ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ | ᠰᠦᠨ ᠱᠤᠤ ᠴᠧᠩ ᠭᠦᠭᠡᠬᠤᠲᠠ ᠳᠤ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠤᠤᠯ ᠤᠨ ᠲᠡᠷᠢᠭᠦᠯᠡᠭᠴᠢ᠂ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠬᠥᠮᠥᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠤᠤᠯ ᠤᠨ ᠳᠡᠳ᠋ ᠡᠷᠭᠢᠯᠡᠭᠴᠢ ᠷᠧᠨ ᠶᠠ ᠫᠢᠩ ᠢ ᠳᠣᠲᠣᠨᠣ ᠪᠠᠷ | ᠡᠷᠭᠢᠨ ᠦᠵᠡᠵᠦ ᠲᠣᠬᠤᠨᠢᠭᠤᠯᠤᠨ᠂ ᠲᠡᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ | | | | | | 1 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠥᠪᠡᠷᠲᠡᠭᠡᠨ | ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠤᠤᠯ ᠤᠨ ᠲᠡᠷᠢᠭᠦᠯᠡᠭᠴᠢ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠥᠮᠥᠨ ᠠᠮᠠ ᠡᠬᠢ | ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠤᠤᠯ ᠤᠨ ᠳᠡᠳ᠋ ᠡᠷᠭᠢᠯᠡᠭᠴᠢ ᠷᠧᠨ ᠶᠠ ᠫᠢᠩ ᠢ ᠳᠣᠲᠣᠨᠣ ᠪᠠᠷ ᠡᠷᠭᠢᠨ ᠦᠵᠡᠵᠦ ᠲᠣᠬᠤᠨᠢᠭᠤᠯᠤᠨ᠂ ᠲᠡᠭᠦᠨ ᠳᠤ | ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ | ᠲᠤᠰ ᠬᠤᠷᠢᠶᠠᠨ ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | | | ︽ᠰᠢᠨᠡᠯᠡᠬᠦ ᠣᠶᠢᠷᠠᠲᠤᠯ᠎ᠠ᠂ ᠥᠨᠥᠳᠥᠷ ᠲᠠᠨ ᠳᠤ ᠰᠢᠨ᠎ᠡ ᠶᠢᠨ ᠮᠡᠨᠳᠦ ᠬᠦᠷᠭᠡᠬᠦ ᠪᠠᠷ ᠢᠷᠡᠯ᠎ᠡ︾᠂ ᠰᠦᠨ ᠱᠤᠤ ᠴᠧᠩ ᠭᠡᠷ ᠲᠤ ᠣᠷᠣᠮᠠᠭᠴᠠ ᠪᠠᠨ | ᠷᠧᠨ ᠶᠠ ᠫᠢᠩ ᠳᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠭᠰᠡᠨ ᠪᠥᠭᠡᠳ ᠲᠡᠭᠦᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠪᠠ | ᠃ ᠰᠦᠨ ᠱᠤᠤ ᠴᠧᠩ 2024 ᠣᠨ ᠤ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠣᠯᠣᠨ ᠡᠨᠡ ᠵᠢᠯ ᠤᠨ | ᠠᠵᠢᠯ ᠤᠨ ᠲᠣᠬᠢᠷᠠᠭᠤᠯᠤᠯᠲᠠ ᠶᠢ ᠲᠣᠪᠴᠢ ᠲᠠᠨᠢᠯᠴᠠᠭᠤᠯᠵᠤ᠂ ᠷᠧᠨ ᠶᠠ ᠫᠢᠩ ᠵᠡᠷᠭᠡ ᠠᠬᠠᠮᠠᠳ ᠨᠥᠬᠦᠳ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ | ᠠᠵᠢᠯ ᠦᠢᠯᠡᠰ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠳᠤ ᠥᠩᠭᠡᠷᠡᠭᠰᠡᠨ ᠲᠠᠢ ᠪᠠᠨ | ᠠᠳᠠᠯᠢ ᠪᠠᠷ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ | ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠪᠥᠷ ᠮᠣᠩᠭᠤᠯ ᠤᠨ ᠶᠠᠪᠤᠳᠠᠯ ᠢ ᠨᠡᠩ ᠰᠠᠶᠢᠲᠤᠷ ᠬᠢᠬᠦ ᠶᠢ ᠬᠦᠰᠡᠪᠡ᠃ ᠷᠧᠨ ᠶᠠ ᠫᠢᠩ᠂ | ᠮᠠᠨ ᠤ ᠮᠠᠰᠢ ᠤᠯᠠᠨ ᠠᠬᠠᠮᠠᠳ ᠨᠥᠬᠦᠳ ᠨᠡᠶᠢᠳᠡᠮ ᠳᠡᠭᠡᠨ ᠡᠨᠡ ᠬᠤᠶᠠᠷ ᠵᠢᠯ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠠᠶᠢᠳᠠᠯ ᠮᠠᠰᠢ ᠰᠠᠶᠢᠨ ᠪᠠᠶᠢᠨ᠎ᠠ | ᠭᠡᠵᠦ ᠦᠵᠡᠵᠦ ᠪᠠᠶᠢᠨ᠎ᠠ᠂ ᠢᠯᠠᠩᠭᠤᠶ᠎ᠠ ᠨᠢᠳᠤᠨᠤᠨ ᠵᠢᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠦᠭᠦ ᠤᠯᠤᠰ ᠤᠨ ᠳᠤᠮᠳᠠ ᠲᠦᠪᠰᠢᠨ ᠳᠤ ᠣᠷᠣᠭᠰᠠᠨ ᠨᠢ | ᠬᠥᠮᠥᠰ ᠢ ᠤᠷᠮᠠᠰᠢᠭᠤᠯᠵᠤ ᠪᠤᠢ᠃ ᠪᠢᠳᠡ ᠯᠠᠪᠲᠠᠢ ᠭᠢᠯᠪᠠᠷ ᠪᠤᠰᠤ ᠪᠠᠷ ᠢᠷᠡᠭᠰᠡᠨ ᠰᠠᠶᠢᠨ ᠰᠠᠶᠢᠬᠠᠨ ᠪᠠᠶᠢᠳᠠᠯ ᠢ ᠮᠠᠰᠢ ᠨᠠᠨᠳᠢᠩᠨᠠᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠢ ᠪᠦᠭᠦ ᠬᠦᠴᠦᠨ ᠢᠶᠠᠷ ᠢᠶᠠᠨ ᠳᠡᠮᠵᠢᠵᠦ᠂ ᠥᠪᠥᠷ ᠮᠣᠩᠭᠤᠯ ᠤᠨ ᠬᠥᠭᠵᠢᠯᠲᠡ ᠳᠤ | ᠦᠷᠭᠦᠯᠵᠢᠯᠡᠨ ᠬᠤᠪᠢ ᠨᠡᠮᠡᠷᠢ ᠦᠵᠡᠭᠦᠯᠵᠦ᠂ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ | | | | | | | | |