12 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠡᠨᠧᠷᠭᠢ ᠶᠢᠨ | ᠨᠡᠭᠦᠷᠡᠰᠦᠲᠥ᠋ᠷᠥᠭᠴᠢ ᠬᠤᠷᠠᠭᠤᠯᠬᠤ ᠪᠣᠬᠢᠷᠲᠤᠯ ᠦᠭᠡᠢ ᠬᠥᠭᠵᠢᠯᠲᠡ ᠶᠢᠨ ᠬᠠᠮᠲᠤᠷᠠᠯᠴᠠᠭᠠᠨ ᠤ ᠲᠣᠭᠲᠠᠴᠠ ᠶᠢ ᠡᠬᠢᠯᠡᠭᠦᠯᠬᠦ ᠬᠤᠷᠠᠯ ᠬᠢᠭᠡᠳ ᠣᠶᠢᠵᠢᠭᠤᠯᠤᠯᠲᠠ ᠶᠢᠨ | ᠨᠡᠭᠦᠷᠡᠰᠦᠲᠥ᠋ᠷᠥᠭᠴᠢ ᠬᠤᠷᠠᠭᠤᠯᠬᠤ ᠶᠢᠨ ᠠᠷᠠᠯᠵᠢᠶᠠᠯᠠᠬᠤ ᠵᠥᠪᠯᠡᠯᠴᠡᠭᠡᠷ ᠲᠣᠬᠢᠷᠠᠯᠴᠠᠬᠤ ᠶᠣᠰᠣᠯᠠᠯ ᠬᠥᠬᠡᠬᠤᠲᠠ ᠳᠤ ᠶᠠᠪᠤᠭᠳᠠᠪᠠ᠃ ᠲᠤᠰ ᠬᠤᠷᠠᠯ ᠳᠡᠭᠡᠷ᠎ᠡ᠂ ᠮᠧᠩ | ᠨᠧᠩ ᠪᠦᠯᠦᠭᠯᠡᠯ ᠨᠢ ᠬᠥᠬᠡᠬᠤᠲᠠ ᠶᠢᠨ᠂ ᠪᠤᠭᠤᠲᠤ ᠬᠤᠲᠠ ᠶᠢᠨ ᠪᠠ ᠬᠢᠩᠭᠠᠨ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠯᠤᠭ᠎ᠠ ᠲᠣᠰ | ᠲᠣᠰ ︽ᠣᠶ ᠰᠢᠭᠤᠢ ᠪᠠ ᠨᠤᠲᠤᠭ ᠪᠡᠯᠴᠢᠭᠡᠷ ᠤᠨ ᠡᠨᠧᠷᠭᠢ ᠶᠢᠨ ᠨᠡᠭᠦᠷᠡᠰᠦᠲᠥ᠋ᠷᠥᠭᠴᠢ ᠬᠤᠷᠠᠭᠤᠯᠬᠤ ᠪᠣᠬᠢᠷᠲᠤᠯ ᠦᠭᠡᠢ ᠬᠥᠭᠵᠢᠯᠲᠡ ᠶᠢᠨ ᠬᠠᠮᠲᠤᠷᠠᠯᠴᠠᠭᠠᠨ ᠤ | ᠪᠦᠳᠦᠭᠦᠪᠴᠢ ᠵᠥᠪᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠨᠡᠭᠦᠷᠡᠰᠦᠲᠥ᠋ᠷᠥᠭᠴᠢ ᠬᠤᠷᠠᠭᠤᠯᠬᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠤᠭᠤᠲᠤ ᠬᠤᠲᠠ ᠶᠢᠨ ᠤᠯᠤᠰ ᠤᠨ ᠥᠮᠴᠢᠯᠡᠯᠲᠦ ᠬᠥᠷᠥᠩᠭᠡ ᠮᠥᠩᠭᠦ ᠶᠢᠨ | ᠡᠵᠡᠩᠨᠡᠯᠲᠡ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ᠂ ᠬᠦᠷᠢᠶ᠎ᠡ ᠬᠤᠰᠢᠭᠤᠨ ᠤ ᠱᠧᠩ ᠯᠢᠨ ᠲᠠᠷᠢᠶᠠᠯᠠᠩ ᠮᠠᠯ ᠠᠵᠤ ᠠᠬᠤᠢ ᠪᠠ ᠰᠣᠶᠣᠯ ᠵᠢᠭᠤᠯᠴᠢᠯᠠᠯ ᠤᠨ ᠪᠡᠯᠡ | ᠣᠷᠣᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠯᠤᠭ᠎ᠠ ᠲᠣᠰ ᠲᠣᠰ ︽ᠤᠯᠤᠰ ᠤᠨ ᠬᠢᠨᠠᠨ ᠵᠥᠪᠰᠢᠶᠡᠷᠡᠯ ᠲᠠᠢ ᠪᠠᠷ ᠦᠨᠡᠮᠯᠡᠯ | ᠣᠯᠣᠭᠤᠭᠰᠠᠨ ᠰᠠᠶᠢᠨ ᠳᠤᠷ᠎ᠠ ᠠᠴᠠ ᠪᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠤᠭᠰᠠᠨ ᠬᠡᠮᠵᠢᠶ᠎ᠡ ᠶᠢ ᠪᠠᠭᠠᠰᠬᠠᠬᠤ ᠶᠢ ᠬᠤᠳᠠᠯᠳᠤᠨ ᠠᠪᠬᠤ ᠪᠣᠷᠣᠯᠠᠭᠤᠯᠬᠤ ᠭᠡᠷ᠎ᠡ︾ | ᠳᠤ ᠭᠠᠷ ᠤᠨ ᠥᠰᠥᠭ ᠵᠢᠷᠤᠵᠤ᠂ ᠭᠡᠷ᠎ᠡ ᠶᠢᠨ ᠶᠡᠷᠦᠩᠬᠡᠢ ᠥᠷᠲᠡᠭ ᠨᠢ ᠪᠠᠷᠤᠭ 2100 ᠲᠦᠮᠡᠨ ᠲᠥᠭᠦᠷᠢᠭ ᠲᠤ ᠬᠦᠷᠴᠡᠢ᠃ ︵ᠣᠢ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ︶ |