢᠭᠡᠳᠦᠯᠲᠡᠢ ᠲᠥᠯᠥᠪᠯᠡᠨ ᠵᠣᠯᠭᠠᠭᠤᠯᠬᠤ ᠶᠢ ᠨᠢᠭᠡᠳᠦᠯᠲᠡᠢ | ᠲᠥᠯᠥᠪᠯᠡᠨ ᠵᠣᠬᠢᠴᠠᠭᠤᠯᠤᠨ᠎ᠠ᠃ ᠬᠤᠲᠠ ᠬᠥᠳᠡᠭᠡ ᠶᠢᠨ ᠠᠭᠤᠰᠤᠯᠴᠠᠯ ᠬᠢᠭᠡᠳ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ᠂ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠴᠠᠭᠤᠯᠤᠨ ᠠᠬᠢᠭᠤᠯᠵᠤ᠂ ᠳᠡᠭᠡᠳᠦ | ᠱᠠᠲᠤᠨ ᠤ ᠣᠷᠣᠨ ᠲᠤᠭ᠎ᠠ ᠪᠠ ᠭᠠᠵᠠᠷ ᠣᠷᠣᠨ ᠠᠯᠤᠰᠯᠠᠭᠰᠠᠨ ᠬᠤᠲᠠ ᠪᠠᠯᠭᠠᠰᠤ ᠶᠢᠨ ᠪᠦᠰᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ | ᠬᠠᠮᠵᠢᠯᠴᠠᠨ᠎ᠠ᠃ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠪᠢᠴᠢᠬᠦ ᠪᠠ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠤᠷᠸ᠎ᠠ ᠠᠵᠤ ᠠᠬᠤᠢ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠦᠨ᠎ᠡ᠃ | ᠤᠳᠤ ᠦᠶ᠎ᠡ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ | ᠳᠤᠷᠠᠳᠴᠠᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠰᠤᠳᠤᠯᠤᠨ | ᠮᠠᠭᠠᠳᠯᠠᠬᠤ ᠶᠢᠨ ᠬᠠᠮᠲᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢᠨ ᠲᠤᠬᠠᠢ ᠰᠠᠨᠠᠭᠤᠯᠭ᠎ᠠ ᠳᠤᠷᠠᠳᠴᠤ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ | ᠬᠠᠷᠢᠭᠤᠴᠠᠨ᠎ᠠ᠃ ᠬᠤᠰᠢᠭᠤᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠤᠨ ᠡᠳᠦᠷ ᠳᠤᠲᠤᠮ ᠤᠨ ᠠᠵᠢᠯ ᠢ | ᠬᠠᠷᠢᠭᠤᠴᠠᠨ᠎ᠠ᠃ ᠪᠦᠭᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠬᠦ᠂ ᠵᠠᠳᠠᠯᠬᠤ᠂ ᠲᠥᠰᠥᠭᠡᠯᠡᠬᠦ᠂ ᠵᠣᠬᠢᠴᠠᠭᠤᠯᠬᠤ | ᠵᠢᠴᠢ ᠬᠤᠷᠸ᠎ᠠ ᠲᠣᠬᠢᠷᠠᠭᠤᠯᠤᠯ ᠡᠵᠡᠮᠳᠡᠯ ᠤᠨ ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠳᠤᠮᠳᠠ ᠣᠷᠣᠰᠢᠵᠤ ᠪᠠᠶᠢᠭ᠎ᠠ | ᠴᠢᠬᠤᠯᠠ ᠶᠡᠭᠡ ᠠᠰᠠᠭᠤᠳᠠᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ ᠰᠢᠢᠳᠪᠦᠷᠢᠯᠡᠵᠦ᠂ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢ ᠶᠡᠷᠦᠩᠬᠡᠶᠢᠯᠡᠨ | ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ᠃ | ︵ᠳᠥᠷᠪᠡ︶ ᠬᠠᠤᠯᠢ ᠬᠡᠷᠡᠭᠵᠢᠭᠦᠯᠬᠦ ᠰᠲ᠋ᠣᠺ ︵ᠡᠨᠧᠷᠭᠢ ᠶᠢᠨ ᠰᠲ᠋ᠣᠺ᠂ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠰᠲ᠋ᠣᠺ︶᠃ ᠡᠷᠬᠡ ᠮᠡᠳᠡᠯ ᠤᠨ | ᠬᠡᠪᠴᠢᠶᠡᠨ ᠳᠠᠬᠢ ᠳᠠᠪᠤᠰᠤᠨ ᠤ ᠦᠢᠯᠡᠰ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠲᠦᠭᠦᠬᠡᠢ ᠮᠠᠲ᠋ᠧᠷᠢᠶᠠᠯ ᠤᠨ ᠠᠵᠤ ᠦᠢᠯᠡᠳᠪᠦᠷᠢ᠂ ᠬᠡᠷᠡᠭᠯᠡᠭᠡᠨ ᠤ | ᠵᠦᠢᠯ ᠤᠨ ᠠᠵᠤ ᠦᠢᠯᠡᠳᠪᠦᠷᠢ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ᠂ ᠠᠮᠤ ᠪᠤᠳᠠᠭᠠᠨ ᠤ ᠭᠦᠢᠯᠭᠡᠭᠡᠨ ᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ | ᠵᠢᠴᠢ ᠵᠠᠰᠠᠭ ᠵᠠᠬᠢᠷᠭᠠᠨ ᠤ ᠰᠢᠢᠳᠬᠡᠯ ᠯᠦᠭᠡ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠬᠠᠷᠢᠭᠤᠴᠠᠨ᠎ᠠ᠃ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠬᠡᠷᠡᠭᠲᠡᠢ᠃ ᠪᠥᠬᠦ ᠬᠤᠰᠢᠭᠤᠨ ᠤ ᠴᠠᠬᠢᠯᠭᠠᠨ ᠬᠦᠴᠦᠨ ︵ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠠᠭᠲᠠᠨ᠎ᠠ︶ ᠤ ᠠᠵᠢᠯᠯᠠᠭᠠᠨ᠂ ᠰᠢᠨ᠎ᠡ | ᠡᠨᠧᠷᠭᠢ ᠶᠢᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠲᠤᠰᠬᠠᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | ᠪᠥᠬᠦ ᠬᠤᠰᠢᠭᠤᠨ ᠤ ᠡᠨᠧᠷᠭᠢ ᠶᠢᠨ ᠨᠡᠭᠡᠭᠡᠨ ᠠᠰᠢᠭᠯᠠᠯᠲᠠ ᠶᠢ ᠬᠠᠷᠢᠭᠤᠴᠠᠵᠤ᠂ ᠡᠨᠧᠷᠭᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠨ᠎ᠠ | ᠃ ᠪᠥᠬᠦ ᠬᠤᠰᠢᠭᠤᠨ ᠤ ᠡᠨᠧᠷᠭᠢ ᠶᠢᠨ ᠲᠤᠭ᠎ᠠ ᠪᠦᠷᠢᠳᠬᠡᠯ ᠤᠨ ᠲᠣᠬᠢᠷᠠᠭᠤᠯᠤᠯᠲᠠ᠂ ᠪᠠᠶᠢᠳᠠᠯ ᠤᠨ ᠵᠠᠳᠠᠯᠤᠯᠲᠠ᠂ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯ ᠢ | ᠬᠠᠷᠢᠭᠤᠴᠠᠵᠤ᠂ ᠡᠨᠧᠷᠭᠢ ᠶᠢᠨ ᠠᠵᠢᠯᠯᠠᠭᠠᠨ ᠤ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠳᠤ ᠣᠷᠣᠯᠴᠠᠨ᠎ᠠ᠃ ᠡᠨᠧᠷᠭᠢ ᠶᠢᠨ | ᠰᠤᠷᠪᠤᠯᠵᠢ ᠶᠢᠨ ᠴᠢᠬᠤᠯᠠ ᠶᠡᠭᠡ ᠵᠦᠢᠯᠡᠰ ᠢ ᠮᠥᠷᠳᠡᠬᠦ᠂ ᠲᠣᠬᠢᠷᠠᠭᠤᠯᠬᠤ ᠪᠠ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠠᠬᠢᠭᠤᠯᠤᠨ᠎ᠠ᠃ ᠪᠥᠬᠦ ᠬᠤᠰᠢᠭᠤᠨ ᠤ | ᠡᠨᠧᠷᠭᠢ ᠶᠢᠨ ᠠᠵᠢᠯ ᠲᠥᠷᠥᠯ ᠤᠨ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠡᠨᠧᠷᠭᠢ ᠶᠢᠨ ᠰᠤᠷᠪᠤᠯᠵᠢ ᠲᠠᠢ | ᠬᠤᠯᠪᠣᠭᠳᠠᠬᠤ ᠡᠬᠢ ᠪᠠᠶᠠᠯᠢᠭ᠂ ᠡᠳ᠋ ᠤᠨ ᠵᠠᠰᠠᠭ ᠭᠠᠶᠢᠯᠢ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠣᠷᠣᠯᠴᠠᠨ᠎ᠠ᠃ | ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠠᠰᠢᠭᠯᠠᠬᠤ ᠠᠵᠢᠯ ᠪᠠ ᠠᠵᠢᠯᠯᠠᠭᠠᠨ ᠤ ᠬᠠᠮᠢᠶᠠᠷᠤᠯᠲᠠ ᠶᠢ ᠡᠭᠦᠷᠭᠡᠯᠡᠵᠦ᠂ ᠦᠢᠯᠡᠳᠪᠦᠷᠢᠯᠡᠯ | ᠬᠡᠷᠡᠭᠴᠡᠭᠡ ᠶᠢ ᠲᠡᠩᠴᠡᠭᠦᠷᠢᠲᠡᠢ ᠵᠣᠯᠭᠠᠭᠤᠯᠬᠤ ᠪᠠ ᠡᠳᠦᠷ ᠲᠤᠲᠤᠮ ᠤᠨ ᠲᠣᠬᠢᠷᠠᠭᠤᠯᠤᠯᠲᠠ ᠶᠢ ᠬᠠᠷᠢᠭᠤᠴᠠᠵᠤ᠂ ᠴᠢᠯᠠᠭᠤᠨ ᠲᠣᠰᠣ ᠪᠠ ᠪᠠᠶᠢᠭᠠᠯᠢ ᠶᠢᠨ ᠰᠢᠲᠠᠮᠠᠬᠠᠢ | ᠬᠡᠢ ᠶᠢᠨ ᠠᠵᠢᠯ ᠲᠥᠷᠥᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ ᠬᠥᠭᠵᠢᠯᠲᠡ ᠶᠢᠨ | ᠲᠥᠯᠦᠪᠵᠢᠭᠦᠯᠭᠡ᠂ ᠲᠥᠯᠥᠪᠯᠡᠭᠡ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ | ᠴᠠᠬᠢᠯᠭᠠᠨ ᠤ ᠲᠣᠣᠷ᠂ ᠨᠡᠭᠦᠷᠡᠰᠦᠨ ᠤ ᠠᠵᠢᠯ ᠲᠥᠷᠥᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠴᠢᠬᠤᠯᠠ ᠶᠡᠭᠡ ᠲᠥᠷᠥᠯ ᠵᠦᠢᠯ ᠢ | ᠭᠤᠶᠤᠴᠢᠯᠠᠨ ᠮᠡᠳᠡᠭᠦᠯᠦᠨ᠎ᠡ᠃ ᠪᠦᠭᠦ ᠬᠤᠰᠢᠭᠤᠨ ᠤ ᠰᠢᠨ᠎ᠡ ᠡᠨᠧᠷᠭᠢ ᠲᠠᠭᠢᠨ ᠡᠨᠧᠷᠭᠢ ᠪᠣᠯᠣᠨ ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠶᠢᠨ ᠬᠥᠭᠵᠢᠯᠲᠡ ᠶᠢᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠰᠢᠨ᠎ᠡ ᠡᠨᠧᠷᠭᠢ᠂ ᠤᠰᠤᠨ ᠤ ᠡᠨᠧᠷᠭᠢ᠂ ᠠᠮᠢᠳᠤ ᠪᠣᠳᠠᠰ ᠤᠨ ᠮᠠᠰ ᠤᠨ ᠡᠨᠧᠷᠭᠢ ᠪᠠ ᠪᠤᠰᠤᠳ ᠳᠠᠬᠢᠯᠲᠠ ᠡᠨᠧᠷᠭᠢ | ᠶᠢᠨ ᠬᠥᠭᠵᠢᠯᠲᠡ ᠶᠢᠨ ᠳᠦᠷᠦ ᠶᠢᠨ ᠪᠣᠳᠣᠯᠭ᠎ᠠ ᠪᠠ ᠬᠡᠷᠡᠭᠵᠢᠭᠦᠯᠬᠦ ᠲᠥᠰᠥᠯ ᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠪᠦᠭᠦ ᠬᠤᠰᠢᠭᠤᠨ ᠤ ᠰᠢᠨ᠎ᠡ ᠡᠨᠧᠷᠭᠢ ᠪᠠ ᠳᠠᠬᠢᠯᠲᠠ ᠡᠨᠧᠷᠭᠢ ᠶᠢᠨ ᠲᠣᠭᠲᠠᠮᠠᠯ ᠬᠦᠢᠷᠣᠩᠭᠡ ᠶᠢᠨ | ᠪᠡᠯᠡ ᠣᠷᠣᠭᠤᠯᠤᠯᠲᠠ ᠶᠢᠨ ᠳᠦᠷᠦᠯ ᠵᠦᠢᠯ ᠤᠨ ᠬᠢᠨᠠᠨ ᠵᠥᠪᠰᠢᠶᠡᠷᠡᠯ ᠢ ᠡᠭᠦᠷᠭᠡᠯᠡᠨ᠎ᠡ᠃ ᠦᠨ᠎ᠡ ᠬᠠᠩᠰᠢ ᠶᠢᠨ ᠬᠤᠪᠢᠷᠠᠯᠲᠠ ᠶᠢ ᠬᠢᠨᠠᠨ ᠬᠡᠮᠵᠢᠵᠦ ᠤᠷᠢᠳᠴᠢᠯᠠᠨ | ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠪᠠ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ | ᠳᠤᠷᠠᠳᠤᠨ᠎ᠠ᠃ ᠬᠤᠯᠪᠣᠭᠳᠠᠯ ᠪᠦᠬᠦᠢ ᠦᠨ᠎ᠡ ᠬᠠᠩᠰᠢ ᠪᠠ ᠰᠦᠢᠳᠬᠡᠯ ᠬᠤᠷᠢᠶᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶᠠᠷᠴᠤ ᠲᠣᠬᠢᠷᠠᠭᠤᠯᠤᠭᠰᠠᠨ ᠲᠠᠸᠠᠷ ᠪᠠ ᠦᠢᠯᠡᠴᠢᠯᠡᠭᠡᠨ ᠤ ᠦᠨ᠎ᠡ ᠬᠠᠩᠰᠢ᠂ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠬᠡᠷᠡᠭᠵᠢᠭᠦᠯᠦᠨ᠎ᠡ᠃ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠵᠦᠢᠯᠡᠰ ᠢ ᠨᠠᠶᠢᠳᠠᠪᠤᠷᠢᠵᠢᠭᠤᠯᠤᠨ᠎ᠠ᠃ ᠦᠨ᠎ᠡ | ᠬᠠᠩᠰᠢ ᠶᠢ ᠦᠨᠡᠮᠰᠢᠬᠦ ᠵᠢᠴᠢ ᠳᠠᠬᠢᠨ ᠬᠢᠨᠠᠬᠤ ᠠᠵᠢᠯ ᠢ ᠵᠢᠯᠣᠭᠤᠳᠤᠨ᠎ᠠ᠃ | ︵ᠲᠠᠪᠤ︶ ᠠᠵᠤ ᠦᠢᠯᠡᠰ ᠤᠨ ᠬᠥᠭᠵᠢᠯᠲᠡ ᠶᠢᠨ ᠰᠲ᠋ᠣᠺ ︵ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠰᠲ᠋ᠣᠺ︶᠃ ᠶᠡᠷᠦᠩᠬᠡᠶᠢᠯᠡᠭᠰᠡᠨ | ᠴᠢᠨᠠᠷᠲᠠᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠠᠵᠤ ᠦᠢᠯᠡᠳᠪᠦᠷᠢ ᠶᠢᠨ ᠬᠥᠭᠵᠢᠯᠲᠡ ᠶᠢᠨ | ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠦᠨ᠎ᠡ᠃ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ᠂ ᠲᠡᠷᠢᠭᠦᠨ ᠤ ᠦᠢᠯᠡᠳᠬᠦ ᠦᠢᠯᠡᠰ ᠢ | ᠲᠦᠷᠭᠡᠪᠴᠢᠯᠡᠨ ᠬᠥᠭᠵᠢᠭᠦᠯᠬᠦ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ | ᠶᠡᠭᠡ ᠠᠵᠤ ᠦᠢᠯᠡᠳᠪᠦᠷᠢ ᠶᠢᠨ ᠵᠦᠢᠯᠡᠰ ᠤᠨ ᠪᠠᠶᠢᠷᠢᠰᠢᠯ ᠪᠠ ᠬᠤᠯᠪᠣᠭᠳᠠᠯ ᠪᠦᠬᠦᠢ ᠠᠵᠤ ᠦᠢᠯᠡᠰ ᠤᠨ ᠴᠢᠬᠤᠯᠠ ᠶᠡᠭᠡ ᠢᠨᠵᠧᠨᠧᠷᠢᠩ ᠢ ᠲᠦᠯᠬᠢᠨ | ᠠᠬᠢᠭᠤᠯᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠮᠡᠷᠭᠡᠵᠢᠯ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠪᠠ ᠠᠵᠤ ᠦᠢᠯᠡᠰ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠪᠠ ᠲᠦᠷᠦ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠮᠥᠷᠳᠡᠨ ᠣᠶᠢᠯᠠᠭᠠᠬᠤ ᠪᠠ ᠵᠠᠳᠠᠯᠵᠤ ᠰᠤᠳᠤᠯᠤᠨ ᠮᠠᠭᠠᠳᠯᠠᠵᠤ᠂ ᠨᠢᠭᠡᠳᠦᠯᠲᠡᠢ | ᠲᠥᠯᠥᠪᠯᠡᠨ ᠵᠣᠬᠢᠴᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠠᠷᠠᠳ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ ᠯᠤᠭ᠎ᠠ ᠶᠢᠨ ᠪᠠᠶᠢᠩᠭᠤ ᠶᠢᠨ ᠴᠢᠨᠠᠷᠲᠠᠢ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠤᠨ᠂ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠶᠢ ᠵᠣᠬᠢᠴᠠᠭᠤᠯᠤᠨ ᠳᠡᠮᠵᠢᠨ᠎ᠡ᠃ ᠬᠤᠰᠢᠭᠤᠨ ᠤ ᠭᠤᠣᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠲᠠᠢ ᠬᠠᠷᠢᠴᠠᠬᠤ ᠶᠢ ᠬᠠᠷᠢᠭᠤᠴᠠᠨ᠎ᠠ᠃ | ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ ᠪᠠ | ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠤᠳᠤᠷᠢᠳᠤᠨ᠎ᠠ᠃ | | ᠶᠢᠰᠦᠳᠦᠭᠡᠷ ᠵᠦᠢᠯ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠵᠠᠰᠠᠭ | ᠵᠠᠬᠢᠷᠭᠠᠨ ᠤ ᠣᠷᠣᠨ ᠲᠤᠭ᠎ᠠ 10 ᠬᠥᠮᠥᠨ᠃ ᠰᠠᠯᠠᠭᠠᠨ ᠤ ᠳᠡᠰ ᠤᠨ ᠤᠳᠤᠷᠢᠳᠬᠤ ᠲᠤᠰᠢᠶᠠᠯ ᠤᠨ ᠲᠤᠭ᠎ᠠ 5 ᠬᠥᠮᠥᠨ ︵1 ᠵᠢᠩᠬᠢᠨᠢ 4 ᠳᠡᠳ᠋︶ ᠳᠤ ᠬᠦᠷᠴᠦ᠂ | ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 4 ᠬᠥᠮᠥᠨ ︵ᠡᠭᠦᠨ ᠳᠤ 1 ᠬᠥᠮᠥᠨ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︶ ᠭᠠᠷᠭᠠᠵᠠᠢ᠃ | ᠠᠷᠪᠠᠳᠤᠭᠠᠷ ᠵᠦᠢᠯ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠠᠷᠢᠶ᠎ᠠ | ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠵᠡᠷᠭᠡ ᠵᠦᠢᠯᠡᠰ ᠢ ᠠᠰ ᠲᠤᠨᠢ ᠲᠣᠭᠲᠠᠭᠠᠨ᠎ᠠ᠃ | ᠠᠷᠪᠠᠨ ᠨᠢᠭᠡᠳᠦᠭᠡᠷ ᠵᠦᠢᠯ ᠲᠣᠰ ᠲᠣᠭᠲᠠᠭᠠᠯ ᠤᠨ ᠲᠠᠶᠢᠯᠪᠤᠷᠢᠯᠠᠯᠲᠠ ᠶᠢ ᠭᠦᠢᠴᠡᠳᠬᠡᠬᠦ ᠠᠵᠢᠯ ᠢ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠬᠠᠷᠢᠭᠤᠴᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃ | ᠠᠷᠪᠠᠨ ᠬᠤᠶᠠᠳᠤᠭᠠᠷ ᠵᠦᠢᠯ ᠲᠤᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | ᠬᠠᠷᠢᠭᠤᠴᠠᠯᠭᠠᠲᠠᠨ᠄ ᠠᠨ ᠯᠢᠶᠠᠨ ᠵᠢᠶᠦ᠋ᠨ | ᠠᠵᠢᠯᠯᠠᠬᠤ ᠬᠠᠶ᠋ᠢᠭ᠄ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠶᠡᠭᠡ ᠵᠡᠭᠡᠯᠢ ᠶᠢᠨ 66 ᠳ᠋ᠤᠭᠠᠷ ᠨᠣᠮᠧᠷ | ᠰᠢᠤᠳᠠᠨ ᠳ᠋ᠤᠭᠠᠷ᠄ 021200 | ᠰᠢᠤᠳᠠᠨ ᠬᠠᠶᠢᠷᠴᠠᠭ᠄ xzqfgj@163.com | ᠰᠦᠯᠵᠢᠶᠡᠨ ᠤ ᠬᠠᠶ᠋ᠢᠭ᠄ http://www.xzq.gov.cn/OpennessContent/showList/750/0/page_1.html | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00 ︱ 12᠄ 00᠂ ᠵᠣᠨ ᠤ ᠤᠯᠠᠷᠢᠯ ︵5 | ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 30 ︱ 17᠄ 30᠂ ᠡᠪᠦᠯ ᠤᠨ ᠤᠯᠠᠷᠢᠯ ︵10 ᠰᠠᠷ᠎ᠠ ᠶᠢᠨ | 1 ᠤ ᠡᠳᠦᠷ ᠠᠴᠠ 4 ᠰᠠᠷ᠎ᠠ ᠶᠢᠨ 30 ᠤ ᠡᠳᠦᠷ︶᠄ ᠦᠳᠡ ᠶᠢᠨ ᠬᠤᠶᠢᠨᠠᠬᠢ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ︶ | ᠠᠵᠢᠯ ᠤᠨ ᠤᠲᠠᠰᠤ᠄ 0470 ︱ 6686198 | | | | | | | | | | | | | | | |