2024 ᠣᠨ ᠤ 1 ︱ 8 ᠳ᠋ᠤᠭᠠᠷ ᠰᠠᠷ᠎ᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/9/26
          ᠡᠨᠡ ᠵᠢᠯ ᠠᠴᠠ ᠨᠠᠰᠢ᠂ ᠰᠢᠨ᠎ᠡ ᠪᠠᠷᠭᠤ ᠵᠡᠭᠦᠨ ᠬᠤᠰᠢᠭᠤ ᠪᠦᠬᠦ ᠬᠤᠰᠢᠭᠤ ᠪᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠴᠢᠬᠤᠯᠠ︾ ︽ᠬᠤᠶᠠᠷ ᠰᠢᠨ᠎ᠡ︾ ᠵᠡᠷᠭᠡ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠷᠢᠨ ᠨᠠᠶᠢᠳᠠᠪᠤᠷᠢᠵᠢᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠦᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠪᠠ᠃1—8 ᠰᠠᠷ᠎ᠠ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠨ ᠠᠵᠢᠯᠯᠠᠵᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠦᠷᠭᠦᠯᠵᠢᠯᠡᠨ ᠬᠦᠴᠦᠨ ᠢᠶᠠᠨ ᠪᠠᠳᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠤ ᠳᠤᠮᠳᠠ ᠤᠷᠤᠭᠰᠢᠯᠠᠬᠤ ᠬᠥᠭᠵᠢᠯᠲᠡ ᠶᠢᠨ ᠪᠠᠶᠢᠳᠠᠯ ᠲᠠᠢ ᠪᠣᠯᠪᠠ᠃          ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠵᠤ ᠠᠵᠢᠯᠯᠠᠨ᠎ᠠ          1—8 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18.6% ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 116.3% ᠬᠦᠷᠴᠦ᠂ ᠠᠳᠠᠯᠢ ᠬᠤᠭᠤᠴᠠᠭᠠᠨ ᠤ ᠬᠢ ᠠᠴᠠ 30.4 ᠵᠠᠭᠤᠨ ᠤ ᠨᠢᠭᠡᠴᠢ ᠪᠠᠭᠤᠷᠠᠪᠠ᠃ ᠴᠠᠬᠢᠯᠭᠠᠨ ᠭᠠᠷᠭᠠᠭᠰᠠᠨ ᠬᠡᠮᠵᠢᠶ᠎ᠡ 15053.17 ᠲᠦᠮᠡᠨ ᠺᠢᠯᠣᠸᠠᠲ ᠤᠨ ᠦᠶ᠎ᠡ ᠳᠤ᠂ ᠠᠳᠠᠯᠢ ᠬᠤᠭᠤᠴᠠᠭᠠᠨ ᠤ ᠬᠢ ᠠᠴᠠ 9.1% ᠪᠠᠷ ᠪᠠᠭᠤᠷᠠᠪᠠ︔ ᠰᠢᠨ᠎ᠡ ᠰᠣᠷᠭᠤᠭ᠂ ᠬᠥᠯᠳᠡᠭᠡᠨ ᠬᠠᠳᠠᠭᠠᠯᠠᠭᠰᠠᠨ ᠮᠢᠬᠠᠨ ᠤ ᠭᠠᠷᠤᠯᠲᠠ 578.9 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.5% ᠨᠡᠮᠡᠭᠳᠡᠪᠡ︔ ᠴᠠᠭᠠᠨ ᠢᠳᠡᠭᠡᠨ ᠤ ᠭᠠᠷᠤᠯᠲᠠ 1589 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.4% ᠪᠠᠭᠤᠷᠠᠵᠠᠢ᠃          ᠬᠤᠶᠠᠷ᠂ ᠪᠦᠲᠦᠮᠵᠢᠲᠡᠶ ᠪᠡᠯᠡ ᠣᠷᠣᠭᠤᠯᠤᠯᠲᠠ ᠬᠡᠪᠴᠢᠶ᠎ᠡ  ᠪᠠᠨ ᠥᠷᠭᠡᠳᠬᠡᠪᠡ          1 ︱ 8 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 17.5% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.3 ᠳᠠᠬᠢᠨ ᠨᠡᠮᠡᠭᠳᠡᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.6 ᠳᠠᠬᠢᠨ ᠨᠡᠮᠡᠭᠳᠡᠵᠡᠢ᠃ ᠲᠣᠰ ᠵᠢᠯ ᠤᠨ ᠪᠠᠷᠢᠯᠭ᠎ᠠ ᠶᠢᠨ ᠲᠥᠷᠥᠯ ᠵᠦᠢᠯ 44 ᠪᠠᠶᠢᠵᠤ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 8᠂ 500 ︱ 5000 ᠲᠦᠮᠡᠨ ᠲᠥᠭᠦᠷᠢᠭ ᠤᠨ ᠲᠥᠷᠥᠯ ᠵᠦᠢᠯ 32᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 4 ᠪᠣᠶ᠃1—8 ᠳ᠋ᠤᠭᠠᠷ ᠰᠠᠷ᠎ᠠ ᠳᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ 7340 ᠲᠡᠭᠰᠢ ᠳᠥᠷᠪᠡᠯᠵᠢᠨ ᠮᠧᠲᠷ᠂ ᠪᠣᠷᠣᠯᠠᠭᠤᠯᠤᠯᠲᠠ ᠶᠢᠨ ᠬᠡᠮᠵᠢᠶ᠎ᠡ 2390 ᠲᠦᠮᠡᠨ ᠲᠥᠭᠦᠷᠢᠭ ᠲᠤ ᠬᠦᠷᠴᠡᠢ᠃          ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠪᠡ          1—8 ᠳ᠋ᠤᠭᠠᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 4.41 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠨᠡᠮᠡᠭᠳᠡᠪᠡ᠃          ᠳᠥᠷᠪᠡ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠡᠷᠭᠡᠪᠡᠷ ᠪᠠᠭᠤᠷᠠᠪᠠ          1—8 ᠳ᠋ᠤᠭᠠᠷ ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 6467 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3% ᠪᠠᠷ ᠪᠠᠭᠤᠷᠠᠪᠠ᠂ ᠡᠭᠦᠨ ᠳᠤ ᠭᠠᠶᠢᠯᠢ ᠶᠢᠨ ᠣᠷᠣᠯᠭ᠎ᠠ 4469 4469ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.9% ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 1998 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 31.1% ᠪᠠᠷ ᠪᠠᠭᠤᠷᠠᠪᠠ᠃ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 67118 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠪᠠᠷ ᠪᠠᠭᠤᠷᠠᠪᠠ᠃          ᠲᠠᠪᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠠᠵᠢᠯᠯᠠᠭᠠᠨ ᠯᠠᠪᠳᠠᠭᠤᠨ ᠲᠣᠭᠲᠠᠭᠤᠨ ᠪᠠᠶᠢᠨ᠎ᠠ          8 ᠰᠠᠷ᠎ᠠ ᠶᠢᠨ ᠰᠡᠭᠦᠯᠴᠢ ᠪᠠᠷ᠂ ᠰᠢᠨ᠎ᠡ ᠪᠠᠷᠭᠤ ᠵᠡᠭᠦᠨ ᠬᠤᠰᠢᠭᠤᠨ ᠤ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 148506 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠪᠠᠷ ᠪᠠᠭᠤᠷᠠᠪᠠ ᠃ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 121678 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.4% ᠨᠡᠮᠡᠭᠳᠡᠪᠡ ︔ ᠳᠡᠯᠭᠡᠷᠡᠩᠭᠦᠢ ᠤᠳᠬ᠎ᠠ  ᠶᠢᠨ ᠵᠠᠰᠠᠭ ᠤᠨ ᠣᠷᠳᠣᠨ ᠤ ᠬᠠᠳᠠᠭᠠᠯᠠᠮᠵᠢ 21314 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.3% ᠨᠡᠮᠡᠭᠳᠡᠵᠡᠢ᠃ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 126500 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.1% ᠨᠡᠮᠡᠭᠳᠡᠵᠡᠢ᠃ ᠡᠭᠦᠨ ᠳᠤ᠄ ᠰᠠᠭᠤᠭᠠᠯᠢ ᠡᠷᠦᠬᠡ ᠶᠢᠨ ᠵᠢᠭᠡᠯᠡᠯᠭᠡ 112206 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.3% ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠵᠢᠴᠢ ᠪᠠᠶᠢᠭᠤᠯᠤᠯᠭ᠎ᠠ ᠪᠦᠯᠬᠦᠮ ᠤᠨ ᠵᠢᠭᠡᠯᠡᠯᠭᠡ 14294 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.1% ᠪᠠᠷ ᠪᠠᠭᠤᠷᠠᠪᠠ᠃          ᠶᠡᠷᠦᠩᠬᠡᠢ ᠳᠤᠨᠢ ᠠᠪᠴᠤ ᠦᠵᠡᠪᠡᠯ᠂ 8 ᠰᠠᠷ᠎ᠠ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠦᠢᠯᠡᠳᠪᠦᠷᠢᠯᠡᠯ ᠬᠠᠩᠭᠠᠯᠭ᠎ᠠ ᠲᠣᠭᠲᠠᠭᠤᠨ ᠢᠶᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠦᠷᠭᠦᠯᠵᠢᠯᠡᠨ ᠰᠡᠷᠭᠦᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠲᠦᠷᠭᠡᠨ ᠬᠤᠷᠠᠮᠳᠤᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠳᠠᠯ ᠢ ᠢᠯᠡᠷᠡᠭᠦᠯᠪᠡ᠃ ᠳᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠷᠭᠦᠯᠵᠢᠯᠡᠨ ᠲᠡᠷᠢᠭᠦᠨ ᠳᠤ ᠣᠷᠣᠬᠤ ᠪᠠᠷ ᠲᠡᠮᠡᠴᠡᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠠᠶᠢᠲᠤᠷ ᠠᠳᠬᠤᠵᠤ᠂ ᠬᠥᠭᠵᠢᠯ ᠪᠠᠳᠠᠷᠠᠯ ᠲᠠᠢ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠪᠠᠬᠢᠵᠢᠭᠦᠯᠵᠦ᠂ ᠭᠤᠷᠪᠠᠳᠤᠭᠠᠷ ᠤᠯᠠᠷᠢᠯ ᠤᠨ ᠠᠵᠤ ᠠᠬᠤᠢ ᠶᠢᠨ ᠬᠥᠭᠵᠢᠯᠲᠡ ᠳᠤ ᠦᠷᠭᠦᠯᠵᠢᠯᠡᠨ ᠬᠦᠴᠦᠯᠡᠬᠦ ᠬᠡᠷᠡᠭᠲᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ