ᠰᠦᠨ ᠱᠤᠤ ᠴᠧᠩ ᠭᠦᠭᠡᠬᠤᠲᠠ ᠳᠤ ᠪᠣᠳᠣᠯᠲᠠ ᠶᠢᠨ ᠬᠦᠴᠦᠨ ᠤ ᠠᠵᠤ ᠦᠢᠯᠡᠰ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/3
          1 ᠳ᠋ᠦ᠋ᠭᠡᠷ ᠰᠠᠷ᠎ᠠ ᠶᠢᠨ 2᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠪᠣᠳᠣᠯᠲᠠ ᠶᠢᠨ ᠬᠦᠴᠦᠨ ᠤ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃
2.jpg
          ᠰᠦᠨ ᠱᠤᠤ ᠴᠧᠩ ᠤᠷᠢᠳ ᠬᠤᠵᠢᠳ ᠳᠤᠮᠳᠠᠳᠤ ᠤᠯᠤᠰ ᠤᠨ ᠨᠡᠭᠦᠳᠡᠯ ᠳ᠋ᠠᠶᠢᠲ᠋ᠠ ᠶᠢᠨ ᠲᠥᠪ᠂ ᠬᠤᠷᠢᠨᠭᠡᠷ ᠤᠨ ᠳ᠋ᠠᠶᠢᠲ᠋ᠠ ᠶᠢᠨ ᠲᠣᠮᠣ ᠠᠰᠠᠷ ᠲᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠲᠥᠷᠥᠯ ᠵᠦᠢᠯ ᠤᠨ ᠠᠵᠢᠯᠴᠢᠨ ᠬᠡᠷᠡᠭᠯᠡᠬᠦ᠂ ᠭᠠᠵᠠᠷ ᠬᠡᠷᠡᠭᠯᠡᠬᠦ᠂ ᠴᠠᠭᠢᠯᠭᠠᠨ ᠬᠡᠷᠡᠭᠯᠡᠬᠦ ᠪᠠ ᠡᠵᠡᠩᠨᠡᠯᠲᠡ ᠶᠢᠨ ᠦᠷ᠎ᠡ ᠠᠰᠢᠭ ᠵᠡᠷᠭᠡ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠵᠠᠢ᠃          ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ᠂ ᠪᠣᠳᠣᠯᠲᠠ ᠶᠢᠨ ᠬᠦᠴᠦᠨ ᠤ ᠠᠵᠤ ᠦᠢᠯᠡᠰ ᠢ ᠬᠥᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ ᠴᠢᠬᠤᠯᠠ ᠴᠢᠭᠯᠡᠯ ᠪᠣᠯᠣᠨ᠎ᠠ᠃ ᠭᠦᠭᠡᠬᠤᠲᠠ ᠶᠢᠨ ᠪᠣᠳᠣᠯᠲᠠ ᠶᠢᠨ ᠬᠦᠴᠦᠨ ᠤ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ᠂ ᠲᠠᠷᠠᠭᠠᠴᠢ ᠶᠢᠨ ᠠᠯᠬᠤᠮ ᠳᠤ ᠨᠠᠩ ᠰᠠᠶᠢᠲᠤᠷ ᠬᠢᠵᠦ᠂ ᠭᠤᠣᠯᠳᠠᠭᠤ ᠬᠡᠯᠬᠢᠶ᠎ᠡ ᠶᠢ ᠤᠷᠲᠤᠳᠬᠠᠬᠤ᠂ ᠨᠡᠮᠡᠯᠲᠡ ᠥᠷᠲᠡᠭ ᠢ ᠨᠡᠮᠡᠭᠳᠡᠭᠦᠯᠬᠦ ᠳᠡᠭᠡᠷ᠎ᠡ ᠬᠦᠴᠦ ᠣᠷᠣᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠦᠷ᠎ᠡ ᠠᠰᠢᠭ ᠢ ᠡᠷᠬᠢᠮᠯᠡᠵᠦ᠂ ᠠᠷᠭ᠎ᠠ ᠪᠦᠭᠦᠨ ᠢ ᠰᠦᠪᠡᠭᠴᠢᠯᠡᠨ ᠮᠦ ᠪᠦᠷᠢ ᠶᠢᠨ ᠳᠤᠮᠳᠠᠴᠢ ᠦᠢᠯᠡᠳᠪᠦᠷᠢᠯᠡᠯ ᠤᠨ ᠦᠷᠲᠡᠭ᠂ ᠮᠦ ᠪᠦᠷᠢ ᠶᠢᠨ ᠳᠤᠮᠳᠠᠴᠢ ᠭᠠᠶᠢᠯᠢ ᠶᠢᠨ ᠣᠷᠣᠯᠭ᠎ᠠ ᠶᠢ ᠳᠡᠭᠡᠭᠰᠢᠯᠡᠭᠦᠯᠵᠦ᠂ ᠪᠣᠳᠣᠯᠲᠠ ᠶᠢᠨ ᠬᠦᠴᠦᠨ ᠤ ᠠᠵᠤ ᠦᠢᠯᠡᠰ ᠠᠴᠠ ᠠᠵᠤ ᠠᠬᠤᠢ ᠶᠢᠨ ᠨᠡᠮᠡᠭᠳᠡᠯ᠂ ᠡᠳ᠋ ᠤᠨ ᠵᠠᠰᠠᠭ ᠤᠨ ᠣᠷᠣᠯᠭ᠎ᠠ᠂ ᠤᠯᠠᠨ ᠲᠦᠮᠡᠨ ᠤ ᠠᠵᠢᠯ ᠣᠯᠭᠤᠯᠲᠠ ᠳᠤ ᠦᠵᠡᠭᠦᠯᠭᠦ ᠬᠤᠪᠢ ᠨᠡᠮᠡᠷᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠪᠡᠭᠡᠵᠢᠩ ᠯᠦᠭᠡ ᠶᠢᠨ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠡᠭᠡᠵᠢᠩ ᠤᠨ ᠬᠦᠴᠦᠨ ᠢ ᠠᠰᠢᠭᠯᠠᠨ ᠪᠣᠳᠣᠯᠲᠠ ᠶᠢᠨ ᠬᠦᠴᠦᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃
3.jpg
          ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ︽ᠨᠢᠭᠡ ᠭᠤᠣᠯ ᠰᠢᠵᠢᠮ︾᠎ ᠢ ᠲᠤᠭᠤᠰᠢᠯᠠᠭᠤᠯᠬᠤ᠂ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾᠎ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾᠎ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾᠎ ᠶᠢ ᠥᠷᠨᠢᠭᠦᠯᠬᠦ ᠵᠡᠷᠭᠡ ᠨᠢ ᠴᠥᠮ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠬᠤ ᠪᠣᠳᠠᠲᠠᠢ ᠰᠡᠳᠬᠢᠴᠡ ᠪᠠ ᠠᠷᠭ᠎ᠠ ᠬᠡᠮᠵᠢᠶ᠎ᠡ ᠪᠣᠯᠣᠨ᠎ᠠ᠃ ︽ᠵᠢᠷᠭᠤᠭᠠᠨ ᠠᠵᠢᠯᠯᠠᠭ᠎ᠠ︾ ᠪᠣᠯ ᠨᠢᠭᠲᠠ ᠬᠤᠯᠪᠤᠭ᠎ᠠ ᠲᠠᠢ ᠣᠷᠭᠠᠨᠢᠭ ᠪᠦᠬᠦᠯᠢ ᠴᠣᠭᠴᠠ ᠮᠥᠨ᠂ ᠡᠯ᠎ᠡ ᠠᠵᠢᠯ ᠲᠥᠷᠥᠯ᠂ ᠡᠯ᠎ᠡ ᠰᠢᠰᠲ᠋ᠧᠮ᠂ ᠡᠯ᠎ᠡ ᠨᠢᠭᠡᠴᠢ ᠪᠣᠯᠣᠨ ᠡᠯ᠎ᠡ ᠲᠥᠷᠥᠯ ᠵᠦᠢᠯ ᠨᠢ ᠴᠥᠮ ᠭᠠᠷᠳᠠᠬᠤ ᠴᠡᠭ ᠢᠶᠠᠨ ᠣᠨᠣᠪᠴᠢᠲᠠᠶ ᠡᠷᠢᠵᠦ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠨ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠥᠪᠡᠷ ᠥᠪᠡᠷ ᠤᠨ ᠬᠢ ᠪᠠᠨ ᠬᠢᠵᠦ᠂ ᠠᠰ ᠠᠰ ᠲᠠᠭᠠᠨ ᠲᠤᠯᠤᠯᠳᠤᠬᠤ ᠶᠢ ᠰᠡᠷᠭᠡᠶᠢᠯᠡᠬᠦ ᠬᠡᠷᠡᠭᠲᠡᠢ᠃ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠪᠣᠯᠣᠨ ᠪᠦᠲᠦᠮᠵᠢᠲᠡᠢ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠵᠠᠬ᠎ᠠ ᠳᠡᠯᠭᠡᠭᠦᠷ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠨᠡᠩ ᠰᠠᠶᠢᠲᠤᠷ ᠲᠦᠰᠢᠭᠯᠡᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ ᠪᠣᠯᠣᠨ ᠤᠯᠠᠨ ᠲᠦᠮᠡᠨ ᠳᠤ ᠦᠢᠯᠡᠴᠢᠯᠡᠬᠦ ︽ᠭᠤᠷᠪᠠᠨ ᠲᠦᠪᠰᠢᠨ︾᠎ ᠢ ᠳᠡᠭᠡᠭᠰᠢᠯᠡᠭᠦᠯᠭᠦ ᠬᠡᠷᠡᠭᠲᠡᠢ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ ᠴᠤᠭ ᠵᠣᠷᠢᠭ ᠢ ᠲᠠᠰᠤᠷᠠᠯᠳᠠ ᠦᠭᠡᠢ ᠬᠥᠪᠴᠢᠯᠡᠬᠦ ᠬᠡᠷᠡᠭᠲᠡᠢ ᠭᠡᠵᠦ ᠬᠡᠯᠡᠪᠡ᠃          ᠪᠦᠦ ᠭᠠᠩ᠂ ᠢᠦᠢ ᠯᠢ ᠰᠢᠨ᠂ ᠪᠦᠦ ᠰᠢᠶᠠᠨ ᠬᠤᠸᠠ ᠣᠷᠣᠯᠴᠠᠵᠠᠢ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ