— ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠲᠢᠩᠬᠢᠮ ᠤᠨ ᠳᠠᠷᠤᠭ᠎ᠠ ᠱᠧᠩ ᠰᠢᠶᠣᠣ ᠶᠢᠦ ᠶᠢ ᠰᠤᠷᠪᠤᠯᠵᠢᠯᠠᠭᠰᠠᠨ ᠨᠢ | | ︽ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠤᠰᠤ ᠶᠢ ᠠᠷᠪᠢᠯᠠᠨ ᠬᠡᠷᠡᠭᠯᠡᠬᠦ ᠶᠢ ᠶᠡᠭᠡ ᠪᠠᠷ ᠠᠬᠢᠭᠤᠯᠵᠤ᠂ ᠬᠡᠪ ᠤᠨ ᠪᠤᠰᠤ ᠤᠰᠤᠨ ᠠᠰᠢᠭᠯᠠᠯᠲᠠ ᠶᠢ ᠴᠢᠩᠭᠠᠳᠬᠠᠵᠤ᠂ ᠵᠠᠬ᠎ᠠ | ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠤᠰᠤ ᠠᠷᠪᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢ ᠴᠢᠬᠤᠯᠠᠴᠢᠯᠠᠨ᠎ᠠ︾ ᠭᠡᠵᠦ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ | ᠬᠤᠷᠠᠯ ᠠᠴᠠ ᠤᠰᠤ ᠠᠷᠪᠢᠯᠠᠬᠤ ᠠᠵᠢᠯᠯᠠᠭ᠎ᠠ ᠳᠤ ᠲᠣᠳᠣᠷᠬᠠᠢ ᠪᠠᠶᠢᠷᠢᠯᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠴᠢ ᠡᠷᠴᠢᠮᠯᠢᠭ | ᠠᠰᠢᠭᠯᠠᠬᠤ ᠶᠢ ᠪᠦᠭᠦ ᠬᠦᠴᠦᠨ ᠢᠶᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠲᠤᠬᠠᠢ᠂ ᠰᠤᠷᠪᠤᠯᠵᠢᠯᠠᠬᠴᠢ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ | ᠰᠢᠶᠣᠣ ᠶᠢᠦ ᠶᠢ ᠰᠤᠷᠪᠤᠯᠵᠢᠯᠠᠪᠠ᠃ | ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ | ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ︿ᠵᠢᠷᠭᠤᠭᠠᠨ ᠠᠵᠢᠯᠯᠠᠭ᠎ᠠ﹀ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ︿ᠤᠰᠤ ᠪᠠᠷ ᠳᠥᠷᠪᠡ ᠶᠢ ᠲᠣᠭᠲᠠᠭᠠᠬᠤ﹀ ᠵᠠᠷᠴᠢᠮ ᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠭᠠᠳᠠᠭᠰᠢᠯᠠᠭᠤᠯᠤᠯᠲᠠ ᠶᠢ | ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ 3 ᠵᠦᠢᠯ ᠤᠨ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠲᠥᠯᠥᠨ ᠵᠢᠯᠤᠭᠤᠳᠬᠤ ᠴᠢᠨᠠᠷ ᠪᠦᠬᠦᠢ᠂ ᠬᠢᠵᠠᠭᠠᠷᠯᠠᠬᠤ ᠴᠢᠨᠠᠷ ᠪᠦᠬᠦᠢ᠂ ᠤᠷᠮᠠᠰᠢᠭᠤᠯᠬᠤ ᠴᠢᠨᠠᠷ ᠪᠦᠬᠦᠢ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠲᠣᠭᠲᠠᠭᠠᠨ | ᠨᠡᠶᠢᠲᠡᠯᠡᠵᠦ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠶᠡᠭᠡ ᠪᠠᠷ ᠠᠬᠢᠭᠤᠯᠵᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ | ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠤᠰᠤ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠵᠤ᠂ ᠰᠢᠨᠵᠢᠯᠡᠬᠦ ᠤᠬᠠᠭᠠᠨᠴᠢ ᠪᠠᠷ ᠤᠰᠤ | ᠬᠡᠷᠡᠭᠯᠡᠬᠦ ᠳᠦᠷᠢᠮ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠤᠰᠤᠨ ᠤ ᠦᠨ᠎ᠡ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠤᠰᠤ ᠠᠷᠪᠢᠯᠠᠬᠤ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠪᠦᠭᠦ ᠨᠡᠶᠢᠭᠡᠮ ᠤᠨ ᠤᠰᠤ | ᠠᠷᠪᠢᠯᠠᠬᠤ ᠤᠬᠠᠮᠰᠠᠷ ᠢ ᠬᠦᠴᠦᠯᠡᠨ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠠᠷᠪᠢᠴᠢ ᠡᠷᠴᠢᠮᠯᠢᠭ ᠠᠰᠢᠭᠯᠠᠬᠤ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠰᠤ ᠬᠡᠷᠡᠭᠯᠡᠬᠦ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ︾ ᠭᠡᠵᠦ ᠱᠧᠩ ᠰᠢᠶᠣᠣ ᠶᠢᠦ ᠬᠡᠯᠡᠪᠡ᠃ | ᠨᠢᠭᠡ ᠳᠤ᠂ ᠤᠰᠤ ᠶᠢ ᠠᠷᠪᠢᠯᠠᠨ ᠬᠡᠷᠡᠭᠯᠡᠬᠦ ᠳᠦᠷᠢᠮ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠣᠶᠢᠷ᠎ᠠ ᠶᠢᠨ ᠵᠢᠯ ᠤᠨ ᠲᠤᠷᠰᠢ᠂ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠶᠢ ᠠᠷᠪᠢᠯᠠᠨ ᠬᠡᠷᠡᠭᠯᠡᠬᠦ | ᠳᠦᠷᠢᠮ︾ ᠢ ᠵᠣᠬᠢᠶᠠᠨ ᠪᠠᠶᠢᠭᠤᠯᠤᠨ ᠵᠠᠰᠠᠪᠤᠷᠢ ᠣᠷᠣᠭᠤᠯᠵᠤ᠂ ︽ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ | ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠬᠤ ᠠᠵᠢᠯ ᠤᠨ ᠲᠤᠬᠠᠢ ᠵᠢᠯᠤᠭᠤᠳᠬᠤ ᠰᠠᠨᠠᠯ︾ ᠪᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠰᠤᠨ ᠤ ᠡᠬᠢ ᠪᠠᠶᠠᠯᠢᠭ ᠢ ᠠᠷᠪᠢᠴᠢ ᠡᠷᠴᠢᠮᠯᠢᠭ ᠠᠰᠢᠭᠯᠠᠬᠤ ᠶᠢ ᠠᠬᠢᠭᠤᠯᠬᠤ ᠶᠡᠷᠦᠩᠬᠡᠢ ᠲᠥᠰᠥᠯ︾ ᠵᠡᠷᠭᠡ ᠣᠯᠠᠨ ᠵᠦᠢᠯ ᠤᠨ ᠲᠥᠷᠥ ᠶᠢᠨ | ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ | ᠨᠣᠷᠮ᠎ᠠ ᠳᠤ ᠵᠠᠰᠠᠪᠤᠷᠢ ᠣᠷᠣᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠤᠰᠤ ᠠᠷᠪᠢᠯᠠᠬᠤ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ | ᠪᠦᠭᠦ ᠨᠡᠶᠢᠭᠡᠮ ᠤᠨ ᠤᠰᠤ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ︽ᠨᠢᠭᠡ ᠠᠶᠢᠮᠠᠭ ᠬᠤᠲᠠ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ | ᠠᠬᠢᠭᠤᠯᠤᠨ ᠨᠠᠶᠢᠳᠠᠪᠤᠷᠢᠵᠢᠭᠤᠯᠪᠠ᠃ | ᠬᠤᠶᠠᠷ ᠲᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠣᠶᠢᠷ᠎ᠠ ᠶᠢᠨ ᠵᠢᠯ ᠤᠨ | ᠲᠤᠷᠰᠢ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ︽ᠳᠡᠭᠡᠷ᠎ᠡ ᠬᠢᠵᠠᠭᠠᠷ︾ ᠢ ᠵᠦᠢ | ᠵᠣᠬᠢᠰᠲᠠᠢ ᠲᠣᠭᠲᠠᠭᠠᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢᠨ ᠭᠦᠢᠴᠡᠳᠬᠡᠯ ᠲᠤᠭ᠎ᠠ ᠶᠢ ᠤᠰᠤᠨ ᠰᠤᠷᠪᠤᠯᠵᠢ᠂ ᠠᠵᠢᠯ ᠲᠥᠷᠥᠯ ᠬᠤᠪᠢᠶᠠᠨ ᠱᠠᠲᠤ ᠳᠠᠷᠠᠭᠠᠯᠠᠨ | ᠨᠠᠷᠢᠯᠢᠭᠵᠢᠭᠤᠯᠤᠨ ᠬᠤᠪᠢᠶᠠᠷᠢᠯᠠᠵᠤ ᠪᠠᠶᠢᠭᠠᠳ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠵᠠᠰᠠᠭ ᠵᠠᠬᠢᠷᠭᠠᠨ ᠤ | ᠣᠷᠣᠨ ᠢ ᠬᠠᠮᠤᠷᠤᠭᠰᠠᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠪᠠ᠃ ᠵᠠᠯᠭᠠᠭᠠᠳ᠂ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠᠨ ᠦᠷᠭᠦᠯᠵᠢᠯᠡᠨ ᠴᠢᠩᠳᠠᠯᠠᠵᠤ᠂ | ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠬᠦ ᠪᠠ ᠬᠡᠲᠦᠷᠡᠲᠡᠯ᠎ᠡ ᠮᠠᠯᠲᠠᠭᠰᠠᠨ ᠭᠠᠵᠠᠷ ᠣᠷᠣᠨ ᠳᠤ ᠰᠢᠨ᠎ᠡ ᠪᠠᠷ ᠨᠡᠮᠡᠭᠳᠡᠬᠦ ᠤᠰᠤ ᠬᠡᠷᠡᠭᠯᠡᠬᠦ ᠬᠡᠮᠵᠢᠶ᠎ᠡ ᠶᠢ | ᠬᠢᠨᠠᠨ ᠵᠥᠪᠰᠢᠶᠡᠷᠡᠬᠦ ᠶᠢ ᠬᠢᠵᠠᠭᠠᠷᠯᠠᠬᠤ ᠶᠢ ᠴᠢᠩᠭ᠎ᠠ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠬᠡᠷᠡᠭᠯᠡᠬᠦ ᠤᠰᠤ ᠨᠢ ᠡᠷᠬᠡᠪᠰᠢ ᠥᠪᠡᠷᠲᠡᠭᠡᠨ | ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠤᠰᠤᠨ ᠤ ᠡᠬᠢ | ᠪᠠᠶᠠᠯᠢᠭ ᠤᠨ ᠨᠤᠲᠠᠯᠠᠯᠲᠠ ᠶᠢ ᠴᠢᠩᠭᠠᠳᠬᠠᠨ ᠲᠥᠯᠥᠪᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠷᠢᠰᠢᠯ ᠪᠠ ᠤᠰᠤᠨ ᠤ ᠡᠬᠢ ᠪᠠᠶᠠᠯᠢᠭ ᠤᠨ | ᠳᠠᠭᠠᠭᠠᠬᠤ ᠴᠢᠳᠠᠪᠤᠷᠢ ᠶᠢᠨ ᠬᠠᠷᠢᠯᠴᠠᠨ ᠵᠣᠬᠢᠴᠠᠯᠳᠤᠬᠤ ᠶᠢ ᠠᠬᠢᠭᠤᠯᠤᠨ᠎ᠠ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠂ ᠲᠦᠮᠡᠨ ᠲᠥᠭᠦᠷᠢᠭ ᠤᠨ GDP ᠶᠢᠨ ᠤᠰᠤ | ᠬᠡᠷᠡᠭᠯᠡᠬᠦ ᠬᠡᠮᠵᠢᠶ᠎ᠡ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠶ ᠠᠰᠢᠭᠯᠠᠬᠤ ᠢᠯᠡᠳᠬᠡᠮᠵᠢ ᠵᠡᠷᠭᠡ ᠭᠦᠢᠴᠡᠳᠬᠡᠯ ᠲᠤᠭ᠎ᠠ ᠶᠢ ᠥᠪᠡᠷᠲᠡᠭᠡᠨ | ᠵᠠᠰᠠᠬᠤ ᠣᠷᠣᠨ ᠠᠴᠠ ᠠᠶᠢᠮᠠᠭ ᠬᠤᠲᠠ ᠶᠢᠨ ᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠤ ᠣᠷᠣᠭᠤᠯᠵᠤ᠂ ᠬᠢᠨᠠᠨ ᠰᠢᠯᠭᠠᠬᠤ ᠶᠢᠨ ︽ᠵᠦᠭᠯᠡᠭᠦᠷ︾ | ᠪᠠ ︽ᠵᠢᠯᠤᠭᠤᠳᠬᠤ ᠳᠣᠬᠢᠭᠤᠷ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠭᠤᠷᠪᠠ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠤᠰᠤ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠵᠤ᠂ ᠲᠠᠷᠢᠶᠠᠯᠠᠩ ᠤᠨ ᠤᠰᠤ ᠬᠡᠷᠡᠭᠯᠡᠬᠦ | ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠳᠬᠠᠵᠤ᠂ | ᠬᠤᠲᠠ ᠪᠠᠯᠭᠠᠰᠤᠨ ᠤ ᠤᠰᠤ ᠠᠷᠪᠢᠯᠠᠬᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ | ᠲᠠᠷᠢᠶᠠᠯᠠᠩ ᠤᠨ ᠲᠠᠯ᠎ᠠ ᠪᠠᠷ᠂ ᠤᠰᠤ ᠪᠠᠷ ᠭᠠᠵᠠᠷ ᠢ ᠲᠣᠭᠲᠠᠭᠠᠬᠤ ᠶᠢ ᠪᠠᠷᠢᠮᠲᠠᠯᠠᠨ᠂ ᠲᠠᠷᠢᠶᠠᠯᠠᠩ ᠳᠤ ᠬᠡᠷᠡᠭᠯᠡᠬᠦ ᠰᠢᠨ᠎ᠡ ᠪᠠᠷ ᠨᠡᠮᠡᠭᠳᠡᠬᠦ ᠤᠰᠤ ᠶᠢ ᠴᠢᠩᠭ᠎ᠠ | ᠬᠢᠵᠠᠭᠠᠷᠯᠠᠵᠤ᠂ ᠳᠤᠰᠤᠯᠭᠠᠨ ᠤᠰᠤᠯᠠᠬᠤ ᠪᠠᠷ ᠭᠤᠣᠯ ᠪᠤᠯᠭᠠᠬᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠲᠠᠷᠢᠮᠠᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠤᠰᠤ ᠠᠷᠪᠢᠯᠠᠬᠤ ᠶᠢ ᠲᠦᠯᠬᠢᠨ ᠠᠬᠢᠭᠤᠯᠵᠠᠢ᠃ 2024 ᠣᠨ ᠤ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ | ᠨᠠᠮᠤᠷ ᠤᠨ ᠤᠰᠤᠯᠠᠯᠲᠠ ᠳᠤ 9.95 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠬᠤᠷᠣᠭᠳᠠᠭᠤᠯᠵᠤ᠂ ᠤᠰᠤᠨ ᠤ ᠬᠤᠷᠣᠭᠳᠠᠯ ᠢ ᠪᠠᠭᠠᠰᠬᠠᠬᠤ ᠪᠠ ᠤᠰᠤ | ᠶᠠᠪᠤᠭᠤᠯᠬᠤ ᠬᠤᠭᠤᠴᠠᠭ᠎ᠠ ᠶᠢ ᠪᠣᠭᠤᠨᠢᠰᠬᠠᠬᠤ ᠬᠤᠣᠰ ᠬᠠᠷᠠᠯᠲᠠ ᠶᠢ ᠪᠡᠶᠡᠯᠡᠭᠦᠯᠵᠦ᠂ ︽ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ︾ ᠠᠰᠠᠭᠤᠳᠠᠯ ᠢ ᠢᠯᠡᠳᠲᠡ | ᠰᠠᠶᠢᠵᠢᠷᠠᠭᠤᠯᠪᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠯᠠᠪᠠᠶ 4968.83 ᠲᠦᠮᠡᠨ | ᠮᠦ ᠳᠤ ᠬᠦᠷᠴᠦ᠂ ᠡᠭᠦᠷᠭᠡ ᠪᠠᠨ ᠨᠢᠭᠡ ᠵᠢᠯ ᠤᠷᠢᠳᠴᠢᠯᠠᠨ ᠳᠠᠪᠠᠭᠤᠯᠤᠨ ᠪᠡᠶᠡᠯᠡᠭᠦᠯᠵᠡᠢ᠃ ᠪᠦᠭᠦ ᠣᠷᠣᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ | ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ 0.583 ᠳᠤ ᠬᠦᠷᠴᠦ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠪᠠ᠃ 2025 ᠣᠨ ᠳᠤ | ᠰᠢᠨ᠎ᠡ ᠪᠠᠷ ᠨᠡᠮᠡᠭᠳᠡᠭᠦᠯᠬᠦ ᠲᠠᠷᠢᠶᠠᠯᠠᠩ ᠤᠨ ᠤᠰᠤ ᠠᠷᠪᠢᠯᠠᠬᠤ ᠬᠡᠮᠵᠢᠶ᠎ᠡ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠭᠡᠬᠦ ᠪᠠᠷ | ᠲᠥᠯᠥᠪᠯᠡᠵᠦ ᠪᠠᠶᠢᠨ᠎ᠠ᠃ | ᠠᠵᠤ ᠦᠢᠯᠡᠳᠪᠦᠷᠢ ᠶᠢᠨ ᠲᠠᠯ᠎ᠠ ᠪᠠᠷ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠨ᠂ ᠤᠰᠤ ᠬᠡᠷᠡᠭᠯᠡᠬᠦ ᠵᠥᠪᠰᠢᠶᠡᠷᠡᠯ ᠤᠨ ᠬᠢᠨᠠᠨ | ᠵᠥᠪᠰᠢᠶᠡᠷᠡᠬᠦ ᠶᠢ ᠴᠢᠩᠭᠠᠳᠬᠠᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠨᠢ ᠥᠪᠡᠷᠲᠡᠭᠡᠨ ᠵᠠᠰᠠᠬᠤ ᠣᠷᠣᠨ ᠤ | ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠠᠴᠠ ᠥᠨᠳᠥᠷ ᠪᠠᠶᠢᠪᠠᠯ ᠵᠥᠪᠰᠢᠶᠡᠷᠡᠬᠦ ᠦᠭᠡᠢ᠃ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠤᠰᠤ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠪᠠ ᠬᠦᠷᠢᠶᠡᠯᠡᠩ ᠲᠣᠭᠤᠷᠢᠭ ᠤᠨ ᠬᠠᠶᠠᠭᠳᠠᠮᠠᠯ ᠤᠰᠤ ᠶᠢ | ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠂ ᠢᠷᠡᠬᠦ ᠵᠢᠯ ᠤᠰᠤ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠢ 20 ᠠᠴᠠ ᠳᠡᠭᠡᠭᠰᠢ ᠬᠡᠷᠡᠭᠵᠢᠭᠦᠯᠬᠦ ᠪᠠᠷ | ᠲᠥᠯᠥᠪᠯᠡᠵᠦ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 13% ᠠᠴᠠ | ᠳᠡᠭᠡᠭᠰᠢ ᠪᠠᠭᠤᠷᠠᠭᠤᠯᠬᠤ ᠶᠢ ᠪᠡᠶᠡᠯᠡᠭᠦᠯᠦᠨ᠎ᠡ᠃ 2024 ᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠳᠠᠭᠤᠷᠢᠶᠠᠯ ᠦᠵᠡᠭᠦᠯᠭᠦ ᠠᠵᠤ | ᠠᠬᠤᠶᠢᠯᠠᠯ 4᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ 28᠂ ᠥᠪᠡᠷᠲᠡᠭᠡᠨ ᠵᠠᠰᠠᠬᠤ ᠣᠷᠣᠨ ᠤ ᠲᠠᠰ ᠤᠨ | ᠤᠰᠤ ᠠᠷᠪᠢᠯᠠᠬᠤ ᠭᠡᠯᠪᠡᠷᠢ ᠶᠢᠨ ᠬᠦᠷᠢᠶᠡᠯᠡᠩ ᠲᠣᠭᠤᠷᠢᠭ 7 ᠶᠢ ᠪᠠᠶᠢᠭᠤᠯᠵᠤ᠂ 2 ᠠᠵᠤ ᠠᠬᠤᠶᠢᠯᠠᠯ ᠨᠢ ᠤᠯᠤᠰ ᠤᠨ ᠤᠰᠤ ᠠᠷᠪᠢᠯᠠᠬᠤ ᠦᠷ᠎ᠡ ᠠᠰᠢᠭ ᠤᠨ | ᠳᠠᠭᠠᠭᠤᠯᠤᠭᠴᠢ ᠪᠠᠷ ᠰᠣᠩᠭᠤᠭᠳᠠᠪᠠ᠃ | ᠬᠤᠲᠠ ᠪᠠᠯᠭᠠᠰᠤ ᠶᠢᠨ ᠠᠮᠢᠳᠤᠷᠠᠯ ᠤᠨ ᠲᠠᠯ᠎ᠠ ᠪᠠᠷ᠂ ᠬᠤᠲᠠ ᠶᠢᠨ ᠤᠰᠤ ᠬᠠᠩᠭᠠᠬᠤ ᠬᠤᠭᠤᠯᠠᠢ ᠲᠣᠣᠷ ᠤᠨ ᠭᠤᠭᠤᠵᠢᠵᠤ ᠬᠤᠬᠢᠷᠠᠬᠤ ᠶᠢ ᠪᠦᠭᠦ | ᠬᠦᠴᠦᠨ ᠢᠶᠠᠷ ᠢᠶᠠᠨ ᠵᠠᠰᠠᠨ ᠬᠤᠷᠢᠭᠯᠠᠵᠤ᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ ᠪᠣᠷᠣᠭᠠᠨ ᠤ ᠤᠰᠤ ᠶᠢ ᠬᠤᠷᠠᠨ | ᠬᠠᠳᠠᠭᠠᠯᠠᠬᠤ ᠠᠰᠢᠭᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠪᠦᠭᠦ ᠣᠷᠣᠨ ᠤ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠲᠣᠣᠷ ᠤᠨ | ᠭᠤᠭᠤᠵᠢᠵᠤ ᠬᠤᠬᠢᠷᠠᠬᠤ ᠨᠣᠷᠮ᠎ᠠ ᠶᠢ 9% ᠶᠢᠨ ᠳᠣᠲᠣᠷ᠎ᠠ ᠬᠢᠵᠠᠭᠠᠷᠯᠠᠵᠤ᠂ ᠬᠠᠲᠤᠨ ᠭᠤᠣᠯ ᠤᠨ ᠰᠠᠪᠠ ᠭᠠᠵᠠᠷ ᠤᠨ ᠤᠰᠤ ᠲᠤᠲᠠᠭᠳᠠᠵᠤ ᠪᠠᠶᠢᠭ᠎ᠠ ᠲᠤᠰᠬᠠᠢ | ᠣᠷᠣᠨ ᠤ ᠲᠠᠰ ᠤᠨ ᠬᠤᠲᠠ ᠪᠦᠷ ᠤᠰᠤ ᠠᠷᠪᠢᠯᠠᠬᠤ ᠪᠠᠷᠢᠮᠵᠢᠶ᠎ᠠ ᠳᠤ ᠬᠦᠷᠬᠦ ᠶᠢ ᠪᠡᠶᠡᠯᠡᠭᠦᠯᠵᠡᠢ᠃ | ᠳᠥᠷᠪᠡ ᠳᠤ᠂ ᠬᠡᠪ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢ ᠴᠢᠩᠭᠠᠳᠬᠠᠨ᠎ᠠ᠃ ᠣᠶᠢᠷ᠎ᠠ ᠶᠢᠨ ᠵᠢᠯ ᠳᠤ᠂ ᠥᠪᠥᠷ ᠮᠣᠩᠭᠤᠯ ᠬᠡᠪ ᠤᠨ ᠪᠤᠰᠤ | ᠤᠰᠤᠨ ᠰᠤᠷᠪᠤᠯᠵᠢ ᠶᠢ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠣᠬᠢᠷᠠᠭᠤᠯᠬᠤ ᠬᠠᠮᠢᠶᠠᠷᠤᠯᠲᠠ ᠳᠤ ᠣᠷᠣᠭᠤᠯᠵᠤ᠂ ᠤᠰᠤ ᠬᠡᠷᠡᠭᠯᠡᠬᠦ ᠵᠥᠪᠰᠢᠶᠡᠷᠡᠯ ᠢ ᠬᠢᠨᠠᠨ | ᠵᠥᠪᠰᠢᠶᠡᠷᠡᠬᠦ ᠦᠶ᠎ᠡ ᠳᠤ ᠬᠡᠪ ᠤᠨ ᠪᠤᠰᠤ ᠤᠰᠤᠨ ᠤ ᠡᠬᠢ ᠪᠠᠶᠠᠯᠢᠭ ᠢ ᠤᠷᠢᠳ ᠢᠶᠠᠷ ᠲᠣᠬᠢᠷᠠᠭᠤᠯᠵᠤ᠂ ᠬᠤᠲᠠ ᠶᠢᠨ ᠳᠠᠭᠢᠨ ᠡᠭᠦᠰᠬᠦ ᠤᠰᠤ ᠶᠢᠨ ᠠᠰᠢᠭᠯᠠᠯᠲᠠ ᠶᠢ | ᠶᠡᠬᠡᠪᠡᠷ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠳᠠᠭᠢᠠ ᠡᠭᠦᠰᠬᠦ ᠤᠰᠤ ᠶᠢᠨ ᠠᠰᠢᠭᠯᠠᠯᠲᠠ ᠶᠢ ᠭᠤᠣᠯᠳᠠᠯᠭ᠎ᠠ ᠲᠠᠢ ᠲᠦᠯᠬᠢᠨ | ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠵᠢᠴᠢ ᠲᠠᠷᠢᠶᠠᠯᠠᠩ ᠤᠨ ᠳᠠᠭᠢᠠ ᠡᠭᠦᠰᠬᠦ ᠤᠰᠤ ᠶᠢᠨ ᠠᠰᠢᠭᠯᠠᠯᠲᠠ ᠶᠢ ᠵᠢᠷᠤᠮᠵᠢᠭᠤᠯᠤᠨ ᠯᠠᠪᠳᠠᠭᠤᠨ ᠪᠠᠲᠤᠲᠠᠢ | ᠲᠦᠯᠬᠢᠨ ᠠᠬᠢᠭᠤᠯᠵᠤ᠂ ᠨᠡᠶᠢᠲᠡᠯᠢᠭ ᠭᠠᠵᠠᠷ ᠣᠷᠣᠨ ᠤ ᠳᠠᠭᠢᠠ ᠡᠭᠦᠰᠬᠦ ᠤᠰᠤ ᠶᠢ ᠲᠣᠬᠢᠷᠠᠭᠤᠯᠤᠨ ᠠᠰᠢᠭᠯᠠᠬᠤ ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠲᠦᠯᠬᠢᠨ ᠠᠬᠢᠭᠤᠯᠪᠠ᠃ ᠣᠳᠣᠬᠠᠨ ᠳᠤ ᠮᠠᠨ ᠤ ᠣᠷᠣᠨ ᠤ ᠳᠠᠭᠢᠠ ᠡᠭᠦᠰᠬᠦ ᠤᠰᠤ ᠶᠢᠨ ᠠᠰᠢᠭᠯᠠᠯᠲᠠ ᠶᠢᠨ ᠨᠣᠷᠮ᠎ᠠ 54% ᠳᠤ ᠬᠦᠷᠴᠦ᠂ | ᠨᠡᠭᠦᠷᠡᠰᠦᠨ ᠳᠠᠪᠬᠤᠷᠭ᠎ᠠ ᠶᠢᠨ ᠤᠰᠤ ᠶᠢᠨ ᠠᠰᠢᠭᠯᠠᠯᠲᠠ ᠶᠢᠨ ᠨᠣᠷᠮ᠎ᠠ 60% ᠳᠤ ᠬᠦᠷᠴᠦ᠂ ᠴᠥᠮ ᠪᠦᠭᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ | ᠪᠠᠶᠢᠨ᠎ᠠ᠃ ᠵᠠᠯᠭᠠᠭᠠᠳ᠂ ᠥᠪᠥᠷ ᠮᠣᠩᠭᠤᠯ ᠤᠰᠤ ᠨᠡᠮᠡᠭᠳᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠰᠤᠨ ᠲᠣᠣᠷ ᠤᠨ ᠭᠤᠣᠯᠯᠠᠭᠴᠢ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠲᠤᠨ ᠭᠤᠣᠯ ᠤᠨ ︽ᠨᠠᠢᠮᠠ ᠳᠣᠯᠤᠭ᠎ᠠ︾ ᠶᠢᠨ ᠤᠰᠤ ᠶᠢ ᠰᠠᠯᠭᠠᠬᠤ ᠲᠥᠰᠥᠯ ᠳᠤ ᠮᠠᠨ ᠤ ᠣᠷᠣᠨ ᠤ | ᠭᠦᠢᠴᠡᠳᠬᠡᠯ ᠲᠤᠭ᠎ᠠ ᠶᠢ ᠰᠢᠯᠵᠢᠭᠦᠯᠦᠨ ᠨᠡᠮᠡᠭᠳᠡᠭᠦᠯᠬᠦ ᠪᠠᠷ ᠢᠳᠡᠪᠬᠢᠲᠡᠢ ᠴᠢᠷᠮᠠᠶᠢᠨ᠎ᠠ; ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠦᠪᠰᠢᠨ ᠢ | ᠨᠡᠮᠡᠭᠳᠡᠭᠦᠯᠵᠦ᠂ ᠳᠠᠭᠢᠨ ᠡᠭᠦᠰᠬᠦ ᠤᠰᠤ᠂ ᠨᠡᠭᠦᠷᠡᠰᠦᠨ ᠳᠠᠪᠬᠤᠷᠭ᠎ᠠ ᠶᠢᠨ ᠤᠰᠤ ᠶᠢ ᠠᠰᠢᠭᠯᠠᠬᠤ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ 2025 ᠣᠨ ᠳᠤ ᠪᠦᠭᠦ ᠣᠷᠣᠨ ᠤ ᠬᠡᠪ ᠤᠨ ᠪᠤᠰᠤ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠬᠡᠮᠵᠢᠶ᠎ᠡ ᠶᠢ 7.68 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠭᠡᠵᠦ᠂ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠶᠢ 2751 ᠲᠦᠮᠡᠨ ᠲᠥᠭᠦᠷᠢᠭ ᠲᠡᠮᠡᠴᠡᠨ | ᠣᠯᠵᠤ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠳᠠᠭᠢᠨ ᠡᠭᠦᠰᠬᠦ ᠤᠰᠤ ᠶᠢᠨ ᠬᠤᠭᠤᠯᠠᠢ | ᠱᠤᠭᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠰᠤ ᠠᠷᠪᠢᠯᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠴᠢᠷᠮᠠᠶᠢᠨ | ᠪᠡᠶᠡᠯᠡᠭᠦᠯᠦᠨ᠎ᠡ᠃ | ᠲᠠᠪᠤ ᠳᠤ᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠤᠰᠤ ᠬᠡᠷᠡᠭᠯᠡᠬᠦ ᠡᠷᠬᠡ ᠶᠢᠨ ᠠᠷᠠᠯᠵᠢᠶ᠎ᠠ ᠶᠢᠨ ᠳᠦᠷᠢᠮ ᠤᠨ | ᠪᠠᠲᠤᠯᠠᠭ᠎ᠠ ᠶᠢ ᠪᠦᠷᠢᠨᠰᠢᠭᠦᠯᠵᠦ᠂ ᠤᠰᠤᠨ ᠤ ᠡᠷᠬᠡ ᠶᠢᠨ ᠠᠷᠠᠯᠵᠢᠶ᠎ᠠ ᠶᠢᠨ ᠠᠷᠭ᠎ᠠ ᠵᠠᠮ ᠤᠨ ᠰᠢᠨ᠎ᠡ ᠶᠢ ᠡᠭᠦᠳᠴᠦ᠂ ᠤᠰᠤ ᠠᠷᠪᠢᠯᠠᠬᠤ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠬᠦ ᠪᠠ ᠤᠰᠤ ᠠᠷᠪᠢᠯᠠᠬᠤ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠭᠤᠣᠯᠳᠠᠯᠭ᠎ᠠ ᠲᠠᠢ ᠠᠬᠢᠭᠤᠯᠤᠨ᠂ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠪᠠ | ︽ᠤᠰᠤ ᠠᠷᠪᠢᠯᠠᠬᠤ ᠵᠢᠭᠡᠯᠡᠯᠭᠡ︾ ᠶᠢᠨ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠠᠵᠢᠯ ᠢ ᠶᠡᠭᠡ ᠪᠠᠷ ᠳᠡᠯᠭᠡᠷᠡᠭᠦᠯᠦᠨ᠎ᠡ᠃ 2024 ᠣᠨ ᠳᠤ᠂ ᠥᠪᠥᠷ ᠮᠣᠩᠭᠤᠯ | ᠤᠯᠤᠰ ᠠᠴᠠ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠤᠰᠤ ᠠᠷᠪᠢᠯᠠᠬᠤ ᠢᠨᠵᠧᠨᠧᠷᠢᠩ ᠤᠨ ᠠᠷᠪᠢᠯᠠᠭᠰᠠᠨ 4050 ᠲᠦᠮᠡᠨ ᠪᠣᠰᠤᠭ᠎ᠠ ᠳᠥᠷᠪᠡᠯᠵᠢᠨ | ᠮᠧᠲᠷ ᠤᠨ ᠤᠰᠤᠨ ᠤ ᠬᠡᠮᠵᠢᠶ᠎ᠡ ᠶᠢ ᠤᠰᠤᠨ ᠤ ᠡᠷᠬᠡ ᠶᠢᠨ ᠠᠷᠠᠯᠵᠢᠶᠠᠨ ᠤ ᠲᠣᠭᠲᠠᠴᠠ ᠶᠣᠰᠣᠭᠠᠷ ᠰᠢᠯᠢᠳᠡᠭᠵᠢᠭᠦᠯᠦᠨ ᠲᠣᠬᠢᠷᠠᠭᠤᠯᠬᠤ ᠶᠢ ᠰᠦᠪᠡᠭᠴᠢᠯᠡᠵᠦ᠂ ᠬᠠᠲᠤᠨ | ᠭᠤᠣᠯ ᠳᠠᠭᠠᠤ ᠭᠠᠵᠠᠷ ᠣᠷᠣᠨ ᠤ 300 ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ ᠰᠢᠨ᠎ᠡ ᠪᠠᠷ ᠨᠡᠮᠡᠭᠳᠡᠭᠦᠯᠬᠦ ᠳᠤ | ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠪᠠ᠃ ᠬᠠᠲᠤᠨ ᠭᠤᠣᠯ ᠤᠨ ᠭᠤᠣᠯ ᠤᠷᠤᠰᠬᠠᠯ ᠤᠨ ᠤᠰᠤᠨ ᠤ ᠡᠷᠬᠡ ᠶᠢ ᠠᠶᠢᠮᠠᠭ ᠬᠤᠲᠠ ᠶᠢᠨ | ᠬᠤᠭᠤᠷᠣᠨᠳᠤ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ 2025 ᠣᠨ ᠤ ᠡᠴᠦᠰ ᠲᠤ | ᠪᠠᠷᠢᠯᠭ᠎ᠠ ᠶᠢ ᠪᠦᠭᠦᠨ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠲᠠᠷᠢᠶᠠᠯᠠᠩ ᠠᠴᠠ ᠠᠵᠤ ᠦᠢᠯᠡᠳᠪᠦᠷᠢ ᠳᠤ 1.2 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠤᠨ ᠤᠰᠤᠨ ᠤ ᠭᠦᠢᠴᠡᠳᠬᠡᠯ ᠲᠤᠭ᠎ᠠ ᠶᠢ ᠰᠢᠯᠵᠢᠭᠦᠯᠦᠨ ᠥᠭᠴᠦ ᠪᠣᠯᠣᠨ᠎ᠠ᠃ | | |