1 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠭᠦᠳᠠ ᠬᠤᠷᠠᠯ ᠪᠣᠯᠣᠨ ᠪᠦᠭᠦ | ᠣᠷᠣᠨ ᠤ ᠬᠤᠶᠠᠷ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠥᠪᠥᠷ ᠮᠣᠩᠭᠤᠯ ᠤᠨ | ᠡᠨᠧᠷᠭᠢ ᠶᠢᠨ ᠪᠦᠯᠦᠭᠯᠡᠯ᠂ ᠴᠠᠭᠢᠯᠭᠠᠨ ᠬᠦᠴᠦᠨ ᠤ ᠪᠦᠯᠦᠭᠯᠡᠯ ᠳᠤ ᠪᠠᠶᠢᠴᠠᠭᠠᠨ ᠰᠤᠳᠤᠯᠤᠯᠲᠠ ᠬᠢᠪᠡ᠃ | | | | | | ᠡᠨᠧᠷᠭᠢ ᠶᠢᠨ ᠪᠦᠯᠦᠭᠯᠡᠯ ᠳᠤ᠂ ᠸᠠᠩ ᠯᠢ ᠰᠢᠶᠠ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠦᠭᠰᠡᠨ ᠪᠠᠶᠢᠳᠠᠯ ᠪᠣᠯᠣᠨ 2025 ᠣᠨ ᠤ ᠲᠦᠷᠦᠯ ᠵᠦᠢᠯ ᠤᠨ ᠪᠠᠶᠢᠷᠢᠰᠢᠭᠤᠯᠤᠯᠲᠠ ᠲᠥᠯᠥᠪᠯᠡᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠠᠮᠲᠤᠷᠠᠯᠴᠠᠭᠠᠨ ᠤ ᠲᠣᠭᠲᠠᠴᠠ ᠶᠢ ᠪᠦᠷᠢᠨᠰᠢᠭᠦᠯᠵᠦ᠂ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠨ ᠬᠠᠮᠲᠤ ᠪᠠᠷ ᠠᠵᠢᠯᠯᠠᠵᠤ᠂ ᠡᠨᠧᠷᠭᠢ ᠶᠢᠨ ᠪᠦᠯᠦᠭᠯᠡᠯ ᠤᠨ | ᠠᠵᠠ ᠲᠣᠭᠢᠶᠠᠯ ᠢ ᠤᠯᠠᠨ ᠤ ᠬᠠᠮᠲᠤ ᠶᠢᠨ ᠠᠵᠠ ᠲᠣᠭᠢᠶᠠᠯ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠥᠪᠥᠷ ᠮᠣᠩᠭᠤᠯ ᠤᠨ ᠴᠠᠭᠢᠯᠭᠠᠨ ᠬᠦᠴᠦᠨ ᠤ | ᠪᠦᠯᠦᠭᠯᠡᠯ ᠳᠤ᠂ ᠸᠠᠩ ᠯᠢ ᠰᠢᠶᠠ ᠰᠦᠯᠵᠢᠶᠡᠨ ᠤ ᠠᠮᠤᠷ ᠲᠦᠪᠰᠢᠨ ᠤ ᠪᠠᠶᠢᠳᠠᠯ ᠤᠨ ᠲᠥᠪ᠂ ︽ᠥᠪᠥᠷ ᠮᠣᠩᠭᠤᠯ ᠤᠨ ᠴᠠᠭᠢᠯᠭᠠᠨ ᠤ ᠡᠭᠦᠯᠡ︾ ᠲᠠᠪᠴᠠᠩ ᠤᠨ | ᠮᠠᠰᠢᠨ ᠤ ᠲᠠᠰᠤᠭ ᠪᠣᠯᠣᠨ ᠴᠠᠭᠢᠯᠭᠠᠨ ᠬᠦᠴᠦᠨ ᠴᠢᠮᠡᠭᠡ ᠬᠤᠯᠪᠤᠭ᠎ᠠ ᠶᠢᠨ ᠮᠡᠳᠡᠭᠡ ᠵᠠᠩᠭᠢ ᠶᠢ ᠲᠣᠬᠢᠷᠠᠭᠤᠯᠤᠨ ᠵᠢᠯᠤᠭᠤᠳᠬᠤ ᠲᠥᠪ ᠲᠤ ᠬᠦᠷᠴᠦ᠂ | ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠵᠤ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠶᠠᠪᠤᠴᠠ ᠶᠢ ᠯᠠᠪᠯᠠᠨ ᠠᠰᠠᠭᠤᠵᠤ᠂ ᠴᠠᠭᠢᠯᠭᠠᠨ ᠬᠦᠴᠦᠨ ᠤ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠠᠭᠢᠯᠭᠠᠨ | ᠲᠣᠣᠷ ᠤᠨ ᠠᠮᠤᠷ ᠲᠦᠪᠰᠢᠨ ᠡᠷᠭᠢᠯᠲᠡ ᠪᠣᠯᠣᠨ ᠤᠯᠠᠨ ᠲᠦᠮᠡᠨ ᠤ ᠴᠠᠭᠢᠯᠭᠠᠨ ᠬᠡᠷᠡᠭᠯᠡᠬᠦ ᠳᠤ ᠲᠦᠭᠦᠮ ᠦᠵᠡᠭᠦᠯᠭᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠠᠯᠪᠠᠯᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ | ᠨᠢᠭᠡᠳ ᠨᠢᠭᠡ ᠪᠠᠷ ᠬᠠᠷᠢᠭᠤᠯᠲᠠ ᠥᠭᠴᠦ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠᠬᠢ ᠬᠦᠴᠢᠷᠳᠡᠯᠲᠡᠢ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ | ᠲᠡᠷᠡ᠂ ᠡᠨᠧᠷᠭᠢ ᠶᠢᠨ ᠪᠦᠯᠦᠭᠯᠡᠯ ᠪᠣᠯᠣᠨ ᠴᠠᠭᠢᠯᠭᠠᠨ ᠬᠦᠴᠦᠨ ᠤ ᠪᠦᠯᠦᠭᠯᠡᠯ ᠤᠨ ᠬᠢᠨ ᠡᠷᠴᠢᠮ ᠢᠶᠠᠨ ᠰᠤᠯᠠᠷᠠᠭᠤᠯᠤᠯ ᠦᠭᠡᠢ ᠪᠠᠷ ᠬᠥᠭᠵᠢᠯᠲᠡ ᠶᠢ ᠲᠦᠷᠭᠡᠳᠬᠡᠵᠦ᠂ | ᠡᠷᠴᠢ ᠵᠣᠷᠢᠭ ᠢᠶᠠᠨ ᠬᠥᠪᠴᠢᠯᠡᠨ᠂ ᠪᠦᠭᠦ ᠬᠦᠴᠦᠨ ᠢᠶᠠᠷ ᠢᠶᠠᠨ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠵᠦ᠂ ᠮᠠᠨ ᠤ ᠣᠷᠣᠨ ᠤ ᠡᠨᠧᠷᠭᠢ ᠶᠢᠨ ᠠᠵᠤ | ᠠᠬᠤᠢ ᠶᠢᠨ ᠳᠠᠭᠠᠭᠤᠯᠤᠭᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠪᠰᠢᠭᠠᠶᠢᠯᠠᠭᠴᠢ ᠪᠤᠯᠬᠤ ᠬᠡᠷᠡᠭᠲᠡᠢ᠃ ᠳᠠᠪᠠᠭᠤᠯᠢᠭ ᠴᠡᠷᠢᠭ ᠤᠨ | ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠬᠤ ᠳᠠᠶᠢᠯᠠᠯᠳᠤᠭᠠᠨ ᠬᠢᠵᠦ᠂ ᠪᠣᠬᠢᠷᠳᠤᠯ ᠦᠭᠡᠢ ᠴᠠᠭᠢᠯᠭᠠᠨ ᠢ ᠪᠣᠬᠢᠷᠳᠤᠯ ᠦᠭᠡᠢ ᠡᠨᠧᠷᠭᠢ ᠪᠣᠯᠭᠠᠨ | ᠬᠤᠪᠢᠷᠠᠭᠤᠯᠵᠤ᠂ ᠨᠥᠭᠡᠴᠡ ᠡᠨᠧᠷᠭᠢ ᠶᠢᠨ ᠬᠥᠭᠵᠢᠯᠲᠡ᠂ ᠴᠠᠭᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠵᠡᠷᠭᠡ ᠵᠠᠩᠭᠢᠯᠠᠭ᠎ᠠ ᠶᠢᠨ ᠲᠣᠭᠤᠷᠢᠨ ᠳᠤ᠂ | ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠲᠠᠯ᠎ᠠ ᠪᠠᠷ ᠨᠢᠷᠤᠭᠤ ᠲᠤᠯᠭᠠᠭᠤᠷᠢ ᠪᠤᠯᠬᠤ | ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠴᠢᠩᠭᠠᠳᠬᠠᠵᠤ᠂ ᠭᠤᠣᠯ | ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠴᠢᠨᠠᠷ ᠰᠠᠶᠢᠲᠠᠢ | ᠪᠡᠶᠡᠯᠡᠭᠦᠯᠵᠦ᠂ ᠨᠡᠩ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠨᠧᠷᠭᠢ ᠪᠠ | ᠴᠠᠭᠢᠯᠭᠠᠨ ᠬᠦᠴᠦᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠤᠨ ᠪᠣᠭᠤᠮᠲᠠ ᠰᠢᠪᠲᠤᠯᠬᠤ ᠶᠢ ᠬᠦᠴᠦᠯᠡᠨ ᠠᠬᠢᠭᠤᠯᠬᠤ | ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠠᠵᠤ ᠠᠬᠤᠶᠢᠯᠠᠯ ᠤᠨ | ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠠᠵᠢᠯ ᠬᠢᠵᠦ ᠦᠢᠯᠡᠰ | ᠪᠣᠰᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠶᠢ ᠡᠷᠡᠰ ᠭᠤᠶᠢᠪᠢᠰᠢ ᠦᠭᠡᠢ ᠳᠡᠮᠵᠢᠬᠦ ᠬᠡᠷᠡᠭᠲᠡᠢ ᠭᠡᠪᠡ᠃ | ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠵᠠᠢ᠃ | |