ᠨᠢᠭᠡ ᠬᠠᠭᠤᠳᠠᠰᠤ ︽ᠡᠪᠡᠰᠦᠨ ᠤ ᠪᠢᠯᠧᠲ︾ ᠠᠴᠠ ᠤᠴᠢᠷᠯᠠᠬᠤ ᠨᠢ
ᠨᠡᠶᠢᠲᠡᠯᠡᠭᠰᠡᠨ ᠴᠠᠭ᠄
2025/1/3
          ᠨᠠᠶᠢᠷᠠᠭᠤᠯᠤᠭᠴᠢ ᠶᠢᠨ ᠦᠭᠡ᠄          ᠰᠢᠨ᠎ᠡ ᠣᠨ᠂ ᠰᠢᠨ᠎ᠡ ᠡᠬᠢᠯᠡᠯ᠂ ᠰᠢᠨ᠎ᠡ ᠬᠦᠰᠡᠯ ᠲᠡᠮᠡᠦᠯᠦᠯ᠂ ᠰᠢᠨ᠎ᠡ ᠵᠢᠳᠬᠦᠯ ᠴᠢᠷᠮᠠᠶᠢᠯᠭ᠎ᠠ᠃ ᠠᠮᠵᠢᠯᠲᠠ ᠳᠦᠭᠦᠷᠡᠩ 2024 ᠣᠨ ᠢᠶᠠᠨ ᠪᠠᠶᠠᠷᠲᠠᠢ ᠦᠳᠡᠵᠦ᠂ ᠬᠦᠰᠡᠯ ᠬᠤᠷᠤᠶᠢᠯᠠᠭᠰᠠᠨ 2025 ᠣᠨ ᠢᠶᠠᠨ ᠬᠦᠰᠡᠨ ᠤᠭᠲᠤᠬᠤ ᠲᠠᠰᠢᠷᠠᠮ ᠢᠶᠠᠷ ᠥᠪᠥᠷ ᠮᠣᠩᠭᠤᠯ ᠤᠨ ᠡᠳᠦᠷ ᠤᠨ ᠰᠣᠨᠢᠨ ᠤ ︽ᠡᠭᠦᠯᠡᠨ ᠭᠦᠯᠦᠭ︾ ᠨᠢᠭᠤᠷ ᠮᠠᠨᠢ ᠠᠭᠤᠯᠭ᠎ᠠ ᠭᠡᠯᠪᠡᠷᠢ ᠳᠡᠭᠡᠨ ᠰᠢᠨ᠎ᠡ ᠪᠠᠷ ᠲᠣᠬᠢᠷᠠᠭᠤᠯᠤᠯᠲᠠ ᠬᠢᠵᠦ᠂ ᠰᠢᠨ᠎ᠡ ᠳᠦᠷᠢ ᠲᠥᠷᠬᠦ ᠪᠠᠷ ᠤᠩᠰᠢᠬᠴᠢ ᠲᠦᠮᠡᠨ ᠲᠠᠢ ᠪᠠᠨ ᠵᠣᠯᠭᠠᠬᠤ ᠪᠠᠷ ᠪᠣᠯᠣᠯ᠎ᠠ᠃ ᠪᠦᠷᠢᠨ ᠵᠠᠭᠤᠴᠢᠯᠠᠭᠤᠷ ᠤᠨ ᠴᠠᠭ ᠡᠷᠡᠨ ᠳᠤ᠂ ᠵᠠᠭᠤᠴᠢᠯᠠᠭᠤᠷ ᠤᠨ ᠠᠭᠤᠰᠤᠯᠴᠠᠯ ᠢ ᠰᠠᠶᠢᠲᠤᠷ ᠠᠬᠢᠭᠤᠯᠵᠤ᠂ ᠭᠤᠣᠯᠯᠠᠭᠴᠢ ᠮᠡᠳᠡᠭᠡᠯᠡᠯ ᠤᠨ ᠶᠠᠷᠢᠶ᠎ᠠ ᠬᠡᠯᠡᠯᠴᠡᠭᠡᠨ ᠤ ᠨᠥᠯᠥᠭᠡ ᠲᠤᠰᠬᠠᠯ ᠢ ᠳᠡᠭᠡᠭᠰᠢᠯᠡᠭᠦᠯᠭᠦ ᠡᠭᠦᠳᠡᠨ ᠠᠴᠠ ︽ᠡᠭᠦᠯᠡᠨ ᠭᠦᠯᠦᠭ︾ ᠮᠠᠨᠢ ︽ᠡᠭᠦᠯᠡᠨ ᠭᠦᠯᠦᠭ· ᠭᠤᠷᠪᠠᠨ ᠱᠠᠲᠤᠨ ᠤ ᠬᠤᠯᠪᠣᠭᠠᠯᠠᠯ︾ ᠬᠡᠮᠡᠬᠦ ᠰᠢᠨ᠎ᠡ ᠨᠡᠷ᠎ᠡ ᠬᠠᠭᠤᠳᠠᠰᠤ ᠪᠠᠷ᠂ᠪᠦᠭᠦ ᠣᠷᠣᠨ ᠤ ᠠᠶᠢᠮᠠᠭ ᠬᠤᠲᠠ᠂ ᠬᠤᠰᠢᠭᠤ ᠰᠢᠶᠠᠨ ᠤ ᠬᠠᠮ ᠵᠠᠭᠤᠴᠢᠯᠠᠭᠤᠷ ᠤᠨ ᠲᠥᠪ ᠲᠠᠢ ᠬᠤᠯᠪᠣᠭᠠᠯᠠᠵᠤ᠂ ᠮᠠᠨ ᠤ ᠣᠷᠣᠨ ᠤ ᠤᠯᠤᠰ ᠳᠣᠷᠣ᠂ ᠠᠵᠤ ᠠᠬᠤᠢ᠂ ᠰᠤᠷᠭᠠᠨ ᠬᠥᠮᠦᠵᠢᠯ᠂ ᠨᠡᠶᠢᠭᠡᠮ ᠠᠮᠢᠳᠤᠷᠠᠯ᠂ ᠠᠮᠢ ᠠᠬᠤᠢ ᠵᠢᠭᠤᠯᠴᠢᠯᠠᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠢᠴᠢ ᠨᠡᠶᠢᠭᠡᠮ ᠤᠨ ᠡᠶ᠎ᠡ ᠨᠠᠶᠢᠷᠠᠮᠳᠠᠭᠤ ᠪᠠᠶᠢᠳᠠᠯ ᠵᠡᠷᠭᠡ ᠤᠯᠠᠨ ᠲᠠᠯ᠎ᠠ ᠶᠢᠨ ᠬᠤᠪᠢᠷᠠᠯᠲᠠ ᠬᠥᠭᠵᠢᠯᠲᠡ᠂ ᠠᠮᠵᠢᠯᠲᠠ ᠪᠦᠲᠦᠮᠵᠢ ᠶᠢ ᠲᠠ ᠪᠦᠭᠦᠨ ᠳᠡᠭᠡᠨ ᠬᠦᠷᠭᠡᠬᠦ ᠪᠠᠷ ᠪᠡᠯᠡᠬᠡᠨ ᠪᠣᠯᠵᠤ ᠪᠠᠶᠢᠭ᠎ᠠ᠃ ᠲᠠ ᠪᠦᠭᠦᠨ ᠮᠠᠨᠢ ᠠᠩᠬᠠᠷᠤᠯ ᠢᠶᠠᠨ ᠬᠠᠨᠳᠤᠭᠤᠯᠬᠤ ᠪᠣᠯᠪᠠᠤ︕          ᠮᠥᠩᠭᠦᠨ ᠡᠪᠦᠯ ᠤᠨ ᠳᠠᠷᠬᠠᠨ ᠮᠤᠤᠮᠢᠩᠭᠠᠨ ᠤ ᠲᠠᠯ᠎ᠠ ᠨᠤᠲᠤᠭ ᠴᠠᠰᠤᠨ ᠡᠮᠦᠰᠬᠡᠯ ᠢᠶᠠᠷ ᠬᠤᠴᠢᠭᠳᠠᠵᠤ᠂ ᠪᠠᠶᠢᠭᠠᠯᠢ ᠳᠡᠯᠡᠬᠡᠢ ᠶᠢᠨ ᠵᠢᠮ᠎ᠡ ᠪᠠᠷ ᠬᠥᠮᠥᠨ ᠠᠷᠠᠳ ᠨᠢ ᠦᠩᠰᠢᠭ ᠡᠪᠦᠯᠵᠢᠭᠰᠡᠨ ᠥᠩ ᠲᠠᠢ ᠡᠪᠦᠯ ᠪᠣᠯᠵᠤ ᠪᠠᠶᠢᠭ᠎ᠠ ᠲᠠᠰᠢᠷᠠᠮ ᠢᠶᠠᠷ ᠪᠢᠳᠡ ᠪᠦᠭᠦ ᠤᠯᠤᠰ ᠤᠨ ᠠᠩᠬᠠᠳᠠᠭᠴᠢ ︽ᠡᠪᠡᠰᠦᠨ ᠤ ᠪᠢᠯᠧᠲ︾ ᠢ ᠭᠠᠷᠲᠠᠭᠰᠠᠨ ᠳᠠᠷᠬᠠᠨ ᠰᠤᠮᠤᠨ ᠤ ᠠᠯᠲᠠᠠᠲᠤᠭ ᠭᠠᠴᠠᠭᠠᠨ ᠤ ᠮᠠᠯᠴᠢᠨ ᠬᠥᠬᠡ ᠶᠢᠨ ᠬᠢ ᠶᠢ ᠵᠣᠷᠢᠯ᠎ᠠ᠃ ᠲᠡᠳᠡᠨ ᠤ 4888.8 ᠮᠦ ᠪᠡᠯᠴᠢᠭᠡᠷ ᠢ ᠪᠢᠯᠸᠲᠴᠢᠯᠡᠵᠦ᠂ ᠭᠠᠴᠠᠭᠠᠨ ᠤ ᠬᠢᠨᠢ ᠭᠤᠷᠪᠠᠨ ᠮᠠᠯᠴᠢᠨ ᠪᠠᠰᠠ ᠲᠡᠭᠦᠨ ᠲᠠᠢ ᠬᠠᠮᠲᠤ ︽ᠡᠪᠡᠰᠦᠨ ᠤ ᠪᠢᠯᠧᠲ︾ ᠢ ᠭᠠᠷᠲᠠᠭᠰᠠᠨ ᠪᠠᠶᠢᠨ᠎ᠠ᠃ 
1.png
           ᠮᠠᠯᠴᠢᠨ ᠬᠥᠬᠡ ᠡᠪᠡᠰᠦᠨ ᠤ ᠪᠢᠯᠧᠲ ᠢᠶᠠᠨ ᠭᠠᠷᠲᠠᠭᠰᠠᠨ ᠤ ᠳᠠᠷᠠᠭ᠎ᠠ          ᠪᠤᠶᠠᠨᠳᠦ᠋ᠭᠦᠷᠡᠩ ᠰᠡᠭᠦᠳᠡᠷᠯᠡᠪᠡ           ︽ᠡᠪᠡᠰᠦᠨ ᠤ ᠪᠢᠯᠧᠲ︾ ᠪᠣᠯ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠵᠤ ᠠᠬᠤᠢ ᠶᠢᠨ ᠦᠨ᠎ᠡ ᠥᠷᠲᠡᠭ ᠪᠠ ᠠᠮᠢ ᠠᠬᠤᠢ ᠶᠢᠨ ᠦᠨ᠎ᠡ ᠥᠷᠲᠡᠭ ᠢ ᠲᠤᠰᠬᠠᠭᠰᠠᠨ ᠨᠢᠭᠡ ᠵᠦᠢᠯ ᠤᠨ ᠪᠢᠯᠸᠲᠴᠢᠯᠡᠭᠰᠠᠨ ᠭᠡᠷᠡᠴᠢ ᠪᠠᠷᠢᠮᠲᠠ ᠪᠣᠯᠣᠨ᠎ᠠ᠂ ᠪᠣᠳᠠᠲᠠᠢ ᠪᠠᠷ ᠬᠡᠯᠡᠪᠡᠯ ᠰᠠᠶᠢᠨ ᠳᠤᠷ᠎ᠠ ᠠᠴᠠ ᠪᠠᠨ ᠪᠡᠯᠡ ᠣᠷᠣᠭᠤᠯᠬᠤ ᠪᠠ ᠡᠷᠬᠡ ᠲᠡᠭᠰᠢ ᠪᠠᠷ ᠵᠥᠪᠳᠡᠯᠴᠡᠬᠦ ᠵᠠᠷᠴᠢᠮ ᠳᠣᠣᠷ᠎ᠠ᠂ ᠬᠤᠯᠪᠣᠭᠳᠠᠯ ᠪᠦᠬᠦᠢ ᠲᠣᠮᠣ ᠭᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠨᠢ ᠲᠣᠰᠬᠤᠨ ᠤ ᠬᠠᠮᠲᠤ ᠨᠡᠶᠢᠳᠡ᠂ ᠮᠠᠯᠵᠢᠬᠤ ᠡᠷᠦᠭᠡ ᠲᠠᠢ ᠬᠠᠮᠲᠤ ᠪᠠᠷ ᠡᠵᠡᠩᠨᠡᠬᠦ᠂ ᠡᠵᠡᠩᠨᠡᠬᠦ ᠡᠷᠬᠡ ᠪᠠᠨ ᠰᠢᠯᠵᠢᠭᠦᠯᠬᠦ ᠵᠡᠷᠭᠡ ᠠᠷᠭ᠎ᠠ ᠭᠡᠯᠪᠡᠷᠢ ᠪᠠᠷ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠡᠪᠡᠰᠦ ᠪᠡᠯᠴᠢᠭᠡᠷ ᠤᠨ ᠬᠤᠷᠢᠶᠠᠯᠲᠠ ᠶᠢᠨ ᠦᠢᠯᠡᠰ ᠢ ᠦᠷᠭᠦᠯᠵᠢᠯᠡᠨ ᠡᠵᠡᠩᠨᠡᠵᠦ᠂ ᠠᠵᠤ ᠠᠬᠤᠢ ᠶᠢᠨ ᠠᠰᠢᠭ ᠣᠯᠵᠠᠪᠤᠷᠢ ᠪᠣᠯᠣᠨ ᠠᠮᠢ ᠠᠬᠤᠢ ᠶᠢᠨ ᠦᠷ᠎ᠡ ᠠᠰᠢᠭ ᠲᠤ ᠲᠦᠰᠢᠭᠯᠡᠨ᠂ ᠲᠣᠰᠬᠤᠨ ᠤ ᠬᠠᠮᠲᠤ ᠨᠢᠭᠡᠴᠡ᠂ ᠮᠠᠯᠵᠢᠬᠤ ᠡᠷᠦᠭᠡ ᠵᠢᠴᠢ ᠨᠡᠶᠢᠭᠡᠮ ᠤᠨ ᠬᠥᠷᠥᠩᠭᠡ ᠳᠤ ᠬᠠᠨᠳᠤᠭᠤᠯᠤᠨ ᠦᠢᠯᠡᠳᠦᠨ ᠲᠠᠷᠬᠠᠭᠠᠭᠰᠠᠨ ᠠᠵᠤ ᠠᠬᠤᠢ ᠶᠢᠨ ᠡᠷᠬᠡ ᠠᠰᠢᠭ ᠤᠨ ᠭᠡᠷᠡᠴᠢ ᠪᠠᠷᠢᠮᠲᠠ ᠪᠣᠯᠣᠨ᠎ᠠ᠃ ᠡᠨᠡ ᠨᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠥᠷᠥᠩᠭᠡᠵᠢᠭᠦᠯᠬᠦ᠂ ᠮᠠᠯᠴᠢᠳ ᠬᠤᠪᠢ ᠣᠷᠣᠭᠤᠯᠤᠭᠴᠢ ᠪᠤᠯᠬᠤ᠂ ᠰᠲ᠋ᠣᠺ ᠤᠨ ᠡᠷᠬᠡ ᠶᠢ ᠫᠢᠶᠣᠣ ᠪᠠᠷᠢᠮᠲᠠᠵᠢᠭᠤᠯᠬᠤ᠂ ᠡᠳ᠋ ᠬᠥᠷᠥᠩᠭᠡ ᠶᠢ ᠬᠥᠷᠥᠩᠭᠡᠵᠢᠭᠦᠯᠬᠦ ᠶᠢ ᠠᠬᠢᠭᠤᠯᠬᠤ ᠪᠠ ᠪᠡᠶᠡᠯᠡᠭᠦᠯᠬᠦ ᠲᠣᠭᠲᠠᠴᠠ ᠶᠢᠨ ᠴᠢᠨᠠᠷᠲᠠᠢ ᠠᠷᠭ᠎ᠠ ᠵᠠᠮ ᠮᠥᠨ᠂ ᠮᠥᠨ ᠴᠤ ︽ᠮᠠᠯᠴᠢᠨ︱ ᠬᠠᠮᠲᠤ ᠨᠢᠭᠡᠴᠡ︱ᠠᠵᠤ ᠠᠬᠤᠶᠢᠯᠠᠯ ︱ ᠨᠡᠶᠢᠭᠡᠮ︾ ᠲᠠᠢ ᠬᠠᠷᠢᠯᠴᠠᠬᠤ ᠬᠤᠯᠪᠣᠭᠠᠰᠤ ᠪᠠ ᠬᠥᠭᠦᠷᠭᠡ ᠪᠠᠶᠢᠵᠤ᠂ ᠨᠤᠲᠤᠭ ᠪᠡᠯᠴᠢᠭᠡᠷ ᠢ ᠨᠤᠲᠤᠭ ᠪᠡᠯᠴᠢᠭᠡᠷ ᠤᠨ ᠡᠬᠢ ᠪᠠᠶᠠᠯᠢᠭ ᠠᠴᠠ ᠨᠤᠲᠤᠭ ᠪᠡᠯᠴᠢᠭᠡᠷ ᠤᠨ ᠡᠳ᠋ ᠬᠥᠷᠥᠩᠭᠡ᠂ ᠳᠠᠭᠢᠨ ᠨᠤᠲᠤᠭ ᠪᠡᠯᠴᠢᠭᠡᠷ ᠤᠨ ᠡᠳ᠋ ᠬᠥᠷᠥᠩᠭᠡ ᠶᠢ ᠣᠷᠭᠠᠨᠢᠭ ᠢᠶᠠᠷ ᠬᠤᠪᠢᠷᠠᠭᠤᠯᠬᠤ ᠶᠢ ᠠᠬᠢᠭᠤᠯᠬᠤ ᠵᠠᠭᠤᠴᠢ ᠪᠣᠯᠣᠨ᠎ᠠ᠃          ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ ᠪᠠᠲᠤ ᠡᠭᠦᠷᠭᠡᠯᠡᠭᠰᠡᠭᠡᠷ ᠢᠷᠡᠪᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠤᠲᠤᠭ ᠳᠡᠪᠢᠰᠬᠡᠷ ᠥᠷᠭᠡᠨ ᠠᠭᠤᠳᠠᠮ᠂ ᠪᠠᠶᠢᠭᠠᠯᠢ ᠶᠢᠨ ᠲᠠᠯ᠎ᠠ ᠨᠤᠲᠤᠭ ᠤᠨ ᠲᠠᠯᠠᠪᠠᠶ 2341.46 ᠲᠦᠮᠡᠨ ᠮᠦ ᠪᠠᠶᠢᠵᠤ᠂ ᠡᠭᠦᠨ ᠳᠤ ᠳᠠᠷᠬᠠᠨ ᠰᠤᠮᠤᠨ ᠤ ᠠᠯᠲᠠᠠᠲᠤᠭ ᠭᠠᠴᠠᠭ᠎ᠠ 32.9 ᠲᠦᠮᠡᠨ ᠮᠦ ᠪᠡᠯᠴᠢᠭᠡᠷ ᠲᠠᠢ᠂ 50 ᠡᠷᠦᠭᠡ ᠠᠶᠢᠯ ᠲᠠᠢ ᠪᠠᠶᠢᠵᠤ᠂ 2024 ᠣᠨ ᠤ ᠬᠠᠪᠤᠷ ᠪᠦᠭᠦ ᠬᠤᠰᠢᠭᠤᠨ ᠤ ᠪᠡᠯᠴᠢᠭᠡᠷ ᠤᠨ ᠬᠡᠮᠵᠢᠶ᠎ᠡ ᠪᠠᠷ ᠮᠠᠯ ᠮᠠᠯᠵᠢᠬᠤ ᠵᠢᠱᠢᠶ᠎ᠡ ᠦᠵᠡᠭᠦᠯᠭᠦ ᠭᠠᠴᠠᠭ᠎ᠠ ᠪᠣᠯᠪᠠ᠃ ᠲᠤᠰ ᠤᠳᠠᠭᠠᠨ ᠤ 4 ᠮᠠᠯᠴᠢᠨ ᠳᠤ ︽ᠡᠪᠡᠰᠦᠨ ᠤ ᠪᠢᠯᠧᠲ︾ ᠭᠠᠷᠳᠠᠭᠤᠯᠤᠭᠰᠠᠨ ᠨᠢ ᠲᠡᠳᠡᠨ ᠳᠤ ᠨᠤᠲᠤᠭ ᠪᠡᠯᠴᠢᠭᠡᠷ ᠤᠨ ᠪᠠᠶᠢᠪᠠᠰᠤ ᠵᠣᠬᠢᠬᠤ ᠦᠨ᠎ᠡ ᠥᠷᠲᠡᠭ ᠢ ᠲᠠᠨᠢᠭᠤᠯᠬᠤ ᠶᠢᠨ ᠬᠠᠮᠲᠤ ᠨᠤᠲᠤᠭ ᠪᠡᠯᠴᠢᠭᠡᠷ ᠢ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠪᠠᠰᠠ ︽ᠡᠪᠡᠰᠦᠨ ᠤ ᠪᠢᠯᠧᠲ︾ ᠤᠨ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢ ᠬᠤᠪᠢᠶᠠᠷᠢᠯᠠᠬᠤ ᠪᠠᠷ ᠣᠷᠣᠯᠭ᠎ᠠ ᠪᠠᠨ ᠨᠡᠮᠡᠭᠳᠡᠭᠦᠯᠵᠦ᠂ ᠮᠠᠯᠴᠢᠳ ᠴᠤ ︽ᠡᠪᠡᠰᠦᠨ ᠤ ᠪᠢᠯᠧᠲ︾ ᠢᠶᠠᠷ ᠪᠠᠷᠢᠴᠠᠭ᠎ᠠ ᠬᠢᠵᠦ ᠵᠢᠭᠡᠯᠡᠯᠭᠡ ᠵᠢᠭᠡᠯᠡᠨ ᠮᠥᠩᠭᠦᠨ ᠭᠦᠢᠯᠭᠡᠭᠡᠨ ᠤ ᠳᠡᠮᠵᠢᠯᠭᠡ ᠶᠢ ᠣᠯᠵᠤ ᠪᠣᠯᠣᠨ᠎ᠠ᠃ ᠠᠯᠲᠠᠠᠲᠤᠭ ᠭᠠᠴᠠᠭᠠᠨ ᠤ ᠮᠠᠯᠴᠢᠨ ᠬᠥᠬᠡ᠄ ︽ᠪᠦᠭᠦ ᠤᠯᠤᠰ ᠤᠨ ᠠᠩᠬᠠᠨ ᠤ ︿ᠡᠪᠡᠰᠦᠨ ᠤ ᠪᠢᠯᠧᠲ﹀ ᠢ ᠣᠯᠣᠭᠰᠠᠨ ᠳᠤ ᠪᠠᠨ ᠪᠢ ᠮᠠᠰᠢ ᠠᠵᠠ ᠲᠠᠢ ᠰᠠᠨᠠᠭᠳᠠᠵᠤ ᠪᠠᠶᠢᠨ᠎ᠠ᠂ ᠲᠠᠯ᠎ᠠ ᠨᠤᠲᠤᠭ ᠪᠣᠯ ᠮᠢᠨᠤ ᠲᠦᠷᠦᠭᠰᠡᠨ ᠨᠤᠲᠤᠭ᠂ ᠬᠤᠶᠢᠰᠢᠳᠠ ᠪᠢᠳᠡ ᠪᠡᠯᠴᠢᠭᠡᠷ ᠤᠨ ᠬᠡᠮᠵᠢᠶ᠎ᠡ ᠪᠠᠷ ᠮᠠᠯ ᠮᠠᠯᠵᠢᠬᠤ ᠶᠢ ᠴᠢᠩᠭ᠎ᠠ ᠵᠢᠷᠤᠮᠯᠠᠨ᠂ ᠨᠤᠲᠤᠭ ᠪᠡᠯᠴᠢᠭᠡᠷ ᠢᠶᠠᠨ ᠰᠠᠶᠢᠲᠤᠷ ᠬᠠᠮᠠᠭᠠᠯᠠᠵᠤ᠂ ᠨᠤᠲᠤᠭ ᠪᠡᠯᠴᠢᠭᠡᠷ ᠤᠨ ᠥᠪᠡᠷ ᠤᠨ ᠦᠷᠳᠡᠭ ᠢ ᠨᠡᠩ ᠥᠨᠳᠥᠷ ᠪᠤᠯᠭᠠᠬᠤ ᠪᠠᠷ ᠴᠢᠷᠮᠠᠶᠢᠨ᠎ᠠ︾ ᠭᠡᠪᠡ᠃          ᠪᠦᠭᠦ ᠤᠯᠤᠰ ᠤᠨ ᠠᠩᠬᠠᠳᠠᠭᠴᠢ ︽ᠡᠪᠡᠰᠦᠨ ᠤ ᠪᠢᠯᠧᠲ︾ ᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠲᠠᠷᠬᠠᠭᠠᠭᠰᠠᠨ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠲᠠᠯ᠎ᠠ ᠪᠠᠷ ᠵᠠᠩᠭᠢᠯᠠᠭ᠎ᠠ ᠶᠢᠨ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠤᠢ᠃ ᠮᠥᠨ ᠴᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠥᠨᠳᠥᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠵᠤ ᠲᠤᠯᠭᠠᠭᠤᠷᠢᠯᠠᠬᠤ᠂ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠪᠠᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠳᠤᠯ ᠦᠭᠡᠢ ᠭᠡᠯᠪᠡᠷᠢ ᠲᠡᠶᠢᠰᠢ ᠬᠤᠪᠢᠷᠠᠭᠤᠯᠤᠨ ᠬᠥᠭᠵᠢᠭᠦᠯᠬᠦ ᠶᠢ ᠬᠥᠲᠥᠯᠥᠨ ᠳᠠᠭᠠᠭᠤᠯᠬᠤ᠂ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠪᠠ ᠬᠠᠮᠵᠢᠯᠴᠠᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠷᠢᠳ ᠢᠶᠠᠷ ᠵᠢᠱᠢᠶ᠎ᠡ ᠦᠵᠡᠭᠦᠯᠭᠦ ᠲᠣᠭᠤᠷᠢᠭ ᠢ ᠴᠢᠷᠮᠠᠶᠢᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠠᠶᠢᠭᠤᠯᠤᠯᠲᠠ ᠶᠢᠨ ᠳᠠᠷᠬᠠᠨ ᠮᠤᠤᠮᠢᠩᠭᠠᠨ ᠤ ᠬᠠᠭᠤᠳᠠᠰᠤ ᠶᠢ ᠪᠢᠴᠢᠭᠯᠡᠵᠦ ᠪᠠᠶᠢᠬᠤ ᠶᠢ ᠬᠠᠷᠠᠭᠤᠯᠤᠭᠰᠠᠨ ᠶᠠᠪᠤᠳᠠᠯ ᠪᠣᠯᠣᠨ᠎ᠠ᠃ 
2.png
          ᠬᠤᠶᠠᠷ ᠬᠡᠮᠵᠢᠯᠲᠦ ᠺᠤᠲ ᠢ ᠰᠢᠷᠪᠢᠵᠦ ᠨᠠᠷᠢᠨ ᠠᠭᠤᠯᠭ᠎ᠠ ᠶᠢ ᠦᠵᠡᠭᠡᠷᠡᠢ︕
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ