ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠤᠨ ᠠᠵᠢᠯ ᠤᠨ ᠵᠦᠭᠯᠡᠭᠦᠷ︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠵᠦᠭᠯᠡᠭᠦᠷ︾ ᠲᠤ᠂ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠭᠤᠣᠯᠳᠠᠭᠤ ᠪᠠᠭᠰᠢ ᠶᠢᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠬᠦ᠂ ᠡᠬᠢ ᠪᠠᠶᠠᠯᠢᠭ ᠢ ᠨᠡᠶᠢᠳᠬᠡᠬᠦ | ᠂ ᠦᠨᠡᠯᠡᠯᠲᠡ ᠪᠠ ᠥᠭᠡᠷᠡᠴᠢᠯᠡᠯᠲᠡ ᠬᠢᠬᠦ᠂ ᠣᠶᠤᠨ ᠤᠬᠠᠭᠠᠨ ᠴᠢᠳᠠᠪᠤᠷᠢ ᠣᠯᠭᠤᠬᠤ ᠵᠡᠷᠭᠡ ᠲᠠᠯ᠎ᠠ ᠶᠢᠨ ᠠᠵᠢᠯ ᠢ ᠬᠢᠵᠦ᠂ ᠰᠢᠨᠵᠢᠯᠡᠬᠦ ᠤᠬᠠᠭᠠᠨ ᠤ ᠲᠥᠷᠥᠯ ᠤᠨ | ᠬᠢᠴᠢᠶᠡᠯ ᠤᠨ ᠪᠠᠭᠰᠢ ᠶᠢ ᠪᠦᠷᠢᠨ ᠭᠦᠢᠴᠡᠳ ᠲᠣᠬᠢᠷᠠᠭᠤᠯᠤᠨ ᠰᠢᠯᠢᠳᠡᠭᠵᠢᠬᠦᠯᠬᠦ᠂ ᠰᠢᠨᠵᠢᠯᠡᠬᠦ ᠤᠬᠠᠭᠠᠨ ᠤ ᠳᠡᠳ᠋ ᠵᠠᠬᠢᠷᠤᠯ ᠢ ᠰᠠᠶᠢᠳᠤᠷ ᠲᠣᠬᠢᠷᠠᠭᠤᠯᠬᠤ᠂ | ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠨᠠᠷ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠬᠦ᠂ ᠣᠷᠣᠨ ᠪᠦᠰᠡ ᠶᠢᠨ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠤᠨ ᠲᠥᠪ ᠢ ᠰᠦᠪᠡᠭᠴᠢᠯᠡᠨ ᠪᠠᠶᠢᠭᠤᠯᠬᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠵᠣᠯᠭᠠᠭᠤᠯᠤᠨ | ᠤᠯᠠᠷᠢᠭᠤᠯᠬᠤ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠤᠨ ᠬᠥᠳᠡᠯᠦᠩᠭᠦᠶ ᠪᠠᠶᠢᠴᠠᠭᠠᠯᠲᠠ ᠶᠢ ᠬᠡᠷᠡᠭᠵᠢᠭᠦᠯᠬᠦ᠂ ᠲᠤᠷᠰᠢᠯᠲᠠ ᠬᠢᠬᠦ ᠵᠡᠷᠭᠡ | ᠰᠦᠪᠡᠭᠴᠢᠯᠡᠯᠲᠡ ᠶᠢᠨ ᠦᠢᠯᠡᠳᠦᠯᠭᠡ ᠶᠢ ᠦᠨᠡᠯᠡᠬᠦ ᠰᠢᠰᠲ᠋ᠧᠮ ᠳᠤ ᠣᠷᠣᠭᠤᠯᠬᠤ᠂ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ | ᠦᠶᠯᠡᠴᠢᠯᠡᠭᠡᠨ ᠤ ᠲᠠᠪᠴᠠᠩ ᠪᠠ ᠲᠣᠭᠠᠴᠢᠯᠠᠭᠰᠠᠨ ᠮᠡᠷᠭᠡᠵᠢᠯ ᠢ ᠬᠡᠷᠡᠭᠯᠡᠨ ᠵᠢᠭᠠᠨ ᠰᠤᠷᠭᠠᠯᠲᠠ ᠥᠷᠨᠢᠭᠦᠯᠬᠦ ᠵᠡᠷᠭᠡ ᠪᠣᠳᠠᠲᠠᠶ ᠠᠷᠭ᠎ᠠ ᠬᠡᠮᠵᠢᠶ᠎ᠡ ᠶᠢ ᠰᠢᠨ᠎ᠡ ᠶᠢ | ᠡᠭᠦᠳᠦᠨ ᠬᠡᠷᠡᠭᠯᠡᠬᠦ ᠪᠠᠷ ᠲᠠᠮᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠵᠢᠯ ᠤᠨ ᠰᠢᠪᠲᠤᠯᠤᠯᠲᠠ ᠲᠠᠢ | ᠪᠤᠯᠬᠤ ᠶᠢ ᠬᠥᠲᠥᠯᠥᠨ ᠵᠢᠯᠣᠭᠤᠳᠴᠤ ᠠᠬᠢᠭᠤᠯᠬᠤ ᠬᠡᠷᠡᠭᠳᠡᠢ ᠭᠡᠵᠦ ᠲᠤᠷᠠᠳᠪᠠ᠃ | ︽ᠵᠦᠭᠯᠡᠭᠦᠷ︾ ᠲᠤ᠂ ᠰᠤᠷᠭᠠᠭᠤᠯᠢ ᠨᠢ ᠭᠤᠤᠯᠳᠠᠭᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠢᠴᠢᠶᠡᠯ ᠤᠨ ᠬᠡᠷᠡᠭᠵᠢᠭᠦᠯᠦᠯᠲᠡ ᠶᠢ | ᠴᠢᠩᠭᠠᠳᠬᠠᠬᠤ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨᠴᠢ | ᠰᠤᠷᠭᠠᠨ ᠬᠥᠮᠦᠵᠢᠯ ᠤᠨ ᠦᠨᠡᠯᠡᠯᠲᠡ ᠶᠢᠨ ᠠᠷᠭ᠎ᠠ ᠮᠠᠶ᠋ᠢᠭ ᠢ ᠰᠠᠶᠢᠵᠢᠷᠠᠭᠤᠯᠵᠦ᠂ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠡᠬᠢ ᠪᠠᠶᠠᠯᠢᠭ ᠢ ᠰᠠᠶᠢᠲᠤᠷ ᠬᠡᠷᠡᠭᠯᠡᠬᠦ ᠵᠡᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠭᠤᠯᠢ ᠶᠢᠨ ᠬᠢᠴᠢᠶᠡᠯ ᠤᠨ ᠬᠡᠷᠡᠭᠵᠢᠭᠦᠯᠬᠦ ᠲᠥᠰᠦᠯ ᠳᠤᠮᠳᠠ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ | ᠴᠢᠩᠭᠠᠳᠬᠠᠬᠤ ᠪᠠᠷ ᠳᠠᠮᠵᠢᠨ᠂ ᠤᠯᠤᠰ ᠤᠨ ᠬᠢᠴᠢᠶᠡᠯ᠂ ᠣᠷᠣᠨ ᠨᠤᠲᠤᠭ ᠤᠨ ᠬᠢᠴᠢᠶᠡᠯ ᠪᠠ ᠰᠤᠷᠭᠠᠭᠤᠯᠢ ᠶᠢᠨ ᠥᠪᠡᠷ ᠤᠨ ᠬᠢᠴᠢᠶᠡᠯ ᠢ ᠬᠠᠮᠵᠢᠯᠴᠠᠭᠤᠯᠤᠨ | ᠬᠥᠮᠦᠨ ᠬᠥᠮᠦᠵᠢᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠳᠠᠷᠠᠭᠠᠬᠢ ᠦᠵᠯᠡᠴᠢᠯᠡᠭᠡᠨ ᠤ ᠬᠠᠷᠢᠴᠠᠯ ᠢ ᠳᠡᠭᠡᠭᠰᠢᠯᠡᠭᠦᠯᠵᠦ᠂ | ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠦ᠂ ᠦᠶᠯᠡᠳᠦᠯᠭᠡ ᠶᠢᠨ ᠲᠣᠭᠤᠷᠢᠨ ᠳᠤ ᠲᠤᠷᠰᠢᠯᠲᠠ ᠶᠢᠨ | ᠵᠢᠭᠠᠨ ᠰᠤᠷᠭᠠᠯᠲᠠ ᠶᠢ ᠴᠢᠩᠭᠠᠳᠬᠠᠵᠦ᠂ ᠭᠤᠤᠯᠯᠠᠬᠤ ᠬᠡᠪ ᠪᠣᠯᠪᠠᠰᠤᠷᠠᠯ ᠳᠤ ᠰᠠᠭᠤᠷᠢᠯᠠᠨ ᠵᠢᠭᠠᠨ ᠰᠤᠷᠭᠠᠯᠲᠠ ᠶᠢᠨ ᠦᠨᠡᠯᠡᠯᠲᠡ ᠬᠢᠵᠦ᠂ ᠰᠤᠷᠭᠠᠭᠤᠯᠢ ᠶᠢᠨ | ᠳᠣᠲᠣᠨ᠎ᠠ ᠭᠠᠳᠠᠨᠠᠬᠢ ᠴᠢᠨᠠᠷ ᠰᠠᠶᠢᠲᠠᠶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠵᠡᠷᠭᠡ ᠪᠣᠳᠠᠲᠠᠶ ᠠᠷᠭ᠎ᠠ ᠬᠡᠮᠵᠢᠶ᠎ᠡ | ᠶᠢ ᠭᠡᠷᠡᠭᠵᠢᠬᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠵᠢᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ | ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃ | ︽ᠵᠦᠭᠯᠡᠭᠦᠷ︾ ᠲᠤ᠂ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠨᠠᠷ ᠭᠤᠤᠯᠳᠠᠭᠤ ᠰᠤᠷᠤᠭᠴᠢᠳ ᠤᠨ ᠭᠤᠤᠯᠯᠠᠬᠤ ᠬᠡᠪ | ᠪᠣᠯᠪᠠᠰᠤᠷᠠᠯ ᠢ ᠬᠥᠮᠦᠵᠢᠭᠦᠯᠬᠦ ᠪᠠᠷ ᠬᠠᠷᠠᠯᠲᠠ ᠪᠣᠯᠭᠠᠵᠤ᠂ ᠰᠤᠷᠭᠠᠨ ᠬᠥᠮᠦᠵᠢᠯ ᠤᠨ ᠦᠵᠡᠯᠲᠡ ᠪᠠᠨ ᠬᠤᠪᠢᠷᠠᠭᠤᠯᠬᠤ᠂ ᠵᠢᠭᠠᠨ ᠰᠤᠷᠭᠠᠬᠤ ᠠᠷᠭ᠎ᠠ ᠬᠡᠯᠪᠡᠷᠢ ᠶᠢᠨ | ᠰᠢᠨ᠎ᠡ ᠶᠢ ᠡᠭᠦᠳᠬᠦ᠂ ᠵᠢᠭᠠᠨ ᠰᠤᠷᠭᠠᠯᠲᠠ ᠶᠢᠨ ᠦᠨᠡᠯᠡᠯᠲᠡ ᠳᠤ ᠥᠭᠡᠷᠡᠴᠢᠯᠡᠯᠲᠡ ᠬᠢᠬᠦ ᠪᠠᠷ ᠳᠠᠮᠵᠢᠭᠤᠯᠤᠨ᠂ ︽ᠵᠢᠭᠠᠨ ᠰᠤᠷᠭᠠᠯᠲᠠ ᠶᠢᠨ ᠦᠨᠡᠯᠡᠯᠲᠡ︾ ᠶᠢ ᠨᠢᠭᠡ | ᠴᠤᠭᠴᠠᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠮᠦᠨ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ | ᠱᠠᠭᠠᠷᠳᠠᠪᠠ᠃ | | |