ᠡᠪᠦᠳᠦᠭ ᠪᠣᠭᠤᠮᠲᠠ ᠶᠢᠨ 2024 ᠣᠨ ᠤ 1 ︱ 7 ᠳ᠋ᠤᠭᠠᠷ ᠰᠠᠷ᠎ᠠ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/9/2
          2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠡᠪᠦᠳᠦᠭ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠠᠵᠢᠯᠯᠠᠭᠠᠨ ᠤ ᠪᠠᠶᠢᠳᠠᠯ ᠳᠣᠣᠷᠠᠬᠢ ᠮᠡᠲᠦ᠄          ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ 2024 ᠣᠨ ᠤ ᠡᠪᠦᠳᠦᠭ ᠪᠣᠭᠤᠮᠲᠠ ᠶᠢᠨ 1—7 ᠳ᠋ᠤᠭᠠᠷ ᠰᠠᠷ᠎ᠠ ᠳᠤ ᠬᠢᠯᠢ ᠪᠠᠷ ᠣᠷᠣᠵᠤ ᠭᠠᠷᠤᠭᠰᠠᠨ ᠬᠥᠮᠥᠨ ᠨᠡᠶᠢᠲᠡ 3 ᠲᠦᠮᠡᠨ ᠬᠥᠮᠥᠨ ᠤᠳᠠᠭ᠎ᠠ ︵ᠬᠢᠯᠢ ᠪᠠᠷ ᠣᠷᠣᠵᠤ ᠢᠷᠡᠬᠦ ᠬᠥᠮᠥᠨ 1.5 ᠲᠦᠮᠡᠨ ᠬᠥᠮᠥᠨ ᠤᠳᠠᠭ᠎ᠠ᠂ ᠬᠢᠯᠢ ᠪᠠᠷ ᠭᠠᠷᠬᠤ ᠬᠥᠮᠥᠨ 1.5 ᠲᠦᠮᠡᠨ ᠬᠥᠮᠥᠨ ᠤᠳᠠᠭ᠎ᠠ︶  ᠳᠤ ᠬᠦᠷᠴᠡᠢ︔ ᠬᠢᠯᠢ ᠪᠠᠷ ᠣᠷᠣᠭᠤᠯᠵᠤ ᠭᠠᠷᠭᠠᠭᠰᠠᠨ ᠲᠡᠷᠭᠡ ᠨᠡᠶᠢᠲᠡ 2 ᠲᠦᠮᠡᠨ ᠤᠳᠠᠭ᠎ᠠ ︵ᠬᠢᠯᠢ ᠪᠠᠷ ᠣᠷᠣᠭᠤᠯᠬᠤ ᠲᠡᠷᠭᠡ 1 ᠲᠦᠮᠡᠨ ᠤᠳᠠᠭ᠎ᠠ᠂ ᠬᠢᠯᠢ ᠪᠠᠷ ᠭᠠᠷᠭᠠᠬᠤ ᠲᠡᠷᠭᠡ 1 ᠲᠦᠮᠡᠨ ᠤᠳᠠᠭ᠎ᠠ︶︔ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠡ ᠨᠡᠶᠢᠲᠡ 34.2 ᠲᠦᠮᠡᠨ ᠲᠣᠨ ᠳᠤ ᠬᠦᠷᠴᠦ᠂ ᠣᠳᠣᠬᠠᠨ ᠳᠤ ᠪᠣᠭᠤᠮᠲᠠ ᠶᠢᠨ ᠣᠨ ᠤ ᠡᠭᠦᠷᠭᠡ ᠪᠠᠨ 49% ᠪᠠᠷ ᠪᠡᠶᠡᠯᠡᠭᠦᠯᠵᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ