12 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ 2024 ᠣᠨ ᠳᠤ ᠪᠥᠬᠦ ᠣᠷᠣᠨ ᠤ ᠡᠨᠧᠷᠭᠢ ᠶᠢᠨ ᠬᠦᠷᠢᠶᠡᠨ ᠳᠠᠬᠢ ᠴᠢᠬᠤᠯᠠ ᠶᠡᠭᠡ ᠲᠥᠷᠥᠯ | ᠵᠦᠢᠯ ᠨᠢ 3408 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠰᠡᠨ ᠪᠡᠯᠡ ᠣᠷᠣᠭᠤᠯᠤᠯᠲᠠ ︵3360 | ᠳ᠋ᠦᠩᠰᠢᠭᠤᠷ ᠲᠥᠭᠦᠷᠢᠭ︶ ᠪᠠᠨ 101.4% ᠪᠠᠷ ᠪᠡᠶᠡᠯᠡᠭᠦᠯᠪᠡ᠃ ᠡᠭᠦᠨ ᠳᠤ᠂ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠨᠢ | 2707 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠠᠷᠤᠭ ᠪᠦᠬᠦ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ 80% ᠶᠢ ᠡᠵᠡᠯᠡᠨ᠎ᠡ᠃ | ᠲᠥᠷᠥᠯ ᠢᠶᠠᠷ ᠨᠢ ᠠᠩᠭᠢᠯᠠᠪᠠᠯ᠂ ᠰᠢᠨ᠎ᠡ ᠡᠨᠧᠷᠭᠢ ᠶᠢᠨ ᠲᠥᠷᠥᠯ ᠵᠦᠢᠯ ᠨᠢ 1707 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠪᠠᠨ 102% ᠢᠶᠠᠷ ᠪᠡᠶᠡᠯᠡᠭᠦᠯᠪᠡ︔ ᠴᠠᠬᠢᠯᠭᠠᠨ ᠬᠦᠴᠦᠨ ᠤ ᠲᠥᠷᠥᠯ ᠵᠦᠢᠯ ᠨᠢ 470 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠪᠠᠨ 103% ᠪᠠᠷ ᠪᠡᠶᠡᠯᠡᠭᠦᠯᠪᠡ︔ ᠨᠡᠭᠦᠷᠡᠰᠦᠨ ᠤ | ᠲᠥᠷᠥᠯ ᠵᠦᠢᠯ ᠨᠢ 171 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠪᠠᠨ | 100% ᠪᠠᠷ ᠪᠡᠶᠡᠯᠡᠭᠦᠯᠪᠡ︔ ᠴᠢᠯᠠᠭᠤᠨ ᠲᠣᠰᠣᠨ ᠤ ᠲᠥᠷᠥᠯ ᠵᠦᠢᠯ ᠨᠢ 60 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ | ᠲᠥᠯᠥᠪᠯᠡᠭᠰᠡᠨ ᠪᠡᠯᠡ ᠣᠷᠣᠭᠤᠯᠤᠯᠲᠠ ᠪᠠᠨ 107% ᠪᠠᠷ ᠪᠡᠶᠡᠯᠡᠭᠦᠯᠪᠡ︔ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠨᠢ 1000 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠲᠥᠯᠥᠪᠯᠡᠭᠰᠡᠨ ᠪᠡᠯᠡ ᠣᠷᠣᠭᠤᠯᠤᠯᠲᠠ ᠪᠠᠨ 100% ᠪᠠᠷ ᠪᠡᠶᠡᠯᠡᠭᠦᠯᠪᠡ᠃ | ︵ᠡᠨᠧᠷᠭᠢ ᠶᠢᠨ ᠲᠣᠪᠴᠢᠶ᠎ᠠ︶ |