ᠵᠠᠰᠠᠭ ᠤᠨ ᠣᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2025/1/22
          ᠵᠠᠰᠠᠭ ᠤᠨ ᠣᠷᠳᠤᠨ ᠤ ᠠᠵᠢᠯ ᠤᠨ ᠢᠯᠡᠳᠬᠡᠯ           —2025 ᠣᠨ ᠤ 1 ᠰᠠᠷ᠎ᠠ ᠶᠢᠨ 20᠎ ᠤ ᠡᠳᠦᠷ ᠰᠢᠨ᠎ᠠ ᠪᠠᠷᠭᠤ ᠵᠡᠭᠦᠨ ᠬᠤᠰᠢᠭᠤᠨ ᠤ ᠠᠷᠪᠠᠨ ᠵᠢᠷᠭᠤᠳᠤᠭᠠᠷ           ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ          ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠬᠤᠰᠢᠭᠤᠨ ᠳᠠᠷᠤᠭ᠎ᠠ     ᠡᠦ ᠰᠢᠤᠸᠠᠢ ᠶᠦᠩ           ᠲᠥᠯᠥᠭᠡᠯᠡᠭᠴᠢᠳ ᠠ᠋᠄          ᠣᠲᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠣᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠵᠥᠪᠯᠡᠯᠭᠡ ᠪᠠᠨ ᠳᠡᠪᠰᠢᠭᠦᠯᠬᠦ ᠪᠣᠯᠪᠠᠤ᠃           ᠨᠢᠭᠡ᠂ 2024 ᠣᠨ ᠤ ᠠᠵᠢᠯ ᠤᠨ ᠡᠷᠭᠢᠴᠡᠭᠦᠯᠦᠯ           ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾᠎ ᠢ ᠭᠦᠨᠵᠡᠭᠡᠢ ᠬᠡᠷᠡᠭᠵᠢᠭᠦᠯᠵᠦ᠂ ︽ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ︾᠎ ᠢ ᠪᠦᠬᠦ ᠲᠠᠯ᠎ᠠ ᠪᠠᠷ ᠠᠬᠢᠭᠤᠯᠤᠨ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠲᠠᠢ ᠠᠬᠢᠭᠤᠯᠵᠤ᠂ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠬᠤᠷᠳᠤᠴᠠ ᠪᠠᠨ ᠲᠦᠷᠭᠡᠳᠬᠡᠵᠦ᠂ ᠣᠯᠠᠨ ᠲᠠᠯ᠎ᠠ ᠪᠠᠷ ᠰᠢᠪᠲᠤᠯᠤᠯᠲᠠ ᠭᠠᠷᠭᠠᠭᠰᠠᠨ ᠰᠢᠨ᠎ᠡ ᠪᠠᠶᠢᠳᠠᠯ ᠢ ᠢᠯᠡᠷᠡᠭᠦᠯᠪᠡ᠃          ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠠᠵᠢᠯ ᠢ ᠬᠢᠪᠡ᠃          ︵ᠨᠢᠭᠡ︶ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠰᠢᠯᠢᠳᠡᠭᠵᠢᠪᠡ᠃ ᠵᠢᠱᠢᠯᠲᠡ ᠪᠠᠷ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 37 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 5.7% ᠣᠷᠴᠢᠮ ᠨᠡᠮᠡᠭᠳᠡᠪᠡ ; ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 7.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 22%᠎ ᠢᠶᠠᠷ ᠨᠡᠮᠡᠭᠳᠡᠪᠡ ; ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 3% ᠣᠷᠴᠢᠮ ᠨᠡᠮᠡᠭᠳᠡᠪᠡ ; ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠨᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠡᠭᠡᠨ ᠠᠯᠬᠤᠮ ᠨᠢᠭᠡᠳᠪᠡ᠃ ᠤᠯᠤᠰ ᠤᠨ ᠳᠣᠲᠣᠭᠠᠳᠤ ᠶᠢᠨ ᠬᠤᠳᠠᠯᠳᠤᠭᠠᠴᠢᠨ ᠤᠷᠢᠵᠤ ᠪᠡᠯᠡ ᠣᠷᠤᠭᠤᠯᠤᠭᠰᠠᠨ ᠨᠢ 5.4 ᠳ᠋ᠦᠩᠰᠢᠭᠤᠷ ᠲᠥᠭᠦᠷᠢᠭ ᠲᠤ ᠬᠦᠷᠴᠦ᠂ 40.6%᠎ ᠪᠠᠷ ᠨᠡᠮᠡᠭᠳᠡᠨ᠂ ᠭᠠᠳᠠᠭᠠᠳᠤ ᠶᠢᠨ ᠪᠡᠯᠡ ᠶᠢ 100 ᠲᠦᠮᠡᠨ ᠲᠥᠭᠦᠷᠢᠭ ᠲᠠᠲᠠᠨ ᠣᠷᠤᠭᠤᠯᠵᠤ᠂ ᠭᠠᠳᠠᠭᠠᠳᠤ ᠪᠡᠯᠡ ᠶᠢᠨ ᠠᠰᠢᠭᠯᠠᠯᠲᠠ ᠶᠢᠨ ᠰᠢᠪᠲᠤᠯᠤᠯᠲᠠ ᠶᠢ ᠪᠡᠶᠡᠯᠡᠭᠦᠯᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠭᠤᠷᠪᠠᠨ ᠵᠢᠯ ᠳᠠᠷᠠᠭᠠᠯᠠᠨ ᠪᠥᠬᠦ ᠬᠤᠲᠠ ᠶᠢᠨ ᠨᠢᠭᠡᠳᠦᠭᠡᠷ ᠡᠩᠨᠡᠭᠡᠨ ᠳᠤ ᠣᠷᠣᠬᠤ ᠶᠢ ᠪᠠᠲᠤᠯᠠᠪᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠳᠣᠪᠤᠶᠢᠮ᠎ᠠ ᠦᠷ᠎ᠡ ᠪᠦᠲᠦᠭᠡᠯ ᠣᠯᠪᠠ᠃          ︵ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠬᠡᠮᠵᠢᠶ᠎ᠡ ᠴᠢᠨᠠᠷ ᠴᠢᠨᠰᠠᠭ᠎ᠠ ᠶᠢ ᠵᠡᠷᠭᠡᠪᠡᠷ ᠳᠡᠭᠡᠭᠰᠢᠯᠡᠭᠦᠯᠪᠡ᠃ ᠮᠠᠯᠵᠢᠯ ᠤᠨ ᠣᠨ ᠤ ᠮᠠᠯ ᠤᠨ ᠲᠤᠭ᠎ᠠ 120 ᠲᠦᠮᠡᠨ ᠲᠣᠯᠣᠭᠠᠢ ᠳᠤ ᠲᠣᠭᠲᠠᠪᠤᠷᠢᠵᠢᠵᠤ᠂ ᠰᠦ᠂ ᠮᠢᠬᠠᠨ ᠤ ᠭᠠᠷᠤᠯᠲᠠ ᠭᠤᠷᠪᠠᠨ ᠵᠢᠯ ᠳᠠᠷᠠᠭᠠᠯᠠᠨ ᠨᠡᠮᠡᠭᠳᠡᠬᠦ ᠶᠢ ᠪᠡᠶᠡᠯᠡᠭᠦᠯᠵᠦ᠂ ᠲᠣᠰ ᠲᠣᠰ 7.2 ᠲᠦᠮᠡᠨ ᠲᠣᠨ ᠪᠠ 3.45 ᠲᠦᠮᠡᠨ ᠲᠣᠨ ᠳᠤ ᠬᠦᠷᠪᠡ᠃ ᠠᠮᠤ ᠪᠤᠳᠠᠭᠠᠨ ᠤ ᠤᠨᠠᠯᠲᠠ 1.16 ᠳ᠋ᠦᠩᠰᠢᠭᠤᠷ ᠵᠢᠩ ᠪᠠᠶᠢᠵᠤ᠂ ᠠᠳᠠᠯᠢ ᠬᠤᠭᠤᠴᠠᠭᠠᠨ ᠤ ᠎ ᠬᠢ ᠠᠴᠠ 21.17%᠎ ᠪᠠᠷ ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ ᠬᠠᠰᠢᠶ᠎ᠠ ᠰᠠᠷᠠᠪᠴᠢ᠂ ᠡᠪᠡᠰᠦ ᠪᠣᠷᠳᠣᠭᠠᠨ ᠤ ᠬᠥᠮᠥᠷᠭᠡ ᠶᠢᠨ ᠰᠠᠭᠤᠷᠢ ᠲᠥᠬᠦᠭᠡᠷᠦᠮᠵᠢ 2.52 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠲᠠᠷᠢᠶᠠᠯᠠᠩ ᠮᠠᠯ ᠠᠵᠤ ᠠᠬᠤᠢ ᠲᠣᠭᠲᠠᠭᠤᠨ ᠪᠥᠭᠡᠳ ᠯᠠᠪᠳᠠᠭᠤᠨ ᠪᠠᠲᠤᠲᠠᠢ ᠪᠠᠶᠢᠨ᠎ᠠ᠃ ᠬᠠᠨᠳᠠᠭᠠᠢ ᠶᠢᠨ ᠲᠦᠮᠡᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠡᠵᠡᠩᠨᠡᠯᠲᠡ ᠳᠤ ᠣᠷᠤᠪᠠ᠃ ᠪᠥᠬᠦ ᠬᠤᠲᠠ ᠳᠤ ᠡᠩ ᠲᠡᠷᠢᠭᠦᠨ ᠳᠤ ᠪᠦᠷᠢᠨ ᠬᠤᠯᠢᠮᠠᠭ ᠲᠡᠵᠢᠭᠡᠯ ᠡᠪᠡᠰᠦᠨ ᠤ ︽ᠲᠥᠪ ᠥᠢᠯᠡᠳᠭᠡᠪᠦᠷᠢ︾᠎ ᠶᠢ ᠡᠬᠢᠯᠡᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠪᠡᠰᠦ ᠢᠰᠬᠡᠬᠦ ᠮᠡᠷᠭᠡᠵᠢᠯ ᠢ ᠪᠤᠲᠠᠲᠠᠶᠢᠵᠢᠭᠤᠯᠵᠤ᠂130 ᠲᠦᠮᠡᠨ ᠮᠦ ᠪᠠᠶᠢᠭᠠᠯᠢᠯᠢᠭ ᠪᠡᠯᠴᠢᠭᠡᠷ ᠤᠨ ᠦᠢᠯᠡᠳᠪᠦᠷᠢᠯᠡᠯ ᠤᠨ ᠬᠦᠴᠦᠨ ᠢ ᠪᠠᠳᠠᠷᠠᠭᠤᠯᠪᠠ᠃ ᠤᠯᠠᠮᠵᠢᠯᠠᠯᠲᠤ ᠮᠠᠯ ᠠᠵᠤ ᠠᠬᠤᠢ ᠶᠢᠨ ᠥᠭᠡᠷᠡᠴᠢᠯᠡᠯᠲᠡ ᠶᠢᠨ ᠰᠡᠳᠬᠢᠴᠡ ᠪᠠᠨ ᠣᠨᠣᠪᠴᠢᠲᠠᠶ ᠣᠯᠵᠤ᠂ 8 ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠ 2 ︽ᠮᠠᠩᠯᠠᠢ ᠶᠢᠨ ᠵᠠᠭᠪᠤᠷ︾᠎ ᠤᠨ ᠲᠤᠷᠰᠢᠯᠲᠠ ᠶᠢᠨ ᠭᠠᠴᠠᠭ᠎ᠠ ᠶᠢ ᠲᠣᠭᠲᠠᠭᠠᠵᠤ᠂  2 ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠡᠵᠡᠩᠨᠡᠯᠲᠡ ᠪᠠᠨ ᠡᠬᠢᠯᠡᠭᠦᠯᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠮᠠᠯ ᠠᠵᠤ ᠠᠬᠤᠢ ᠳᠤ ᠬᠤᠯᠪᠣᠭᠳᠠᠬᠤ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠳᠤᠮᠳᠠᠴᠢ ᠪᠠᠷ 1.17 ᠵᠠᠭᠤᠨ ᠤ ᠨᠢᠭᠡᠴᠢ ᠪᠠᠭᠤᠷᠠᠭᠤᠯᠵᠤ᠂ ᠮᠠᠯᠴᠢᠨ ᠲᠦᠮᠡᠨ ᠳᠤ 416.6 ᠲᠦᠮᠡᠨ ᠲᠥᠭᠦᠷᠢᠭ ᠠᠷᠪᠢᠯᠠᠵᠤ ᠥᠭᠪᠡ᠃ 9827 ᠲᠠᠷᠢᠶᠠᠯᠠᠩ ᠤᠨ ᠲᠠᠯᠠᠪᠠᠶ᠂ ᠲᠤᠯᠠᠷ ᠲᠠᠷᠢᠶᠠᠯᠠᠩ ᠤᠨ ᠲᠠᠯᠠᠪᠠᠶ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠪᠠᠷ ᠦᠨᠡᠯᠡᠭᠳᠡᠪᠡ᠃ ᠰᠢᠨ᠎ᠡ ᠪᠠᠷᠭᠤ ᠵᠡᠭᠦᠨ ᠬᠤᠰᠢᠭᠤᠨ ᠤ ᠦᠬᠡᠷ᠂ ᠰᠢᠨ᠎ᠡ ᠪᠠᠷᠭᠤ ᠵᠡᠭᠦᠨ ᠬᠤᠰᠢᠭᠤᠨ ᠤ ᠬᠤᠨᠢ᠂ ᠰᠢᠨ᠎ᠡ ᠪᠠᠷᠭᠤ ᠵᠡᠭᠦᠨ ᠬᠤᠰᠢᠭᠤᠨ ᠤ ᠬᠤᠣᠰ ᠳᠣᠣᠷ᠎ᠠ ᠰᠢᠯᠢᠮᠳᠡᠭ ᠤᠨ ᠦᠷ᠎ᠡ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠳᠤ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠢᠶᠠᠷ ᠨᠡᠷᠡᠶᠢᠳᠦᠭᠳᠡᠪᠡ᠃          ︵ᠭᠤᠷᠪᠠ︶ ᠰᠣᠶᠣᠯ ᠵᠢᠭᠤᠯᠴᠢᠯᠠᠯ ᠤᠨ ᠠᠵᠤ ᠦᠢᠯᠡᠰ ᠪᠠᠷᠢᠮᠵᠢᠶ᠎ᠠ ᠪᠠᠨ ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠰᠠᠶᠢᠵᠢᠷᠠᠭᠤᠯᠪᠠ᠃ ᠨᠣᠭᠤᠭᠠᠨᠨᠠᠭᠤᠷ ᠵᠤᠭᠠᠴᠠᠯ ᠤᠨ ᠣᠷᠣᠨ ᠳᠡᠰ ᠳᠡᠪᠰᠢᠵᠤ᠂ ᠢᠳᠡᠭᠡᠨ ᠤᠮᠳᠠᠭᠠᠨ᠂ ᠬᠤᠨᠣᠵᠤ ᠰᠠᠭᠤᠬᠤ᠂ ᠵᠤᠭ᠎ᠠ ᠴᠡᠩᠭᠡᠯ ᠵᠡᠷᠭᠡ ᠲᠠᠢ ᠬᠤᠯᠪᠤᠭᠳᠠᠬᠤ ᠰᠠᠭᠤᠷᠢ ᠲᠥᠬᠦᠭᠡᠷᠦᠮᠵᠢ ᠶᠢ 13 ᠪᠦᠲᠦᠭᠡᠨ ᠪᠠᠶᠢᠭᠤᠯᠪᠠ᠃ ᠪᠠᠷᠭᠤ ᠮᠣᠩᠭᠤᠯ ᠠᠶᠢᠮᠠᠭ ᠦᠵᠡᠮᠵᠢ ᠶᠢᠨ ᠣᠷᠣᠨ ᠬᠤᠶᠠᠳᠠᠭᠢ ᠤᠳᠠᠭᠠᠨ ᠤ ᠪᠣᠷᠤᠯᠠᠭᠤᠯᠭ᠎ᠠ ᠶᠢ ᠳᠡᠰ ᠳᠡᠪᠰᠢᠭᠦᠯᠬᠦ ᠶᠢ ᠪᠡᠶᠡᠯᠡᠭᠦᠯᠵᠦ᠂ ᠦᠨᠳᠦᠰᠦᠲᠡᠨ ᠤ ᠵᠠᠩ ᠦᠢᠯᠡ ᠶᠢ ᠪᠡᠶᠡᠴᠢᠯᠡᠨ ᠣᠶᠢᠯᠠᠭᠠᠬᠤ ᠬᠥᠳᠡᠯᠭᠡᠭᠡᠨ ᠢ 58 ᠵᠦᠢᠯ ᠪᠣᠯᠭᠠᠨ ᠪᠠᠶᠠᠯᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠬᠤᠸᠠᠷᠠᠨ ᠢᠶᠠᠷ ᠰᠣᠩᠭᠤᠭᠳᠠᠪᠠ᠃ ᠬᠢᠯᠢ ᠠᠯᠤᠰᠯᠠᠭᠰᠠᠨ ᠵᠢᠭᠤᠯᠴᠢᠯᠠᠯ ᠰᠢᠨ᠎ᠡ  ᠬᠥᠭᠵᠢᠯᠲᠡ ᠲᠠᠢ ᠪᠣᠯᠪᠠ᠃ ᠪᠥᠬᠦ ᠣᠷᠣᠨ ᠤ ᠣᠯᠠᠨ ᠤᠯᠤᠰ ᠤᠨ ᠬᠡᠯᠪᠡᠷᠢᠲᠦ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠮᠠᠯᠵᠢᠬᠤ ᠳᠥᠷᠪᠡᠨ ᠬᠤᠰᠢᠭᠤᠨ ᠤ ᠪᠥᠬᠡ ᠶᠢᠨ ᠡᠭᠡᠯᠵᠢᠲᠦ ᠪᠠᠷᠢᠯᠳᠤᠭᠠᠨ᠂ ᠲᠠᠯ᠎ᠠ ᠨᠤᠲᠤᠭ ᠤᠨ ᠨᠠᠭᠠᠳᠤᠮ᠂ ᠰᠢᠷ᠎ᠠ ᠦᠭᠡᠬᠦ ᠲᠠᠢ ᠦᠬᠡᠷ ᠤᠨ ᠮᠢᠬ᠎ᠠ ᠶᠢᠨ ᠨᠠᠶᠢᠷ ᠵᠡᠷᠭᠡ ᠤᠷᠤᠯᠳᠤᠭᠠᠨ ᠬᠦᠳᠡᠯᠭᠡᠭᠡᠨ ᠢ ᠦᠷᠨᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠥᠷᠨᠢᠩᠭᠦᠶ ᠬᠥᠭᠵᠢᠯᠲᠡ ᠶᠢ ᠳᠠᠶᠢᠴᠢᠯᠠᠪᠠ᠃ ᠵᠢᠯ ᠳᠤ 129.2 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠲᠠᠲᠠᠨ ᠢᠷᠡᠭᠦᠯᠵᠦ᠂ ᠵᠤᠭᠠᠴᠠᠯ ᠤᠨ ᠶᠡᠷᠦᠩᠬᠡᠢ ᠵᠠᠷᠤᠳᠠᠯ ᠨᠢ 16.85 ᠳ᠋ᠦᠩᠰᠢᠭᠤᠷ ᠲᠥᠭᠦᠷᠢᠭ ᠲᠤ ᠬᠦᠷᠴᠦ᠂ ᠵᠤᠭᠠᠴᠠᠯ ᠤᠨ ᠬᠥᠮᠦᠨ ᠤᠳᠠᠭ᠎ᠠ ᠪᠠ ᠵᠠᠷᠤᠳᠠᠯ ᠤᠨ ᠬᠤᠣᠰ ᠨᠡᠮᠡᠭᠳᠡᠯ ᠢ ᠪᠡᠶᠡᠯᠡᠭᠦᠯᠪᠡ᠃ ᠤᠯᠠᠭᠠᠨᠮᠥ᠋ᠴᠢᠷ ᠦᠨᠳᠦᠰᠦᠨ ᠱᠠᠲᠤᠨ ᠳᠤ ᠪᠠᠭᠤᠵᠤ ᠵᠠᠭᠤ ᠭᠠᠷᠤᠢ ᠲᠠᠯᠠᠪᠤᠷ ᠲᠣᠭᠯᠠᠯᠲᠠ ᠭᠠᠷᠭᠠᠵᠤ᠂ ︽ᠮᠣᠩᠭᠤᠯ ᠮᠣᠷᠢ︾᠂ ︽ᠥᠯᠵᠡᠶᠢᠲᠦ ᠪᠠᠷᠭᠤ︾᠂ ︽ᠠᠵᠢᠨᠠᠢ ᠬᠦᠯᠦᠭ ᠤᠨ ᠮᠠᠭᠲᠠᠭᠠᠯ︾ ᠵᠡᠷᠭᠡ ᠨᠢᠭᠡ ᠪᠦᠯᠦᠭ ᠰᠢᠯᠢᠳᠡᠭ ᠤᠷᠠᠨ ᠰᠠᠶᠢᠬᠠᠨ ᠤ ᠪᠦᠲᠦᠭᠡᠯ ᠢ ᠵᠣᠬᠢᠶᠠᠨ ᠪᠦᠲᠦᠭᠡᠵᠦ᠂ ︽ᠤᠮᠠᠷᠠᠲᠤ ᠬᠢᠯᠢ ᠶᠢᠨ ᠰᠣᠶᠣᠯ︾᠎ ᠤᠨ ᠲᠦᠷᠦᠯ ᠲᠡᠮᠳᠡᠭ ᠤᠨ ᠷᠢᠳᠢ ᠰᠢᠳᠢ ᠶᠢ ᠢᠯᠡᠷᠡᠭᠦᠯᠪᠡ ᠃ ᠦᠪᠦᠷᠪᠤᠯᠠᠭ ᠰᠤᠮᠤ ᠲᠦᠷᠦᠭᠦᠦ ᠪᠦᠯᠦᠭ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ ᠪᠠᠷ ᠦᠨᠡᠯᠡᠭᠳᠡᠪᠡ᠃          ︵ᠳᠥᠷᠪᠡ︶ ᠭᠠᠳᠠᠭᠠᠳᠤ ᠨᠡᠭᠡᠭᠡᠯᠲᠡ ᠰᠢᠪᠲᠤᠯᠤᠯᠲᠠ ᠲᠠᠢ ᠪᠣᠯᠪᠠ᠃ ᠮᠣᠩᠭᠤᠯ ᠤᠯᠤᠰ ᠯᠤᠭ᠎ᠠ ᠶᠢᠨ ᠰᠣᠯᠢᠯᠴᠠᠭ᠎ᠠ ᠶᠢ ᠢᠳᠡᠪᠬᠢᠲᠡᠢ ᠬᠢᠵᠦ᠂ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠮᠠᠰᠢᠨ ᠲᠡᠷᠭᠡ ᠶᠢᠨ ᠪᠣᠭᠤᠮᠲᠠ ᠪᠠᠷ ᠥᠩᠭᠡᠷᠡᠬᠦ ᠶᠢ ᠰᠡᠷᠭᠦᠭᠡᠵᠦ᠂ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠶᠢᠨ ᠨᠠᠯᠠᠶᠢᠬ᠎ᠠ ᠲᠣᠭᠤᠷᠢᠭ ᠯᠤᠭ᠎ᠠ ᠨᠥᠬᠦᠷᠰᠡᠭ ᠢᠶᠠᠷ ᠬᠠᠮᠲᠤᠷᠠᠯᠴᠠᠬᠤ ᠬᠠᠷᠢᠴᠠᠭ᠎ᠠ ᠶᠢ ᠵᠢᠩᠬᠢᠨᠢ ᠪᠠᠷ ᠪᠠᠶᠢᠭᠤᠯᠵᠤ᠂ ᠮᠣᠩᠭᠤᠯ ᠤᠯᠤᠰ ᠤᠨ ᠳᠣᠷᠣᠨᠠᠲᠤ ᠮᠤᠵᠢ ᠶᠢᠨ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠯᠦᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠶᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠪᠠ᠃ ᠪᠣᠭᠤᠮᠲᠠ ᠶᠢᠨ 2 ᠳ᠋ᠤᠭᠠᠷ ᠨᠣᠮᠧᠷᠲᠤ ᠵᠠᠭᠠᠭ ᠭᠤᠣᠯ ᠤᠨ ᠬᠥᠭᠦᠷᠭᠡ ᠶᠢᠨ ᠲᠥᠷᠥᠯ ᠵᠦᠢᠯ ᠢ ᠮᠣᠩᠭᠤᠯ ᠤᠨ ᠲᠠᠯ᠎ᠠ ᠶᠢᠨ ︽ᠪᠣᠭᠤᠮᠲᠠ ᠶᠢ ᠰᠡᠷᠭᠦᠭᠡᠨ ᠮᠠᠨᠳᠤᠭᠤᠯᠬᠤ︾ ᠲᠥᠯᠥᠪᠯᠡᠭᠡ ᠶᠢᠨ ᠭᠤᠣᠯᠳᠠᠯᠭ᠎ᠠ ᠲᠠᠢ ᠢᠨᠵᠧᠨᠧᠷᠢᠩ ᠳᠤ ᠣᠷᠣᠭᠤᠯᠬᠤ ᠶᠢ ᠠᠮᠵᠢᠯᠲᠠ ᠲᠠᠢ ᠠᠬᠢᠭᠤᠯᠪᠠ᠃  ᠪᠣᠭᠤᠮᠲᠠ ᠶᠢᠨ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠮᠣᠩᠭᠤᠯ ᠤᠯᠤᠰ ᠠᠴᠠ ᠣᠷᠤᠭᠤᠯᠬᠤ ᠠᠮᠤ ᠪᠤᠳᠠᠭᠠᠨ ᠤ ᠲᠣᠭᠲᠠᠭᠰᠠᠨ ᠬᠢᠨᠠᠨ ᠬᠠᠮᠢᠶᠠᠷᠬᠤ ᠲᠠᠯᠠᠪᠤᠷ ᠨᠢ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠴᠣᠬᠤᠯᠠᠪᠤᠷᠢ ᠶᠢ ᠣᠯᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠠᠮᠢᠳᠤ ᠬᠤᠨᠢᠨ ᠣᠷᠣᠭᠤᠯᠬᠤ ᠭᠤᠣᠯᠳᠠᠯᠭᠠᠲᠤ ᠪᠣᠭᠤᠮᠲᠠ ᠪᠠᠷ ᠵᠢᠭᠰᠠᠭᠠᠭᠳᠠᠪᠠ᠃ ᠪᠣᠭᠤᠮᠲᠠ ᠪᠠᠷ ᠠᠶᠠᠨᠴᠢᠳ‌‍ᠪᠠ ᠪᠠᠷᠠᠭ᠎ᠠ ᠲᠠᠸᠠᠷ ᠢ ᠵᠥᠭᠡᠭᠡᠪᠦᠷᠢᠯᠡᠬᠦ ᠣᠶᠤᠨᠲᠤ ᠪᠣᠭᠤᠮᠲᠠ ᠶᠢ ᠠᠰᠢᠭᠯᠠᠯᠲᠠ ᠳᠤ ᠣᠷᠣᠭᠤᠯᠵᠤ᠂ ᠵᠢᠮᠢᠰ ᠨᠣᠭᠤᠭ᠎ᠠ᠂ ᠲᠠᠷᠢᠶᠠᠯᠠᠩ ᠤᠨ ᠮᠠᠰᠢᠨ ᠢ ᠭᠠᠳᠠᠭᠠᠳᠤ ᠳᠤ ᠭᠠᠷᠭᠠᠬᠤ ᠰᠢᠪᠲᠤᠯᠤᠯᠲᠠ ᠶᠢ ᠪᠡᠶᠡᠯᠡᠭᠦᠯᠦᠪᠡ᠃ ᠵᠢᠯ ᠤᠨ ᠬᠢᠯᠢ ᠪᠠᠷ ᠣᠷᠣᠭᠤᠯᠵᠤ ᠭᠠᠷᠭᠠᠬᠤ ᠪᠠᠷᠠᠭᠠᠨ ᠤ ᠶᠡᠷᠦᠩᠬᠡᠢ ᠬᠡᠮᠵᠢᠶ᠎ᠡ 54.3 ᠲᠦᠮᠡᠨ ᠲᠣᠨ ᠳᠤ ᠬᠦᠷᠴᠦ᠂ ᠲᠣᠰ ᠣᠷᠤᠨ ᠳᠤ ᠪᠣᠳᠠᠲᠠᠶᠢᠵᠢᠭᠰᠠᠨ ᠭᠠᠳᠠᠭᠠᠳᠤ ᠠᠴᠠ ᠣᠷᠣᠭᠤᠯᠵᠤ ᠭᠠᠷᠭᠠᠬᠤ ᠠᠷᠠᠯᠵᠢᠶᠠᠨ ᠤ ᠬᠡᠮᠵᠢᠶ᠎ᠡ ᠭᠤᠷᠪᠠᠨ ᠳᠠᠬᠢᠨᠳᠠᠨ ᠨᠡᠮᠡᠭᠳᠡᠨ ᠮᠢᠩᠭᠠᠨ ᠲᠦᠮᠡᠨ ᠲᠦᠭᠦᠷᠢᠭ ᠪᠣᠭᠤᠮᠲᠠ ᠶᠢ ᠳᠠᠪᠠᠵᠤ᠂ ᠪᠦᠬᠦ ᠬᠤᠲᠠ ᠶᠢᠨ ᠬᠤᠶᠠᠳᠤᠭᠠᠷ ᠶᠡᠭᠡ ᠬᠠᠭᠤᠷᠠᠶ ᠵᠠᠮ ᠤᠨ ᠪᠣᠭᠤᠮᠲᠠ ᠶᠢᠨ ᠪᠠᠶᠢᠷᠢ ᠰᠠᠭᠤᠷᠢ ᠪᠠᠨ ᠪᠠᠲᠤᠯᠠᠪᠠ᠃          ︵ᠲᠠᠪᠤ︶ ᠪᠣᠬᠢᠷᠳᠤᠯ ᠦᠭᠡᠢ ᠠᠭᠤᠯᠤᠭᠳᠠᠬᠤᠨ ᠢ ᠤᠯᠠᠮ ᠨᠢᠭᠡ ᠠᠯᠬᠤᠮ ᠵᠤᠵᠠᠭᠠᠳᠬᠠᠪᠠ᠃ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠠᠵᠢᠯ ᠠᠩᠬᠠᠨ ᠤ ᠦᠷ᠎ᠡ ᠪᠦᠲᠦᠮᠵᠢ ᠣᠯᠵᠤ᠂ ᠨᠤᠲᠤᠭ ᠳᠡᠪᠢᠰᠬᠡᠷ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠶᠢ 139.85 ᠲᠦᠮᠡᠨ ᠮᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠶᠢ 1979.66 ᠲᠦᠮᠡᠨ ᠮᠦ ᠬᠡᠷᠡᠭᠵᠢᠭᠦᠯᠵᠦ᠂ 350 ᠡᠷᠦᠬᠡ ᠶᠢᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠳᠦᠷᠡᠭᠦᠯᠦᠨ ᠮᠠᠯᠵᠢᠬᠤ ᠶᠢ ᠴᠡᠭᠴᠡᠯᠡᠨ ᠵᠠᠰᠠᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠨᠣᠷᠮ᠎ᠠ ᠶᠢ 10%᠎ ᠶᠢᠨ ᠲᠣᠲᠤᠷ᠎ᠠ ᠬᠢᠵᠠᠭᠠᠷᠯᠠᠪᠠ᠃ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 10.35 ᠲᠦᠮᠡᠨ ᠮᠦ ᠠᠮᠵᠢᠯᠲᠠᠲᠠᠢ ᠪᠡᠶᠡᠯᠡᠭᠦᠯᠵᠦ᠂ ᠪᠠᠶᠢᠭᠠᠯᠢᠯᠢᠭ ᠣᠶ ᠰᠢᠭᠤᠢ ᠶᠢᠨ ᠬᠠᠮᠠᠭᠠᠯᠠᠯᠲᠠ ᠪᠠ 65.28 ᠲᠦᠮᠡᠨ ᠮᠦ ᠤᠯᠤᠰ ᠤᠨ ᠳᠡᠰ ᠤᠨ ᠠᠮᠢ ᠠᠬᠤᠢ ᠶᠢᠨ ᠨᠡᠶᠢᠲᠡ ᠶᠢᠨ ᠠᠰᠠᠷᠠᠮᠵᠢ ᠶᠢᠨ ᠣᠶ ᠰᠢᠭᠤᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ 124.34 ᠲᠦᠮᠡᠨ ᠮᠦ ᠣᠶ ᠰᠢᠭᠤᠢ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠪᠠ᠃ 6 ᠵᠣᠷᠪᠤᠰ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠵᠤ᠂ 27 ᠬᠠᠶᠠᠭᠳᠠᠮᠠᠯ ᠠᠭᠤᠷᠬᠠᠢ ᠶᠢ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃          ︵ᠵᠢᠷᠭᠤᠭ᠎ᠠ︶ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠠᠮᠲᠤᠪᠠᠷ ᠳᠠᠪᠰᠢᠪᠠ᠃ ᠠᠮᠤᠭᠤᠯᠠᠩ ᠪᠠᠯᠭᠠᠰᠤᠨ ᠤ ᠳᠤᠯᠠᠭᠠᠯᠠᠭ᠎ᠠ ᠬᠠᠩᠭᠠᠬᠤ ᠦᠢᠯᠡᠳᠪᠦᠷᠢ ᠠᠰᠢᠭᠯᠠᠯᠲᠠ ᠳᠤ ᠣᠷᠣᠵᠤ᠂ 15.76 ᠺᠢᠯᠣᠮᠧᠲᠷ ᠳᠤᠯᠠᠭᠠᠯᠠᠭ᠎ᠠ ᠶᠢᠨ ᠬᠤᠭᠤᠯᠠᠢ ᠶᠢᠨ ᠲᠣᠣᠷ᠂ 28.5 ᠺᠢᠯᠣᠮᠧᠲᠷ ᠠᠰᠠᠷ ᠲᠠᠭᠲᠤ ᠶᠢᠨ ᠪᠣᠰᠤᠭ᠎ᠠ ᠬᠤᠭᠤᠯᠠᠢ᠂ 13 ᠰᠠᠭᠤᠷᠢ ᠢᠯᠴᠢ ᠰᠣᠯᠢᠬᠤ ᠦᠷᠳᠡᠭᠡ ᠶᠢ ᠰᠢᠨ᠎ᠡ ᠪᠠᠷ ᠪᠠᠶᠢᠭᠤᠯᠤᠭᠰᠠᠨ ᠪᠣᠶᠤ ᠥᠭᠡᠷᠡᠴᠢᠯᠡᠨ ᠰᠢᠨᠡᠳᠬᠡᠵᠦ᠂ 350 ᠡᠷᠦᠭᠡ ᠳᠤ ᠠᠰᠢᠭ ᠬᠦᠷᠲᠡᠭᠡᠨ᠂ ᠬᠠᠯᠠᠭᠤᠨ ᠳᠤᠯᠠᠭᠠᠨ ᠢᠨᠵᠧᠨᠧᠷᠢᠩ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠪᠠ᠃ ᠣᠶᠤᠨᠲᠤ ᠤᠰᠤᠨ ᠤ ᠶᠠᠪᠤᠳᠠᠯ ᠤᠨ ᠲᠤᠭ᠎ᠠ ᠪᠠᠷᠢᠮᠲᠠ ᠶᠢᠨ ᠲᠥᠪ ᠢ ᠪᠠᠶᠢᠭᠤᠯᠵᠤ᠂ 20.7 ᠺᠢᠯᠣᠮᠧᠲᠷ ᠤᠰᠤ ᠬᠠᠩᠭᠠᠬᠤ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠵᠦ᠂ 3.9 ᠺᠢᠯᠣᠮᠧᠲᠷ ᠬᠤᠲᠠ ᠪᠠᠯᠭᠠᠰᠤᠨ ᠤ ᠵᠠᠰᠠᠮᠠᠯ ᠵᠠᠮ ᠢ ᠳᠡᠪᠢᠰᠴᠦ᠂ 53 ᠴᠠᠬᠢᠯᠭᠠᠨ ᠴᠡᠨᠡᠭᠯᠡᠬᠦ ᠱᠤᠩ᠂ 2 ᠭᠠᠵᠠᠷ ᠲᠤ ᠲᠡᠷᠭᠡᠨ ᠵᠣᠭᠰᠤᠭᠠᠯ ᠪᠠᠶᠢᠭᠤᠯᠵᠤ᠂ ᠠᠮᠤᠭᠤᠯᠠᠩ ᠪᠠᠯᠭᠠᠰᠤᠨ ᠤ ᠲᠣᠭᠤᠷᠢᠭ ᠤᠨ ᠵᠠᠮ ᠤᠨ ᠨᠡᠷᠡᠶᠢᠳᠦᠯ ᠢ ᠳᠦᠷᠢᠮᠵᠢᠭᠦᠯᠬᠦ ᠶᠢᠨ ᠬᠠᠮᠲᠤ ᠣᠶᠤᠨᠴᠢᠯᠠᠭᠰᠠᠨ ᠡᠭᠦᠳᠡᠨ ᠫᠠᠶᠢᠰᠠ ᠲᠠᠭᠠᠷᠠᠭᠤᠯᠪᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠶᠢ 1.17 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠵᠦ᠂ ᠠᠮᠤᠭᠤᠯᠠᠩ ᠪᠠᠯᠭᠠᠰᠤᠨ ᠤ ᠳᠥᠷᠪᠡᠨ ᠣᠳᠣᠨ ᠲᠠᠰ ᠤᠨ ᠵᠣᠴᠢᠳ ᠤᠨ ᠪᠠᠭᠤᠳᠠᠯ ᠤᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠬᠤᠷᠢᠶᠠᠪᠠ᠃ ᠬᠤᠲᠠ ᠪᠠᠯᠭᠠᠰᠤ ᠡᠳᠦᠷ ᠢᠷᠡᠬᠦᠶ᠎ᠡ ᠰᠢᠨᠡᠳᠴᠦ᠂ ᠣᠷᠴᠢᠨ ᠲᠣᠭᠤᠷᠢᠨ ᠶᠠᠪᠤᠬᠤ ᠳᠣᠲᠤᠮ ᠴᠡᠪᠡᠷᠰᠢᠵᠦ᠂ ᠬᠥᠮᠥᠨ ᠪᠣᠯᠭᠠᠨ ᠤ ᠰᠡᠳᠬᠢᠯ ᠲᠠᠯᠪᠢᠨ ᠬᠢᠮᠠᠭᠠᠳᠠᠨ ᠬᠠᠮᠠᠭᠠᠯᠠᠭᠰᠠᠨ ᠢᠶᠠᠷ᠂ ᠪᠠᠯᠭᠠᠰᠤᠨ ᠤ ᠲᠣᠭᠤᠷᠢᠭ ᠤᠨ ᠦᠵᠡᠮᠵᠢ ᠨᠠᠶᠢᠵᠠ ᠶᠢᠨ ᠲᠣᠭᠤᠷᠢᠭ ᠢ ᠴᠢᠮᠡᠭᠯᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠥᠷᠥᠯ ᠵᠦᠢᠯ ᠢ 9 ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢᠨ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠢ 36 ᠡᠷᠦᠬᠡ ᠳᠤ ᠨᠠᠶᠢᠳᠠᠪᠤᠷᠢᠵᠢᠭᠤᠯᠵᠤ᠂ ᠪᠠᠶᠠᠨᠲᠠᠯ᠎ᠠ ᠠᠮᠢ ᠠᠬᠤᠢ ᠶᠢᠨ ᠮᠠᠯᠵᠢᠯ ᠤᠨ ᠲᠠᠯᠠᠪᠠᠶ ᠡᠵᠡᠩᠨᠡᠯᠲᠡ ᠳᠤ ᠣᠷᠣᠵᠤ᠂ ᠵᠡᠭᠦᠨ ᠬᠤᠰᠢᠭᠤᠨ ᠤ ᠲᠠᠷᠢᠶᠠᠯᠠᠩ ᠤᠨ ᠲᠠᠯᠠᠪᠠᠶ ᠠᠰᠢᠭ ᠣᠷᠤᠯᠭ᠎ᠠ ᠲᠠᠢ ᠪᠣᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠦᠷ᠎ᠡ ᠪᠦᠲᠦᠮᠵᠢ ᠢᠯᠡᠳᠲᠡ ᠪᠣᠯᠵᠤ᠂ ᠬᠡᠪᠴᠢᠶᠡᠲᠦ ᠴᠢᠨᠠᠷᠲᠠᠢ ᠲᠠᠬᠢᠨ ᠶᠠᠳᠠᠭᠤᠷᠠᠬᠤ ᠠᠰᠠᠭᠤᠳᠠᠯ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠪᠠ᠃ 8126 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠮᠠᠯᠵᠢᠬᠤ ᠣᠷᠣᠨ ᠤ ᠴᠠᠬᠢᠯᠭᠠᠨ ᠲᠣᠣᠷ ᠢ 245.63 ᠺᠢᠯᠣᠮᠧᠲᠷ ᠪᠠᠶᠢᠭᠤᠯᠵᠤ᠂ ᠪᠠᠶᠢᠩᠭᠤ ᠴᠠᠬᠢᠯᠭᠠᠨ ᠨᠡᠪᠲᠡᠷᠡᠬᠦ ᠭᠠᠴᠠᠭ᠎ᠠ ᠶᠢ ᠰᠢᠨ᠎ᠡ ᠪᠠᠷ 13 ᠨᠡᠮᠡᠭᠳᠡᠭᠦᠯᠵᠦ᠂ 136 ᠡᠷᠦᠬᠡ ᠮᠠᠯᠴᠢᠨ ᠲᠦᠮᠡᠨ ᠳᠤ ᠠᠰᠢᠭ ᠬᠦᠷᠲᠡᠭᠡᠪᠡ᠃ ᠬᠦᠳᠡᠭᠡ ᠲᠣᠰᠬᠤᠨ ᠤ ᠵᠠᠮ ᠢ 5.87 ᠺᠢᠯᠣᠮᠧᠲᠷ ᠵᠠᠰᠠᠨ ᠪᠠᠶᠢᠭᠤᠯᠵᠤ᠂ 121 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠭᠠᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ 3.3 ᠲᠦᠮᠡᠨ ᠲᠣᠨ ᠴᠡᠪᠡᠷᠯᠡᠵᠦ᠂ ᠬᠦᠳᠡᠭᠡ ᠲᠣᠰᠬᠤᠨ ᠤ ᠳᠦᠷᠢ ᠪᠠᠶᠢᠳᠠᠯ ᠴᠣ ᠰᠢᠨ᠎ᠡ ᠪᠣᠯᠪᠠ᠃          ︵ ᠳᠣᠯᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 62.34%᠎ ᠶᠢ ᠡᠵᠡᠯᠡᠪᠡ᠃ ᠰᠤᠷᠭᠠᠨ ᠬᠥᠮᠦᠵᠢᠯ ᠤᠨ ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 5 ᠰᠤᠷᠭᠠᠭᠤᠯᠢ ᠠᠴᠠ ᠥᠪᠡᠷᠮᠢᠴᠡ ᠣᠨᠴᠠᠯᠢᠭ ᠲᠠᠢ ᠰᠤᠷᠭᠠᠭᠤᠯᠢ ᠶᠢᠨ ᠬᠦᠷᠢᠶᠡᠨ ᠤ ᠰᠣᠶᠣᠯ ᠢ ᠴᠣᠭᠴᠠᠯᠠᠵᠤ᠂ ᠰᠤᠷᠭᠠᠭᠤᠯᠢ ᠶᠢᠨ ᠬᠦᠷᠢᠶᠡᠨ ᠤ ︽ᠭᠡᠭᠡᠨ ᠰᠠᠷᠠᠭᠤᠯ ᠢᠨᠵᠧᠨᠧᠷᠢᠩ︾᠎ ᠢ ᠨᠡᠶᠢᠳᠡᠮ ᠪᠦᠷᠬᠦᠭᠦᠯᠪᠡ᠃ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠣᠩᠭᠤᠯ ᠡᠮᠨᠡᠯᠭᠡ ᠶᠢᠨ ᠬᠤᠷᠢᠶᠠᠨ ᠤ ᠲᠦᠷᠭᠡᠨ ᠠᠪᠤᠷᠠᠯᠲᠠ ᠶᠢᠨ ᠲᠥᠪ ᠵᠢᠩᠬᠢᠨᠢ ᠪᠠᠷ ᠬᠡᠷᠡᠭᠯᠡᠯᠲᠡ ᠳᠤ ᠣᠷᠤᠪᠠ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠯᠠᠪᠳᠠᠭᠤᠨ ᠪᠠᠲᠤᠲᠠᠢ ᠶᠠᠪᠤᠭᠳᠠᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ 95%᠎ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠪᠠ᠃ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠲᠤᠰᠠᠯᠠᠬᠤ ᠬᠤᠭᠤᠯᠠᠨ ᠭᠠᠵᠠᠷ ᠢ 4 ᠲᠣᠬᠢᠷᠠᠭᠤᠯᠵᠤ᠂ ᠨᠠᠰᠤᠲᠠᠶᠢᠴᠤᠳ ᠲᠤ ᠲᠣᠬᠢᠷᠠᠮᠵᠢᠲᠠᠢ ᠥᠭᠡᠷᠡᠴᠢᠯᠡᠯᠲᠡ ᠶᠢ 22 ᠡᠷᠦᠬᠡ ᠳᠤ ᠨᠠᠶᠢᠳᠠᠪᠤᠷᠢᠵᠢᠭᠤᠯᠵᠤ᠂ ᠦᠪᠦᠷᠪᠤᠯᠠᠭ ᠰᠣᠮᠤ ᠶᠢᠨ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠪᠠ᠃ ᠬᠤᠲᠠ ᠬᠥᠳᠡᠭᠡ ᠶᠢᠨ ᠳᠣᠤᠷ᠎ᠠ ᠪᠠᠲᠤᠯᠠᠭᠠᠲᠤ ᠳᠤ ︽ᠣᠷᠤᠭᠤᠯᠬᠤ ᠶᠣᠰᠣᠲᠠᠢ ᠶᠢ ᠨᠢ ᠪᠦᠬᠦᠨ ᠢ ᠣᠷᠤᠭᠤᠯᠬᠤ︾᠎ ᠶᠢ ᠪᠡᠶᠡᠯᠡᠭᠦᠯᠪᠡ᠃ 300 ᠲᠦᠮᠡᠨ ᠲᠥᠭᠦᠷᠢᠭ ᠤᠨ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠲᠠᠯᠪᠢᠪᠠ᠃ ᠰᠤᠮᠤ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠢ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠪᠦᠲᠦᠮᠵᠢᠲᠠᠢ ᠳᠡᠭᠡᠭᠰᠢᠯᠡᠪᠡ᠃          ︵ᠨᠠᠢᠮᠠ︶ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠡᠩᠬᠡ ᠲᠣᠭᠲᠠᠭᠤᠨ ᠪᠠᠶᠢᠬᠤ ᠶᠢ ᠪᠡᠶᠡᠯᠡᠭᠦᠯᠪᠡ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ +︾ ᠭᠤᠣᠯ ᠰᠡᠳᠦᠪᠲᠦ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠴᠣᠭᠴᠠᠯᠠᠵᠤ᠂ ᠰᠢᠨᠡᠪᠤᠯᠠᠭ ᠰᠤᠮᠤᠨ ᠤ ᠠᠨᠠᠷ ᠤᠨ ᠦᠷ᠎ᠡ ᠶᠢᠨ ᠠᠮᠢ ᠠᠬᠤᠢ ᠶᠢᠨ ᠰᠤᠳᠤᠯᠤᠨ ᠰᠤᠷᠬᠤ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ A ᠳᠡᠰ ᠤᠨ 3 ᠦᠵᠡᠮᠵᠢ ᠶᠢᠨ ᠣᠷᠣᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠡᠮᠳᠡᠭ ᠢ ᠳᠡᠯᠭᠡᠨ ᠦᠵᠡᠭᠦᠯᠵᠦ᠂ ᠴᠠᠭᠠᠨ ᠪᠠᠯᠭᠠᠰᠤᠨ ᠤ ᠪᠠᠶᠠᠨᠴᠠᠭᠠᠨ ᠨᠡᠶᠢᠭᠡᠮ ᠲᠣᠭᠤᠷᠢᠭ ᠥᠪᠡᠷᠲᠡᠭᠡᠨ ᠵᠠᠰᠠᠬᠤ ᠣᠷᠣᠨ ᠤ ᠰᠢᠭᠢᠳᠬᠡᠮᠡᠯ ᠮᠠᠶ᠋ᠢᠭ ᠤᠨ ᠬᠥᠭᠵᠢᠯᠲᠡ ᠶᠢᠨ ᠲᠤᠷᠰᠢᠯᠲᠠ ᠶᠢᠨ ᠴᠡᠭ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ ᠃ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠭᠦᠦ ᠶᠢᠨ ᠬᠡᠷᠡᠭ ᠤᠨ ᠡᠭᠦᠰᠬᠦ ᠨᠤᠷᠮ᠎ᠠ ᠠᠳᠠᠯᠢ ᠬᠤᠭᠤᠴᠠᠭᠠᠨ ᠤ ᠬᠢ ᠠᠴᠠ 46.8%᠎ ᠪᠠᠷ ᠪᠠᠭᠤᠷᠠᠪᠠ᠃ ᠪᠦᠬᠦ ᠵᠢᠯ ᠳᠤ ᠡᠯ᠎ᠡ ᠲᠥᠷᠥᠯ ᠤᠨ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ 89 ᠬᠤᠪᠢ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠪᠦᠯᠦᠭ ᠤᠳᠠᠭ᠎ᠠ᠂ ᠬᠥᠮᠥᠨ ᠤᠳᠠᠭ᠎ᠠ ᠶᠢᠨ ︽ᠬᠤᠣᠰ ᠪᠠᠭᠤᠷᠠᠯᠲᠠ︾᠎ ᠶᠢ ᠪᠡᠶᠡᠯᠡᠭᠦᠯᠪᠡ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠳᠡᠯ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠠᠳᠡᠯ ᠨᠢᠭᠡ ᠴᠦ ᠭᠠᠷᠤᠭᠰᠠᠨ ᠦᠭᠡᠢ᠃          ᠡᠭᠦᠨ ᠠᠴᠠ ᠭᠠᠳᠠᠨ᠎ᠠ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ ᠵᠡᠷᠭᠡ ᠶᠢᠨ ᠠᠵᠢᠯ ᠦᠶᠯᠡᠰ ᠤᠨ ᠬᠦᠭᠵᠢᠯᠳᠡ ᠶᠢ ᠶᠡᠭᠡ ᠬᠦᠴᠦᠨ ᠢᠶᠠᠷ ᠲᠡᠮᠵᠢᠵᠤ᠂ ᠴᠠᠭ ᠠᠭᠤᠷ᠂ ᠬᠤᠶᠠᠷ ᠢ ᠬᠦᠷᠢᠶᠡᠯᠡᠬᠦ᠂ ᠬᠢᠨᠠᠨ ᠪᠣᠳᠤᠬᠤ᠂ ᠠᠷᠠᠳ ᠤᠨ ᠠᠭᠠᠷ ᠤᠨ ᠰᠡᠷᠬᠡᠶᠢᠯᠡᠯᠳᠡ ᠵᠡᠷᠬᠡ ᠠᠵᠢᠯ ᠰᠢᠨ᠎ᠡ ᠦᠷ᠎ᠡ ᠪᠦᠳᠦᠮᠵᠢ ᠣᠯᠪᠠ᠃          ᠥᠩᠭᠡᠷᠡᠭᠰᠡᠨ ᠨᠢᠭᠡ ᠵᠢᠯ ᠳᠤ᠂ ᠪᠢᠳᠡ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠬᠤ ᠶᠢ ᠪᠠᠷᠢᠮᠳᠠᠯᠠᠵᠤ᠂ ᠪᠠᠲᠤ ᠴᠢᠩᠭ᠎ᠠ ᠤᠯᠤᠰ ᠲᠦᠷᠤ ᠶᠢᠨ ᠡᠭᠦᠷᠭᠡᠯᠡᠯ ᠢᠶᠠᠷ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠤᠷᠲᠤ ᠬᠤᠭᠤᠴᠠᠭ᠎ᠠ ᠪᠠᠷ ᠪᠦᠲᠦᠮᠵᠢᠲᠠᠢ ᠪᠠᠶᠢᠬᠤ ᠶᠢ ᠲᠦᠯᠬᠢᠨ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 104 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠡᠪᠰᠢᠭᠦᠯᠦᠭᠰᠡᠨ 88 ᠬᠤᠪᠢ ᠰᠠᠨᠠᠯ ᠳᠤᠷᠠᠳᠤᠯᠭ᠎ᠠ ᠶᠢ ᠭᠦᠢᠴᠡᠳᠬᠡᠪᠡ᠃ ᠬᠥᠮᠥᠨ ᠠᠮᠠ ᠴᠥᠭᠡᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠴᠢᠨᠠᠷ ᠰᠠᠶᠢᠲᠠᠢ ᠬᠦᠭᠵᠢᠯᠲᠡ ᠪᠠ ᠦᠨᠳᠦᠷ ᠲᠦᠪᠰᠢᠨ ᠢᠶᠠᠷ ᠬᠠᠮᠠᠭᠠᠯᠠᠬᠤ ᠰᠡᠳᠬᠢᠬᠦᠢ ᠤᠯᠠᠮ ᠲᠣᠳᠤᠷᠬᠠᠢ᠂ ᠠᠷᠭ᠎ᠠ ᠠᠪᠴᠠᠯ ᠤᠯᠠᠮ ᠪᠣᠳᠠᠲᠠᠢ᠂ ᠠᠭᠤᠷ ᠠᠮᠢᠰᠬᠤᠯ ᠤᠯᠠᠮ ᠥᠳᠬᠡᠨ ᠪᠣᠯᠬᠤ ᠶᠢ ᠨᠢᠭᠡᠲᠦᠯᠲᠡᠢ ᠲᠦᠯᠦᠪᠯᠡᠪᠡ᠃          ᠲᠥᠯᠥᠭᠡᠯᠡᠭᠴᠢᠳ ᠠ᠋︕ 2024 ᠣᠨ ᠢ ᠡᠷᠭᠢᠴᠡᠭᠦᠯᠵᠦ ᠦᠵᠡᠪᠡᠯ᠂ ᠪᠢᠳᠡ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠳᠠᠷᠤᠯᠲᠠ ᠠᠴᠠ ᠰᠦᠷᠳᠡᠬᠦ ᠥᠬᠡᠶ᠂ ᠪᠦᠯᠬᠦᠮᠳᠡᠨ ᠲᠡᠮᠡᠴᠡᠵᠦ  ᠡᠷᠡᠮᠡᠬᠡᠶᠢᠯᠡᠨ ᠳᠠᠪᠰᠢᠭᠰᠠᠨ ᠢᠶᠠᠷ ᠡᠨᠡ ᠬᠦ ᠢᠷᠡᠬᠦ ᠳᠤ ᠬᠢᠯᠪᠠᠷ ᠪᠤᠰᠤ ᠠᠮᠵᠢᠯᠲᠠ ᠪᠦᠲᠦᠮᠵᠢ ᠶᠢ ᠣᠯᠣᠭᠰᠠᠨ ᠪᠠᠶᠢᠨ᠎ᠠ᠃ ᠪᠢᠳᠡᠨ ᠤ ᠡᠷᠴᠢ ᠵᠣᠷᠢᠭ ᠢ ᠬᠠᠮᠤᠭ ᠠᠴᠠ ᠬᠦᠪᠴᠢᠯᠡᠭᠰᠡᠨ ᠶᠠᠪᠤᠳᠠᠯ ᠭᠡᠪᠡᠯ᠂ ᠭᠤᠷᠪᠠᠨ ᠵᠢᠯ ᠤᠨ ᠲᠣᠷᠰᠢ ᠮᠠᠨ ᠤ ᠠᠵᠤ ᠠᠬᠤᠢ ᠶᠢᠨ ᠶᠡᠭᠡ ᠪᠠᠶᠢᠳᠠᠯ ᠲᠣᠭᠲᠠᠭᠤᠨ ᠤ ᠳᠤᠮᠳᠠ ᠬᠡᠪᠴᠢᠶ᠎ᠡ ᠪᠠᠨ ᠥᠷᠭᠡᠳᠬᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 2021 ᠣᠨ ᠳᠤ 27 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 37 ᠳ᠋ᠦᠩᠰᠢᠭᠤᠷ ᠲᠥᠭᠦᠷᠢᠭ ᠪᠣᠯᠤᠭᠰᠠᠨ ᠳᠡᠭᠦᠯᠢᠯᠲᠡ ᠶᠢ ᠪᠡᠶᠡᠯᠡᠭᠦᠯᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ 25 ᠵᠢᠯ ᠤᠨ ᠲᠤᠷᠰᠢ ᠠᠩᠬ᠎ᠠ ᠤᠳᠠᠭ᠎ᠠ ᠪᠦᠬᠦ ᠬᠤᠲᠠ ᠶᠢᠨ ᠬᠠᠮᠤᠭ ᠰᠡᠭᠦᠯ ᠳᠤ ᠣᠷᠣᠵᠤ ᠪᠠᠶᠢᠭᠰᠠᠨ ᠠᠴᠠ ᠪᠠᠨ ᠳᠠᠪᠰᠢᠯᠲᠠ ᠲᠠᠢ ᠪᠣᠯᠤᠭᠰᠠᠨ ᠰᠢᠪᠲᠤᠯᠤᠯᠲᠠ ᠶᠢ ᠪᠡᠶᠡᠯᠡᠭᠦᠯᠦᠨ᠂ ᠳᠠᠪᠠᠯᠲᠠ ᠲᠠᠢ ᠪᠠᠷ ᠬᠦᠭᠡᠭᠡᠵᠦ ᠭᠦᠢᠴᠡᠬᠦ ᠪᠠ ᠳᠠᠪᠠᠵᠤ ᠭᠠᠷᠬᠤ ᠬᠦᠭᠵᠢᠯᠲᠡ ᠶᠢᠨ ᠠᠶᠠᠨ ᠳᠤ ᠲᠡᠥᠬᠡᠲᠦ ᠴᠢᠨᠠᠷᠲᠠᠢ ᠨᠢᠭᠡ ᠠᠯᠬᠤᠮ ᠢ ᠠᠯᠬᠤᠵᠠᠢ᠃ ᠪᠢᠳᠡᠨ ᠳᠤ ᠬᠠᠮᠤᠭ ᠤᠨ ᠶᠡᠭᠡ ᠵᠣᠷᠢᠭᠵᠢᠭᠤᠯᠤᠯ ᠪᠣᠯᠤᠭᠰᠠᠨ ᠶᠠᠪᠤᠳᠠᠯ ᠭᠡᠪᠡᠯ᠂ ᠪᠢᠳᠡ ᠰᠢᠨ᠎ᠡ ᠡᠨᠧᠷᠭᠢ ᠶᠢᠨ ᠲᠦᠷᠦᠯ ᠵᠦᠢᠯ ᠢ ᠬᠦᠭᠵᠢᠭᠦᠯᠬᠦ ᠵᠠᠩᠭᠢᠯᠠᠭ᠎ᠠ ᠶᠢᠨ ᠬᠤᠭᠤᠴᠠᠭ᠎ᠠ ᠶᠢ ᠣᠨᠣᠪᠴᠢᠲᠠᠶ ᠡᠵᠡᠮᠳᠡᠵᠦ᠂ 300 ᠰᠠᠶ᠎ᠠ ᠸᠠᠲ ᠤᠨ ᠮᠠᠰᠢᠨ ᠴᠣᠭᠴᠠᠯᠠᠪᠤᠷᠢ ᠶᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠮᠵᠢᠯᠲᠠ ᠲᠠᠢ ᠲᠡᠮᠡᠴᠡᠨ ᠣᠯᠵᠤ᠂ ᠡᠨᠡ ᠪᠣᠯ ᠪᠦᠬᠦ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠷᠠᠭᠤᠯᠤᠯᠲᠠ ᠶᠢ ᠥᠩᠭᠡᠷᠡᠭᠡᠭᠰᠡᠨ ᠠᠩᠬᠠᠳᠠᠭᠴᠢ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠲᠦᠷᠦᠯ ᠵᠦᠢᠯ ᠪᠠᠶᠢᠵᠤ᠂ ᠨᠡᠩ ᠴᠤ ᠮᠠᠨ ᠤ ᠬᠤᠰᠢᠭᠤᠨ ᠤ ᠬᠥᠭᠵᠢᠯᠲᠡ ᠶᠢᠨ ᠲᠡᠥᠬᠡᠨ ᠳᠠᠬᠢ ᠬᠠᠮᠤᠭ ᠠᠩᠬᠠᠨ ᠤ ᠳᠠᠩ ᠴᠣᠭᠴᠠ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠦᠢᠯᠡᠰᠵᠢᠯᠲᠡ ᠶᠢᠨ ᠲᠦᠷᠦᠯ ᠵᠦᠢᠯ ᠪᠠᠶᠢᠵᠤ᠂  ᠪᠢᠳᠡᠨ ᠤ ᠠᠵᠢᠯ ᠬᠢᠵᠦ ᠦᠢᠯᠡᠰ ᠪᠣᠰᠬᠠᠬᠤ ᠣᠮᠤᠭ ᠰᠦᠷ ᠪᠠ ᠴᠤᠭ ᠰᠦᠯᠳᠡ ᠶᠢ ᠶᠡᠬᠡᠪᠡᠷ ᠪᠠᠳᠠᠷᠠᠭᠤᠯᠪᠠ᠃ ᠪᠢᠳᠡᠨ ᠤ ᠤᠷᠮ᠎ᠠ ᠵᠣᠷᠢᠭ ᠢ ᠬᠠᠮᠤᠭ ᠠᠴᠠ ᠢᠯᠡᠭᠦᠦ ᠬᠥᠭᠵᠢᠭᠡᠭᠰᠡᠨ ᠶᠠᠪᠤᠳᠠᠯ ᠭᠡᠪᠡᠯ᠂ ᠠᠵᠠᠲᠠᠢ ᠵᠤᠭᠠᠴᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠳᠤ ᠥᠭᠡᠷᠡᠴᠢᠯᠡᠯᠲᠡ ᠬᠢᠵᠦ ᠳᠠᠬᠢᠨ ᠪᠠᠶᠢᠭᠤᠯᠤᠭᠰᠠᠨ ᠤ ᠳᠠᠷᠠᠭ᠎ᠠ᠂ ᠳᠠᠪᠬᠤᠷ ᠳᠠᠪᠬᠤᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠣᠭᠤᠭᠠᠨᠨᠠᠭᠤᠷ 4A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠰᠢᠨ᠎ᠡ ᠠᠮᠢᠵᠢᠷᠠᠯ ᠤᠨ ᠬᠦᠴᠦᠨ ᠢ ᠣᠯᠭᠤᠪᠠ᠃ ᠡᠨᠡ ᠪᠣᠯ ᠮᠠᠨ ᠤ ᠬᠤᠰᠢᠭᠤᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠴᠠ ᠳᠠᠬᠢ᠂ ᠠᠩᠬ᠎ᠠ ᠤᠳᠠᠭ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠣᠨᠴᠠᠯᠢᠭᠲᠤ ᠠᠵᠤ ᠦᠢᠯᠡᠰ ᠤᠨ ᠡᠵᠡᠩᠨᠡᠯᠲᠡ ᠶᠢ ᠤᠳᠤᠷᠢᠳᠬᠤ ᠶᠢ ᠪᠡᠶᠡᠯᠡᠭᠦᠯᠵᠦ᠂ ᠡᠨᠡ ᠨᠢ ᠪᠢᠳᠡᠨ ᠤ ᠥᠭᠡᠷᠡᠴᠢᠯᠡᠯᠲᠡ ᠶᠢᠨ ᠠᠷᠭ᠎ᠠ ᠪᠠᠷ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠵᠠᠢ᠃ ᠪᠢᠳᠡᠨ ᠢ ᠬᠠᠮᠤᠭ ᠠᠴᠠ ᠪᠠᠶᠠᠷᠯᠠᠭᠤᠯᠤᠭᠰᠠᠨ ᠶᠠᠪᠤᠳᠠᠯ ᠭᠡᠪᠡᠯ᠂ ᠡᠳ᠋ ᠤᠨ ᠵᠠᠰᠠᠭ ᠤᠨ ᠪᠡᠯᠡ ᠮᠦᠩᠭᠦ ᠲᠤᠶᠢᠯ ᠤᠨ ᠪᠠᠴᠢᠮ ᠪᠠᠶᠢᠭ᠎ᠠ ᠪᠠᠶᠢᠳᠠᠯ ᠳᠣᠣᠷ᠎ᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠦᠷᠬᠦᠯᠵᠢᠯᠡᠨ ᠬᠦᠴᠦᠯᠡᠨ ᠴᠢᠷᠮᠠᠶᠢᠵᠤ᠂ ᠵᠠᠰᠠᠭ ᠤᠨ ᠣᠷᠳᠣᠨ ᠠᠴᠠ ᠬᠡᠷᠡᠭᠵᠢᠭᠦᠯᠬᠦ ᠪᠠᠷ ᠠᠮᠠᠯᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠨᠢ ᠲᠣᠭᠲᠠᠭᠰᠠᠨ ᠬᠤᠭᠤᠴᠠᠭᠠᠨ ᠳᠠᠭᠠᠨ ᠦᠨᠳᠦᠷ ᠪᠦᠲᠦᠮᠵᠢᠲᠡᠢ ᠨᠠᠶᠢᠳᠠᠪᠤᠷᠢᠵᠢᠭᠤᠯᠤᠭᠳᠠᠵᠤ᠂ ᠪᠢᠳᠡ ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠠᠷᠠᠳ ᠣᠯᠠᠨ ᠤ ᠵᠣᠯ ᠵᠢᠷᠭᠠᠯᠲᠤ ᠲᠦᠷᠦᠭᠳᠡᠯ ᠪᠠ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃          ᠡᠳᠡᠭᠡᠷ ᠠᠮᠵᠢᠯᠲᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠪᠣᠯᠣᠨ᠎ᠠ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠵᠥᠪ ᠤᠳᠤᠷᠢᠳᠤᠯᠭ᠎ᠠ ᠶᠢᠨ ᠦᠷ᠎ᠡ ᠳ᠋ᠦᠩ ᠪᠠᠶᠢᠵᠤ᠂ ᠪᠦᠬᠦ ᠬᠤᠰᠢᠭᠤᠨ ᠤ ᠠᠷᠠᠳ ᠲᠦᠮᠡᠨ ᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂  ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠡᠯ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠰᠢᠨ᠎ᠡ ᠪᠠᠷᠭᠤ ᠵᠡᠭᠦᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠳᠡᠭ ᠪᠦᠭᠦᠳᠡ ᠨᠥᠬᠦᠳ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕          ᠡᠭᠦᠨ ᠤ ᠬᠠᠮᠲᠤ᠂ ᠪᠢᠳᠡ ᠪᠠᠰᠠ ᠰᠡᠷᠭᠡᠭ ᠢᠶᠠᠷ ᠲᠠᠨᠢᠵᠤ ᠣᠯᠣᠭᠰᠠᠨ ᠨᠢ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠠᠵᠤ ᠦᠢᠯᠡᠰ ᠤᠨ ᠪᠦᠲᠦᠴᠡ ᠬᠠᠷᠠᠬᠠᠨ ᠰᠢᠯᠢᠳᠡᠭᠵᠢᠭᠡᠳᠦᠢ᠂ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠤᠨ ᠳᠠᠶᠢᠴᠢᠯᠠᠬᠤ ᠴᠢᠳᠠᠪᠤᠷᠢ ᠨᠡᠯᠢᠶᠡᠳ ᠪᠠᠭᠤᠷᠠᠢ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠤᠢ ; ᠰᠤᠷᠭᠠᠨ ᠬᠥᠮᠦᠵᠢᠯ ᠡᠮ ᠡᠮᠨᠡᠯᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠠᠩᠭᠠᠯᠭ᠎ᠠ ᠲᠡᠩᠴᠡᠭᠦᠷᠢ ᠦᠭᠡᠢ ᠪᠠᠶᠢᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠦᠷᠢᠶ᠎ᠡ ᠲᠠᠢ ᠪᠠᠶᠢᠭᠰᠠᠭᠠᠷ ; ᠵᠠᠰᠠᠭ ᠤᠨ ᠣᠷᠳᠣᠨ ᠤ ᠰᠢᠰᠲ᠋ᠧᠮ ᠤᠨ ᠨᠢᠭᠡ ᠪᠦᠯᠦᠭ ᠺᠠᠳ᠋ᠷᠴᠤᠳ  ᠭᠠᠪᠰᠢᠭᠠᠶᠢᠯᠠᠨ ᠠᠵᠢᠯᠯᠠᠬᠤ ᠪᠠᠷ ᠳᠤᠲᠠᠮᠠᠭ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ ᠪᠠᠷ ᠬᠦᠷᠦᠯᠴᠡᠬᠦ ᠦᠭᠡᠢ᠂ ︽ᠤᠳᠠᠭᠠᠨ ᠪᠦᠳᠦᠭᠦᠯᠢᠭ ᠬᠡᠶᠢᠰᠪᠦᠷᠢ︾ ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠃ ᠡᠭᠦᠨ ᠳᠤ ᠪᠢᠳᠡ ᠨᠡᠩ ᠬᠦᠴᠦᠲᠡᠢ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠵᠤᠷᠪᠤᠰ ᠳᠠᠷᠠᠭᠠᠯᠠᠨ ᠰᠢᠢᠳᠪᠦᠷᠢᠯᠡᠬᠦ ᠴᠢᠬᠤᠯᠠᠲᠠᠢ᠃           ᠬᠤᠶᠠᠷ᠂ 2025 ᠣᠨ ᠤ ᠭᠤᠣᠯᠳᠠᠯᠭ᠎ᠠ ᠲᠠᠢ ᠠᠵᠢᠯ           2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠪᠦᠬᠦ ᠲᠠᠯ᠎ᠠ ᠳᠤ ᠬᠤᠯᠪᠣᠭᠳᠠᠬᠤ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠦᠨᠦ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠣᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠤ ᠬᠠᠮᠠᠭᠠᠯᠠᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠯᠡᠵᠦ᠂ ᠨᠢᠭᠡ ᠭᠤᠣᠯ ᠱᠤᠭᠤᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾᠎ ᠢ ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭ᠎ᠠ︾᠎ ᠶᠢ ᠪᠣᠳᠠᠲᠠᠢ ᠠᠳᠬᠤᠵᠤ᠂ ︽ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ︾᠎ ᠤᠨ ᠦᠷ᠎ᠡ ᠪᠦᠲᠦᠭᠡᠯ ᠢ ᠬᠤᠪᠢᠷᠠᠭᠤᠯᠵᠤ᠂ ᠳᠣᠯᠣᠭᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠨᠡᠩ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠣᠬᠢᠴᠠᠩᠭᠤᠢ ᠵᠤᠯ ᠵᠢᠷᠭᠠᠯᠲᠤ ᠰᠢᠨ᠎ᠡ ᠪᠠᠷᠭᠤ ᠵᠡᠭᠦᠨ ᠬᠤᠰᠢᠭᠤ ᠶᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃          2025 ᠣᠨ ᠤ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 5.7% ᠣᠷᠴᠢᠮ ᠨᠡᠮᠡᠭᠳᠡᠭᠦᠯᠦᠨ᠎ᠡ ; ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠣᠷᠴᠢᠮ ᠨᠡᠮᠡᠭᠳᠡᠭᠦᠯᠦᠨ᠎ᠡ ; ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 4.5%᠎ ᠠᠴᠠ ᠳᠡᠭᠡᠭᠰᠢ ᠨᠡᠮᠡᠭᠳᠡᠭᠦᠯᠦᠨ᠎ᠡ ; ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ 6% ᠣᠷᠴᠢᠮ ᠨᠡᠮᠡᠭᠳᠡᠭᠦᠯᠦᠨ᠎ᠡ ; ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠢᠭᠡᠳ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠯᠬᠤᠮ ᠨᠢᠭᠡᠲᠡᠢ ᠪᠠᠶᠢᠯᠭᠠᠨ᠎ᠠ ; ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃          ᠲᠥᠯᠥᠭᠡᠯᠡᠭᠴᠢᠳ ᠠ᠋︕ ᠠᠯᠤᠰ ᠢ ᠪᠠᠷᠠᠯᠠᠨ ᠤᠷᠤᠭᠰᠢᠯᠠᠵᠤ᠂ ᠡᠷᠴᠢ ᠵᠣᠷᠢᠭ ᠢᠶᠠᠨ ᠬᠥᠪᠴᠢᠯᠡᠨ ᠬᠦᠴᠢᠷ ᠪᠡᠷᠬᠡ ᠶᠢ ᠲᠣᠭᠤᠯᠤᠶ᠎ᠠ᠃ ᠡᠨᠡ ᠵᠢᠯ ᠤᠨ ᠬᠥᠭᠵᠢᠯᠲᠡ ᠶᠢᠨ ᠬᠠᠷᠠᠯᠲᠠ ᠶᠡᠷᠦᠩᠬᠡᠢ ᠳᠡᠭᠡᠨ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠯᠭᠠᠨ᠎ᠠ᠂ ᠲᠤᠰ ᠬᠠᠷᠠᠯᠲᠠ ᠶᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠴᠠᠭ ᠢ ᠦᠵᠡᠨ ᠪᠠᠶᠢᠳᠠᠯ ᠢ ᠰᠢᠨᠵᠢᠵᠦ᠂ ᠳᠠᠬᠢᠨ ᠳᠠᠪᠲᠠᠨ ᠲᠥᠰᠥᠭᠡᠯᠡᠨ ᠪᠤᠳᠤᠵᠤ ᠲᠣᠭᠲᠠᠭᠠᠭᠰᠠᠨ ᠶᠤᠮ᠂ ᠲᠦᠷᠦᠭᠦᠦ ᠵᠢᠯ ᠤᠨ ᠲᠣᠭᠲᠠᠭᠤᠨ ᠪᠠᠶᠢᠬᠤ ᠶᠢᠨ ᠵᠡᠷᠭᠡ ᠳᠤ ᠲᠦᠷᠭᠡᠨ ᠤᠷᠤᠭᠰᠢᠯᠠᠬᠤ ᠬᠥᠭᠵᠢᠯᠲᠡ ᠶᠢᠨ ᠪᠠᠶᠢᠳᠠᠯ ᠢ ᠪᠦᠬᠦᠯᠢ ᠴᠣᠭᠴᠠ ᠪᠠᠷ ᠦᠷᠬᠦᠯᠵᠢᠯᠡᠭᠦᠯᠦᠨ᠎ᠡ᠃ ᠪᠢᠳᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠰᠤᠷᠤᠭᠰᠠᠨ ᠢᠶᠠᠨ ᠦᠢᠯᠡᠳᠦᠯᠭᠡᠵᠢᠭᠦᠯᠦᠨ᠂ ᠬᠤᠶᠢᠷᠭᠤᠰᠢᠬᠤ ᠠᠴᠠ ᠰᠡᠷᠭᠡᠶᠢᠯᠡᠵᠦ᠂ ᠤᠷᠤᠭᠰᠢᠯᠠᠨ ᠳᠠᠪᠰᠢᠬᠤ ᠪᠠᠷ ᠮᠡᠷᠡᠶᠢᠨ ᠴᠢᠷᠮᠠᠶᠢᠵᠤ᠂ ᠪᠣᠳᠠᠲᠠᠢ ᠬᠡᠷᠡᠭᠵᠢᠭᠦᠯᠬᠦ ᠶᠠᠪᠤᠴᠠ ᠳᠤ᠂ ᠲᠣᠭᠲᠠᠭᠰᠠᠨ ᠬᠠᠷᠠᠯᠲᠠ ᠠᠴᠠ ᠪᠠᠨ ᠨᠡᠩ ᠰᠠᠶᠢᠨ ᠨᠡᠩ ᠥᠨᠳᠥᠷ ᠲᠦᠪᠰᠢᠨ ᠲᠠᠢ ᠪᠡᠶᠡᠯᠡᠭᠦᠯᠬᠦ ᠪᠠᠷ ᠴᠢᠷᠮᠠᠶᠢᠨ᠎ᠠ᠃          ᠡᠭᠦᠨ ᠤ ᠲᠤᠯᠠᠳᠠ᠂  ᠪᠢᠳᠡ ᠳᠣᠣᠷᠠᠬᠢ ᠳᠣᠯᠤᠭᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ᠄          ︵ᠨᠢᠭᠡ︶ ᠲᠥᠷᠥᠯ ᠵᠦᠢᠯ ᠢ ᠰᠦᠪᠡᠭᠴᠢᠯᠡᠵᠦ᠂  ᠪᠡᠯᠡ ᠣᠷᠤᠭᠤᠯᠤᠯᠲᠠ ᠶᠢ ᠲᠠᠲᠠᠵᠤ᠂ ᠠᠵᠤ ᠠᠬᠤᠢ ᠶᠢᠨ ᠬᠥᠭᠵᠢᠯᠲᠡ ᠶᠢᠨ ᠬᠤᠷᠳᠤᠴᠠ ᠶᠢ ᠶᠡᠭᠡ ᠪᠠᠷ ᠲᠦᠷᠭᠡᠳᠬᠡᠬᠦ ᠶᠢ ᠠᠬᠢᠭᠤᠯᠤᠨ᠎ᠠ᠃          ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠤᠨ᠎ᠠ᠃ ᠪᠦᠬᠦ ᠬᠦᠷᠢᠶ᠎ᠡ ᠴᠠᠷᠠᠭ᠎ᠠ ᠪᠦᠬᠦ ᠡᠯᠧᠮᠧᠨ᠋ᠲ ᠤᠨ ᠡᠬᠢ ᠪᠠᠶᠠᠯᠢᠭ ᠢ ᠵᠢᠭᠰᠠᠭᠠᠨ ᠪᠠᠶᠢᠴᠠᠭᠠᠬᠤ ᠠᠵᠢᠯ ᠢ ᠡᠩ ᠲᠡᠷᠢᠭᠦᠨ ᠳᠤ ᠰᠠᠶᠢᠲᠤᠷ ᠬᠢᠵᠦ᠂ ᠰᠢᠨ᠎ᠡ ᠡᠨᠧᠷᠭᠢ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠪᠣᠬᠢᠷᠲᠤᠯ ᠦᠭᠡᠢ ᠨᠡᠭᠡᠭᠡᠨ ᠬᠥᠭᠵᠢᠭᠦᠯᠦᠯᠲᠡ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠵᠦ᠂ ᠪᠣᠭᠤᠮᠲᠠ ᠶᠢᠨ ᠠᠵᠤ ᠠᠬᠤᠢ᠂ ᠰᠣᠶᠤᠯ ᠵᠢᠭᠤᠯᠴᠢᠯᠠᠯ ᠤᠨ ᠠᠵᠤ ᠦᠢᠯᠡᠰ ᠵᠡᠷᠭᠡ ᠬᠦᠷᠢᠶᠡᠨ ᠳᠤ ᠭᠤᠣᠯᠳᠠᠯᠠᠨ ᠠᠷᠭ᠎ᠠ ᠰᠦᠪᠡᠭᠴᠢᠯᠡᠵᠦ ᠲᠦᠷᠦᠯ ᠵᠦᠢᠯ ᠢ ᠪᠣᠭᠤᠳᠠᠯᠯᠠᠨ ᠲᠥᠯᠥᠪᠵᠢᠭᠦᠯᠦᠨ᠎ᠡ᠃ ᠤᠯᠤᠰ ᠤᠨ ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠰᠢᠪᠲᠤᠯᠤᠯᠲᠠ ᠶᠢᠨ ᠠᠵᠢᠯᠯᠠᠭ᠎ᠠ ᠵᠢᠴᠢ ︽ᠬᠤᠶᠠᠷ ᠴᠢᠬᠤᠯᠠ︾ ᠲᠥᠷᠥ ᠶᠢᠨ ᠪᠣᠳᠣᠯᠭ᠎ᠠ ᠶᠢ ᠳᠡᠮᠵᠢᠬᠦ ᠪᠠᠶᠢᠯᠳᠤᠬᠤ ᠪᠣᠳᠤᠯᠭ᠎ᠠ ᠶᠢᠨ ᠠᠵᠠ ᠲᠣᠬᠢᠶᠠᠯᠲᠤ ᠬᠤᠭᠤᠴᠠᠭ᠎ᠠ ᠶᠢ  ᠴᠢᠩᠭ᠎ᠠ ᠠᠳᠬᠤᠵᠤ᠂ ᠲᠠᠪᠦ‍ ᠨᠢᠭᠡ ᠨᠡᠭᠦᠷᠡᠰᠦᠨ ᠠᠭᠤᠷᠬᠠᠢ᠂ ᠬᠦᠷᠢᠶᠡᠲᠦ ᠨᠡᠭᠦᠷᠡᠰᠦᠨ ᠠᠭᠤᠷᠬᠠᠢ ᠵᠡᠷᠭᠡ ᠭᠤᠣᠯᠳᠠᠯᠭ᠎ᠠ ᠲᠠᠢ ᠡᠬᠢ ᠪᠠᠶᠠᠯᠢᠭ ᠢ ᠨᠥᠭᠡᠴᠡᠯᠡᠵᠦ ᠨᠡᠭᠡᠭᠡᠨ ᠬᠥᠭᠵᠢᠭᠦᠯᠬᠦ ᠡᠬᠢᠨ ᠤ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠳᠡᠭᠡᠳᠦ ᠱᠠᠲᠤᠨ ᠤ ᠶᠡᠷᠦᠩᠬᠡᠢ ᠲᠥᠯᠦᠪᠵᠢᠭᠦᠯᠭᠡ ᠪᠠ ᠲᠤᠰᠬᠠᠢ ᠵᠦᠢᠯ ᠤᠨ ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ ᠥᠷᠢ ᠥᠭᠴᠡᠭᠡ ᠶᠢ ᠠᠷᠢᠯᠭᠠᠬᠤ ᠠᠷᠭ᠎ᠠ ᠬᠡᠮᠵᠢᠶ᠎ᠡ ᠪᠠᠷ ᠣᠷᠣᠨ ᠨᠤᠲᠤᠭ ᠤᠨ ᠡᠳ᠋ ᠤᠨ ᠬᠦᠴᠦᠨ ᠤ ᠣᠷᠣᠨ ᠵᠠᠢ ᠶᠢ ᠪᠠᠳᠠᠷᠠᠭᠤᠯᠬᠤ ᠠᠵᠠ ᠲᠣᠬᠢᠶᠠᠯ ᠢ ᠠᠳᠬᠤᠵᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ᠎ᠡ᠃ ᠨᠥᠭᠡᠴᠡ ᠲᠥᠷᠥᠯ ᠵᠦᠢᠯ ᠤᠨ ᠬᠥᠮᠥᠷᠭᠡ ᠶᠢ ᠡᠷᠭᠢᠯᠳᠦᠭᠦᠯᠦᠨ ᠰᠢᠨᠡᠳᠬᠡᠬᠦ ᠲᠣᠭᠲᠠᠴᠠ ᠶᠢ ᠲᠡᠭᠦᠯᠳᠡᠷᠵᠢᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ︾᠎ ᠶᠢᠨ ᠬᠤᠭᠤᠴᠠᠭᠠᠨ ᠳᠠᠬᠢ ᠨᠥᠭᠡᠴᠡᠯᠡᠬᠦ ᠲᠦᠷᠦᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠶᠢ 500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠨ᠎ᠠ᠃          ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠨᠳᠥᠷ ᠲᠦᠪᠰᠢᠨ ᠲᠠᠢ ᠥᠷᠨᠢᠭᠦᠯᠦᠨ᠎ᠡ᠃ ᠵᠠᠰᠠᠭ ᠠᠵᠤ ᠠᠬᠤᠶᠢᠯᠠᠯ ᠢ ᠵᠣᠯᠭᠠᠭᠤᠯᠬᠤ ᠪᠠ ᠣᠨᠣᠴᠠᠲᠠᠢ ᠦᠢᠯᠡᠴᠢᠯᠡᠬᠦ ᠠᠷᠠᠯᠵᠢᠶᠠᠴᠢᠨ ᠤᠷᠢᠬᠤ ᠲᠠᠪᠴᠠᠩ ᠢ ᠪᠠᠶᠢᠭᠤᠯᠵᠤ᠂ ᠲᠤᠰ ᠭᠠᠵᠠᠷ ᠤᠨ ᠤᠯᠠᠨ ᠲᠦᠮᠡᠨ᠂ ᠳᠤᠮᠳᠠ ᠵᠢᠵᠢᠭ ᠠᠵᠤ ᠠᠬᠤᠶᠢᠯᠠᠯ ᠳᠤ ᠨᠡᠩ ᠤᠯᠠᠨ ᠬᠥᠭᠵᠢᠯᠲᠡ ᠶᠢᠨ ᠠᠵᠠ ᠲᠣᠬᠢᠶᠠᠯ ᠢ ᠪᠤᠢ ᠪᠣᠯᠭᠠᠵᠤ ᠥᠭᠭᠦᠨ᠎ᠡ᠃ ︽ᠡᠭᠦᠳᠡᠨ ᠳᠠᠬᠢ︾ ᠠᠵᠤ ᠦᠢᠯᠡᠰ ᠤᠨ ᠬᠡᠯᠬᠢᠶ᠎ᠡ ᠶᠢᠨ ︽ᠡᠬᠢ ᠰᠡᠭᠦᠯ ᠢ ᠵᠣᠯᠭᠠᠯᠳᠠᠭᠤᠯᠬᠤ︾᠎ ᠢ ᠲᠡᠭᠦᠯᠳᠡᠷᠵᠢᠭᠦᠯᠬᠦ ᠳᠤ ᠰᠠᠭᠤᠷᠢᠯᠠᠵᠤ᠂ ᠭᠤᠣᠯᠳᠠᠭᠤ ᠥᠪᠥᠷ ᠮᠣᠩᠭᠤᠯ ᠤᠨ ᠵᠡᠭᠦᠨ ᠬᠡᠰᠡᠭ  ᠤᠨ ᠬᠤᠸᠠ ᠨᠧᠩ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠠᠭᠤᠷᠬᠠᠢ ᠶᠢᠨ ᠦᠢᠯᠡᠰ᠂ ᠵᠢᠦ ᠹᠦ᠋ ᠮᠠᠯ ᠠᠵᠤ ᠠᠬᠤᠢ᠂ ᠵᠡᠭᠦᠨ ᠬᠤᠰᠢᠭᠤᠨ ᠤ ᠮᠠᠯᠵᠢᠯ ᠤᠨ ᠲᠠᠯᠠᠪᠠᠢ ᠵᠡᠷᠭᠡ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠵᠢᠴᠢ ᠬᠥᠬᠡᠬᠠᠳᠠ᠂ ᠪᠠᠷᠭᠤᠵᠢᠨ᠂ ᠲᠢᠶᠡᠨ ᠱᠦᠨ ᠰᠢᠶᠠᠩ ᠵᠡᠷᠭᠡ ᠣᠷᠣᠨ ᠨᠣᠲᠤᠭ ᠤᠨ ᠠᠵᠤ ᠠᠬᠤᠶᠢᠯᠠᠯ ᠤᠨ ᠲᠣᠭᠤᠷᠢᠨ ᠳᠤ᠂ ᠳᠡᠭᠡᠳᠦ ᠳᠣᠣᠷᠠᠳᠤ ᠭᠤᠭᠴᠣᠭᠠᠨ ᠤ ᠢᠵᠢ ᠪᠦᠷᠢᠳᠦᠭᠦᠯᠬᠦ᠂ ᠦᠢᠯᠡᠳᠬᠦᠨ ᠢ ᠤᠭᠰᠠᠷᠠᠨ ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠲᠥᠯᠥᠪᠯᠡᠵᠦ᠂ ᠲᠢᠶᠠᠨᠵᠢᠨ ᠤ ᠸᠥ᠋ ᠶᠢᠨ᠂ ᠱᠠᠨ ᠾᠧ ᠫᠧᠩ ᠫᠠᠢ᠂ ᠰᠢᠨ ᠶᠤᠸᠠᠢ ᠵᠡᠰ ᠲᠡᠮᠦᠷ ᠤᠨ ᠬᠦᠳᠡᠷ ᠤᠨ ᠠᠭᠤᠷᠬᠠᠢ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠤᠭᠤᠯᠤᠯᠲᠠ ᠶᠢ ᠵᠢᠯ ᠲᠣᠲᠤᠷ᠎ᠠ ᠨᠠᠶᠢᠳᠠᠪᠤᠷᠢᠵᠢᠭᠤᠯᠬᠤ ᠢ ᠬᠦᠴᠦᠯᠡᠨ ᠪᠠᠲᠤᠯᠠᠨ᠎ᠠ᠃ ᠪᠡᠭᠡᠵᠢᠩ ᠲᠢᠶᠠᠨᠵᠢᠨ ᠾᠧᠪᠧᠢ᠂ ᠵᠡᠭᠦᠨ ᠬᠤᠶᠢᠲᠤ ᠶᠢᠨ ᠭᠤᠷᠪᠠᠨ ᠮᠤᠵᠢ᠂ ᠬᠥᠬᠡᠬᠤᠲᠠ ᠪᠤᠭᠤᠲᠤ ᠣᠷᠳᠣᠰ ᠵᠡᠷᠭᠡ ᠣᠷᠣᠨ ᠤ ᠳᠣᠲᠣᠷ᠎ᠠ ᠭᠠᠳᠠᠨᠠᠬᠢ ᠭᠤᠣᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ᠂ ᠣᠨᠣᠴᠠᠲᠠᠢ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠳᠣᠲᠣᠭᠠᠳᠤ ᠶᠢᠨ ᠪᠣᠳᠠᠲᠠᠢ ᠣᠷᠣᠭᠤᠯᠤᠭᠰᠠᠨ ᠪᠡᠯᠡ ᠮᠥᠩᠭᠦ ᠶᠢ 6 ᠳ᠋ᠦᠩᠰᠢᠭᠤᠷ ᠲᠥᠭᠦᠷᠢᠭ ᠢ ᠳᠠᠪᠠᠭᠤᠯᠵᠤ᠂ 15%᠎ ᠠᠴᠠ ᠳᠡᠭᠡᠭᠰᠢ ᠨᠡᠮᠡᠭᠳᠡᠭᠦᠯᠦᠨ᠎ᠡ᠃          ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠥᠨᠳᠥᠷ ᠪᠦᠲᠦᠮᠵᠢᠲᠡᠶ ᠲᠦᠯᠬᠢᠨ ᠠᠬᠢᠭᠤᠯᠤᠨ᠎ᠠ᠃ 26.66 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠳᠤ ᠶᠡᠭᠡ ᠬᠡᠮᠵᠢᠶ᠎ᠡ ᠪᠠᠷ ᠠᠩᠬᠠᠷᠤᠯ ᠢᠶᠠᠨ ᠲᠠᠯᠪᠢᠵᠤ᠂ ᠶᠡᠷᠦᠩᠬᠡᠢ ᠪᠡᠯᠡ ᠣᠷᠣᠭᠤᠯᠤᠯᠲᠠ ᠨᠢ 19.31 ᠳ᠋ᠦᠩᠰᠢᠭᠤᠷ ᠲᠥᠭᠦᠷᠢᠭ ᠲᠤ ᠬᠦᠷᠦᠭᠰᠡᠨ 13 ᠬᠤᠲᠠ ᠶᠢᠨ ᠳᠡᠰ ᠤᠨ ᠭᠤᠣᠯᠳᠠᠯᠭ᠎ᠠ ᠲᠠᠢ ᠲᠥᠷᠥᠯ ᠵᠦᠢᠯ ᠪᠣᠯᠤᠨ ᠶᠡᠷᠦᠩᠬᠡᠢ ᠪᠡᠯᠡ ᠣᠷᠣᠭᠤᠯᠤᠯᠲᠠ ᠨᠢ 7.35 ᠳ᠋ᠦᠩᠰᠢᠭᠤᠷ ᠲᠥᠭᠦᠷᠢᠭ ᠲᠤ ᠬᠦᠷᠦᠭᠰᠡᠨ 29 ᠬᠤᠰᠢᠭᠤᠨ ᠤ ᠳᠡᠰ ᠤᠨ ᠭᠤᠣᠯᠳᠠᠯᠭ᠎ᠠ ᠲᠠᠢ ᠲᠥᠷᠥᠯ ᠵᠦᠢᠯ ᠢ ᠪᠦᠬᠦ ᠬᠦᠴᠦ ᠪᠠᠷ ᠲᠦᠯᠬᠢᠨ ᠠᠬᠢᠭᠤᠯᠤᠨ᠎ᠠ᠃  ᠭᠤᠣᠯᠳᠠᠯᠭ᠎ᠠ ᠲᠠᠢ ᠲᠦᠷᠦᠯ ᠵᠦᠢᠯ ᠤᠨ ︽ᠨᠢᠭᠡ ᠲᠦᠷᠦᠯ ᠵᠦᠢᠯ ᠳᠤ ᠨᠢᠭᠡ ᠲᠤᠰᠬᠠᠢ ᠠᠩᠭᠢ᠂ ᠨᠢᠭᠡ ᠲᠦᠷᠦᠯ ᠵᠦᠢᠯ ᠳᠤ ᠨᠢᠭᠡ ᠨᠠᠷᠢᠨ ᠳᠠᠩᠰᠠ︾᠎ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠣᠨᠴᠠᠭᠠᠢ ᠠᠷᠭ᠎ᠠ ᠬᠡᠮᠵᠢᠶ᠎ᠡ ᠠᠪᠴᠤ᠂ ᠡᠯᠧᠮᠧᠨ᠋ᠲ ᠶᠢᠨ ᠪᠠᠲᠤᠯᠠᠭ᠎ᠠ ᠶᠢ ᠴᠢᠩᠭᠠᠳᠬᠠᠵᠤ᠂ ᠲᠦᠭᠵᠢᠷᠡᠯ ᠪᠣᠯᠬᠤ ᠠᠰᠠᠭᠤᠳᠠᠯ ᠢ ᠪᠦᠬᠦ ᠠᠯᠬᠤᠮ ᠳᠠᠷᠠᠭ᠎ᠠ ᠪᠠᠷ ᠮᠦᠷᠳᠡᠨ ᠰᠢᠢᠳᠪᠦᠷᠢᠯᠡᠵᠦ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ᠂ ᠬᠠᠪᠤᠷ ᠪᠣᠯᠬᠤ ᠲᠠᠢ ᠵᠡᠷᠭᠡ ᠠᠵᠢᠯ ᠢᠶᠠᠨ ᠡᠬᠢᠯᠡᠭᠦᠯᠵᠦ᠂ ᠪᠦᠲᠦᠭᠡᠨ ᠪᠠᠶᠢᠭᠤᠯᠤᠯᠲᠠ ᠶᠢ ᠪᠦᠬᠦ ᠵᠢᠯ ᠢᠶᠠᠷ ᠠᠳᠬᠤᠵᠤ᠂ ᠵᠢᠯ ᠤᠨ ᠳᠣᠲᠤᠷᠠᠬᠢ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 11.55 ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠶᠢ ᠪᠠᠲᠤᠯᠠᠨ᠎ᠠ᠃          ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠥᠨᠳᠥᠷ ᠪᠠᠷᠢᠮᠵᠢᠶ᠎ᠠ ᠲᠠᠢ ᠬᠡᠷᠡᠭᠵᠢᠭᠦᠯᠦᠨ᠎ᠡ᠃ ︽ᠬᠤᠰᠢᠭᠤᠨ ᠤ ᠳᠡᠰ ᠤᠨ ᠤᠳᠤᠷᠢᠳᠤᠯᠭ᠎ᠠ ᠳᠠᠭᠠᠭᠠᠴᠢᠯᠠᠨ ᠬᠠᠷᠢᠭᠤᠴᠠᠬᠤ᠂ ᠠᠵᠢᠯ ᠤᠨ ᠲᠤᠰᠬᠠᠢ ᠠᠩᠭᠢ ᠪᠠᠶᠢᠳᠠᠯ ᠢ ᠣᠶᠢᠯᠠᠭᠠᠬᠤ᠂ ᠠᠵᠢᠯ ᠲᠥᠷᠥᠯ ᠤᠨ ᠰᠠᠯᠠᠭ᠎ᠠ ᠮᠥᠴᠢᠷ ᠬᠡᠷᠡᠭᠴᠡᠭᠡ ᠶᠢ ᠠᠰᠠᠭᠤᠬᠤ︾ ᠵᠠᠭᠪᠤᠷ ᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ︽ᠳᠠᠯᠳᠠᠭᠤᠷ︾ ᠰᠠᠨᠠᠯ ᠬᠤᠷᠢᠶᠠᠬᠤ ᠲᠣᠭᠲᠠᠴᠠ ᠶᠢ ᠪᠠᠶᠢᠭᠤᠯᠵᠤ᠂ ︽ᠴᠡᠭ ᠠᠴᠠ ᠴᠡᠭ ᠲᠤ ᠬᠦᠷᠬᠦ᠂ ᠨᠢᠭᠡ ᠶᠢ ᠨᠢᠭᠡ ᠲᠠᠢ ᠲᠠᠭᠠᠷᠠᠭᠤᠯᠬᠤ︾ ᠠᠷᠭ᠎ᠠ ᠪᠠᠷ ᠠᠵᠤ ᠠᠬᠤᠶᠢᠯᠠᠯ ᠢ ᠬᠠᠪᠰᠤᠷᠤᠨ ᠢᠲᠡᠭᠡᠯ ᠵᠣᠷᠢᠭ ᠢ ᠨᠢ ᠬᠥᠪᠴᠢᠯᠡᠵᠦ᠂ ᠪᠡᠯᠡ ᠮᠥᠩᠭᠦ ᠴᠤᠭᠯᠠᠭᠤᠯᠤᠨ᠂ ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠪᠡᠯᠡ ᠣᠷᠣᠭᠤᠯᠤᠯᠲᠠ ᠶᠢ ᠠᠬᠢᠭᠤᠯᠤᠨ᠎ᠠ᠃ ᠵᠢᠵᠢᠭ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ᠶᠢ ᠬᠡᠷᠡᠭᠵᠢᠭᠦᠯᠵᠦ᠂ ᠠᠩᠬᠢᠯᠤᠮ᠎ᠠ᠂ ᠲᠦᠩ ᠯᠧ ᠹᠦ᠋᠂  ᠶᠠᠨ ᠽᠦᠨ ᠵᠡᠷᠭᠡ ᠠᠵᠤ ᠠᠬᠤᠶᠢᠯᠠᠯ ᠤᠨ  ᠦᠢᠯᠡᠳᠪᠦᠷᠢᠯᠠᠯ ᠤᠨ ᠬᠡᠪᠴᠢᠶ᠎ᠠ ᠪᠠᠨ ᠦᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠡᠵᠡᠩᠨᠡᠯᠲᠡ ᠶᠢᠨ ᠪᠡᠶᠡᠴᠢ ᠴᠣᠭᠴᠠ ᠶᠢᠨ ︽ᠬᠤᠪᠢ ᠬᠥᠮᠥᠨ ᠠᠴᠠ ᠠᠵᠤ ᠠᠬᠤᠶᠢᠯᠠᠯ ᠪᠣᠯᠵᠤ ᠬᠤᠪᠢᠷᠠᠬᠤ︾᠎ ᠶᠢ ᠵᠣᠷᠢᠭᠵᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠣᠯᠣᠨ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠵᠦ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠲᠤᠭ᠎ᠠ ᠬᠡᠮᠵᠢᠶ᠎ᠡ ᠪᠠ ᠠᠬᠤᠢ ᠪᠠᠶᠢᠳᠠᠯ ᠢ ᠥᠷᠭᠡᠳᠬᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠶᠢ ᠨᠠᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠣᠯᠭᠠᠨ᠎ᠠ᠃          ︵ᠬᠤᠶᠠᠷ︶ ᠡᠯᠧᠮᠧᠨ᠋ᠲ ᠢ ᠠᠳᠬᠤᠵᠤ᠂  ᠪᠠᠲᠤᠯᠠᠭ᠎ᠠ ᠶᠢ ᠴᠢᠩᠭᠠᠳᠬᠠᠵᠤ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠢ ᠰᠠᠶᠢᠲᠤᠷ ᠬᠢᠨ᠎ᠡ           ᠡᠪᠡᠰᠦᠨ ᠤ ᠡᠬᠢ ᠪᠠᠶᠠᠯᠢᠭ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠵᠢᠱᠢᠶ᠎ᠡ ᠦᠵᠡᠭᠦᠯᠬᠦ ᠣᠷᠣᠨ ᠢ ᠴᠣᠭᠴᠠᠯᠠᠵᠤ᠂  ︽1 +N + M︾᠎ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠵᠢᠴᠢ ᠠᠷᠭ᠎ᠠ ᠬᠡᠮᠵᠢᠶ᠎ᠡ ᠶᠢ ᠪᠦᠬᠦ ᠲᠠᠯ᠎ᠠ  ᠪᠠᠷ ᠲᠦᠭᠡᠮᠡᠯᠵᠢᠭᠦᠯᠬᠦ ᠶᠢ ᠠᠬᠢᠭᠤᠯᠵᠤ᠂ ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠬᠤ ᠶᠢ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠤᠨ᠎ᠠ᠃ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠡᠷᠭᠡ ᠳᠦᠷᠢᠮ ᠤᠨ ᠬᠢᠵᠠᠭᠠᠷᠯᠠᠯ ᠢ ᠴᠢᠩᠭᠠᠳᠬᠠᠵᠤ᠂ 139.85 ᠲᠦᠮᠡᠨ ᠮᠦ ᠪᠠᠶᠢᠭᠠᠯᠢᠯᠢᠭ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠵᠣᠭᠰᠤᠭᠠᠬᠤ ᠶᠢ ᠬᠡᠷᠡᠭᠵᠢᠭᠦᠯᠵᠦ᠂ 1979.66 ᠲᠦᠮᠡᠨ ᠮᠦ ᠮᠠᠯ ᠪᠡᠯᠴᠢᠭᠡᠷ ᠢ ᠲᠡᠩᠴᠡᠭᠦᠷᠢ ᠲᠠᠢ ᠪᠣᠯᠭᠠᠵᠤ᠂ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ ᠣᠷᠳᠣ ᠬᠤᠭᠤᠴᠠᠭ᠎ᠠ ᠪᠠᠷ 10%᠎ ᠶᠢᠨ ᠳᠣᠲᠣᠷ᠎ᠠ ᠬᠢᠵᠠᠭᠠᠷᠯᠠᠬᠤ ᠶᠢ ᠦᠨᠡᠨᠬᠦ ᠪᠠᠲᠤᠯᠠᠨ᠎ᠠ᠃ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ ᠬᠠᠤᠯᠢ ᠳᠦᠷᠢᠮ ᠤᠨ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠵᠦ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠎ᠠ᠃ ᠰᠢᠭᠤᠶᠢᠲᠤ ᠣᠷᠣᠨ ᠤ ᠨᠤᠲᠤᠭ ᠪᠡᠯᠴᠢᠭᠡᠷ᠂ ᠤᠢ ᠰᠢᠭᠤᠢ ᠶᠢᠨ ᠬᠤᠭᠤᠷᠣᠨᠳᠣᠬᠢ ᠬᠤᠭᠤᠰᠤᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠯᠢ ᠪᠠᠷ ᠣᠷᠣᠵᠤ ᠢᠷᠡᠭᠰᠡᠨ ᠮᠠᠯ ᠤᠨᠤᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠬᠤᠯᠠᠭᠠᠶᠢᠯᠠᠨ ᠮᠠᠯᠵᠢᠬᠤ ᠶᠢ ᠴᠡᠭᠴᠡᠯᠡᠨ ᠵᠠᠰᠠᠨ᠎ᠠ᠃ ᠤᠯᠤᠰ ᠤᠨ  ᠦᠮᠴᠢᠯᠡᠯᠲᠦ ᠨᠤᠲᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ ᠶᠢ ᠯᠠᠪᠠᠳᠠᠭᠤᠨ ᠠᠬᠢᠭᠤᠯᠵᠤ᠂ ᠬᠤᠶᠠᠳᠤᠭᠠᠷ ᠡᠭᠡᠯᠵᠢ ᠶᠢᠨ ᠤᠷᠲᠤᠳᠬᠠᠨ ᠳᠠᠭᠠᠭᠠᠴᠢᠯᠠᠭᠤᠯᠬᠤ ᠪᠠᠶᠢᠳᠠᠯ ᠢ ᠣᠶᠢᠯᠠᠭᠠᠵᠤ ᠪᠠᠶᠢᠴᠠᠭᠠᠬᠤ ᠶᠢ ᠲᠣᠭᠲᠠᠭᠤᠨ ᠢᠶᠠᠷ ᠠᠬᠢᠭᠤᠯᠵᠤ᠂ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠲᠣᠭᠠᠴᠢᠯᠠᠭᠰᠠᠨ ᠬᠠᠮᠢᠶᠠᠷᠤᠯᠲᠠ ᠶᠢᠨ ︽ᠨᠢᠭᠡ ᠵᠢᠷᠤᠭ︾ ︽ᠨᠢᠭᠡ ᠲᠠᠩᠰᠠ︾᠎ ᠶᠢ ᠪᠠᠶᠢᠭᠤᠯᠤᠨ᠎ᠠ᠃ ᠬᠠᠨᠳᠠᠭᠠᠢ ᠰᠤᠮᠤ ᠶᠢᠨ ︽ᠲᠥᠪ ᠦᠢᠯᠡᠳᠬᠡᠪᠦᠷᠢ︾᠎ ᠶᠢᠨ ᠪᠦᠷᠢᠨ ᠬᠤᠯᠢᠮᠠᠭ ᠲᠡᠵᠢᠭᠡᠯ ᠡᠪᠡᠰᠦ 6 ᠲᠦᠮᠡᠨ ᠲᠣᠨ ᠠᠴᠠ ᠳᠡᠭᠡᠭᠰᠢ ᠦᠢᠯᠡᠳᠪᠦᠷᠢᠯᠡᠬᠦ ᠶᠢ ᠪᠠᠲᠤᠯᠠᠵᠤ᠂ ᠴᠠᠭᠠᠨ ᠪᠠᠯᠭᠠᠰᠤᠨ ᠳᠤ ᠠᠳᠠᠯᠢ ᠬᠡᠮᠵᠢᠶ᠎ᠡ ᠲᠠᠢ ᠲᠡᠵᠢᠭᠡᠯ ᠪᠣᠷᠳᠣᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠡᠮᠦᠨᠡᠲᠦ ᠤᠮᠠᠷᠠᠲᠤ ᠶᠢᠨ ᠬᠤᠯᠪᠤᠭᠠᠯᠠᠨ ᠬᠥᠳᠡᠯᠦᠯᠴᠡᠭᠰᠡᠨ ᠪᠥᠬᠦ ᠣᠷᠣᠨ ᠪᠦᠰᠡ ᠶᠢᠨ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠰᠢᠰᠲ᠋ᠧᠮᠵᠢ ᠶᠢ ᠪᠦᠷᠢᠯᠳᠦᠭᠦᠯᠬᠦ ᠪᠠᠷ ᠲᠥᠯᠥᠪᠯᠡᠨ᠎ᠡ᠃          ᠲᠣᠯᠣᠭᠠᠶᠢᠯᠠᠭᠴᠢ ᠠᠵᠤ ᠠᠬᠤᠶᠢᠯᠠᠯ ᠤᠨ ᠰᠦᠷᠦᠭᠵᠢᠯ ᠤᠨ ᠳᠠᠶᠢᠴᠢᠯᠠᠨ ᠳᠠᠭᠠᠭᠤᠯᠬᠤ ᠶᠢ ᠠᠬᠢᠭᠤᠯᠤᠨ᠎ᠠ᠃ ᠰᠠᠭᠠᠯᠢ ᠶᠢᠨ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠱᠠᠨ ᠾᠧ ᠫᠧᠩ ᠫᠠᠢ ᠰᠠᠭᠠᠯᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠠᠵᠢᠯ ᠡᠬᠢᠯᠡᠭᠦᠯᠬᠦ ᠶᠢ ᠲᠦᠷᠭᠡᠳᠬᠡᠨ᠂ ᠬᠥᠬᠡᠬᠠᠳᠠ ᠶᠢᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠪᠠᠶᠢᠷᠢ ᠶᠢᠨ ᠠᠵᠤ ᠠᠬᠤᠶᠢᠯᠠᠯ ᠢᠶᠠᠷ ᠮᠡᠳᠡᠭᠦᠯᠬᠦ ᠶᠢ ᠲᠡᠳᠬᠦᠨ ᠳᠡᠮᠵᠢᠵᠦ᠂ ᠰᠠᠭᠠᠯᠢ ᠶᠢᠨ ᠦᠨᠢᠶ᠎ᠡ ᠶᠢᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠴᠠᠭᠠᠨ ᠢᠳᠡᠭᠡᠨ ᠤ ᠡᠳ᠋ᠰᠢᠭᠦᠯᠬᠦ ᠴᠢᠳᠠᠪᠤᠷᠢ 5400 ᠲᠣᠨ ᠠᠴᠠ ᠳᠡᠭᠡᠭᠰᠢ ᠪᠣᠯᠬᠤ ᠶᠢ ᠪᠡᠶᠡᠯᠡᠭᠦᠯᠦᠨ᠎ᠡ᠃ ᠠᠯᠠᠰᠢᠨ ᠦᠬᠡᠷ ᠤᠨ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠸᠥ᠋ ᠶᠢᠨ ᠮᠠᠯ ᠠᠵᠤ ᠠᠬᠤᠢ ᠶᠢᠨ ᠠᠯᠠᠰᠢᠨ ᠦᠬᠡᠷ ᠤᠨ ᠡᠭᠦᠯᠡᠨ ᠬᠥᠮᠥᠷᠭᠡ ᠶᠢᠨ ᠲᠥᠷᠥᠯ ᠵᠦᠢᠯ ᠢ ᠬᠡᠷᠡᠭᠵᠢᠭᠦᠯᠦᠨ᠂ ᠬᠠᠨᠳᠠᠭᠠᠢ ᠶᠢᠨ ᠲᠦᠮᠡᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠣᠵᠠᠭᠠᠶᠢᠷᠠᠭᠤᠯᠤᠨ᠂ ᠬᠠᠢ ᠱᠦ ᠶᠤᠸᠠᠨ ᠦᠬᠡᠷ ᠣᠷᠤᠯᠠᠨ ᠲᠡᠵᠢᠭᠡᠬᠦ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠬᠤᠶᠠᠷ ᠵᠢᠯ ᠤᠨ ᠳᠣᠲᠤᠷ᠎ᠠ ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠦᠯᠦᠭᠰᠡᠨ᠂ ᠡᠷᠴᠢᠮᠵᠢᠭᠦᠯᠦᠭᠰᠡᠨ ᠠᠯᠠᠰᠢᠨ ᠦᠬᠡᠷ ᠢ 10 ᠲᠦᠮᠡᠨ ᠲᠤᠭ᠎ᠠ ᠲᠣᠯᠣᠭᠠᠢ ᠠᠴᠠ ᠳᠡᠭᠡᠭᠰᠢ ᠬᠦᠷᠦᠭᠦᠯᠬᠦ ᠪᠠᠷ ᠴᠢᠷᠮᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠢ ᠬᠡᠷᠡᠭᠵᠢᠭᠦᠯᠵᠦ᠂ ᠬᠤᠸᠠᠰᠢ ᠦᠬᠡᠷ ᠤᠨ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠶᠡᠭᠡᠰᠭᠡᠵᠦ ᠂ ᠠᠮᠤᠭᠤᠯᠠᠩ ᠪᠠᠯᠭᠠᠰᠤ ᠶᠢᠨ ᠣᠶᠤᠨᠴᠢᠯᠠᠭᠰᠠᠨ ᠨᠠᠷᠢᠯᠢᠭ ᠣᠨᠤᠴᠠᠲᠠᠢ ᠲᠡᠵᠢᠭᠡᠨ ᠦᠷᠡᠵᠢᠭᠦᠯᠬᠦ ᠲᠦᠷᠦᠯ ᠵᠦᠢᠯ ᠢ ᠲᠦᠯᠦᠪᠵᠢᠭᠦᠯᠵᠦ᠂ ᠪᠠᠶᠠᠨᠲᠠᠯ᠎ᠠ ᠠᠮᠢ ᠠᠬᠤᠢ ᠶᠢᠨ ᠮᠠᠯᠵᠢᠯ ᠤᠨ ᠲᠠᠯᠠᠪᠠᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠦᠨ᠎ᠡ᠃ ᠪᠠᠷᠭᠤᠵᠢᠨ᠂ ᠲᠢᠶᠠᠨ ᠱᠦᠨ ᠰᠢᠶᠠᠩ ᠵᠡᠷᠭᠡ ᠮᠢᠬᠠᠨ ᠤ ᠪᠣᠯᠪᠠᠰᠤᠷᠠᠭᠤᠯᠤᠯ ᠤᠨ ᠠᠵᠤ ᠠᠬᠤᠶᠢᠯᠠᠯ ᠤᠨ ᠲᠠᠰ ᠳᠠᠪᠰᠢᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ᠴᠢᠨᠠᠷ ᠰᠠᠶᠢᠲᠠᠢ ᠡᠬᠡ ᠮᠠᠯ ᠢ ᠦᠷᠡᠵᠢᠭᠦᠯᠦᠨ ᠪᠣᠶᠢᠵᠢᠭᠤᠯᠬᠤ ᠲᠠᠯᠠᠪᠠᠶ ᠪᠠ ᠰᠠᠭᠠᠯᠢ ᠶᠢᠨ ᠦᠨᠢᠶ᠎ᠡ ᠶᠢᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ︽ᠮᠣᠩᠭᠤᠯ︾ ᠦᠰᠦᠭᠲᠦ ᠲᠡᠮᠳᠡᠭ ᠢ ᠳᠡᠯᠭᠡᠷᠡᠭᠦᠯᠦᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ︽ᠨᠡᠷᠡᠲᠦ ᠣᠨᠴᠠ ᠰᠢᠯᠢᠳᠡᠭ ᠰᠢᠨ᠎ᠡ︾ ᠲᠥᠷᠥᠯ ᠲᠡᠮᠳᠡᠭ ᠢ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠨᠠᠩ ᠰᠢᠯᠢᠳᠡᠭ᠂ ᠨᠠᠩ ᠨᠣᠭᠤᠭᠠᠨ᠂ ᠨᠠᠩ ᠠᠮᠤᠷ ᠲᠦᠪᠰᠢᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠬᠦ ᠤᠯᠤᠰ ᠲᠤ ᠲᠠᠨᠢᠭᠤᠯᠤᠨ᠎ᠠ᠃          ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠵᠠᠭᠪᠤᠷ ᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠶᠢᠨ ᠲᠣᠭᠤᠷᠢᠨ ᠳᠤ᠂ ᠵᠤᠷᠰᠢᠯᠲᠤ ᠪᠣᠯᠪᠠᠰᠤᠷᠠᠭᠤᠯᠤᠯ ᠢ ᠲᠥᠷᠥᠯ ᠬᠤᠪᠢᠶᠠᠨ ᠥᠷᠨᠢᠭᠦᠯᠵᠦ᠂ ᠰᠢᠨ᠎ᠡ ᠦᠶ᠎ᠡ ᠶᠢᠨ ᠵᠠᠯᠠᠭᠤ ᠮᠠᠯᠴᠢᠳ ᠢ ᠵᠣᠬᠢᠶᠠᠨ ᠪᠠᠶᠢᠭᠤᠯᠵᠤ᠂ ᠣᠨᠴᠠ ᠬᠠᠨᠳᠤᠯᠭᠠᠲᠤ ᠪᠣᠯᠪᠠᠰᠤᠷᠠᠭᠤᠯᠤᠯ ᠢ 200 ᠬᠦᠮᠦᠨ ᠤᠳᠠᠭ᠎ᠠ ᠠᠴᠠ ᠳᠡᠭᠡᠭᠰᠢ ᠦᠷᠨᠢᠭᠦᠯᠵᠦ᠂ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶᠡᠨ ᠳᠤ ᠦᠢᠯᠡᠰ ᠴᠣᠭᠴᠠᠯᠠᠨ ᠠᠵᠢᠯ ᠣᠯᠭᠤᠵᠤ᠂ ᠣᠳᠣᠬᠢᠴᠢᠯᠠᠭᠰᠠᠨ ᠰᠢᠨ᠎ᠡ ᠮᠠᠯᠵᠢᠬᠤ ᠣᠷᠤᠨ ᠤ ᠪᠦᠲᠦᠭᠡᠨ ᠪᠠᠶᠢᠭᠤᠯᠤᠯᠲᠠ ᠶᠢᠨ ᠭᠤᠣᠯ ᠬᠦᠴᠦᠨ ᠢ ᠬᠥᠮᠥᠵᠢᠭᠦᠯᠦᠨ᠎ᠡ᠃ ︽ᠭᠤᠷᠪᠠ ᠶᠢ ᠬᠤᠪᠢᠷᠠᠭᠤᠯᠤᠨ ᠲᠠᠪᠤ ᠶᠢ ᠬᠤᠷᠰᠢᠶᠠᠵᠢᠭᠤᠯᠬᠤ︾᠎ ᠢ ᠰᠢᠨ᠎ᠡ ᠶᠢ ᠡᠭᠦᠳᠦᠨ ᠠᠬᠢᠭᠤᠯᠵᠤ᠂ ᠬᠡᠷᠡᠭᠴᠡᠭᠡ ᠱᠠᠭᠠᠷᠳᠠᠯᠭ᠎ᠠ ᠪᠠ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠨ ᠣᠯᠠᠨ ᠲᠦᠷᠦᠯ ᠬᠡᠯᠪᠡᠷᠢ ᠶᠢᠨ ᠬᠠᠮᠲᠤᠷᠠᠯᠴᠠᠭ᠎ᠠ ᠶᠢ ᠵᠣᠷᠢᠭᠵᠢᠭᠤᠯᠵᠤ᠂ ᠭᠡᠷ ᠪᠦᠯᠢ ᠶᠢᠨ ᠡᠷᠦᠬᠡ ᠬᠤᠯᠪᠤᠭᠠᠯᠠᠭᠰᠠᠨ ᠡᠵᠡᠩᠨᠡᠯᠲᠡ ᠶᠢ ᠳᠡᠮᠵᠢᠵᠦ᠂ ᠮᠠᠯᠴᠢᠨ ᠲᠦᠮᠡᠨ ᠤ ᠦᠪᠡᠷ ᠤᠨ ᠦᠷᠲᠡᠭ ᠢ ᠠᠷᠪᠢᠯᠠᠬᠤ᠂ ᠵᠠᠬ᠎ᠠ ᠳᠡᠯᠭᠡᠭᠦᠷ ᠢ ᠵᠣᠯᠭᠠᠭᠤᠯᠬᠤ᠂ ᠣᠷᠤᠯᠭ᠎ᠠ ᠪᠠᠨ ᠨᠡᠮᠡᠭᠳᠡᠭᠦᠯᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠭᠤᠭᠴᠤᠭ᠎ᠠ ᠶᠢ ᠬᠤᠨᠢ ᠢᠮᠠᠭ᠎ᠠ ᠤᠬᠢᠶᠠᠬᠤ᠂ ᠬᠤᠨᠢ ᠬᠠᠶᠢᠴᠢᠯᠠᠬᠤ ᠵᠡᠷᠭᠡ ᠠᠩᠬ᠎ᠠ ᠱᠠᠲᠤᠨ ᠤ ᠦᠢᠯᠡᠳᠪᠦᠷᠢᠯᠡᠯ ᠤᠨ ᠭᠤᠭᠴᠤᠭ᠎ᠠ ᠠᠴᠠ ᠮᠠᠯ ᠤᠨᠤᠭ᠎ᠠ ᠶᠢ ᠣᠷᠣᠯᠠᠨ ᠬᠠᠮᠢᠶᠠᠷᠴᠤ ᠣᠷᠣᠯᠠᠨ ᠲᠡᠵᠢᠭᠡᠬᠦ᠂ ᠡᠭᠦᠯᠳᠡᠷ ᠰᠠᠶᠢᠵᠢᠷᠠᠭᠤᠯᠬᠤ᠂ ᠲᠡᠵᠢᠭᠡᠨ ᠦᠷᠡᠵᠢᠭᠦᠯᠬᠦ ᠲᠦᠬᠦᠭᠡᠷᠦᠮᠵᠢ ᠶᠢ ᠬᠠᠮᠠᠭᠠᠯᠠᠬᠤ ᠵᠡᠷᠭᠡ ᠲᠠᠯ᠎ᠠ ᠲᠡᠶᠢᠰᠢ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢ ᠪᠣᠶᠢᠵᠢᠭᠤᠯᠵᠤ᠂ ᠲᠤᠰᠬᠠᠶᠢᠵᠢᠭᠰᠠᠨ ᠦᠢᠯᠡᠴᠢᠯᠡᠭᠡᠨ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂ ᠣᠯᠠᠨ ᠡᠰᠢᠵᠢᠭᠦᠯᠦᠨ ᠬᠥᠭᠵᠢᠭᠦᠯᠬᠦ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ ︽ᠪᠡᠯᠴᠢᠭᠡᠷᠯᠡᠭᠦᠯᠬᠦ ᠶᠢ ᠵᠣᠭᠰᠤᠭᠠᠪᠠᠴᠤ ᠲᠡᠵᠢᠭᠡᠬᠦ ᠶᠢ ᠵᠣᠭᠰᠤᠭᠠᠬᠤ ᠦᠭᠡᠢ᠂ ᠮᠠᠯ ᠢ ᠪᠠᠭᠠᠰᠬᠠᠪᠠᠴᠤ ᠣᠷᠤᠯᠭ᠎ᠠ ᠶᠢ ᠪᠠᠭᠠᠰᠬᠠᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃ ᠰᠦ ᠮᠢᠬᠠᠨ ᠤ ᠭᠠᠷᠤᠯᠲᠠ ᠶᠢ ᠲᠣᠰ ᠲᠣᠰ 7.2 ᠲᠦᠮᠡᠨ ᠲᠣᠨ ᠪᠠ 3.6 ᠲᠦᠮᠡᠨ ᠲᠤᠨ ᠠᠴᠠ ᠳᠡᠭᠡᠭᠰᠢ ᠬᠡᠮᠵᠢᠶᠡᠨ ᠳᠤ ᠬᠦᠷᠭᠡᠨ᠎ᠡ᠃          ︵ᠭᠤᠷᠪᠠ︶ ᠴᠢᠳᠠᠮᠵᠢ ᠶᠢ ᠴᠢᠩᠭᠠᠳᠬᠠᠵᠤ᠂ ᠨᠡᠭᠡᠭᠡᠯᠲᠡ ᠶᠢ ᠥᠷᠭᠡᠳᠬᠡᠨ᠂  ᠪᠣᠭᠤᠮᠲᠠ ᠶᠢᠨ ᠠᠵᠤ ᠠᠬᠤᠢ ᠶᠢᠨ ᠡᠨᠧᠷᠭᠢ ᠶᠢᠨ ᠰᠤᠷᠪᠤᠯᠵᠢ ᠶᠢᠨ ᠶᠡᠭᠡ ᠰᠢᠪᠲᠤᠯᠤᠯᠲᠠ ᠳᠤ ᠬᠦᠴᠦ ᠨᠡᠮᠡᠷᠢᠯᠡᠨ᠎ᠡ᠃          ᠶᠡᠷᠦᠩᠬᠡᠶᠢᠯᠡᠭᠰᠡᠨ ᠬᠦᠢᠰᠦ ᠶᠢᠨ ᠴᠢᠳᠠᠮᠵᠢ ᠶᠢ ᠴᠢᠩᠭᠠᠷᠠᠭᠤᠯᠤᠨ᠎ᠠ᠃ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ︽ᠪᠣᠭᠤᠮᠲᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠶᠢ ᠠᠬᠢᠭᠤᠯᠬᠤ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ︾᠎ ᠶᠢᠨ ᠲᠣᠭᠤᠷᠢᠨ ᠳᠤ᠂ ᠪᠣᠭᠤᠮᠲᠠ᠂ ᠬᠢᠯᠢ ᠶᠢᠨ ᠪᠠᠶᠢᠴᠠᠭᠠᠯᠲᠠ᠂ ᠭᠠᠳᠠᠭᠠᠳᠤ ᠶᠠᠪᠤᠳᠠᠯ ᠤᠨ ᠰᠠᠯᠠᠭ᠎ᠠ ᠮᠥᠴᠢᠷ ᠤᠨ ᠬᠠᠷᠢᠯᠴᠠᠭᠠᠨ ᠤ ᠲᠣᠭᠲᠠᠴᠠ ᠶᠢ ᠵᠣᠬᠢᠶᠠᠨ ᠪᠠᠶᠢᠭᠤᠯᠵᠤ᠂ ᠪᠣᠭᠤᠮᠲᠠ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠭᠤᠮᠲᠠ ᠪᠠᠷ ᠥᠩᠭᠡᠷᠡᠬᠦ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠶᠢᠨ ᠬᠠᠮᠢᠶᠠᠷᠤᠯᠲᠠ ᠶᠢᠨ ᠺᠣᠮᠫᠠᠨᠢᠴᠢᠯᠠᠭᠰᠠᠨ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠲᠥᠯᠥᠪᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠡᠪᠦᠳᠦᠭ ᠪᠣᠭᠤᠮᠲᠠ ᠶᠢᠨ 2 ᠳ᠋ᠤᠭᠠᠷ ᠨᠣᠮᠧᠷᠲᠤ ᠵᠠᠭᠠᠭ ᠭᠤᠣᠯ ᠤᠨ ᠬᠦᠭᠦᠷᠭᠡ ᠶᠢᠨ ᠲᠦᠷᠦᠯ ᠵᠦᠢᠯ ᠤᠨ ᠤᠯᠤᠰ ᠤᠨ ᠳᠡᠰ ᠤᠨ ᠲᠦᠷᠦᠯ ᠵᠦᠢᠯ ᠲᠣᠭᠲᠠᠭᠠᠬᠤ ᠴᠣᠬᠤᠯᠠᠪᠤᠷᠢ ᠣᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠪᠣᠭᠤᠮᠲᠠ ᠪᠠᠷ ᠣᠷᠣᠭᠤᠯᠬᠤ ᠠᠮᠤ ᠪᠤᠳᠠᠭᠠᠨ ᠤ ᠬᠢᠨᠠᠨ ᠬᠠᠮᠢᠶᠠᠷᠬᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠵᠢᠯ ᠤᠨ ᠳᠣᠲᠣᠷ᠎ᠠ ᠠᠰᠢᠭᠯᠠᠯᠲᠠ ᠳᠤ ᠣᠷᠤᠭᠤᠯᠵᠤ᠂ ᠮᠣᠩᠭᠤᠯ ᠤᠯᠤᠰ ᠤᠨ ᠠᠮᠤ ᠪᠤᠳᠠᠭ᠎ᠠ ᠶᠢ ᠬᠢᠯᠢ ᠪᠠᠷ ᠣᠷᠣᠭᠤᠯᠬᠤ ᠰᠢᠪᠲᠤᠯᠤᠯᠲᠠ ᠶᠢ ᠪᠡᠶᠡᠯᠡᠭᠦᠯᠦᠨ᠎ᠡ᠃ ᠬᠢᠯᠢ ᠪᠠᠷ ᠣᠷᠣᠭᠤᠯᠬᠤ ᠠᠮᠢᠳᠤ ᠬᠤᠨᠢᠨ ᠤ ᠲᠤᠰᠬᠠᠷᠯᠠᠨ ᠬᠢᠵᠢᠭ ᠪᠠᠶᠢᠴᠠᠭᠠᠬᠤ ᠲᠠᠯᠠᠪᠠᠶ ᠶᠢᠨ ᠡᠮᠦᠨᠡᠬᠢ ᠬᠤᠭᠤᠴᠠᠭᠠᠨ ᠤ ᠭᠠᠷ ᠭᠦᠢᠴᠠᠳᠬᠡᠯ ᠢ ᠲᠦᠯᠬᠢᠨ ᠠᠬᠢᠭᠤᠯᠤᠨ᠎ᠠ᠃ ᠲᠦᠭᠦᠬᠡᠢ ᠴᠢᠯᠠᠭᠤᠨ ᠲᠣᠰᠣ ᠶᠢ ᠭᠠᠳᠠᠭᠠᠳᠤ ᠠᠴᠠ ᠣᠷᠣᠭᠤᠯᠬᠤ ᠴᠢᠳᠠᠪᠤᠷᠢ ᠶᠢ ᠪᠠᠲᠤᠯᠠᠵᠤ᠂ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠪᠦᠯᠦᠭ ᠤᠳᠠᠭ᠎ᠠ ᠶᠢ ᠥᠷᠭᠡᠳᠬᠡᠨ᠂ ᠰᠢᠯᠢᠳᠡᠭ ᠵᠢᠭᠦᠷᠲᠡᠨ ᠤ ᠥᠨᠳᠡᠭᠡ ᠶᠢᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠶᠢ ᠰᠦᠪᠡᠭᠴᠢᠯᠡᠵᠦ᠂ ᠲᠠᠷᠢᠶᠠᠯᠠᠩ ᠤᠨ ᠮᠠᠰᠢᠨ ᠪᠠᠭᠠᠵᠢ ᠶᠢᠨ ᠭᠠᠳᠠᠭᠠᠳᠤ ᠭᠠᠷᠭᠠᠯᠲᠠ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠲᠠᠷᠢᠶᠠᠯᠠᠩ ᠤᠨ ᠮᠠᠰᠢᠨ ᠪᠠᠭᠠᠵᠢ ᠶᠢᠨ ᠭᠠᠳᠠᠭᠠᠳᠤ ᠭᠠᠷᠭᠠᠯᠲᠠ ᠶᠢᠨ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃          ᠪᠣᠭᠤᠮᠲᠠ ᠶᠢᠨ ᠣᠨᠴᠠᠯᠢᠭᠲᠤ ᠵᠢᠵᠢᠭ ᠪᠠᠯᠭᠠᠰᠤ ᠶᠢ ᠪᠠᠶᠢᠭᠤᠯᠤᠨ᠎ᠠ᠃ ᠪᠣᠭᠤᠮᠲᠠ- ᠠᠮᠤᠭᠤᠯᠠᠩ ᠪᠠᠯᠭᠠᠰᠤ ᠶᠢᠨ ᠬᠠᠮᠲᠤᠷᠠᠭᠰᠠᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ + ᠴᠠᠬᠢᠮ ᠬᠤᠳᠠᠯᠳᠤᠭ᠎ᠠ + ᠰᠣᠶᠣᠯ ᠵᠢᠭᠤᠯᠴᠢᠯᠠᠯ + ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠵᠡᠷᠭᠡ ᠶᠢ ᠠᠬᠢᠭᠤᠯᠵᠤ᠂ ᠳᠤᠮᠳᠠᠳᠤ ᠮᠣᠩᠭᠤᠯ ᠤᠨ ᠰᠣᠳᠣᠨ ᠰᠣᠶᠣᠯ ᠵᠢᠭᠤᠯᠴᠢᠯᠠᠯ ᠤᠨ ᠠᠷᠠᠯᠵᠢᠶ᠎ᠠ ᠶᠢᠨ ᠬᠤᠳᠠᠯᠳᠤᠭᠠᠨ ᠤ ᠲᠣᠭᠤᠷᠢᠭ ᠢ ᠴᠣᠭᠴᠠᠯᠠᠨ᠎ᠠ᠃ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠠᠸᠠᠷ ᠤᠨ ᠨᠡᠷᠡᠰ ᠤᠨ ᠵᠢᠭᠰᠠᠭᠠᠯᠲᠠ ᠶᠢ ᠲᠤᠭᠤᠷᠪᠢᠨ ᠲᠣᠭᠲᠠᠭᠠᠵᠤ᠂ ᠬᠢᠯᠢ ᠶᠢᠨ ᠠᠷᠠᠯᠵᠢᠶ᠎ᠠ ᠶᠢᠨ ᠲᠠᠸᠠᠷ ᠤᠨ ᠲᠥᠷᠥᠯ ᠵᠦᠢᠯ ᠢ ᠪᠠᠶᠠᠯᠢᠭᠵᠢᠭᠤᠯᠤᠨ᠎ᠠ᠃ ᠪᠣᠭᠤᠮᠲᠠ ᠶᠢᠨ ᠣᠨᠴᠠᠯᠢᠭᠲᠤ ᠵᠢᠵᠢᠭ ᠪᠠᠯᠭᠠᠰᠤ ᠶᠢᠨ ᠶᠠᠰᠤ ᠴᠢᠨᠠᠷ ᠢ ᠦᠷᠬᠦᠯᠵᠢᠯᠡᠨ ᠳᠡᠭᠡᠭᠰᠢᠯᠡᠭᠦᠯᠵᠦ᠂ ᠤᠰᠤ ᠬᠠᠩᠭᠠᠬᠤ ᠬᠤᠭᠤᠯᠠᠢ ᠶᠢ 18 ᠺᠢᠯᠣᠮᠧᠲᠷ᠂ ᠤᠰᠤ ᠭᠠᠳᠠᠭᠰᠢᠯᠠᠭᠤᠯᠬᠤ ᠬᠤᠭᠤᠯᠠᠢ ᠶᠢ 2 ᠺᠢᠯᠣᠮᠧᠲᠷ ᠥᠭᠡᠷᠡᠴᠢᠯᠡᠨ ᠵᠠᠰᠠᠵᠤ᠂ ᠪᠠᠯᠭᠠᠰᠤᠨ ᠤ ᠲᠣᠭᠤᠷᠢᠭ ᠤᠨ ᠵᠠᠮ ᠢ 1.2 ᠲᠦᠮᠡᠨ ᠲᠡᠭᠰᠢ ᠳᠥᠷᠪᠡᠯᠵᠢᠨ ᠮᠧᠲᠷ ᠰᠡᠯᠪᠢᠨ ᠵᠠᠰᠠᠨ᠎ᠠ᠃  ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢ ᠨᠡᠮᠡᠭᠳᠡᠭᠦᠯᠦᠨ ᠭᠤᠶᠤᠵᠢᠭᠤᠯᠬᠤ ᠶᠢ ᠠᠬᠢᠭᠤᠯᠵᠤ᠂ 5 ᠬᠠᠯᠬᠠᠪᠴᠢ ᠶᠢ ᠦᠭᠡᠶᠢᠰᠬᠡᠵᠦ᠂ ᠲᠦᠮᠡᠨ ᠲᠡᠭᠰᠢ ᠳᠦᠷᠪᠡᠯᠵᠢᠨ ᠮᠧᠲᠷ ᠤᠨ ᠭᠠᠵᠠᠷ ᠢ ᠨᠣᠭᠤᠭᠠᠷᠠᠭᠤᠯᠵᠤ᠂  ᠵᠠᠮ ᠳᠠᠭᠠᠭᠰᠠᠨ ᠮᠣᠳᠤ ᠶᠢ ᠮᠢᠩᠭᠠᠨ ᠰᠠᠭᠤᠷᠢ ᠠᠴᠠ ᠳᠡᠭᠡᠭᠰᠢ ᠨᠦᠬᠦᠨ ᠵᠠᠶᠢᠯᠠᠨ᠎ᠠ᠃ ᠬᠠᠶᠢᠷ᠎ᠠ ᠬᠠᠯᠠᠮᠵᠢ ᠶᠢᠨ ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠵᠦ᠂ ᠢᠯᠴᠢ ᠬᠠᠩᠭᠠᠬᠤ ᠬᠤᠭᠤᠯᠠᠢ ᠶᠢᠨ ᠲᠣᠣᠷ ᠢ 18 ᠺᠢᠯᠣᠮᠧᠲᠷ᠂ ᠢᠯᠴᠢ ᠰᠣᠯᠢᠬᠤ ᠬᠠᠭᠤᠴᠢᠨ ᠦᠷᠳᠡᠭᠡ ᠶᠢᠨ ᠲᠥᠬᠦᠭᠡᠷᠦᠮᠵᠢ ᠶᠢ 2 ᠰᠢᠨᠡᠳᠬᠡᠨ ᠥᠭᠡᠷᠡᠴᠢᠯᠡᠵᠦ᠂ ᠬᠤᠳᠠ ᠪᠠᠯᠭᠠᠰᠤᠨ ᠤ ᠢᠯᠴᠢ ᠬᠠᠩᠭᠠᠬᠤ ᠡᠵᠡᠩᠨᠡᠯᠲᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠰᠢᠨ᠎ᠡ ᠪᠠᠷ ᠨᠡᠮᠡᠭᠳᠡᠭᠰᠡᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠠᠰᠢᠭᠯᠠᠬᠤ ᠲᠠᠯᠠᠪᠠᠢ ᠶᠢ ᠨᠢᠭᠡ ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠬᠠᠢ ᠴᠤᠸᠠᠩ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠪᠠ ᠲᠣᠭᠤᠭᠠᠨ ᠭᠡᠷ ᠤᠨ ᠬᠤᠭ ᠨᠣᠪᠰᠢ ᠶᠢ 1.7 ᠲᠦᠮᠡᠨ ᠲᠣᠨ ᠠᠴᠠ ᠳᠡᠭᠡᠭᠰᠢ ᠬᠤᠣᠷ ᠦᠭᠡᠶᠢᠵᠢᠬᠦᠯᠦᠨ ᠰᠢᠢᠳᠪᠦᠷᠢᠯᠡᠨ᠎ᠡ᠃          ᠣᠷᠣᠨ ᠬᠡᠪᠴᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠬᠤ ᠠᠵᠢᠯᠯᠠᠭ᠎ᠠ᠃ ᠬᠤᠲᠠ ᠶᠢᠨ ᠲᠣᠲᠤᠭᠠᠲᠤ ᠳᠤ᠂ ︽ᠰᠢᠭᠤᠳ ᠬᠤᠷᠰᠢᠯᠴᠠᠬᠤ ᠠᠵᠤ ᠠᠬᠤᠢ︾᠎ ᠶᠢᠨ ᠵᠠᠭᠪᠤᠷ ᠤᠨ ᠰᠢᠨ᠎ᠡ ᠶᠢ ᠡᠭᠦᠳᠴᠦ᠂ ᠮᠠᠯᠵᠢᠬᠤ ᠳᠦᠷᠪᠡᠨ ᠬᠤᠰᠢᠭᠤ ᠯᠤᠭ᠎ᠠ ᠵᠣᠬᠢᠴᠠᠯᠳᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠣᠭᠤᠮᠲᠠ ᠶᠢᠨ ᠬᠤᠰᠢᠭᠤ ᠬᠤᠲᠠ ᠲᠣᠭᠤᠷᠢᠭ ᠠᠴᠠ ᠢᠯᠭᠠᠭᠳᠠᠬᠤ ᠦᠪᠡᠷᠮᠢᠴᠡ ᠬᠦᠭᠵᠢᠯᠲᠡ ᠶᠢ ᠰᠦᠪᠡᠭᠴᠢᠯᠡᠵᠦ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠯᠤᠭ᠎ᠠ ᠶᠢᠨ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠤᠷᠤᠨ ᠤ ᠲᠤᠲᠤᠭᠠᠲᠤ ᠎ ᠳᠤ᠂ ᠰᠣᠶᠣᠯ ᠵᠢᠭᠤᠯᠴᠢᠯᠠᠯ ᠤᠨ ᠬᠤᠯᠪᠣᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠷᠠᠰᠢᠶᠠᠨ ᠬᠤᠲᠠ ᠶᠢᠨ ᠤᠨᠴᠠᠯᠢᠭᠲᠠᠢ ᠡᠬᠢ ᠪᠠᠶᠠᠯᠢᠭ ᠢ ᠳᠠᠭᠠᠭᠠᠴᠢᠯᠠᠨ᠂ ᠦᠪᠦᠷ ᠮᠤᠩᠭᠤᠯ ᠤᠨ ᠵᠡᠭᠦᠨ ᠬᠡᠰᠡᠭ ᠤᠨ ᠭᠠᠵᠠᠷ ᠤᠷᠤᠨ ᠬᠦᠬᠡᠬᠤᠲᠠ ᠪᠣᠭᠤᠲᠤ ᠤᠷᠳᠤᠰ ᠵᠡᠷᠭᠡ ᠭᠠᠵᠠᠷ ᠣᠷᠤᠨ ᠲᠠᠢ ᠠᠭᠤᠰᠤᠯᠴᠠᠨ ᠬᠦᠳᠡᠯᠦᠯᠴᠡᠬᠦ ᠶᠢ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ ᠰᠢᠨ᠎ᠡ ᠲᠦᠷᠦᠯ ᠵᠦᠢᠯ ᠢ ᠡᠷᠢᠯᠭᠢᠯᠡᠨ᠎ᠡ᠃ ᠤᠯᠤᠰ ᠤᠨ ᠲᠣᠲᠤᠭᠠᠲᠤ ᠳᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠣᠮᠣ ᠲᠠᠪᠴᠠᠩ ᠪᠣᠯᠣᠨ ᠵᠡᠭᠦᠨ ᠬᠤᠶᠢᠲᠤ ᠣᠷᠣᠨ ᠤ ᠨᠢᠭᠡ ᠴᠣᠭᠴᠠᠵᠢᠭᠰᠠᠨ ᠬᠥᠭᠵᠢᠯᠲᠡ ᠶᠢᠨ ᠲᠣᠮᠣ ᠪᠠᠶᠢᠷᠢᠰᠢᠯ ᠢ ᠰᠠᠶᠢᠲᠤᠷ ᠠᠰᠢᠭᠯᠠᠨ᠂ ᠰᠠᠶᠢᠲᠤᠷ ᠠᠭᠤᠰᠤᠯᠴᠠᠭᠤᠯᠵᠤ᠂ ᠬᠠᠬᠢᠷ ᠬᠦᠢᠲᠡᠨ ᠤ ᠲᠣᠨᠤᠭ ᠲᠥᠬᠦᠭᠡᠷᠦᠮᠵᠢ ᠶᠢᠨ ᠬᠢᠨᠠᠨ ᠬᠡᠮᠵᠢᠯᠲᠡ᠂ ᠡᠪᠦᠯ ᠤᠨ ᠤᠯᠠᠷᠢᠯ ᠤᠨ ᠵᠤᠭᠠᠴᠠᠯ ᠵᠢᠴᠢ ᠰᠢᠨ᠎ᠡ ᠡᠨᠧᠷᠭᠢ ᠶᠢᠨ ᠮᠠᠰᠢᠨ ᠲᠡᠷᠭᠡ᠂ ᠳᠣᠣᠷ᠎ᠠ ᠠᠭᠠᠷ ᠤᠨ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠡᠷᠢᠯᠬᠢᠯᠡᠨ᠎ᠡ᠃  ᠮᠣᠩᠭᠤᠯ ᠤᠯᠤᠰ ᠯᠤᠭ᠎ᠠ ᠶᠢᠨ ᠬᠠᠮᠲᠤᠷᠠᠯᠴᠠᠭ᠎ᠠ ᠶᠢᠨ ᠲᠠᠯ᠎ᠠ ᠪᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠲᠠᠰ ᠳᠠᠪᠬᠤᠷᠭ᠎ᠠ ᠪᠠᠨ ᠳᠡᠭᠡᠭᠰᠢᠯᠡᠭᠦᠯᠵᠦ᠂ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠤᠭ᠎ᠠ ᠬᠡᠮᠵᠢᠶ᠎ᠡ ᠶᠢ ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃          ︵ᠳᠥᠷᠪᠡ︶ ᠳᠠᠪᠠᠭᠤᠯᠢᠭ ᠢᠶᠠᠨ ᠪᠠᠳᠠᠷᠠᠭᠤᠯᠵᠤ᠂ ᠬᠡᠷᠡᠭᠯᠡᠭᠡ ᠶᠢ ᠠᠬᠢᠭᠤᠯᠤᠨ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠬᠡᠪᠡᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃          ᠵᠢᠭᠤᠯᠴᠢᠯᠠᠯ ᠤᠨ ᠦᠢᠯᠡᠴᠢᠯᠡᠭᠡ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠨᠢᠭᠡ ᠴᠥᠮ᠎ᠡ ᠬᠤᠶᠠᠷ ᠵᠢᠭᠦᠷ ᠭᠤᠷᠪᠠᠨ ᠪᠦᠰᠡ︾᠎ ᠶᠢᠨ ᠵᠢᠭᠤᠯᠴᠢᠯᠠᠯ ᠤᠨ ᠪᠠᠶᠢᠷᠢᠰᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠵᠢᠭᠤᠯᠴᠢᠯᠠᠯ ᠤᠨ ᠲᠣᠭᠤᠷᠢᠯ ᠱᠤᠭᠤᠮ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠦᠷᠨᠢᠭᠦᠯᠦᠨ᠎ᠡ᠃ ᠨᠣᠮᠣᠨ ᠬᠠᠨ ᠤ ᠳᠠᠶᠢᠨ ᠤ ᠦᠯᠡᠳᠡᠭᠳᠡᠯ ᠤᠨ ᠪᠠᠭᠤᠷᠢ ᠵᠢᠴᠢ ᠦᠵᠡᠭᠦᠯᠦᠯᠭᠡ ᠶᠢᠨ ᠣᠷᠳᠣᠨ ᠤ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ ᠤ ᠲᠥᠷᠥᠯ ᠵᠦᠢᠯ ᠢ ᠪᠡᠶᠡᠯᠡᠭᠦᠯᠵᠦ᠂ ᠪᠠᠷᠭᠤ ᠮᠣᠩᠭᠤᠯ ᠠᠶᠢᠮᠠᠭ ᠦᠵᠡᠮᠵᠢ ᠶᠢᠨ ᠣᠷᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶᠡᠴᠢ ᠨᠢᠭᠡᠴᠢ ᠶᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠡᠪᠦᠳᠦᠭ ᠪᠣᠭᠤᠮᠲᠠ ᠶᠢᠨ A ᠲᠠᠰ ᠤᠨ ᠦᠵᠡᠮᠵᠢ ᠶᠢᠨ ᠣᠷᠣᠨ ᠢ ᠴᠢᠷᠮᠠᠶᠢᠨ ᠡᠭᠦᠳᠴᠦ᠂ ᠳᠤᠮᠳᠠᠳᠤ ᠮᠣᠩᠭᠤᠯ ᠤᠨ ᠬᠤᠪᠢ ᠶᠢᠨ ᠮᠠᠰᠢᠨ ᠢᠶᠠᠷ ᠵᠢᠭᠤᠯᠴᠢᠯᠠᠬᠤ ᠪᠦᠲᠦᠭᠡᠭᠳᠡᠬᠦᠨ ᠢ ᠳᠡᠰ ᠲᠡᠪᠰᠢᠭᠦᠯᠵᠦ᠂ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠥᠭᠵᠢᠭᠦᠯᠦᠨ᠎ᠡ᠃ ᠲᠤᠯᠠᠷ᠂ ᠲᠣᠯᠤᠭᠠᠲᠤ᠂ ᠶᠡᠬᠡᠨᠭᠤᠯᠠ ᠵᠢᠭᠤᠯᠴᠢᠯᠠᠯ ᠤᠨ ᠠᠮᠠᠷᠠᠬᠤ ᠦᠷᠲᠡᠭᠡ ᠶᠢᠨ ᠬᠠᠮᠢᠶᠠᠷᠤᠯᠲᠠ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠵᠢᠭᠤᠯᠴᠢᠯᠠᠯ ᠤᠨ ᠵᠠᠭᠠᠯᠳᠤᠯᠭ᠎ᠠ ᠶᠢ ᠲᠦᠷᠭᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠂ ᠵᠢᠭᠤᠯᠴᠢᠯᠠᠯ ᠤᠨ ᠠᠵᠢᠯ ᠲᠥᠷᠥᠯ ᠤᠨ ᠦᠨ᠎ᠡ ᠬᠠᠩᠰᠢ ᠶᠢᠨ ᠬᠢᠨᠠᠯᠲᠠ ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠵᠢᠭᠤᠯᠴᠢᠯᠠᠯ ᠤᠨ ᠵᠠᠮ ᠱᠤᠭᠤᠮ ᠳᠤ 2 ᠰᠠᠭᠤᠷᠢ ᠲᠣᠰᠣ ᠬᠡᠢ ᠨᠡᠮᠡᠬᠦ ᠥᠷᠲᠡᠭᠡ ᠶᠢ ᠰᠢᠨ᠎ᠡ ᠪᠠᠷ ᠪᠠᠶᠢᠭᠤᠯᠵᠤ᠂ ᠴᠠᠬᠢᠯᠭᠠᠨ ᠴᠡᠨᠡᠭᠯᠡᠬᠦ ᠥᠷᠲᠡᠭᠡ ᠶᠢ ᠢᠵᠢ ᠲᠦᠭᠦᠷᠵᠢᠭᠦᠯᠦᠨ ᠪᠠᠶᠢᠭᠤᠯᠵᠤ᠂ ᠵᠢᠭᠤᠯᠴᠢᠯᠠᠭᠴᠢᠳ ᠤᠨ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠪᠦᠬᠦ ᠵᠢᠯ ᠤᠨ ᠵᠢᠭᠤᠯᠴᠢᠯᠠᠯ ᠤᠨ ᠬᠥᠮᠥᠨ ᠤᠳᠠᠭ᠎ᠠ ᠪᠠ ᠵᠢᠭᠤᠯᠴᠢᠯᠠᠯ ᠤᠨ ᠵᠠᠷᠤᠳᠠᠯ ᠢ ᠲᠤᠰ ᠲᠤᠰ 8% ᠪᠠ 13% ᠨᠡᠮᠡᠭᠳᠡᠭᠦᠯᠬᠦ ᠪᠠᠷ ᠴᠢᠷᠮᠠᠶᠢᠨ᠎ᠠ᠃          ᠬᠥᠳᠡᠭᠡ ᠲᠣᠰᠬᠤᠨ ᠤ ᠣᠨᠴᠠᠯᠢᠭᠲᠤ ᠵᠢᠭᠤᠯᠴᠢᠯᠠᠯ ᠢ ᠰᠢᠨ᠎ᠡ ᠶᠢ ᠡᠭᠦᠳᠦᠨ ᠬᠥᠭᠵᠢᠭᠦᠯᠦᠨ᠎ᠡ᠃ ᠪᠦᠬᠦ ᠬᠤᠲᠠ ᠶᠢᠨ 2025· ᠬᠦᠯᠦᠨ ᠪᠤᠶᠢᠷ ᠤᠨ ᠲᠠᠯ᠎ᠠ ᠨᠤᠲᠤᠭ ᠤᠨ ᠵᠤᠨ ᠤ ᠤᠯᠠᠷᠢᠯ ᠤᠨ ᠵᠢᠭᠤᠯᠴᠢᠯᠠᠯ ᠤᠨ ᠡᠬᠢᠯᠡᠯᠲᠡ ᠶᠢᠨ ᠶᠣᠰᠤᠯᠠᠯ ᠢ ᠦᠨᠳᠦᠷ ᠪᠠᠷᠢᠮᠵᠢᠶᠠᠲᠠᠢ ᠪᠠᠷ ᠪᠡᠯᠡᠳᠭᠡᠨ ᠡᠷᠬᠢᠯᠡᠵᠦ᠂ ︽ᠬᠥᠯᠥᠨ ᠪᠦᠢᠷ ᠤᠨ ᠲᠠᠯ᠎ᠠ ᠨᠤᠲᠤᠭ ᠢᠶᠠᠷ ᠪᠠᠭ᠋ᠠᠳᠤᠨ ᠵᠤᠭᠠᠴᠠᠬᠤ᠂ ᠨᠡᠭᠦᠳᠡᠯ ᠮᠠᠯᠵᠢᠯ ᠤᠨ ᠭᠤᠷᠪᠠᠨ ᠰᠠᠶᠢᠬᠠᠨ︾᠎ ᠤ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠮᠠᠯᠵᠢᠬᠤ ᠣᠷᠣᠨ ᠢ ᠦᠵᠡᠮᠵᠢ ᠶᠢᠨ ᠣᠷᠣᠨ ᠪᠣᠯᠭᠠᠵᠤ᠂ ᠮᠠᠯᠵᠢᠯ ᠤᠨ ᠲᠠᠯᠠᠪᠠᠢ ᠶᠢ ᠦᠵᠡᠮᠦᠷᠢ ᠶᠢᠨ ᠵᠦᠢᠯ ᠪᠣᠯᠭᠠᠨ ᠬᠤᠪᠢᠷᠠᠭᠤᠯᠤᠨ᠎ᠠ᠃ ᠬᠦᠳᠡᠭᠡ ᠲᠤᠰᠬᠤᠨ ᠢ ᠪᠦᠬᠦ ᠲᠠᠯ᠎ᠠ ᠎ ᠪᠠᠷ ᠬᠦᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠦᠯᠦᠨ ᠪᠤᠶᠢᠷ ᠤᠨ ︽ᠡᠮᠦᠨ᠎ᠡ ᠶᠡᠭᠡ ᠡᠭᠦᠳᠡ︾᠎ ᠶᠢ ᠬᠦᠴᠦᠯᠡᠨ ᠪᠠᠶᠢᠭᠤᠯᠵᠤ᠂ ᠬᠠᠨᠳᠠᠭᠠᠢ ᠶᠢᠨ ︽ᠬᠠᠨᠳᠠᠭᠠᠢ ᠪᠣᠭᠤ ᠶᠢᠨ ᠲᠣᠰᠬᠤᠨ︾᠎ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠮᠠᠯᠵᠢᠬᠤ ᠡᠷᠦᠬᠡ ᠶᠢᠨ ᠳᠦᠷᠢᠮᠵᠢᠭᠦᠯᠦᠭᠰᠡᠨ ᠪᠠᠷᠢᠮᠵᠢᠶᠠᠵᠢᠭᠤᠯᠤᠭᠰᠠᠨ ᠵᠢᠭᠤᠯᠴᠢᠯᠠᠯ ᠤᠨ ᠬᠦᠭᠵᠢᠯᠲᠡ ᠶᠢ ᠵᠣᠷᠢᠭᠵᠢᠭᠤᠯᠤᠨ ᠳᠡᠮᠵᠢᠵᠦ᠂ ᠤᠷᠢᠳᠠᠪᠡᠷ 3 ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠷᠰᠢᠶᠠᠵᠢᠯ ᠪᠣᠯᠤᠨ 8 ᠬᠥᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠵᠣᠴᠢᠯᠠᠬᠤ ᠡᠷᠦᠬᠡ ᠶᠢ ᠪᠣᠶᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠣᠷᠣᠨ ᠤ ᠵᠠᠮ ᠢ 20.4 ᠺᠢᠯᠤᠮᠧᠲᠷ ᠵᠠᠰᠠᠨ ᠪᠠᠶᠢᠭᠤᠯᠵᠤ᠂ ᠬᠤᠢ ᠭᠤᠣᠯ ᠤᠨ ᠰᠠᠪᠠ ᠭᠠᠵᠠᠷ ᠤᠨ ᠬᠥᠬᠡᠨᠠᠭᠤᠷ ᠭᠠᠴᠠᠭᠠᠨ ᠤ ᠬᠡᠰᠡᠭ ᠲᠠᠬᠢ ᠵᠢᠵᠢᠭ ᠬᠥᠭᠦᠷᠭᠡ ᠶᠢ ᠪᠠᠶᠢᠭᠤᠯᠤᠨ᠂ ᠡᠷᠦᠬᠡ ᠶᠢᠨ ᠵᠣᠷᠯᠣᠩ ᠢ ᠰᠢᠨ᠎ᠡ ᠪᠠᠷ 50 ᠪᠠᠶᠢᠭᠤᠯᠤᠨ᠎ᠠ᠃ ᠲᠣᠰᠬᠤᠨ ᠤ ᠳᠦᠷᠢᠮ ᠠᠷᠠᠳ ᠤᠨ ᠭᠡᠷ᠎ᠡ ᠶᠢ ᠴᠢᠩᠭᠠᠳᠬᠠᠨ᠂ ᠬᠥᠳᠡᠭᠡ ᠲᠣᠰᠬᠤᠨ ᠤ ᠪᠣᠯᠪᠠᠰᠤᠨ ᠢ ᠳᠡᠭᠡᠭᠰᠢᠯᠡᠭᠦᠯᠵᠦ᠂ ︽ᠭᠤᠷᠪᠠ ᠶᠢ ᠴᠡᠪᠡᠷᠯᠡᠨ ᠨᠢᠭᠡ ᠶᠢ ᠥᠭᠡᠷᠡᠴᠢᠯᠡᠬᠦ︾ ᠴᠡᠪᠡᠷᠯᠡᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠂ ︽ᠳᠥᠷᠪᠡᠨ ᠣᠪᠤᠭᠠᠷᠠᠯ︾᠂ ︽ᠳᠥᠷᠪᠡᠨ ᠡᠮᠬᠢ ᠦᠭᠡᠢ︾᠎ ᠶᠢ ᠴᠡᠪᠡᠷᠯᠡᠬᠦ ᠲᠤᠰᠬᠠᠢ ᠵᠠᠰᠠᠯᠲᠠ ᠶᠢ ᠥᠷᠨᠢᠭᠦᠯᠵᠦ᠂ ᠡᠶ᠎ᠡ  ᠵᠣᠬᠢᠴᠠᠯᠲᠠᠢ ᠦᠵᠡᠰᠬᠦᠯᠡᠩᠲᠦ ᠰᠠᠶᠢᠬᠠᠨ ᠲᠣᠰᠬᠤᠨ ᠪᠠᠯᠭᠠᠰᠤ ᠶᠢ ᠨᠠᠩ ᠶᠡᠭᠡ ᠠᠩᠬᠠᠷᠤᠯ ᠢ ᠲᠠᠲᠠᠬᠤ ᠬᠦᠴᠦᠨ ᠲᠠᠢ ᠪᠣᠯᠭᠠᠨ᠎ᠠ᠃           ᠤᠮᠠᠷᠠᠲᠤ ᠬᠢᠯᠢ ᠶᠢᠨ ᠰᠣᠶᠣᠯ ᠢ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠦᠨ᠎ᠡ᠃ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ︽ᠭᠤᠷᠪᠠᠨ ᠲᠥᠯᠥᠪᠯᠡᠭᠡ︾᠎ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ︽ᠮᠣᠩᠭᠤᠯ ᠮᠣᠷᠢᠨ ᠤ ᠵᠣᠷᠢᠭ ᠰᠠᠨᠠᠭ᠎ᠠ ᠶᠢᠨ ᠬᠡᠷ ᠣᠷᠣᠨ︾᠎ ᠢ ᠪᠥᠲᠥᠭᠡᠨ ᠪᠠᠶᠢᠭᠤᠯᠵᠤ᠂ ︽ᠲᠠᠪᠤᠨ ᠬᠠᠮᠲᠤ ᠪᠠᠷ ᠢᠶᠠᠨ︾ ᠰᠤᠳᠤᠯᠤᠨ ᠰᠤᠷᠤᠯᠴᠠᠬᠤ ᠱᠤᠭᠤᠮ ᠢ ᠪᠣᠶ ᠪᠣᠯᠭᠠᠵᠤ᠂ ᠰᠢᠨ᠎ᠡ ᠪᠠᠷᠭᠤ ᠵᠡᠭᠦᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠳᠠᠮᠵᠢᠭᠤᠯᠵᠤ᠂  ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠵᠢᠨ‌ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠤᠨ᠎ᠠ᠃ ᠰᠣᠶᠣᠯ ᠤᠨ ᠥᠪ ᠢ ᠬᠠᠮᠠᠭᠠᠯᠠᠬᠤ ᠪᠠ ᠪᠣᠳᠠᠰ ᠤᠨ ᠪᠤᠰᠤ ᠰᠣᠶᠣᠯ ᠤᠨ ᠦᠪ ᠤᠨ ᠤᠯᠠᠮᠵᠢᠯᠠᠯ ᠢ ᠴᠢᠩᠭᠠᠳᠬᠠᠵᠤ᠂ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠪᠣᠯᠪᠠᠰᠤᠷᠠᠯ ᠢ ᠥᠷᠨᠢᠭᠦᠯᠵᠦ᠂ ᠤᠯᠠᠮᠵᠢᠯᠠᠯᠲᠤ ᠭᠠᠷ ᠤᠷᠠᠯᠠᠯ ᠤᠨ ᠢᠰᠡᠭᠡᠢ ᠬᠠᠳᠬᠤᠮᠠᠯ ᠤᠨ ᠪᠦᠲᠦᠭᠡᠯ ᠢ ᠰᠢᠯᠭᠠᠷᠠᠭᠤᠯᠬᠤ᠂ ᠪᠣᠳᠠᠰ ᠤᠨ ᠪᠣᠰᠤ ᠰᠣᠶᠣᠯ ᠤᠨ ᠦᠪ ᠢ ᠤᠬᠠᠭᠤᠯᠵᠤ ᠳᠡᠯᠭᠡᠨ ᠦᠵᠡᠭᠦᠯᠬᠦ ᠠᠵᠢᠯᠯᠠᠭ᠎ᠠ ᠵᠡᠷᠭᠡ ᠶᠢ ᠡᠷᠬᠢᠯᠡᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠲᠡᠦᠬᠡ ᠶᠢᠨ ᠳᠤᠷᠠᠰᠬᠠᠯᠲᠤ ᠵᠦᠢᠯᠡᠰ ᠢ ᠲᠡᠷᠢᠭᠦᠨ ᠪᠠᠶᠢᠷᠢᠨ ᠳᠤ ᠲᠠᠯᠪᠢᠨ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃ ︽ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ︾ ᠲᠦᠷᠦᠯ ᠲᠡᠮᠳᠡᠭ ᠲᠤ ᠠᠩᠬᠠᠷᠤᠯ ᠢᠶᠠᠨ ᠲᠥᠪᠯᠡᠷᠡᠭᠦᠯᠦᠨ᠂ ᠴᠢᠨᠠᠷ ᠰᠠᠶᠢᠲᠠᠶ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠤᠯᠠᠭᠠᠨᠮᠥ᠋ᠴᠢᠷ ᠤᠨ ᠬᠥᠭᠵᠢᠯᠲᠡ ᠶᠢ ᠳᠡᠮᠵᠢᠵᠦ᠂ ᠡᠪᠦᠯ ᠤᠨ ᠤᠯᠠᠷᠢᠯ ᠤᠨ ︽ᠬᠦᠳᠡᠭᠡ ᠲᠣᠰᠬᠤᠨ ᠤ ᠦᠳᠡᠰᠢᠯᠡᠭᠡ︾ ᠵᠢᠴᠢ ᠣᠯᠠᠨ ᠲᠦᠮᠡᠨ ᠤ ᠴᠠᠭᠠᠨ ᠰᠠᠷ᠎ᠠ ᠶᠢᠨ ᠦᠳᠡᠰᠢᠯᠡᠭᠡ᠂ ᠲᠤᠯᠢᠶᠠᠲᠤ ᠪᠥᠬᠡ ᠶᠢᠨ ᠪᠠᠷᠢᠯᠳᠤᠭᠠᠨ ᠵᠡᠷᠭᠡ ᠤᠷᠤᠯᠳᠤᠭᠠᠨ ᠬᠦᠳᠡᠯᠭᠡᠭᠡᠨ ᠢ ᠰᠠᠶᠢᠳᠤᠷ ᠳᠠᠭᠠᠭᠠᠴᠢᠯᠠᠨ ᠬᠢᠨ᠎ᠡ᠃ ᠨᠡᠩ ᠣᠯᠠᠨ ᠵᠤᠭᠠᠴᠠᠭᠰᠠᠳ ᠢ ᠤᠮᠠᠷᠠᠲᠤ ᠬᠢᠯᠢ ᠶᠢᠨ ᠰᠣᠶᠣᠯ ᠢᠶᠠᠷ ᠳᠠᠮᠵᠢᠭᠤᠯᠤᠨ ᠰᠢᠨ᠎ᠡ ᠪᠠᠷᠭᠤ ᠵᠡᠭᠦᠨ ᠬᠤᠰᠢᠭᠤ ᠶᠢ ᠳᠠᠨᠢᠭᠤᠯᠤᠨ ᠣᠶᠢᠯᠠᠭᠠᠭᠤᠯᠵᠤ᠂  ᠰᠢᠨ᠎ᠡ ᠪᠠᠷᠭᠤ ᠵᠡᠭᠦᠨ ᠬᠤᠰᠢᠭᠤᠨ ᠳᠤ ᠵᠤᠭᠠᠴᠠᠬᠤ ᠪᠠᠷ ᠢᠷᠡᠭᠦᠯᠦᠨ᠎ᠡ᠃          ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠎ᠡ᠃ ᠬᠡᠷᠡᠭᠯᠡᠭᠡ ᠶᠢ ᠠᠬᠢᠭᠤᠯᠬᠤ ᠣᠨ ᠤ ᠠᠵᠢᠯᠯᠠᠭ᠎ᠠ ᠶᠢ ᠥᠷᠨᠢᠭᠦᠯᠦᠨ ᠂ ︽ᠵᠠᠬ᠎ᠠ ᠳᠡᠯᠭᠡᠭᠦᠷ ᠢ ᠬᠦᠭᠵᠢᠭᠡᠵᠦ ᠠᠷᠠᠳ ᠲᠤ ᠠᠰᠢᠭ ᠬᠦᠷᠲᠡᠭᠡᠬᠦ︾ ᠬᠡᠷᠡᠭᠯᠡᠭᠡᠨ ᠤ ᠲᠡᠮᠳᠡᠭᠲᠦ ᠶᠢ 50 ᠲᠦᠮᠡᠨ ᠲᠦᠭᠦᠷᠢᠭ ᠠᠴᠠ ᠳᠡᠭᠡᠭᠰᠢ ᠲᠠᠷᠬᠠᠭᠠᠵᠤ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠤᠯᠠᠨ ᠡᠰᠢᠲᠦ ᠬᠡᠷᠡᠭᠯᠡᠭᠡᠨ ᠤ ᠰᠢᠨ᠎ᠡ ᠪᠠᠶᠢᠳᠠᠯ ᠢ ᠪᠤᠢ ᠪᠣᠯᠭᠠᠨ᠎ᠠ᠃ ᠰᠦᠨᠢ ᠶᠢᠨ ᠠᠵᠤ ᠠᠬᠤᠢ᠂ ᠭᠡᠷ ᠤᠨ ᠭᠠᠳᠠᠨᠠᠬᠢ ᠠᠵᠤ ᠠᠬᠤᠢ᠂ ᠰᠢᠭᠤᠳ ᠨᠡᠪᠲᠡᠷᠡᠭᠦᠯᠭᠡ ᠶᠢᠨ ᠴᠠᠬᠢᠮ ᠬᠤᠳᠠᠯᠳᠤᠭ᠎ᠠ᠂ ᠳᠠᠷᠤᠶᠢᠬᠠᠨ ᠵᠢᠵᠢᠭᠯᠡᠨ ᠬᠤᠳᠠᠯᠳᠤᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠡᠷᠡᠭᠦᠯ ᠢᠶᠠᠷ ᠬᠦᠭᠵᠢᠬᠦ ᠶᠢ ᠳᠡᠮᠵᠢᠨ᠎ᠡ᠃ ᠤᠷᠤᠯᠳᠤᠭᠠᠨ ᠤ ᠠᠵᠤ ᠠᠬᠤᠢ᠂ ᠲᠣᠭᠠᠴᠢᠯᠠᠭᠰᠠᠨ ᠬᠡᠷᠡᠭᠯᠡᠭᠡ᠂ ᠤᠯᠤᠰ ᠤᠨ ︽ᠤᠷᠤᠰᠬᠠᠯᠲᠤ ᠪᠠᠷᠠᠭ᠎ᠠ︾ ᠵᠡᠷᠭᠡ ᠰᠢᠨ᠎ᠡ ᠨᠡᠮᠡᠭᠳᠡᠯ ᠴᠡᠭ ᠢ ᠪᠣᠶᠢᠵᠢᠭᠤᠯᠤᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ᠥᠪᠡᠷᠮᠢᠴᠡ ᠣᠨᠴᠠᠯᠢᠭ ᠪᠦᠬᠦᠢ᠂ ᠲᠠᠯ᠎ᠠ ᠨᠤᠲᠤᠭ ᠤᠨ ᠦᠨᠦᠷ ᠠᠮᠲᠠ ᠲᠠᠢ ︽ᠬᠥᠭᠵᠢᠩᠭᠦᠢ ᠴᠡᠭ︾᠎ ᠢ ᠴᠣᠭᠴᠠᠯᠠᠨ᠎ᠠ᠃         ︵ᠲᠠᠪᠤ︶ ᠴᠢᠩᠭ᠎ᠠ ᠬᠠᠮᠠᠭᠠᠯᠠᠵᠤ᠂ ᠴᠢᠳᠠᠮᠠᠭᠠᠢ ᠵᠠᠰᠠᠵᠤ᠂ ᠠᠮᠢ ᠠᠬᠤᠢ ᠶᠢᠨ ᠠᠮᠤᠷ ᠲᠦᠪᠰᠢᠨ ᠤ ᠶᠡᠭᠡ ᠬᠠᠯᠬᠠᠪᠴᠢ ᠶᠢ ᠪᠠᠲᠤ ᠴᠣᠭᠴᠠᠯᠠᠨ᠎ᠠ᠃          ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠵᠠᠮᠨᠠᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠢᠵᠠᠭᠠᠷ ᠱᠤᠭᠤᠮ ᠤᠨ ᠱᠠᠭᠠᠷᠳᠠᠯᠭ᠎ᠠ ᠶᠢ ᠴᠢᠩᠭ᠎ᠠ ᠰᠠᠬᠢᠵᠤ᠂ ᠤᠯᠤᠰ ᠤᠨ ᠦᠮᠴᠢᠯᠡᠯᠲᠦ ᠲᠠᠷᠢᠶᠠᠨ ᠭᠠᠵᠠᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠨ᠎ᠠ᠃ ︽ᠨᠠᠷᠢᠯᠢᠭ ᠣᠨᠣᠴᠠᠲᠠᠢ ᠳᠦᠷᠰᠦ ᠵᠢᠷᠤᠭ︾᠎ ᠤᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠲᠦᠷᠦᠯ ᠵᠦᠢᠯ ᠤᠨ ᠡᠨᠧᠷᠭᠢ ᠬᠡᠷᠡᠭᠯᠡᠬᠦ᠂ ᠤᠰᠤ ᠬᠡᠷᠡᠭᠯᠡᠬᠦ᠂ ᠭᠠᠵᠠᠷ ᠬᠡᠷᠡᠭᠯᠡᠬᠦ ᠵᠡᠷᠭᠡ ᠡᠯᠧᠮᠧᠨ᠋ᠲ ᠤᠨ ᠬᠠᠮᠢᠶᠠᠷᠤᠯᠲᠠ ᠶᠢ ᠴᠢᠩᠭᠠᠳᠬᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠠᠵᠢᠯᠯᠠᠭ᠎ᠠ ᠶᠢᠨ ᠡᠮᠬᠢ ᠵᠢᠷᠤᠮ ᠢ ᠳᠦᠷᠢᠮᠵᠢᠭᠦᠯᠦᠨ᠎ᠡ᠃ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠦᠬᠦ ᠬᠤᠰᠢᠭᠤᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 5.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ᠂ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠬᠤᠭᠤᠯᠠᠶ ᠲᠤᠤᠷ ᠤᠨ ᠡᠪᠳᠡᠷᠡᠵᠤ ᠭᠤᠭᠤᠵᠢᠬᠤ ᠨᠣᠷᠮ᠎ᠠ ᠶᠢ 9%᠎ ᠶᠢᠨ ᠳᠣᠲᠣᠷ᠎ᠠ ᠬᠢᠵᠠᠭᠠᠷᠯᠠᠨ᠎ᠠ᠃ ᠠᠮᠢ ᠠᠬᠤᠶ ᠶᠢᠨ ᠦᠢᠯᠡᠳᠬᠦᠨ ᠤ ᠥᠷᠲᠡᠭ ᠢ ᠬᠤᠪᠢᠷᠠᠭᠤᠯᠬᠤ ᠠᠷᠭ᠎ᠠ ᠵᠠᠮ ᠢ ᠨᠡᠪᠲᠡᠷᠡᠭᠦᠯᠵᠦ᠂ ᠠᠮᠢ ᠠᠬᠤᠶ ᠶᠢᠨ ᠳᠠᠪᠠᠭᠤᠯᠢᠭ ᠢ ᠦᠨᠡᠨᠬᠦ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ᠂ ᠣᠳᠣ ᠪᠠᠶᠢᠭ᠎ᠠ ᠴᠠᠬᠢᠯᠭᠠᠨ ᠲᠣᠣᠷ ᠤᠨ ᠪᠦᠲᠦᠴᠡ ᠶᠢ ᠰᠠᠶᠢᠵᠢᠷᠠᠭᠤᠯᠵᠤ᠂ 220 ᠺᠢᠯᠤᠸᠠᠲ᠂ 550 ᠺᠢᠯᠤᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠯᠦᠪᠵᠢᠬᠦᠯᠦᠨ᠂ 300 ᠰᠠᠶ᠎ᠠ ᠸᠠᠲ ᠤᠨ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠭᠦᠢᠴᠡᠳᠬᠡᠯ ᠲᠤᠭ᠎ᠠ ᠶᠢ ᠣᠯᠬᠤ ᠪᠠᠷ ᠦᠷᠭᠦᠯᠵᠢᠯᠡᠨ ᠴᠢᠷᠮᠠᠶᠢᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ︽ᠪᠣᠬᠢᠷᠲᠤᠯ ᠦᠭᠡᠶ ᠬᠥᠳᠡᠯᠭᠡᠭᠴᠢ ᠡᠨᠧᠷᠭᠢ︾ ᠬᠠᠩᠭᠠᠨ᠎ᠠ᠃          ᠠᠮᠢ ᠠᠬᠤᠶ ᠶᠢᠨ ᠵᠠᠰᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠬᠦᠯᠦᠨ ᠨᠠᠭᠤᠷ ᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠭᠤᠷᠪᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠨ᠎ᠡ᠃ ᠠᠭᠠᠷ ᠮᠠᠨᠳᠠᠯ᠂ ᠤᠰᠤ ᠂ ᠬᠥᠷᠥᠰᠥ ᠰᠢᠷᠣᠶ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠶᠡᠷᠦᠩᠬᠡᠶᠢᠯᠡᠨ ᠠᠬᠢᠭᠤᠯᠵᠤ᠂ ᠲᠡᠥᠬᠡ ᠶᠢᠨ ᠦᠯᠡᠳᠡᠭᠳᠡᠯ ᠬᠠᠶᠠᠭᠳᠠᠮᠠᠯ ᠠᠭᠤᠷᠬᠠᠶ ᠶᠢ 19 ᠵᠠᠰᠠᠵᠤ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠣᠭᠠᠨ ᠤ ᠬᠠᠷᠢᠴᠠᠯ ᠢ ᠲᠣᠭᠲᠠᠭᠤᠨ ᠪᠠᠶᠢᠯᠭᠠᠨ᠎ᠠ᠃ ᠠᠮᠤᠭᠤᠯᠠᠩ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠬᠤ᠂ ᠲᠣᠭᠤᠭᠠᠨ ᠭᠡᠷ ᠤᠨ ᠬᠤᠭ ᠨᠣᠪᠰᠢ ᠰᠢᠢᠳᠪᠦᠷᠢᠯᠡᠬᠦ ᠲᠥᠪ ᠤᠨ ᠲᠥᠷᠥᠯ ᠵᠦᠢᠯ ᠢ ᠣᠯᠬᠤ ᠪᠠᠷ ᠢᠳᠡᠪᠬᠢᠲᠡᠢ ᠴᠢᠷᠮᠠᠶᠢᠵᠤ᠂ ᠬᠤᠲᠠ ᠪᠠᠯᠭᠠᠰᠤᠨ ᠤ ᠪᠣᠬᠢᠷ ᠤᠰᠤ ᠶᠢ ᠬᠤᠷᠢᠶᠠᠨ ᠴᠤᠭᠯᠠᠭᠤᠯᠬᠤ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠣᠷᠴᠢᠨ ᠲᠣᠭᠤᠷᠢᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃          ᠠᠮᠢ ᠠᠬᠤᠶ ᠶᠢ ᠬᠠᠮᠠᠭᠠᠯᠠᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠨ᠎ᠡ᠃ ︽ᠭᠤᠷᠪᠠ ᠪᠠᠶᠢᠭᠤᠯᠬᠤ︾ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠵᠢᠷᠭᠤᠭ᠎ᠠ ᠶᠢ ᠨᠢᠭᠡᠳᠦᠯᠲᠡᠶ ᠲᠦᠯᠦᠪᠯᠡᠬᠦ︾᠎ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠠᠮᠢ ᠠᠬᠤᠶ ᠶᠢᠨ ᠣᠷᠴᠢᠨ ᠬᠠᠮᠠᠭᠠᠯᠠᠯᠲᠠ ᠶᠢᠨ ᠠᠵᠢᠯ ᠢ ︽ᠶᠡᠭᠡ ᠠᠮᠢ ᠠᠬᠤᠶ︾ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢᠨ ᠠᠮᠢ ᠠᠬᠤᠢ ᠶᠢᠨ ᠰᠠᠭᠤᠷᠢ ᠶᠢ ᠰᠠᠶᠢᠲᠤᠷ ᠰᠠᠬᠢᠨ ᠬᠠᠮᠠᠭᠠᠯᠠᠨ᠎ᠠ᠃ ᠭᠤᠣᠯ ᠨᠠᠭᠤᠷ ᠤᠨ ᠳᠠᠷᠤᠭ᠎ᠠ ᠶᠢᠨ ᠳᠦᠷᠢᠮ᠂ ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠬᠥᠯᠥᠨ ᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠰᠠᠶᠢᠲᠤᠷ ᠥᠷᠨᠢᠭᠦᠯᠦᠨ᠎ᠡ᠃ 2025 ᠣᠨ ᠤ ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠶᠢ ᠰᠠᠶᠢᠲᠤᠷ ᠬᠢᠵᠦ᠂ ︽ᠭᠤᠷᠪᠠᠨ ᠤᠮᠠᠷᠠᠲᠤ ᠶᠢᠨ ᠢᠨᠵᠧᠨᠧᠷᠢᠩ︾᠎ ᠤᠨ ᠵᠢᠷᠭᠤᠳᠤᠭᠠᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠦᠨᠳᠦᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ 0.17 ᠲᠦᠮᠡᠨ ᠮᠥ ᠡᠯᠡᠰᠦ ᠶᠢ ᠲᠣᠭᠲᠠᠪᠤᠷᠢᠵᠢᠭᠤᠯᠵᠤ᠂ 11.83 ᠲᠦᠮᠡᠨ ᠮᠥ ᠡᠯᠡᠰᠦ ᠶᠢ ᠪᠢᠲᠡᠭᠦᠮᠵᠢᠯᠡᠨ ᠡᠪᠡᠰᠦ ᠪᠣᠶᠢᠵᠢᠭᠤᠯᠤᠨ᠎ᠠ᠃ ᠭᠡᠷᠡᠯᠴᠢ ᠴᠡᠨᠡᠭ ᠤᠨ ᠲᠦᠷᠦᠯ ᠵᠦᠢᠯ ᠤᠨ ᠢᠵᠢ ᠪᠦᠷᠢᠳᠦᠭᠦᠯᠬᠦ ᠶᠢ ᠪᠡᠶᠡᠯᠡᠭᠦᠯᠵᠦ 3.6 ᠲᠦᠮᠡᠨ ᠮᠦ ᠡᠯᠡᠰᠦᠷᠬᠡᠭ ᠭᠠᠵᠠᠷ ᠢ ᠵᠠᠰᠠᠨ᠎ᠠ᠃          ︵ᠵᠢᠷᠭᠤᠭ᠎ᠠ︶ ᠪᠣᠳᠠᠲᠤ ᠶᠠᠪᠤᠳᠠᠯ ᠬᠢᠵᠦ᠂ ᠠᠵᠠ ᠵᠢᠷᠭᠠᠯ ᠨᠡᠮᠡᠭᠳᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠰᠡᠳᠬᠢᠯᠭᠡ ᠶᠢ ᠭᠦᠨᠵᠡᠭᠡᠶᠢᠷᠡᠭᠦᠯᠦᠨ᠎ᠡ᠃          ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢ ᠲᠡᠳᠬᠦᠨ ᠳᠡᠮᠵᠢᠬᠦ ᠲᠦᠷᠦᠯ ᠵᠦᠢᠯ ᠢ ᠬᠡᠷᠡᠭᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠢ ᠪᠠᠶᠢᠭ᠎ᠠ ᠵᠡᠷᠭᠡ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠶᠢ ᠲᠤᠪᠤᠶᠢᠯᠭᠠᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠠᠵᠤ ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠬᠤ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 4.5%᠎ ᠶᠢᠨ ᠳᠣᠲᠣᠷ᠎ᠠ ᠬᠢᠵᠠᠭᠠᠷᠯᠠᠨ᠎ᠠ᠃ ᠥᠪᠡᠷᠲᠡᠭᠡᠨ ᠵᠠᠰᠠᠬᠤ ᠣᠷᠣᠨ ᠤ ︽ᠳᠤᠮᠳᠠ ᠣᠷᠳᠣ ᠬᠤᠭᠤᠴᠠᠭᠠᠨ ᠤ ᠵᠠᠯᠠᠭᠤᠴᠤᠳ ᠤᠨ ᠬᠦᠭᠵᠢᠭᠦᠯᠦᠯᠲᠡ ᠶᠢᠨ ᠲᠥᠯᠥᠪᠵᠢᠭᠦᠯᠭᠡ︾᠎ ᠶᠢ ᠨᠠᠶᠢᠳᠠᠪᠤᠷᠢᠵᠢᠭᠤᠯᠤᠨ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠰᠠᠶᠢᠲᠤᠷ ᠬᠡᠷᠡᠭᠯᠡᠨ ᠠᠮᠢᠳᠤᠯᠢᠭ ᠬᠡᠷᠡᠭᠯᠡᠵᠦ᠂ ᠠᠵᠢᠯ ᠡᠷᠢᠵᠦ ᠠᠵᠢᠯᠴᠢᠨ ᠬᠡᠷᠡᠭᠯᠡᠬᠦ ᠶᠢ ᠵᠣᠯᠭᠠᠭᠤᠯᠬᠤ ᠲᠠᠪᠴᠠᠩ ᠢ ᠪᠠᠶᠢᠭᠤᠯᠤᠨ᠂ ᠬᠠᠩᠭᠠᠯᠭ᠎ᠠ ᠬᠡᠷᠡᠭᠯᠡᠯᠭᠡ ᠶᠢᠨ ᠬᠤᠶᠠᠷ ᠲᠠᠯ᠎ᠠ ᠶᠢ ᠣᠨᠣᠪᠴᠢᠲᠠᠶ ᠵᠣᠯᠭᠠᠭᠤᠯᠬᠤ ᠶᠢ ᠠᠬᠢᠭᠤᠯᠤᠨ᠎ᠠ᠃          ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠭᠰᠡᠨ ᠡᠷᠦᠬᠡ ᠶᠢᠨ ᠦᠨᠳᠦᠰᠦᠨ ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠷᠣᠯᠭ᠎ᠠ ᠪᠠᠭᠠᠲᠠᠶ ᠬᠥᠮᠦᠨ ᠠᠮᠠ ᠶᠢᠨ ᠬᠥᠳᠡᠯᠦᠩᠭᠦᠶ ᠪᠠᠶᠢᠳᠠᠯ ᠢ ᠬᠢᠨᠠᠨ ᠰᠢᠨᠵᠢᠬᠦ ᠶᠢ ᠴᠢᠩᠭᠠᠳᠬᠠᠵᠤ᠂ 19 ᠡᠷᠦᠬᠡ ᠶᠢᠨ ᠬᠦᠷᠢᠶᠡᠨ ᠤ ᠠᠵᠤ ᠠᠬᠤᠢ ᠶᠢ ᠨᠠᠷᠢᠯᠢᠭ ᠣᠨᠤᠴᠠᠲᠠᠢ ᠬᠡᠷᠡᠭᠵᠢᠭᠦᠯᠵᠦ᠂ ᠬᠡᠪᠴᠢᠶᠡᠲᠦ ᠴᠢᠨᠠᠷᠲᠠᠢ ᠲᠠᠬᠢᠨ ᠶᠠᠳᠠᠭᠤᠷᠠᠬᠤ ᠠᠰᠠᠭᠤᠳᠠᠯ ᠦᠯᠦ ᠢᠯᠡᠷᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ᠳᠣᠣᠷ᠎ᠠ ᠪᠠᠲᠤᠯᠠᠭ᠎ᠠ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠵᠡᠮᠳᠡᠭᠴᠦᠳ ᠲᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠵᠢᠯ ᠠᠴᠠ ᠠᠮᠠᠷᠠᠬᠤ ᠴᠠᠭ ᠢ ᠬᠤᠶᠢᠰᠢᠯᠠᠭᠤᠯᠬᠤ ᠵᠡᠷᠭᠡ ᠨᠡᠶᠢᠭᠡᠮ ᠤᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠬᠡᠷᠡᠭᠵᠢᠭᠦᠯᠦᠨ᠎ᠡ᠃ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠠᠶᠢᠩᠭᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠳᠠᠭᠠᠳᠬᠠᠯ ᠳᠤ ᠣᠷᠤᠯᠴᠠᠬᠤ ᠨᠣᠷᠮ᠎ᠠ ᠶᠢ 95%᠎ ᠠᠴᠠ ᠳᠡᠭᠡᠭᠰᠢ ᠳᠤ ᠬᠦᠷᠦᠭᠦᠯᠦᠨ᠎ᠡ᠃ ᠳᠠᠭᠠᠳᠬᠠᠯ ᠢ ᠮᠡᠬᠡᠯᠡᠨ ᠬᠢᠬᠠᠬᠤ ᠪᠠ ᠳᠠᠭᠠᠳᠬᠠᠯ ᠤᠨ ᠰᠦᠢᠳᠬᠡᠯ ᠢ ᠮᠡᠬᠡᠯᠡᠨ ᠠᠪᠬᠤ ᠳᠤ ᠴᠢᠩᠭ᠎ᠠ ᠴᠣᠬᠢᠯᠲᠠ ᠥᠭᠴᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠨ᠎ᠠ᠃ 5 ᠰᠤᠮᠤ ᠪᠠᠯᠭᠠᠰᠤᠨ ᠤ ᠨᠠᠰᠤᠲᠠᠶᠢᠴᠤᠳ ᠤᠨ ᠦᠢᠯᠡᠴᠢᠯᠡᠭᠡᠨ ᠤ ᠲᠥᠪ ᠤᠨ ᠡᠵᠡᠩᠨᠡᠯᠲᠡ ᠳᠤ ᠣᠷᠣᠭᠤᠯᠬᠤ ᠶᠢ ᠠᠬᠢᠭᠤᠯᠵᠤ᠂ ᠬᠡᠷ ᠲᠡᠭᠡᠨ ᠰᠠᠭᠤᠭ᠎ᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠦᠢᠯᠡᠴᠢᠯᠡᠭᠡᠨ ᠤ ᠲᠤᠤᠷ ᠰᠦᠯᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠤᠶᠠᠷ ᠢ ᠬᠦᠷᠢᠶᠡᠯᠡᠬᠦ ᠠᠵᠢᠯ ᠢ ᠭᠦᠨᠵᠡᠭᠡᠢ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠦᠷᠭᠦᠯᠵᠢᠯᠡᠨ ᠡᠭᠦᠳᠦᠨ ᠪᠠᠶᠢᠭᠤᠯᠤᠨ᠎ᠠ᠃          ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠵᠢᠭᠠᠨ ᠰᠤᠷᠭᠠᠯᠲᠠ ᠶᠢᠨ ᠲᠦᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠵᠢᠭᠠᠨ ᠰᠤᠷᠭᠠᠯᠲᠠ ᠶᠢᠨ ᠲᠤᠷᠰᠢᠯᠲᠠ ᠶᠢᠨ ᠲᠠᠰᠤᠭ ᠤᠨ ᠲᠥᠬᠦᠭᠡᠷᠦᠮᠵᠢ ᠶᠢ 15 ᠢᠵᠢ ᠪᠦᠷᠢᠳᠦᠭᠦᠯᠦᠨ᠂ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠨᠢᠳᠦ ᠬᠠᠮᠠᠭᠠᠯᠠᠬᠤ ᠳ᠋ᠧᠩ ᠢ ᠰᠢᠨᠡᠳᠬᠡᠨ᠎ᠡ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠣᠭᠲᠠᠭᠤᠨ ᠢᠶᠠᠷ ᠲᠦᠭᠡᠮᠡᠯᠵᠢᠭᠦᠯᠦᠨ ᠬᠡᠷᠡᠭᠵᠢᠭᠦᠯᠵᠦ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠦᠶ᠎ᠡ ᠶᠢᠨ ᠰᠢᠨ᠎ᠡ ᠬᠥᠮᠦᠨ ᠢ ᠬᠦᠮᠦᠵᠢᠭᠦᠯᠦᠨ ᠪᠣᠶᠢᠵᠢᠭᠤᠯᠤᠨ᠎ᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ︽ᠬᠤᠶᠠᠷ ᠢ ᠬᠦᠩᠭᠡᠷᠡᠭᠦᠯᠬᠦ︾ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠪᠣᠯᠬᠢ ᠰᠤᠷᠲᠠᠯ ᠢ ᠴᠢᠩᠭ᠎ᠠ ᠰᠢᠢᠳᠬᠡᠨ᠎ᠡ᠃ ᠠᠮᠤᠷ ᠲᠠᠪᠰᠢᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠰᠡᠳᠬᠢᠴᠡ ᠶᠢᠨ ᠡᠷᠡᠭᠦᠯ ᠮᠡᠨᠳᠦ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠂ ᠲᠣᠭᠲᠠᠭᠰᠠᠨ ᠡᠮᠨᠡᠯᠭᠡ ᠶᠢᠨ ᠬᠤᠷᠢᠶᠠᠨ ᠤ ᠣᠶᠤᠨ ᠰᠠᠨᠠᠭᠠᠨ ᠤ ᠰᠡᠳᠬᠢᠴᠡ ᠶᠢᠨ ᠰᠠᠯᠠᠭ᠎ᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠵᠣᠷᠢᠭᠤᠯᠤᠭᠰᠠᠨ 24 ᠴᠠᠭ ᠤᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠪᠠᠲᠤᠯᠠᠭ᠎ᠠ ᠬᠠᠩᠭᠠᠬᠤ ᠬᠡᠷᠡᠭᠲᠡᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠦᠭᠵᠢᠯᠲᠡ ᠶᠢ ᠡᠭᠦᠳᠦᠨ ᠪᠠᠶᠢᠭᠤᠯᠬᠤ ᠶᠢᠨ ᠰᠢᠯᠭᠠᠨ ᠪᠠᠶᠢᠴᠠᠭᠠᠯᠲᠠ ᠶᠢ ᠦᠨᠳᠦᠷ ᠪᠠᠷᠢᠮᠵᠢᠶᠠᠲᠠᠢ ᠦᠩᠭᠡᠷᠡᠭᠦᠯᠬᠦ ᠪᠠᠷ ᠬᠦᠴᠦᠯᠡᠨ ᠴᠢᠷᠮᠠᠶᠢᠨ᠎ᠠ᠃          ᠡᠷᠡᠭᠦᠯ ᠡᠩᠬᠡ ᠰᠢᠨ᠎ᠡ ᠪᠠᠷᠭᠤ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠶᠠᠨ ᠤ ᠬᠡᠪᠴᠢᠶᠡᠨ ᠤ ᠨᠢᠭᠲᠠᠷᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠬᠢᠯᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠭᠰᠠᠨ ᠲᠠᠩᠰᠠ ᠶᠢ ᠲᠠᠶᠢᠯᠬᠤ ᠬᠠᠷᠢᠴᠠᠯ ᠢ 65% ᠬᠦᠷᠲᠡᠯ᠎ᠡ ᠳᠡᠭᠡᠭᠰᠢᠯᠡᠭᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠴᠢᠨᠠᠷ ᠰᠠᠶᠢᠲᠠᠶ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠰᠢᠯᠭᠠᠨ ᠪᠠᠶᠢᠴᠠᠭᠠᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠬᠢᠲᠠᠳ ︵ᠮᠣᠩᠭᠤᠯ︶ ᠡᠮᠨᠡᠯᠭᠡ ᠶᠢᠨ ᠣᠨᠴᠠᠯᠢᠭᠲᠤ ᠲᠤᠰᠬᠠᠢ ᠰᠠᠯᠠᠭ᠎ᠠ ᠶᠢ ᠬᠥᠭᠵᠢᠭᠦᠯᠵᠦ᠂ ᠪᠦᠬᠦ ᠬᠤᠰᠢᠭᠤᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ᠂ ᠦᠨᠳᠦᠰᠦᠨ ᠱᠠᠲᠤᠨ ᠤ ᠬᠢᠲᠠᠳ ︵ᠮᠣᠩᠭᠤᠯ︶ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠰᠢᠯᠢᠳᠡᠭ ᠬᠡᠯᠪᠡᠷᠢ ᠶᠢᠨ ᠪᠠᠷᠢᠮᠵᠢᠶᠠᠨ ᠳᠤ ᠬᠦᠷᠭᠡᠨ᠂ 2 ᠵᠢᠱᠢᠶᠡᠴᠢ ᠬᠡᠯᠪᠡᠷᠢ ᠶᠢᠨ ᠪᠠᠷᠢᠮᠵᠢᠶ᠎ᠠ ᠶᠢ ᠴᠣᠭᠴᠠᠯᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠤᠨ᠂ ᠬᠠᠯᠳᠠᠪᠤᠷᠢᠲᠤ ᠡᠪᠡᠳᠴᠢᠨ ᠤ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠶᠠᠰᠤ ᠴᠢᠨᠠᠷ ᠤᠨ ᠶᠡᠷᠦᠩᠬᠡᠶᠢᠯᠡᠭᠰᠡᠨ ᠨᠣᠷᠮ᠎ᠠ ᠶᠢ 97%᠎ ᠠᠴᠠ ᠳᠡᠭᠡᠭᠰᠢ ᠳᠤ ᠬᠦᠷᠦᠭᠦᠯᠦᠨ᠎ᠡ᠃          ︵ᠳᠣᠯᠤᠭ᠎ᠠ︶ ᠲᠦᠭᠰᠢᠭᠦᠷᠢ ᠶᠢ ᠰᠡᠷᠭᠡᠶᠢᠯᠡᠨ᠂ ᠠᠮᠤᠷ ᠲᠦᠪᠰᠢᠨ ᠢ ᠪᠠᠲᠤᠯᠠᠵᠤ᠂ ᠡᠶ᠎ᠡ ᠵᠣᠬᠢᠴᠠᠩᠭᠤᠢ ᠡᠩᠬᠡ ᠲᠣᠭᠲᠠᠭᠤᠨ ᠤ ᠶᠡᠭᠡ ᠬᠠᠷᠢᠭᠤᠴᠠᠯᠭ᠎ᠠ ᠶᠢ ᠡᠭᠦᠷᠭᠡᠯᠡᠨ᠎ᠡ᠃          ᠠᠶᠤᠯ ᠲᠦᠭᠰᠢᠭᠦᠷᠢ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠠᠷᠪᠢᠯᠠᠵᠤ ᠠᠮᠢᠳᠤᠷᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠ ᠶᠢ ᠪᠠᠲᠤᠯᠠᠬᠤ︾ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠥᠷᠢ ᠥᠭᠴᠡᠭᠡ ᠶᠢ ᠠᠷᠢᠯᠭᠠᠬᠤ ᠬᠠᠮ ᠲᠥᠰᠦᠯ ᠢ ᠴᠢᠩᠭ᠎ᠠ ᠨᠠᠶᠢᠳᠠᠪᠤᠷᠢᠵᠢᠭᠤᠯᠵᠤ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠪᠠᠷᠢᠮᠲᠠᠯᠠᠵᠤ᠂ ᠡᠯ᠎ᠡ ᠲᠥᠷᠥᠯ ᠤᠨ ᠪᠠᠯᠠ ᠮᠥᠩᠭᠦ ᠡᠳ᠋ ᠬᠥᠷᠥᠩᠭᠡ ᠶᠢᠨ ᠡᠬᠢ ᠪᠠᠶᠠᠯᠢᠭ ᠢ ᠪᠥᠬᠦ ᠬᠦᠴᠦᠨ ᠢᠶᠠᠷ ᠢᠶᠠᠨ ᠨᠢᠭᠡᠳᠦᠯᠲᠡᠶ ᠲᠥᠯᠥᠪᠯᠡᠨ ᠬᠡᠷᠡᠭᠯᠡᠵᠦ᠂ ᠥᠷᠢ ᠥᠭᠴᠡᠭᠡ ᠶᠢᠨ ᠬᠡᠪᠴᠢᠶ᠎ᠡ ᠪᠠ ᠥᠷᠢ ᠥᠭᠴᠡᠭᠡ ᠶᠢᠨ ᠨᠣᠷᠮ᠎ᠠ ᠶᠢᠨ ︽ᠬᠤᠤᠰ ᠪᠠᠭᠤᠷᠠᠯᠲᠠ︾᠎ ᠶᠢ ᠦᠨᠡᠨᠬᠦ ᠪᠠᠲᠤᠯᠠᠨ᠎ᠠ᠃ ᠰᠢᠨ᠎ᠡ ᠪᠠᠷ ᠨᠡᠮᠡᠭᠳᠡᠬᠦ ᠲᠦᠷ ᠥᠭᠬᠦ ᠵᠣᠭᠤᠰ ᠢ ᠴᠢᠩᠭ᠎ᠠ ᠬᠢᠵᠠᠭᠠᠷᠯᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠭᠦᠯ ᠪᠤᠰᠤ ᠬᠥᠷᠥᠩᠭᠡ ᠶᠢ ᠴᠡᠪᠡᠷᠯᠡᠨ ᠰᠢᠢᠳᠪᠦᠷᠢᠯᠡᠬᠦ ᠶᠢ ᠦᠷᠭᠦᠯᠵᠢᠯᠡᠨ ᠥᠷᠨᠢᠭᠦᠯᠵᠦ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃          ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ ᠶᠢ ᠪᠠᠷᠢᠮᠳᠠᠯᠠᠬᠤ︾᠎ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭᠠᠨ ᠤ ᠲᠤᠰᠬᠠᠶ ᠴᠡᠭᠴᠡᠯᠡᠨ ᠵᠠᠰᠠᠯᠲᠠ ᠶᠢ ᠰᠠᠶᠢᠲᠤᠷ ᠠᠳᠬᠤᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ᠎ᠡ᠃ ᠪᠠᠶᠢᠭᠠᠯᠢ ᠶᠢᠨ ᠭᠠᠮᠰᠢᠭ᠂ ᠭᠡᠨᠡᠳᠲᠡ ᠶᠢᠨ ᠬᠡᠷᠡᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠤᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠨ ᠰᠢᠢᠳᠪᠦᠷᠢᠯᠡᠬᠦ ᠶᠢ ᠴᠢᠩᠭᠠᠷᠠᠭᠤᠯᠤᠨ᠂ ᠣᠶ ᠰᠢᠭᠤᠶ ᠶᠢᠨ ᠭᠠᠯ ᠤᠨ ᠠᠶᠤᠯ ᠤᠨ ᠬᠥᠨᠥᠭᠡᠯ ᠤᠨ ᠨᠣᠷᠮ᠎ᠠ ᠶᠢ 0.9‰᠎ ᠠᠴᠠ ᠳᠣᠷᠣᠭᠰᠢ ᠪᠠᠶᠢᠬᠤ ᠶᠢ ᠬᠢᠵᠠᠭᠠᠷᠯᠠᠵᠤ᠂ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠥᠨᠥᠭᠡᠯ ᠤᠨ ᠨᠣᠷᠮ᠎ᠠ ᠶᠢ 2‰᠎ ᠤᠨ ᠳᠣᠲᠣᠷ᠎ᠠ ᠬᠢᠵᠠᠭᠠᠷᠯᠠᠬᠤ ᠶᠢ ᠦᠨᠡᠨᠬᠦ ᠪᠠᠲᠤᠯᠠᠨ᠎ᠠ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢ ᠨᠠᠷᠢᠯᠢᠭᠵᠢᠭᠤᠯᠤᠨ ᠨᠠᠶᠢᠲᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠪᠦᠬᠦ ᠶᠠᠪᠤᠴᠠ ᠶᠢᠨ ᠬᠢᠨᠠᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠷᠠᠳ ᠣᠯᠠᠨ ᠤ ︽ᠢᠳᠡᠭᠡᠨ ᠤ ᠠᠮᠤᠷ ᠲᠦᠪᠰᠢᠨ︾᠎ ᠢ ᠬᠠᠮᠠᠭᠠᠯᠠᠨ᠎ᠠ᠃          ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠭᠠᠯᠳᠤᠯᠭ᠎ᠠ ᠶᠢᠨ ᠡᠬᠢ᠂ ᠴᠠᠭᠳᠠᠭᠠᠨ ᠤ ᠡᠬᠢ᠂ ᠰᠣᠷᠪᠤᠯᠵᠢᠯᠠᠯ ᠤᠨ ᠡᠬᠢ ᠭᠤᠷᠪᠠᠨ ᠡᠬᠢ ᠶᠢ ᠬᠠᠮᠲᠤ ᠪᠠᠷ ᠵᠠᠰᠠᠬᠤ ᠶᠢ ᠴᠢᠩᠭᠠᠳᠬᠠᠵᠤ᠂ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠥᠪ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠲᠤᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠮᠤᠷ ᠢ ᠬᠠᠮᠠᠭᠠᠯᠠᠬᠤ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ ᠲᠣᠣᠷ ᠰᠦᠯᠵᠢᠶ᠎ᠡ ᠶᠢᠨ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ᠃ ︽ᠵᠢᠷᠭᠤᠭᠠᠨ ᠥᠬᠡᠶ︾ ᠭᠠᠴᠠᠭᠠᠨ ᠤ ᠣᠳᠣᠨ ᠲᠠᠰ ᠤᠨ ᠡᠭᠦᠳᠦᠨ ᠪᠠᠶᠢᠭᠤᠯᠤᠯᠲᠠ ᠶᠢ ᠠᠬᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠴᠠᠯᠢᠩ ᠥᠷᠢᠲᠦᠬᠦ ᠶᠢ ᠡᠬᠢ ᠡᠭᠦᠰᠦᠯ ᠠᠴᠠ ᠨᠢ ᠵᠠᠰᠠᠬᠤ ᠶᠢ ᠰᠠᠶᠢᠲᠤᠷ ᠠᠳᠬᠤᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃           ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃           ᠲᠥᠯᠥᠭᠡᠯᠡᠭᠴᠢᠳ ᠡ᠂ ᠰᠢᠨ᠎ᠡ ᠨᠢᠭᠡᠨ ᠵᠢᠯ ᠳᠤ᠂ ᠬᠤᠰᠢᠭᠤᠨ ᠤ ᠵᠠᠰᠠᠭ ᠤᠨ ᠣᠷᠳᠣᠨ ᠠᠯᠳᠠᠭ᠎ᠠ ᠶᠢ ᠵᠠᠯᠠᠷᠠᠭᠤᠯᠬᠤ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠬᠤᠪᠢᠷᠠᠭᠤᠯᠬᠤ᠂ ᠰᠤᠷᠲᠠᠯ ᠢ ᠥᠭᠡᠷᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠭᠦᠢᠴᠡᠳᠬᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠬᠤ ᠪᠠᠷ ᠴᠢᠷᠮᠠᠶᠢᠨ᠎ᠠ᠃          ︵ᠨᠢᠭᠡ︶ ᠤᠯᠤᠰ ᠲᠥᠷᠥ ᠶᠢᠨ ᠬᠥᠲᠥᠯᠥᠨ ᠳᠠᠭᠠᠭᠤᠯᠬᠤ ᠶᠢ ᠳᠣᠪᠤᠶᠢᠯᠭᠠᠨ᠎ᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠣᠭᠤᠰᠢᠯᠠᠭᠤᠯᠤᠨ᠎ᠠ᠃  ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠤᠯᠤᠰ ᠲᠥᠷᠥ ᠶᠢᠨ  ᠬᠠᠷᠠᠴᠠ᠂ ᠤᠯᠤᠰ ᠲᠥᠷᠥ ᠶᠢᠨ ᠵᠣᠭᠰᠤᠯᠲᠠ᠂ ᠤᠯᠤᠰ ᠲᠥᠷᠥ ᠶᠢᠨ ᠦᠵᠡᠯᠲᠡ ᠪᠠᠷ ᠠᠵᠢᠯ ᠶᠠᠪᠤᠳᠠᠯ ᠢ ᠪᠣᠳᠤᠯᠬᠢᠯᠠᠨ ᠬᠢᠵᠦ᠂ ᠰᠠᠶᠢᠲᠤᠷ ᠭᠦᠢᠴᠡᠳᠬᠡᠭᠴᠢ᠂ ᠠᠵᠢᠯᠯᠠᠭᠠᠴᠢ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ ᠬᠤᠷᠢᠶ᠎ᠠ ᠲᠣᠬᠢᠷᠠᠭᠤᠯᠤᠯᠲᠠ ᠲᠠᠢ᠂ ᠵᠠᠰᠠᠭ ᠤᠨ ᠣᠷᠳᠣᠨ ᠠᠵᠢᠯᠯᠠᠭ᠎ᠠ ᠲᠠᠢ᠂ ᠨᠠᠶᠢᠳᠠᠪᠤᠷᠢᠵᠢᠭᠤᠯᠤᠯᠲᠠ ᠦᠷ᠎ᠡ ᠪᠦᠲᠦᠮᠵᠢ ᠲᠠᠢ ᠪᠠᠶᠢᠬᠤ ᠶᠢ ᠪᠡᠶᠡᠯᠡᠭᠦᠯᠦᠨ᠎ᠡ᠃          ︵ᠬᠤᠶᠠᠷ︶ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂  ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠢᠵᠠᠭᠠᠷᠯᠠᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠬᠢᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠮᠠᠯᠠᠯᠲᠠ ᠶᠢ ᠲᠣᠶᠢᠯᠪᠤᠷᠢᠲᠠᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠬᠦᠲᠦᠯᠦᠨ ᠳᠠᠭᠠᠭᠤᠯᠤᠨ᠎ᠠ᠃          ︵ᠭᠤᠷᠪᠠ︶ ᠪᠣᠳᠠᠲᠠᠢ ᠠᠵᠢᠯᠯᠠᠬᠤ ᠰᠤᠷᠲᠠᠯ ᠢ ᠪᠠᠳᠠᠷᠠᠭᠤᠯᠤᠨ᠎ᠠ᠃ ︽ᠤᠳᠠᠭᠠᠨ ᠪᠦᠳᠦᠭᠦᠯᠢᠭ ᠬᠡᠶᠢᠰᠪᠦᠷᠢ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠣᠳᠠᠲᠤ ᠠᠵᠢᠯᠯᠠᠬᠤ ᠶᠢ ᠴᠢᠬᠤᠯᠠᠴᠢᠯᠠᠬᠤ᠂ ᠪᠣᠳᠠᠲᠤ ᠠᠵᠢᠯ ᠭᠦᠢᠴᠡᠳᠬᠡᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠢᠯᠡ ᠲᠣᠳᠣ ᠣᠨᠴᠠᠯᠢᠭ ᠪᠣᠯᠭᠠᠨ᠎ᠠ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠤ᠂ ᠪᠣᠳᠠᠲᠤ ᠪᠠᠶᠢᠳᠠᠯ ᠢ ᠪᠠᠶᠢᠴᠠᠭᠠᠬᠤ ᠳᠤ ︽ᠣᠨᠤᠴᠠᠲᠠᠢ︾᠂ ᠠᠵᠢᠯ ᠢ ᠠᠳᠬᠤᠬᠤ ᠳᠤ ︽ᠡᠷᠴᠢᠮᠲᠡᠢ︾᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ︽ᠬᠠᠯᠠᠮᠵᠢᠲᠠᠢ︾ ᠪᠠᠶᠢᠬᠤ ᠶᠢ ᠪᠡᠶᠡᠯᠡᠭᠦᠯᠦᠨ᠎ᠡ᠃ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠵᠠᠶᠢᠯᠠᠬᠤ ᠥᠬᠡᠶ᠂ ᠬᠤᠶᠢᠷᠭᠤᠰᠢᠬᠤ ᠥᠬᠡᠶ ᠪᠠᠶᠢᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭᠰᠠᠨ ᠠᠰᠠᠭᠤᠳᠠᠯ ᠢ ᠪᠣᠳᠠᠲᠠᠶ ᠶᠢ ᠡᠷᠬᠢᠮᠯᠡᠨ ᠥᠨᠳᠥᠷ ᠪᠦᠲᠦᠮᠵᠢᠲᠡᠶ ᠰᠢᠢᠳᠪᠦᠷᠢᠯᠡᠨ᠎ᠡ᠃          ︵ᠳᠥᠷᠪᠡ︶ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠬᠤᠯᠪᠣᠭᠠᠯᠠᠨ ᠠᠬᠢᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠬᠡᠷᠡᠭ ᠵᠦᠪᠯᠡᠵᠦ ᠰᠢᠢᠳᠪᠦᠷᠢ ᠲᠣᠭᠲᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠠᠯᠬᠤᠮ ᠶᠠᠪᠤᠴᠠ ᠶᠢ ᠳᠦᠷᠢᠮᠵᠢᠭᠦᠯᠵᠦ᠂ ︽ᠵᠢᠷᠭᠤᠭᠠᠨ ᠬᠠᠷᠢᠭᠤᠴᠠᠯᠭ᠎ᠠ ᠶᠢᠨ ᠨᠠᠷᠢᠨ ᠳᠠᠩᠰᠠ︾᠎ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠴᠢᠬᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠠᠵᠢᠯ ᠪᠠᠶᠢᠷᠢ ᠪᠠ ᠬᠤᠪᠢ ᠬᠦᠮᠦᠨ ᠳᠤ ᠲᠤᠯᠲᠠᠯ᠎ᠠ ᠨᠠᠶᠢᠳᠠᠪᠤᠷᠢᠵᠢᠭᠤᠯᠤᠨ᠎ᠠ᠃          ᠲᠥᠯᠥᠭᠡᠯᠡᠭᠴᠢᠳ ᠡ᠂ ᠲᠡᠮᠡᠴᠡᠯ ᠤᠨ ᠵᠠᠮ ᠬᠤᠯᠠ ᠪᠠᠶᠢᠪᠠᠴᠤ ᠠᠶᠠᠨ ᠤ ᠵᠠᠮ ᠤᠨ ᠬᠤᠯᠠ ᠶᠢ ᠵᠣᠷᠢᠶ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠦᠯᠬᠦᠮᠳᠡᠭᠦᠯᠦᠨ ᠳᠠᠭᠠᠭᠤᠯᠤᠯᠲᠠ ᠳᠣᠣᠷ᠎ᠠ᠂ ᠡᠷᠡᠮᠡᠬᠡᠶᠢᠯᠡᠨ ᠤᠷᠤᠭᠰᠢᠯᠠᠵᠤ᠂ ᠰᠢᠨᠳᠠᠷᠠᠰᠢ ᠦᠭᠡᠢ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠵᠡᠭᠦᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕           ᠨᠡᠷᠡᠰ ᠤᠨ ᠲᠠᠶᠢᠯᠪᠤᠷᠢ           1. ᠨᠢᠭᠡ ᠭᠤᠤᠯ ᠱᠤᠭᠤᠮ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠢ ᠵᠢᠭᠠᠨ᠎ᠠ᠃          2. ᠬᠤᠶᠠᠷ ᠶᠡᠭᠡ ᠶᠠᠪᠤᠳᠠᠯ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠵᠢᠭᠠᠨ᠎ᠠ᠃          3. ᠵᠢᠷᠭᠤᠭᠠᠨ ᠢᠨᠵᠧᠨᠧᠷᠢᠩ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠬᠤᠷᠠᠯ ᠠᠴᠠ ᠳᠤᠷᠠᠳᠤᠭᠰᠠᠨ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠦᠨᠡᠨᠴᠢ ᠢᠲᠡᠭᠡᠮᠵᠢᠲᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠢᠶᠠᠷ ︿ᠪᠦᠰᠡᠯᠡᠯᠲᠡ ᠰᠢᠪᠲᠤᠯᠬᠤ﹀ ᠢᠨᠵᠧᠨᠧᠷᠢᠩ ᠪᠠ ᠴᠢᠯᠥᠭᠡᠲᠦ ᠠᠷᠠᠯᠵᠢᠶᠠᠨ ᠤ ᠲᠤᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ︾᠎ ᠢ ᠵᠢᠭᠠᠨ᠎ᠠ᠃          4. ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ᠄ ᠬᠤᠲᠠ ᠶᠢᠨ ᠨᠠᠮ ᠤᠨ ᠬᠤᠷᠢᠶᠠᠨ ᠤ ᠳᠤᠷᠠᠳᠤᠭᠰᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠤᠯ ᠱᠤᠭᠤᠮ ᠢ ᠲᠤᠭᠤᠰᠢᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠣᠨᠴᠠᠯᠢᠭᠲᠤ ᠲᠦᠷᠦᠯ ᠲᠡᠮᠳᠡᠭ ᠢ ᠬᠦᠴᠦᠯᠡᠨ ᠡᠭᠦᠳᠦᠨ ᠪᠠᠶᠢᠭᠤᠯᠬᠤ︾ ︽ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠬᠦᠯᠦᠨ ᠬᠡᠳᠤ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠤᠳᠤᠯᠤᠨ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠬᠤ︾ ︽ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠲᠤᠭᠲᠠᠯᠴᠠᠭ᠎ᠠ ᠶᠢ ᠬᠦᠴᠦᠯᠡᠨ ᠪᠠᠶᠢᠭᠤᠯᠬᠤ︾ ︽ᠨᠡᠶᠢᠭᠡᠮ ᠤᠨ ᠵᠠᠰᠠᠯᠲᠠ ᠶᠢᠨ ᠲᠤᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ︾ ︽ᠠᠷᠠᠳ ᠤᠨ ᠠᠮᠢᠳᠤᠷᠠᠯ ᠤᠨ ᠠᠵᠢᠯ ᠦᠢᠯᠡᠰ ᠢ ᠶᠡᠬᠡᠪᠡᠷ ᠬᠥᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠦᠷᠢᠮ ᠤᠨ ᠲᠤᠭᠲᠠᠯᠴᠠᠭ᠎ᠠ ᠶᠢ ᠪᠦᠷᠢᠨᠰᠢᠭᠦᠯᠬᠦ︾ ᠵᠡᠷᠭᠡ ᠲᠠᠪᠤᠨ ᠵᠦᠢᠯ ᠤᠨ ᠦᠭᠡᠷᠡᠴᠢᠯᠡᠯᠲᠡ ᠶᠢᠨ ᠰᠡᠳᠦᠪ ᠢ ᠵᠢᠭᠠᠨ᠎ᠠ᠃          5. ︽ᠭᠤᠷᠪᠠ ᠶᠢ ᠬᠤᠪᠢᠷᠠᠭᠤᠯᠤᠨ ᠲᠠᠪᠤ ᠶᠢ ᠬᠤᠷᠰᠢᠶᠠᠵᠢᠭᠤᠯᠬᠤ︾ ᠥᠭᠡᠷᠡᠴᠢᠯᠡᠯᠲᠡ᠄ ︽ᠭᠤᠷᠪᠠ ᠶᠢ ᠬᠤᠪᠢᠷᠠᠭᠤᠯᠬᠤ︾ ᠭᠡᠳᠡᠭ ᠨᠢ ᠡᠬᠢ ᠪᠠᠶᠠᠯᠢᠭ ᠢ ᠡᠳ᠋ ᠬᠥᠷᠥᠩᠭᠡ ᠪᠤᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠤᠯᠭᠠᠨ ᠬᠤᠪᠢᠷᠠᠭᠤᠯᠬᠤ᠂ ᠲᠠᠷᠢᠶᠠᠴᠢᠨ ᠢ ᠬᠤᠪᠢ ᠣᠷᠣᠭᠤᠯᠤᠭᠴᠢ ᠪᠤᠯᠭᠠᠨ ᠬᠤᠪᠢᠷᠠᠭᠤᠯᠬᠤ ᠶᠢ ᠵᠢᠭᠠᠨ᠎ᠠ ; ︽ᠲᠠᠪᠤ ᠶᠢ ᠬᠤᠷᠰᠢᠶᠠᠵᠢᠭᠤᠯᠬᠤ︾ ᠭᠡᠳᠡᠭ ᠨᠢ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠤᠷᠢᠲᠠᠯ ᠳᠣᠣᠷ᠎ᠠ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠠᠶᠢᠭᠤᠯᠤᠭᠰᠠᠨ ᠡᠳ᠋ ᠬᠥᠷᠥᠩᠭᠡ᠂ ᠭᠠᠵᠠᠷ ᠰᠢᠷᠣᠢ᠂ ᠬᠥᠳᠡᠯᠮᠦᠷᠢ ᠦᠢᠯᠡᠴᠢᠯᠡᠭᠡ᠂ ᠵᠢᠭᠤᠯᠴᠢᠯᠠᠯ᠂ ᠦᠢᠯᠡᠰ ᠴᠣᠭᠴᠠᠯᠠᠬᠤ ᠵᠡᠷᠭᠡ ᠲᠠᠪᠤᠨ ᠶᠡᠭᠡ ᠬᠤᠪᠢ ᠣᠷᠣᠭᠤᠯᠤᠭᠰᠠᠨ ᠬᠤᠷᠰᠢᠶ᠎ᠠ ᠶᠢ ᠬᠡᠯᠡᠨ᠎ᠡ᠃          6. ᠭᠤᠷᠪᠠ ᠶᠢ ᠨᠢᠭᠡ ᠴᠤᠭᠴᠠᠵᠢᠭᠤᠯᠬᠤ᠄ ᠶᠡᠷᠦᠩᠬᠡᠶ ᠱᠦᠵᠢ ᠰᠢ ᠶᠢᠨ ᠫᠢᠩ ᠤᠨ ᠵᠧᠵᠢᠶᠠᠩ ᠳᠤ ᠠᠵᠢᠯᠯᠠᠵᠤ ᠪᠠᠶᠢᠬᠤ ᠳᠤ ᠳᠤᠷᠠᠳᠤᠭᠰᠠᠨ ︽ᠲᠣᠮᠣ ᠤᠯᠤᠰ ᠵᠢᠵᠢᠭ ᠲᠠᠷᠢᠶᠠᠯᠠᠩ︾᠎ ᠤᠨ ᠤᠯᠤᠰ ᠤᠨ ᠪᠠᠶᠢᠳᠠᠯ ᠪᠠ ᠲᠠᠷᠢᠶᠠᠯᠠᠩ ᠤᠨ ᠪᠠᠶᠢᠳᠠᠯ ᠳᠤ ᠰᠠᠭᠤᠷᠢᠯᠠᠨ᠂ ᠦᠢᠯᠡᠳᠪᠦᠷᠢᠯᠡᠯ᠂ ᠬᠠᠩᠭᠠᠨ ᠪᠣᠷᠣᠯᠠᠭᠤᠯᠭ᠎ᠠ᠂ ᠢᠲᠡᠭᠡᠮᠵᠢ ︽ᠭᠤᠷᠪᠠ ᠶᠢ ᠨᠢᠭᠡ ᠴᠤᠭᠴᠠᠵᠢᠭᠤᠯᠬᠤ︾ ᠬᠠᠮᠲᠤᠷᠠᠯᠴᠠᠭᠠᠨ ᠤ ᠠᠵᠤ ᠠᠬᠤᠶ ᠶᠢ ᠬᠥᠭᠵᠢᠭᠦᠯᠬᠦ ᠪᠠᠷ ᠳᠠᠮᠵᠢᠭᠤᠯᠤᠨ᠂ ᠮᠠᠯᠴᠢᠨ ᠲᠠᠷᠢᠶᠠᠴᠢᠳ ᠢ ᠲᠠᠷᠢᠶᠠᠯᠠᠩ ᠮᠠᠯ ᠠᠵᠤ ᠠᠬᠤᠶ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠳᠤ ᠣᠷᠣᠯᠴᠠᠭᠤᠯᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠠᠰᠢᠭ ᠬᠤᠨᠵᠢᠪᠣᠷᠢ ᠶᠢ ᠬᠤᠪᠢᠶᠠᠯᠴᠠᠨ ᠡᠳ᠋ᠯᠡᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠲᠠᠷᠢᠶᠠᠴᠢᠳ ᠢ ᠬᠠᠮᠲᠤ ᠪᠠᠷ ᠪᠠᠶᠠᠵᠢᠭᠤᠯᠬᠤ ᠶᠢ ᠳᠥᠯᠭᠢᠨ ᠠᠬᠢᠭᠤᠯᠬᠤ ᠶᠢ ᠵᠢᠭᠠᠨ᠎ᠠ᠃          7. ︽1+N+M︾ ᠠᠵᠢᠯ ᠤᠨ ᠲᠣᠭᠲᠠᠯᠴᠠᠭ᠎ᠠ᠄ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠬᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠠᠵᠢᠯ ᠤᠨ ᠲᠣᠭᠲᠠᠯᠴᠠᠭ᠎ᠠ ᠶᠢ ᠵᠢᠭᠠᠵᠤ᠂ 1 ᠭᠤᠣᠯ ᠲᠥᠰᠦᠯ᠂ N ᠬᠤᠪᠢᠶᠠᠷᠢ ᠲᠥᠰᠦᠯ᠂ M ᠲᠤᠷᠰᠢᠯᠲᠠ ᠶᠢᠨ ᠴᠡᠭ ᠤᠨ ᠭᠠᠴᠠᠭᠠᠨ ᠤ ᠲᠥᠰᠦᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃          8. ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ 2015 ᠣᠨ ᠤ ᠭᠦᠢᠵᠧᠦ ᠮᠤᠵᠢ ᠶᠢᠨ ᠯᠢᠦ ᠫᠠᠨ ᠱᠦᠶ ᠬᠤᠲᠠ ᠶᠢᠨ ᠨᠢᠭᠡᠨ ᠤᠳᠠᠭᠠᠨ ᠤ ᠠᠮᠵᠢᠯᠲᠠ ᠲᠠᠢ ᠦᠢᠯᠡᠳᠦᠯᠭᠡ ᠠᠴᠠ ᠢᠷᠡᠯᠲᠡ ᠲᠠᠢ ᠪᠠᠶᠢᠵᠤ᠂ ᠡᠬᠢ ᠪᠠᠶᠠᠯᠢᠭ ᠢ ᠡᠳ᠋ ᠬᠥᠷᠥᠩᠭᠡ ᠪᠤᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠤᠯᠭᠠᠨ ᠬᠤᠪᠢᠷᠠᠭᠤᠯᠬᠤ᠂ ᠮᠠᠯᠴᠢᠳ ᠢ ᠬᠤᠪᠢ ᠣᠷᠣᠭᠤᠯᠤᠭᠴᠢ ᠪᠤᠯᠭᠠᠨ ᠬᠤᠪᠢᠷᠠᠭᠤᠯᠵᠤ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠶᠢ ᠵᠢᠭᠠᠨ᠎ᠠ᠃ 2017 ᠣᠨ ᠳᠤ᠂ ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ ᠶᠢ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠵᠢᠩᠬᠢᠨᠢ ᠪᠠᠷ ᠪᠢᠴᠢᠵᠦ ᠣᠷᠣᠭᠤᠯᠤᠭᠰᠠᠨ ᠨᠢ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠪᠠᠶᠢᠨ᠎ᠠ᠃          9. ︽ᠨᠢᠭᠡ ᠵᠢᠷᠤᠭ︾ ︽ᠨᠢᠭᠡ ᠰᠦᠯᠵᠢᠶ᠎ᠡ︾᠄ ︽ᠨᠢᠭᠡ ᠵᠢᠷᠤᠭ︾᠎ ᠨᠢ ᠪᠥᠬᠦ ᠬᠤᠲᠠ ᠶᠢᠨ ᠠᠮᠢ ᠠᠬᠤᠶ ᠶᠢᠨ ᠣᠷᠴᠢᠨ ᠬᠠᠮᠠᠭᠠᠯᠠᠯᠲᠠ ᠶᠢᠨ ᠣᠳᠣᠬᠢ ᠪᠠᠶᠢᠳᠠᠯ ᠪᠠ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠨᠢᠭᠡ ᠵᠢᠷᠤᠭ ᠳᠡᠭᠡᠷ᠎ᠡ ᠲᠥᠪᠯᠡᠷᠡᠭᠦᠯᠦᠨ ᠵᠢᠷᠤᠭᠯᠠᠵᠤ᠂ ᠬᠥᠯᠥᠨ ᠪᠤᠶᠢᠷ ᠤᠨ ᠠᠮᠢ ᠠᠬᠤᠶ ᠶᠢᠨ ᠣᠷᠴᠢᠨ ᠲᠣᠭᠤᠷᠢᠨ ᠤ ︽ᠡᠳ᠋ ᠬᠤᠭᠰᠢᠯ︾᠎ ᠢ ᠪᠥᠬᠦ ᠲᠠᠯ᠎ᠠ ᠪᠠᠷ ᠳᠡᠯᠭᠡᠨ ᠢᠯᠡᠷᠡᠭᠦᠯᠬᠦ ᠶᠢ ᠵᠢᠭᠠᠵᠤ ᠪᠣᠶ ; ︽ᠨᠢᠭᠡ ᠰᠦᠯᠵᠢᠶ᠎ᠡ︾᠎ ᠨᠢ ᠪᠥᠬᠦ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭᠠᠨ ᠳᠠᠬᠢ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠵᠦ᠂ ᠪᠥᠬᠦ ᠡᠯᠧᠮᠧᠨ᠋ᠲ᠂ ᠪᠥᠬᠦ ᠲᠠᠯ᠎ᠠ᠂ ᠪᠥᠬᠦ ᠬᠦᠷᠢᠶ᠎ᠡ ᠴᠠᠷᠠᠭ᠎ᠠ ᠶᠢᠨ ︽ᠣᠭᠲᠠᠷᠭᠤᠶ ᠭᠠᠵᠠᠷ︾᠎ ᠢ ᠨᠢᠭᠡ ᠴᠣᠭᠴᠠᠵᠢᠭᠤᠯᠤᠨ ᠬᠢᠨᠠᠨ ᠬᠠᠮᠢᠶᠠᠷᠬᠤ ᠲᠤᠤᠷ ᠰᠦᠯᠵᠢᠶ᠎ᠡ ᠶᠢ ᠪᠠᠶᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠠᠭᠤᠰᠤᠯᠴᠠᠯ᠂ ᠬᠠᠤᠯᠢ ᠬᠡᠷᠡᠭᠵᠢᠭᠦᠯᠦᠯᠲᠡ ᠶᠢᠨ ᠬᠠᠮᠵᠢᠯᠴᠠᠭ᠎ᠠ᠂ ᠬᠢᠨᠠᠯᠲᠠ ᠲᠠᠯᠪᠢᠯᠲᠠ ᠶᠢᠨ ᠨᠡᠪᠲᠡᠷᠡᠯᠴᠡᠯ ᠢ ᠠᠬᠢᠭᠤᠯᠬᠤ ᠶᠢ ᠵᠢᠭᠠᠨ᠎ᠠ᠃          10. ᠵᠢᠷᠭᠤᠭᠠᠨ ᠠᠵᠢᠯᠯᠠᠭᠠᠨ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ︽ᠴᠢᠬᠤᠯᠠ ᠶᠡᠭᠡ ᠲᠥᠷᠥᠯ ᠵᠦᠢᠯ ᠢ ᠲᠥᠰᠦᠪᠯᠡᠬᠦ ᠠᠵᠢᠯᠯᠠᠭᠠᠨ᠂ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ᠂ ᠤᠰᠤ ᠠᠷᠪᠢᠯᠠᠬᠤ ᠠᠵᠢᠯᠯᠠᠭᠠᠨ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠪᠠ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭᠠᠨ︾᠎ ᠢ ᠵᠢᠭᠠᠨ᠎ᠠ᠃          11. ︽ᠳᠠᠯᠳᠠᠭᠤᠷ︾ ᠰᠠᠨᠠᠯ ᠬᠤᠷᠢᠶᠠᠬᠤ ᠲᠣᠭᠲᠠᠴᠠ᠄ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠦᠨᠡᠯᠡᠬᠦ ᠡᠲᠡᠭᠡᠳ ᠤᠨ ᠮᠡᠳᠡᠬᠦ ᠥᠬᠡᠶ ᠪᠠᠶᠢᠳᠠᠯ ᠳᠤᠤᠷ᠎ᠠ᠂ ᠺᠠᠳ᠋ᠷ ᠬᠢᠭᠡᠳ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠷᠢᠯᠴᠠᠬᠤ ᠶᠠᠪᠤᠴᠠ ᠳᠠᠬᠢ ᠦᠢᠯᠡᠴᠢᠯᠡᠬᠦ ᠣᠪᠣᠷ᠂ ᠠᠵᠢᠯ ᠤᠨ ᠦᠷ᠎ᠡ ᠪᠦᠲᠦᠮᠵᠢ᠂ ᠲᠤᠬᠠᠶᠢᠯᠠᠭᠰᠠᠨ ᠠᠵᠢᠯ ᠤᠨ ᠴᠢᠳᠠᠪᠤᠷᠢ ᠵᠡᠷᠭᠡ ᠳᠤ ᠨᠡᠷ᠎ᠡ ᠲᠡᠮᠳᠡᠭᠯᠡᠬᠦ ᠥᠬᠡᠶ ᠦᠨᠡᠯᠡᠯᠲᠡ ᠬᠢᠬᠦ ᠶᠢ ᠵᠢᠭᠠᠨ᠎ᠠ᠃          12. ᠰᠢᠭᠤᠳ ᠬᠤᠷᠰᠢᠯᠴᠠᠬᠤ ᠠᠵᠤ ᠠᠬᠤᠶ᠄ ᠬᠠᠷᠢᠯᠴᠠᠨ ᠲᠤᠰᠠᠭᠠᠷᠯᠠᠭᠰᠠᠨ᠂ ᠠᠵᠤ ᠠᠬᠤᠶ ᠶᠢᠨ ᠬᠥᠭᠵᠢᠯᠲᠡ ᠵᠥᠷᠢᠶ᠎ᠡ ᠲᠠᠢ ᠬᠤᠶᠠᠷ ᠵᠠᠰᠠᠭ ᠵᠠᠬᠢᠷᠭᠠᠨ ᠤ ᠭᠠᠵᠠᠷ ᠣᠷᠣᠨ᠂ ᠣᠷᠣᠨ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂ ᠨᠡᠭᠡᠭᠡᠯᠲᠡ ᠶᠢᠨ ᠲᠣᠭᠤᠷᠢᠭ ᠢᠶᠠᠷ ᠭᠤᠤᠯ ᠠᠴᠢᠶᠠᠯᠠᠪᠤᠷᠢ ᠪᠣᠯᠭᠠᠨ᠂ ᠡᠷᠬᠡ ᠲᠡᠭᠰᠢ ᠪᠠᠷ ᠵᠥᠪᠳᠡᠯᠴᠡᠬᠦ᠂ ᠰᠠᠶᠢᠨ ᠳᠤᠷ᠎ᠠ ᠠᠴᠠ ᠪᠠᠨ ᠬᠠᠮᠲᠤᠷᠠᠯᠴᠠᠬᠤ ᠰᠠᠭᠤᠷᠢᠨ ᠳᠡᠭᠡᠷ᠎ᠡ᠂ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠢ ᠬᠠᠷᠢᠯᠴᠠᠨ ᠨᠥᠬᠦᠪᠥᠷᠢᠯᠡᠬᠦ ᠪᠠ ᠥᠨᠳᠥᠷ ᠪᠦᠲᠦᠮᠵᠢᠲᠡᠶ ᠠᠰᠢᠭᠯᠠᠬᠤ ᠪᠠᠷ ᠵᠣᠷᠢᠯᠭ᠎ᠠ ᠪᠣᠯᠭᠠᠵᠤ᠂ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ ᠪᠠ ᠠᠰᠢᠭ ᠲᠤᠰᠠ ᠶᠢ ᠬᠤᠪᠢᠶᠠᠷᠢᠯᠠᠬᠤ ᠵᠡᠷᠭᠡ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠬᠠᠷᠢᠯᠴᠠᠨ ᠠᠰᠢᠭ ᠬᠦᠷᠲᠡᠨ ᠬᠠᠮᠲᠤ ᠪᠠᠷ ᠢᠯᠠᠯᠲᠠ ᠣᠯᠬᠤ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠢ ᠪᠡᠶᠡᠯᠡᠭᠦᠯᠬᠦ ᠶᠢ ᠵᠢᠭᠠᠨ᠎ᠠ᠃          13. ᠭᠤᠷᠪᠠ ᠪᠠᠶᠢᠭᠤᠯᠬᠤ᠄ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠠᠴᠠ ᠠᠮᠢ ᠶᠢᠨ ᠠᠬᠤᠶ ᠣᠷᠴᠢᠨ ᠬᠠᠮᠠᠭᠠᠯᠠᠯᠲᠠ ᠶᠢᠨ ᠠᠵᠢᠯ ᠤᠨ ᠲᠤᠬᠠᠶ ᠳᠤᠷᠠᠳᠤᠭᠰᠠᠨ ︽ᠪᠥᠬᠦ ᠡᠯᠧᠮᠧᠨ᠋ᠲ ᠢ ᠪᠥᠬᠦ ᠲᠠᠯ᠎ᠠ ᠪᠠᠷ ᠵᠠᠰᠠᠬᠤ ᠲᠤᠭᠲᠠᠮᠵᠢ ᠶᠢ ᠪᠠᠶᠢᠭᠤᠯᠬᠤ᠂ ᠠᠮᠢ ᠠᠬᠤᠶ ᠠᠵᠤ ᠠᠬᠤᠶ ᠶᠢᠨ ᠲᠤᠭᠲᠠᠯᠴᠠᠭ᠎ᠠ ᠶᠢ ᠪᠠᠶᠢᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠲᠦᠷᠢᠮ ᠲᠣᠭᠲᠠᠴᠠ ᠶᠢ ᠪᠠᠶᠢᠭᠤᠯᠬᠤ︾᠎ ᠶᠢ ᠵᠢᠭᠠᠨ᠎ᠠ᠃          14. ︽ᠤᠨᠤᠴᠠᠲᠠᠢ ᠬᠥᠷᠥᠭ ᠵᠢᠷᠤᠬᠤ︾ ᠦᠷ᠎ᠡ ᠪᠦᠲᠦᠭᠡᠯ᠄ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠰᠢᠭᠤ ᠬᠤᠲᠠ ᠲᠣᠭᠤᠷᠢᠭ ᠢᠶᠠᠷ ᠨᠢᠭᠡᠴᠢ ᠪᠣᠯᠭᠠᠵᠤ᠂ ᠣᠷᠣᠨ ᠪᠦᠰᠡ ᠬᠤᠪᠢᠶᠠᠨ ᠠᠮᠢ ᠠᠬᠤᠶ ᠶᠢᠨ ᠣᠷᠴᠢᠨ ᠤ ᠲᠦᠭᠰᠢᠭᠦᠷᠢ ᠶᠢᠨ ᠴᠡᠭ᠂ ᠰᠡᠷᠭᠡᠭ ᠴᠡᠭ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠳᠠᠯᠳᠠ ᠬᠡᠮ ᠢ ᠪᠥᠬᠦ ᠲᠠᠯ᠎ᠠ ᠪᠠᠷ ᠡᠮᠬᠢᠯᠡᠵᠦ᠂ ᠨᠠᠷᠢᠨ ᠬᠠᠭᠤᠳᠠᠰᠤ ᠪᠠᠶᠢᠭᠤᠯᠤᠨ᠂ ᠵᠢᠷᠤᠭ ᠳᠡᠭᠡᠷ᠎ᠡ ᠪᠤᠳᠠᠲᠠᠶᠢᠵᠢᠭᠤᠯᠵᠤ᠂ ᠡᠬᠡ ᠲᠠᠩᠰᠠ ᠶᠢ ᠪᠦᠷᠢᠯᠳᠦᠭᠦᠯᠦᠨ᠂ ᠲᠤᠭ᠎ᠠ ᠲᠣᠳᠣᠷᠬᠠᠶ᠂ ᠳᠣᠲᠣᠷ᠎ᠠ ᠪᠠᠨ ᠲᠤᠭ᠎ᠠ ᠲᠠᠢ ᠪᠠᠶᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠱᠠᠲᠤ ᠲᠥᠷᠥᠯ ᠬᠤᠪᠢᠶᠠᠨ ᠰᠠᠶᠢᠲᠤᠷ ᠠᠳᠬᠤᠬᠤ ᠶᠢ ᠵᠢᠭᠠᠨ᠎ᠠ᠃          15. ᠬᠤᠶᠠᠷ ᠢ ᠬᠦᠩᠭᠡᠷᠡᠭᠦᠯᠬᠦ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠶᠢ ᠬᠥᠩᠭᠡᠷᠡᠭᠦᠯᠵᠦ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠭᠤᠯᠤᠯ ᠤᠨ ᠳᠠᠷᠤᠭᠠᠰᠤ ᠶᠢ ᠬᠥᠩᠭᠡᠷᠡᠭᠦᠯᠬᠦ ᠶᠢ ᠵᠢᠭᠠᠨ᠎ᠠ᠃          16. ᠭᠤᠷᠪᠠᠨ ᠲᠥᠯᠥᠪᠯᠡᠭᠡ᠄ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ︾ ︽ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠡᠯᠲᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ︾ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ︾᠎ ᠶᠢ ᠵᠢᠭᠠᠨ᠎ᠠ᠃          17. ︽ᠵᠢᠷᠭᠤᠭ᠎ᠠ ᠦᠭᠡᠢ︾ ᠰᠢᠶᠠᠩ ᠲᠣᠰᠬᠤᠨ᠄ ᠠᠮᠢᠨ ᠬᠡᠷᠡᠭ ᠦᠭᠡᠢ᠂ ᠪᠡᠭᠡᠵᠢᠩ ᠪᠠ ᠣᠷᠤᠨ ᠳᠤ ᠬᠦᠷᠴᠦ ᠵᠠᠬᠢᠳᠠᠯ ᠰᠣᠷᠪᠤᠯᠵᠢᠯᠠᠭ᠎ᠠ ᠦᠭᠡᠢ᠂ ᠴᠠᠬᠢᠯᠭᠠᠨ ᠬᠤᠯᠪᠤᠭᠠᠨ ᠤ ᠮᠡᠬᠡᠯᠡᠯ ᠦᠭᠡᠢ᠂ ᠵᠠᠭᠠᠯᠳᠤᠯᠭ᠎ᠠ ᠦᠭᠡᠢ᠂ ᠭᠠᠵᠢᠭᠤ ᠨᠣᠮᠯᠠᠯ ᠦᠭᠡᠢ᠂ ᠬᠤᠣᠷᠲᠤ ᠡᠳ᠋ ᠦᠭᠡᠢ ᠰᠢᠶᠠᠩ ᠲᠣᠰᠬᠤᠨ ᠢ ᠵᠢᠭᠠᠨ᠎ᠠ᠃          18. ᠵᠢᠷᠭᠤᠭᠠᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠄ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ︽ᠨᠢᠭᠡᠳᠦᠭᠡᠷ ᠬᠠᠷᠢᠭᠤᠴᠠᠯᠭᠠᠲᠠᠨ︾᠎ ᠤ ᠨᠠᠷᠢᠨ ᠬᠠᠭᠤᠳᠠᠰᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾᠎ ᠶᠢᠨ ᠨᠠᠷᠢᠨ ᠬᠠᠭᠤᠳᠠᠰᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠴᠡᠭ ᠤᠨ ᠨᠠᠷᠢᠨ ᠬᠠᠭᠤᠳᠠᠰᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠃          19. ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ᠄ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠶᠢ ᠵᠢᠭᠠᠨ᠎ᠠ᠃ 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ