2024 ᠣᠨ ᠤ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2025/1/24
          2024 ᠣᠨ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠷᠦ ᠶᠢᠨ ᠪᠣᠳᠣᠯᠭ᠎ᠠ ᠶᠢᠨ ᠦᠷ᠎ᠡ ᠪᠦᠲᠦᠮᠵᠢ ᠦᠷᠭᠦᠯᠵᠢᠯᠡᠨ ᠢᠯᠡᠷᠡᠵᠦ᠂ ᠠᠵᠤ ᠦᠢᠯᠡᠳᠪᠦᠷᠢ ᠶᠢᠨ ᠠᠵᠤ ᠠᠬᠤᠢ ᠳᠠᠷᠤᠯᠲᠠ ᠶᠢ ᠳᠠᠭᠠᠭᠠᠨ ᠠᠵᠢᠯᠯᠠᠵᠤ᠂ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠦᠷᠭᠦᠯᠵᠢᠯᠡᠨ ᠢᠯᠡᠷᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠶᠡᠷᠦᠩᠬᠡᠢ ᠳᠡᠭᠡᠨ ᠳᠡᠭᠡᠭᠰᠢᠯᠡᠵᠦ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠳᠤ ᠰᠠᠶᠢᠨ ᠪᠠᠶᠢᠳᠠᠯ ᠢᠯᠡᠷᠡᠪᠡ᠃          ᠬᠤᠰᠢᠭᠤ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠤ ᠰᠢᠨ᠎ᠡ ᠪᠠᠷᠭᠤ ᠵᠡᠭᠦᠨ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 37.4 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.1%᠎ ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 15.49 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 5.61 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 16.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 5.1%᠎ ᠪᠠᠷ ᠨᠡᠮᠡᠭᠳᠡᠪᠡ᠃          ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠵᠤ ᠠᠵᠢᠯᠯᠠᠪᠠ          2024 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18%᠎ ᠪᠠᠷ ᠪᠠᠭᠤᠷᠠᠪᠠ᠃ ᠴᠠᠬᠢᠯᠭᠠᠨ ᠭᠠᠷᠭᠠᠭᠰᠠᠨ ᠬᠡᠮᠵᠢᠶ᠎ᠡ 23173.28 ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6%᠎ ᠪᠠᠷ ᠪᠠᠭᠤᠷᠠᠪᠠ︔ ᠰᠢᠨ᠎ᠡ ᠰᠣᠷᠭᠤᠭ᠂ ᠬᠥᠯᠳᠡᠭᠡᠨ ᠬᠠᠳᠠᠭᠠᠯᠠᠭᠰᠠᠨ ᠮᠢᠬᠠᠨ ᠤ ᠭᠠᠷᠤᠯᠲᠠ 2992.1 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.3% ᠎ ᠪᠠᠷ ᠨᠡᠮᠡᠭᠳᠡᠪᠡ︔ ᠴᠠᠭᠠᠨ ᠢᠳᠡᠭᠡᠨ ᠤ ᠭᠠᠷᠤᠯᠲᠠ 2063 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 46.0% ᠎ ᠪᠠᠷ ᠪᠠᠭᠤᠷᠠᠪᠠ᠃          ᠬᠤᠶᠠᠷ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ          2024 ᠣᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠎ ᠬᠢ ᠠᠴᠠ 22%᠎ ᠢᠶᠠᠷ ᠨᠡᠮᠡᠭᠳᠡᠪᠡ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.2% ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 6.9 ᠳᠠᠬᠢᠨ ᠨᠡᠮᠡᠭᠳᠡᠵᠡᠢ᠃ ᠲᠣᠰ ᠵᠢᠯ ᠤᠨ ᠪᠠᠷᠢᠯᠭ᠎ᠠ ᠶᠢᠨ ᠲᠥᠷᠥᠯ ᠵᠦᠢᠯ 65 ᠪᠠᠶᠢᠵᠤ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 8᠂ 500 ︱ 5000 ᠲᠦᠮᠡᠨ ᠲᠥᠭᠦᠷᠢᠭ ᠤᠨ ᠲᠥᠷᠥᠯ ᠵᠦᠢᠯ 53᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 4 ᠪᠣᠶ᠃ 2024 ᠣᠨ ᠳᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ 7340 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.6%᠎ ᠪᠠᠷ ᠨᠡᠮᠡᠭᠳᠡᠨ᠂ ᠪᠣᠷᠣᠯᠠᠭᠤᠯᠤᠯᠲᠠ ᠶᠢᠨ ᠬᠡᠮᠵᠢᠶ᠎ᠡ 2390 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.7%᠎ ᠪᠠᠷ ᠨᠡᠮᠡᠭᠳᠡᠪᠡ᠃          ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠪᠡ          2024 ᠣᠨ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 7.02 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9%᠎ ᠢᠶᠠᠷ ᠨᠡᠮᠡᠭᠳᠡᠵᠡᠢ᠃          ᠳᠥᠷᠪᠡ᠂ ᠡᠳ᠋ ᠤᠨ ᠵᠠᠰᠠᠭ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ          2024 ᠣᠨ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 14089 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4%᠎ ᠪᠠᠷ ᠪᠠᠭᠤᠷᠠᠪᠠ᠂ ᠡᠭᠦᠨ ᠳᠤ ᠭᠠᠶᠢᠯᠢ ᠶᠢᠨ ᠣᠷᠣᠯᠭ᠎ᠠ 6190 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 5.7%᠎ ᠪᠠᠷ ᠪᠠᠭᠤᠷᠠᠪᠠ︔ ᠭᠠᠶᠢᠯᠢ ᠶᠢᠨ ᠪᠤᠰᠤ ᠣᠷᠣᠯᠭ᠎ᠠ 7899 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.1%᠎ ᠪᠠᠷ ᠪᠠᠭᠤᠷᠠᠪᠠ᠃ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 147276 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 13.6% ᠨᠡᠮᠡᠭᠳᠡᠪᠡ᠃          ᠲᠠᠪᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠠᠵᠢᠯᠯᠠᠭᠠᠨ ᠯᠠᠪᠳᠠᠭᠤᠨ ᠲᠣᠭᠲᠠᠭᠤᠨ ᠪᠠᠶᠢᠨ᠎ᠠ          2024 ᠣᠨ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 152283 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8%᠎ ᠪᠠᠷ ᠨᠡᠮᠡᠭᠳᠡᠪᠡ᠃ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 129513 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠨᠡᠮᠡᠭᠳᠡᠪᠡ︔ ᠳᠡᠯᠭᠡᠷᠡᠩᠭᠦᠢ ᠤᠳᠬ᠎ᠠ ᠎ ᠶᠢᠨ ᠵᠠᠰᠠᠭ ᠤᠨ ᠣᠷᠳᠣᠨ ᠤ ᠬᠠᠳᠠᠭᠠᠯᠠᠮᠵᠢ 17786 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠳᠣᠷᠣᠭᠰᠢᠯᠠᠵᠠᠢ᠃ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 126895 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ13%᠎ ᠪᠠᠷ ᠨᠡᠮᠡᠭᠳᠡᠪᠡ᠃ ᠡᠭᠦᠨ ᠳᠤ᠄ ᠰᠠᠭᠤᠭᠠᠯᠢ ᠡᠷᠦᠬᠡ ᠶᠢᠨ ᠵᠢᠭᠡᠯᠡᠯᠭᠡ 114508 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.3% ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠵᠢᠴᠢ ᠪᠠᠶᠢᠭᠤᠯᠤᠯᠭ᠎ᠠ ᠪᠦᠯᠬᠦᠮ ᠤᠨ ᠵᠢᠭᠡᠯᠡᠯᠭᠡ 12387 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.9%᠎ ᠪᠠᠷ ᠪᠠᠭᠤᠷᠠᠪᠠ᠃          ᠶᠡᠷᠦᠩᠬᠡᠢ ᠳᠤᠨᠢ ᠠᠪᠴᠤ ᠦᠵᠡᠪᠡᠯ᠂ 2024 ᠣᠨ ᠳᠤ᠂ ᠪᠥᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠲᠣᠭᠲᠠᠭᠤᠨ ᠪᠠᠶᠢᠬᠤ ᠶᠢᠨ ᠳᠤᠮᠳᠠ ᠤᠷᠤᠭᠰᠢᠯᠠᠵᠤ᠂ ᠥᠭᠡᠳᠡᠯᠡᠨ ᠰᠠᠶᠢᠵᠢᠷᠠᠪᠠ᠃ ᠡᠭᠦᠨ ᠤ ᠬᠠᠮᠲᠤ᠂ ᠣᠳᠣᠬᠠᠨ ᠤ ᠳᠣᠲᠣᠭᠠᠳᠤ ᠭᠠᠳᠠᠭᠠᠳᠤ ᠣᠷᠴᠢᠨ ᠨᠥᠬᠦᠴᠡᠯ ᠨᠠᠷᠢᠨ ᠪᠤᠳᠤᠯᠢᠶᠠᠨᠲᠠᠢ᠂ ᠲᠣᠭᠲᠠᠭᠤᠨ ᠪᠤᠰᠤ ᠲᠣᠭᠲᠠᠭᠠᠯᠲᠤ ᠪᠤᠰᠤ ᠬᠦᠴᠦᠨ ᠵᠦᠢᠯ ᠮᠥᠨ ᠯᠡ ᠮᠠᠰᠢ ᠤᠯᠠᠨ ᠪᠠᠶᠢᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠰᠠᠭᠤᠷᠢ ᠶᠢ ᠪᠠᠰᠠ ᠤᠯᠠᠮ ᠨᠢᠭᠡ ᠠᠯᠬᠤᠮ ᠪᠠᠬᠢᠵᠢᠭᠦᠯᠬᠦ ᠴᠢᠬᠤᠯᠠᠲᠠᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠢᠷᠡᠭᠡᠳᠦᠢ ᠳᠤ ᠪᠠᠰᠠ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠮᠡᠯ ᠴᠡᠭ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠲᠦᠷᠭᠡᠨ ᠪᠣᠶᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠬᠤ ᠬᠡᠷᠡᠭᠲᠡᠢ᠃ 2025 ᠣᠨ ᠤ ᠪᠥᠬᠦ ᠵᠢᠯ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠨᠢᠭᠡᠳᠦᠭᠡᠷ ᠤᠯᠠᠷᠢᠯ ᠤᠨ ᠰᠠᠶᠢᠨ ᠡᠬᠢᠯᠡᠯᠲᠡ ᠶᠢ ᠦᠷᠭᠦᠯᠵᠢᠯᠡᠨ ᠠᠬᠢᠭᠤᠯᠵᠤ᠂ ᠲᠦᠷᠦᠭᠦᠸ ᠬᠠᠭᠠᠰ ᠵᠢᠯ ᠤᠨ ᠲᠣᠭᠲᠠᠭᠤᠨ ᠤ ᠳᠤᠮᠳᠠ ᠰᠢᠯᠢᠳᠡᠭ ᠢᠶᠠᠷ ᠤᠷᠤᠭᠰᠢᠯᠠᠭᠰᠠᠨ ᠰᠠᠭᠤᠷᠢᠨ ᠳᠡᠭᠡᠷ᠎ᠡ᠂ ᠦᠷᠭᠦᠯᠵᠢᠯᠡᠨ ᠯᠠᠪᠳᠠᠭᠤᠨ ᠲᠣᠭᠲᠠᠭᠤᠨ ᠢᠶᠠᠷ ᠠᠵᠢᠯᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ