- ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ︽ᠤᠮᠠᠷᠠᠲᠤ ᠬᠢᠯᠢ ᠶᠢᠨ ᠰᠣᠶᠣᠯ︾ ᠰᠢᠷᠢᠰ | ᠨᠡᠪᠲᠡᠷᠡᠭᠦᠯᠭᠡ ᠶᠢᠨ ᠲᠤᠬᠠᠢ ᠲᠡᠮᠳᠡᠭᠯᠡᠯ | ᠪᠤᠭᠤᠲᠤ ᠬᠤᠳᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠳᠠᠯᠠᠨ ᠬᠠᠷ᠎ᠠ ᠶᠢᠨ ᠠᠷᠤ ᠥᠨᠳᠦᠷᠯᠢᠭ ᠲᠤ ᠪᠠᠶᠢᠷᠢᠰᠢᠵᠤ᠂ ᠡᠮᠦᠨ᠎ᠡ ᠲᠠᠯ᠎ᠠ | ᠪᠠᠷ ᠢᠶᠠᠨ ᠭᠦᠭᠡᠬᠤᠳᠠ᠂ ᠪᠠᠷᠠᠭᠤᠨ ᠵᠡᠭᠦᠨ ᠪᠡᠶ᠎ᠡ ᠪᠠᠷ ᠢᠶᠠᠨ ᠪᠠᠶᠠᠨᠨᠠᠭᠤᠷ᠂ ᠤᠯᠠᠭᠠᠨᠴᠠᠪ ᠬᠤᠳᠠ ᠲᠠᠢ ᠬᠥᠷᠰᠢᠯᠡᠨ᠂ ᠬᠤᠶᠢᠲᠤ ᠵᠠᠬ᠎ᠠ ᠪᠠᠷ ᠢᠶᠠᠨ ᠮᠣᠩᠭᠤᠯ ᠤᠯᠤᠰ ᠤᠨ | ᠳᠣᠷᠤᠨᠠᠭᠤᠪᠢ ᠠᠶᠢᠮᠠᠭ ᠲᠠᠢ ᠵᠠᠯᠭᠠᠯᠳᠤᠳᠠᠭ᠃ ᠥᠪᠥᠷ ᠮᠣᠩᠭᠤᠯ ᠤᠨ 23 ᠮᠠᠯᠵᠢᠬᠤ ᠬᠤᠰᠢᠭᠤ ᠰᠢᠶᠠᠨ ᠤ ᠨᠢᠭᠡ᠂ 19 ᠬᠢᠯᠢ ᠬᠢᠵᠠᠭᠠᠷ ᠤᠨ ᠬᠤᠰᠢᠭᠤ ᠨᠤᠲᠤᠭ ᠤᠨ | ᠨᠢᠭᠡ ᠪᠤᠯᠬᠤ ᠶᠤᠮ᠃ ᠰᠢᠨ᠎ᠡ ᠲᠤᠮᠳᠠᠳᠤ ᠤᠯᠤᠰ ᠪᠠᠶᠢᠭᠤᠯᠤᠭᠳᠠᠬᠤ ᠳᠤ ᠳᠠᠷᠬᠠᠨ ᠮᠤᠤᠮᠢᠩᠭᠠᠨ ᠤ ᠠᠷᠠᠳ ᠲᠦᠮᠡᠨ ᠬᠤᠪᠢᠰᠬᠠᠯ ᠤᠨ ᠢᠯᠴᠢ ᠭᠡᠷᠡᠯ ᠢ ᠮᠡᠳᠡᠷᠡᠨ | ᠰᠠᠶᠢᠨ ᠳᠤᠷ᠎ᠠ ᠠᠴᠠ ᠪᠠᠨ ᠪᠠᠶᠠᠷᠯᠠᠨ ᠤᠭᠲᠤᠵᠤ᠂ 1950 ᠣᠨ ᠳᠤ ᠳᠠᠷᠬᠠᠨ ᠬᠤᠰᠢᠭᠤ ᠪᠠᠶᠢᠭᠤᠯᠤᠭᠳᠠᠨ᠂ 1952 ᠣᠨ ᠳᠤ ᠤᠤᠯ ᠤᠨ ᠮᠤᠤᠮᠢᠩᠭᠠᠨ ᠬᠤᠰᠢᠭᠤ | ᠲᠠᠢ ᠨᠡᠶᠢᠯᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯᠤᠭᠰᠠᠨ ᠪᠢᠯᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠤᠤᠯ ᠠᠴᠠ ᠪᠠᠨ | ᠬᠤᠪᠢᠰᠬᠠᠯ ᠤᠨ ᠰᠠᠭᠤᠷᠢᠨ ᠭᠠᠵᠠᠷ ᠪᠠᠶᠢᠵᠤ᠂ ᠶᠠᠫᠤᠨ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠨ ᠲᠡᠮᠡᠴᠡᠭᠰᠡᠨ ᠠᠩᠬᠠᠨ ᠤ ᠫᠤᠤ ᠶᠢᠨ ᠲᠠᠭᠤᠨ ᠪᠣᠯᠤᠭᠰᠠᠨ | ︽ᠪᠠᠳᠤᠬᠠᠭᠠᠯᠭ᠎ᠠ ᠶᠢᠨ ᠪᠣᠰᠣᠯᠭ᠎ᠠ︾ ᠨᠢ ᠠᠳᠡ ᠡᠭᠦᠰᠦᠭᠰᠡᠨ ᠪᠢᠯᠡ᠃ ᠴᠢᠯᠦᠭᠡᠯᠡᠭᠳᠡᠭᠰᠡᠨ ᠤ ᠳᠠᠷᠠᠭ᠎ᠠ ᠡᠬᠡ ᠤᠯᠤᠰ ᠢᠶᠠᠨ ᠴᠣᠭᠴᠠᠯᠠᠨ ᠪᠠᠶᠢᠭᠤᠯᠬᠤ ᠤᠷᠢᠶ᠎ᠠ | ᠪᠣᠯᠤᠭᠰᠠᠨ ︽ᠲᠠᠯ᠎ᠠ ᠨᠤᠲᠤᠭ ᠤᠨ ᠥᠷᠯᠥᠭᠡ ᠶᠢᠨ ᠤᠶᠠᠩᠭ᠎ᠠ︾ ᠳᠠᠭᠤᠤ᠂ ︽ᠪᠠᠭᠠᠲᠤᠷ ᠤᠨ ᠭᠠᠷ︾᠂ ︽ᠭᠠᠯ ᠱᠣᠩᠬᠤᠷ ᠤᠨ ᠳᠠᠭᠤᠯᠠᠯ︾ ᠵᠡᠷᠭᠡ ᠬᠤᠪᠢᠰᠬᠠᠯᠲᠤ ᠵᠣᠬᠢᠶᠠᠯ | ᠪᠦᠲᠦᠭᠡᠯ ᠨᠢ ᠳᠠᠷᠬᠠᠨ ᠮᠤᠤᠮᠢᠩᠭᠠᠨ ᠤ ᠠᠷᠠᠳ ᠲᠦᠮᠡᠨ ᠤ ᠪᠠᠭᠠᠲᠤᠷᠯᠢᠭ ᠦᠢᠯᠡ ᠠᠵᠢᠯᠯᠠᠭ᠎ᠠ ᠶᠢ ᠮᠠᠭᠲᠠᠨ ᠳᠠᠭᠤᠯᠠᠭᠰᠠᠨ ᠪᠢᠯᠡ᠃ | | | | | | 2023 ᠣᠨ ᠤ ᠵᠢᠯ ᠤᠨ ᠰᠡᠭᠦᠯᠴᠢ ᠠᠴᠠ ᠡᠬᠢᠯᠡᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ︽ᠤᠮᠠᠷᠠᠲᠤ | ᠬᠢᠯᠢ ᠶᠢᠨ ᠰᠣᠶᠣᠯ︾ ᠰᠢᠷᠢᠰ ᠨᠡᠪᠲᠡᠷᠡᠭᠦᠯᠭᠡ ᠪᠠᠨ ᠵᠣᠬᠢᠶᠠᠨ ᠪᠦᠲᠦᠭᠡᠵᠦ᠂ ᠦᠦᠭᠡ ᠲᠡᠦᠬᠡ ᠵᠤᠵᠠᠭᠠᠨ ᠲᠠᠢ ᠳᠠᠷᠬᠠᠨ ᠮᠤᠤᠮᠢᠩᠭᠠᠨ ᠤ ᠪᠠᠨ ᠰᠣᠶᠣᠯ ᠲᠡᠦᠬᠡ ᠶᠢ | ᠳᠡᠯᠭᠡᠨ ᠬᠠᠷᠠᠭᠤᠯᠵᠤ᠂ ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ᠂ ᠲᠠᠷᠢᠶᠠᠯᠠᠩ ᠤᠨ ᠰᠣᠶᠣᠯ ᠵᠡᠷᠭᠡ ᠰᠣᠶᠣᠯ ᠤᠨ | ᠬᠦᠷᠢᠶ᠎ᠡ ᠴᠠᠷᠠᠭᠠᠨ ᠳᠠᠬᠢ ᠮᠠᠨ ᠤ ᠨᠤᠲᠤᠭ ᠤᠨ ᠦᠨ᠎ᠡ ᠴᠠᠨ᠎ᠠ ᠲᠠᠢ ᠤᠯᠠᠮᠵᠢᠯᠠᠯᠲᠤ ᠰᠣᠶᠣᠯ ᠲᠡᠦᠬᠡ᠂ ᠮᠠᠭᠲᠠᠨ ᠳᠠᠭᠤᠯᠠᠭᠤᠰᠢᠲᠠᠢ ᠬᠤᠪᠢᠰᠬᠠᠯ ᠤᠨ ᠦᠯᠢᠭᠡᠷ | ᠵᠢᠱᠢᠶ᠎ᠡ᠂ ᠨᠠᠶᠢᠷ ᠨᠠᠭᠠᠳᠤᠮ᠂ ᠳᠠᠭᠤᠤ ᠰᠢᠯᠦᠭ ᠵᠡᠷᠭᠡ ᠰᠣᠶᠣᠯ ᠤᠷᠠᠯᠢᠭ ᠤᠨ ᠠᠵᠢᠯᠯᠠᠭ᠎ᠠ᠂ ᠮᠠᠨ ᠤ ᠬᠤᠰᠢᠭᠤᠨ ᠤ ᠲᠠᠷᠢᠶᠠᠯᠠᠩ ᠦᠢᠯᠡᠳᠪᠦᠷᠢᠯᠡᠯ ᠤᠨ ᠬᠥᠭᠵᠢᠯᠲᠡ | ᠬᠤᠪᠢᠰᠤᠯᠲᠠ ᠵᠡᠷᠭᠡ ᠥᠷᠭᠡᠨ ᠬᠦᠷᠢᠶᠡᠨ ᠳᠤ ᠨᠡᠪᠲᠡᠷᠡᠭᠦᠯᠭᠡ ᠪᠠᠨ ᠪᠡᠯᠡᠳᠬᠡᠵᠦ᠂ ᠵᠢᠯ ᠭᠠᠷᠤᠢ ᠶᠢᠨ ᠲᠤᠷᠰᠢ ᠬᠤᠷᠢ ᠰᠢᠬᠠᠭᠤ ᠬᠤᠭᠤᠴᠠᠭᠠᠨ ᠤ ᠰᠢᠷᠢᠰ | ᠨᠡᠪᠲᠡᠷᠡᠭᠦᠯᠭᠡ ᠶᠢ ᠵᠣᠬᠢᠶᠠᠨ ᠦᠢᠯᠡᠳᠴᠦ ᠦᠵᠡᠭᠴᠢ ᠤᠯᠠᠨ ᠳᠤ ᠪᠠᠨ ᠳᠡᠪᠰᠢᠭᠦᠯᠦᠭᠰᠡᠨ ᠪᠠᠶᠢᠨ᠎ᠠ᠃ | ᠪᠢᠳᠠ ᠬᠤᠪᠢᠰᠬᠠᠯ ᠤᠨ ᠰᠣᠶᠣᠯ ᠤᠨ ᠲᠠᠯ᠎ᠠ ᠪᠠᠷ ᠪᠠᠲᠤᠬᠠᠭᠠᠯᠭ᠎ᠠ ᠶᠢᠨ ᠶᠠᠫᠤᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ | ᠦᠵᠡᠭᠦᠯᠭᠡ ᠶᠢᠨ ᠲᠢᠩᠬᠢᠮ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ | ᠭᠠᠵᠠᠷ᠂ ᠤᠮᠠᠷᠠᠲᠤ ᠶᠢᠨ ᠬᠤᠪᠢᠰᠬᠠᠯ ᠤᠨ ᠬᠥᠮᠦᠵᠢᠯ ᠤᠨ ᠰᠠᠭᠤᠷᠢᠨ ᠵᠡᠷᠭᠡ ᠨᠢᠭᠡ ᠪᠦᠯᠦᠭ ᠢᠯᠡ ᠲᠣᠳᠣ ᠣᠨᠴᠠᠯᠢᠭ ᠲᠠᠢ ᠨᠠᠮᠴᠢ ᠴᠢᠨᠠᠷ ᠤᠨ ᠬᠥᠮᠦᠵᠢᠯ ᠤᠨ | ᠰᠠᠭᠤᠷᠢᠨ ᠭᠠᠵᠠᠷ ᠢ ︽ᠪᠠᠲᠤᠬᠠᠭᠠᠯᠭ᠎ᠠ ᠶᠢᠨ ᠶᠠᠫᠤᠨ ᠢ ᠡᠰᠡᠷᠭᠦᠴᠡᠭᠰᠡᠨ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠬᠥᠰᠢᠶ᠎ᠡ︾᠂ ︽ᠦᠯᠢᠭᠡᠷ ᠲᠡᠦᠬᠡ ᠬᠦᠦᠷᠨᠢᠭᠰᠡᠨ | ᠦᠨᠳᠦᠰᠦᠨ ᠱᠠᠲᠤᠨ ᠤ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ︾ ᠵᠡᠷᠭᠡ ᠨᠡᠪᠲᠡᠷᠡᠭᠦᠯᠭᠡ ᠪᠠᠷ ᠢᠶᠠᠨ ᠲᠠᠨᠢᠯᠴᠠᠭᠤᠯᠤᠨ ᠬᠦᠷᠭᠡᠵᠦ᠂ ︽ᠲᠠᠯ᠎ᠠ ᠨᠤᠲᠤᠭ ᠤᠨ | ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠬᠠᠭᠤᠴᠢᠨ ᠰᠠᠭᠤᠴᠠ︾ ᠨᠡᠪᠲᠡᠷᠡᠭᠦᠯᠭᠡ ᠪᠠᠷ ᠢᠶᠠᠨ ᠮᠠᠨ ᠤ ᠨᠤᠲᠤᠭ ᠤᠨ ᠯᠦᠩ ᠮᠧᠢ ᠢᠦᠢ ᠷᠦᠩ ᠡᠭᠡᠴᠢ | ᠥᠬᠢᠨ ᠳᠡᠭᠦᠦ ᠬᠤᠶᠠᠷ ᠤᠨ ᠬᠠᠮᠲᠤ ᠨᠡᠶᠢᠲᠡ ᠶᠢᠨ ᠡᠳ᠋ ᠬᠥᠷᠥᠩᠭᠡ ᠶᠢ ᠬᠠᠮᠠᠭᠠᠯᠠᠭᠰᠠᠨ ᠪᠠᠭᠠᠲᠤᠷᠯᠢᠭ ᠦᠢᠯᠡ ᠠᠵᠢᠯᠯᠠᠭ᠎ᠠ ᠶᠢ ᠠᠬᠢᠨ ᠨᠢᠭᠡ ᠤᠳᠠᠭ᠎ᠠ ᠳᠡᠯᠭᠡᠨ | ᠶᠠᠷᠢᠵᠤ᠂ ᠮᠠᠰᠢ ᠤᠯᠠᠨ ᠦᠵᠡᠭᠴᠢ ᠰᠣᠨᠣᠰᠤᠭᠴᠢ ᠶᠢᠨ ᠬᠠᠯᠠᠭᠤᠨ ᠬᠦᠷᠢᠶᠡᠯᠡᠯ᠂ ᠥᠨᠳᠥᠷ ᠦᠨᠡᠯᠡᠭᠡ ᠶᠢ ᠣᠯᠵᠤ᠂ ︽ᠤᠷᠳᠤ ᠴᠠᠭᠠᠨ ᠬᠡᠷᠡᠮ ᠤᠨ ᠰᠣᠶᠣᠯ︾ | ᠨᠡᠪᠲᠡᠷᠡᠭᠦᠯᠭᠡ ᠪᠠᠷ ᠮᠠᠨ ᠤ ᠬᠤᠰᠢᠭᠤᠨ ᠤ ᠬᠡᠪᠴᠢᠶᠡᠨ ᠳᠤ ᠪᠠᠶᠢᠭ᠎ᠠ ᠬᠠᠨ ᠤᠯᠤᠰ᠂ ᠤᠮᠠᠷᠠᠲᠤ ᠸᠧᠢ ᠤᠯᠤᠰ᠂ ᠠᠯᠳᠠᠨ ᠤᠯᠤᠰ ᠤᠨ ᠦᠶ᠎ᠡ ᠶᠢᠨ ᠲᠠᠪᠤᠨ ᠬᠡᠰᠡᠭ | ᠤᠷᠳᠤ ᠴᠠᠭᠠᠨ ᠬᠡᠷᠡᠮ ᠤᠨ ᠦᠯᠢᠭᠡᠷ ᠲᠡᠦᠬᠡ ᠶᠢ ᠲᠠᠨᠢᠯᠴᠠᠭᠤᠯᠤᠨ ᠬᠦᠷᠭᠡᠬᠦ ᠶᠢᠨ ᠬᠠᠮᠲᠤ ᠲᠡᠦᠬᠡ ᠶᠢᠨ ᠳᠤᠷᠠᠰᠬᠠᠯᠲᠤ ᠵᠦᠢᠯᠡᠰ ᠢᠶᠠᠨ ᠬᠠᠶᠢᠷᠠᠯᠠᠨ ᠬᠠᠮᠠᠭᠠᠯᠠᠬᠤ | ᠲᠤᠬᠠᠢ ᠲᠡᠦᠬᠡ ᠰᠤᠳᠤᠯᠤᠭᠠᠴᠢ ᠰᠣᠶᠣᠯᠲᠤ ᠭᠤᠸᠠᠢ ᠲᠠᠢ ᠬᠠᠯᠠᠭᠤᠨ ᠳᠤᠯᠠᠭᠠᠨ ᠶᠠᠷᠢᠯᠴᠠᠵᠤ᠂ ᠮᠠᠨ ᠤ ᠨᠤᠲᠤᠭ ᠤᠨ ᠨᠡᠷ᠎ᠡ ᠶᠢᠨ ᠬᠠᠭᠤᠳᠠᠰᠤ ᠪᠣᠯᠤᠭᠰᠠᠨ ︽ᠬᠠᠳᠠᠨ | ᠵᠢᠷᠤᠭ︾ ᠤᠨ ᠲᠤᠬᠠᠢ ᠨᠡᠪᠲᠡᠷᠡᠭᠦᠯᠭᠡ ᠪᠠᠷ ᠢᠶᠠᠨ ᠮᠠᠨ ᠤ ᠨᠤᠲᠤᠭ ᠤᠨ ᠬᠠᠭᠤᠴᠢ ᠰᠤᠳᠤᠯᠤᠭᠠᠴᠢ᠂ ᠳᠡᠳ᠋ ᠫᠷᠤᠹᠧᠰᠰᠤᠷ ᠲᠡᠷᠢᠭᠦᠨᠪᠠᠶᠠᠷ ᠢ ᠰᠤᠷᠪᠤᠯᠵᠢᠯᠠᠨ ᠬᠠᠳᠠᠨ | ᠵᠢᠷᠤᠭ ᠤᠨ ᠲᠠᠯ᠎ᠠ ᠪᠠᠷ ᠬᠢ ᠰᠤᠳᠤᠯᠤᠭ᠎ᠠ ᠰᠢᠨᠵᠢᠯᠡᠭᠡᠨ ᠤ ᠲᠤᠬᠠᠢ ᠶᠠᠷᠢᠯᠴᠠᠭ᠎ᠠ ᠥᠷᠨᠢᠭᠦᠯᠵᠡᠢ᠃ | ᠥᠨᠢ ᠡᠷᠲᠡᠨ ᠤ ᠲᠡᠦᠬᠡ ᠰᠣᠶᠣᠯ ᠤᠨ ᠠᠯᠳᠠᠨ ᠮᠥᠷ ᠲᠠᠢ ᠲᠠᠯ᠎ᠠ ᠨᠤᠲᠤᠭ ᠤᠨ ᠰᠣᠶᠣᠯ ᠤᠨ ᠲᠠᠯ᠎ᠠ ᠪᠠᠷ ᠮᠠᠨ ᠤ ᠨᠤᠲᠤᠭ ᠤᠨ ᠲᠡᠦᠬᠡᠨ ᠳᠠᠬᠢ | ᠭᠠᠷᠮᠠᠭᠠᠢ ᠬᠤᠷᠳᠤᠨ ᠭᠦᠯᠦᠭ ᠤᠳ ᠠᠴᠠ ᠲᠠᠨᠢᠯᠴᠠᠭᠤᠯᠤᠨ ᠬᠦᠷᠭᠡᠵᠦ᠂ ᠠᠳᠤᠭᠤᠨ ᠰᠣᠶᠣᠯ ᠤᠨ ᠥᠨᠢᠷ ᠶᠡᠭᠡ ᠥᠪ ᠰᠠᠩ ᠠᠴᠠ ᠨᠤᠲᠤᠭ ᠣᠷᠣᠨ ᠤ ᠪᠠᠨ | ᠣᠮᠣᠭᠰᠢᠯ ᠪᠣᠯᠤᠭᠰᠠᠨ ᠨᠡᠷᠡᠳᠦ ᠬᠤᠷᠳᠤᠨ ᠭᠦᠯᠦᠭ ᠤᠳ ᠢ ᠠᠬᠠᠮᠠᠳ ᠪᠤᠭᠤᠷᠤᠯᠴᠤᠳ ᠤᠨ ᠶᠠᠷᠢᠶᠠᠨ ᠠᠴᠠ ᠳᠠᠶᠠᠭᠠᠷ ᠤᠯᠠᠨ ᠳᠤ ᠪᠠᠨ ᠰᠣᠨᠣᠰᠬᠠᠵᠤ᠂ ︽ᠮᠣᠩᠭᠤᠯ | ᠮᠣᠷᠢᠨ ᠤ ᠵᠣᠷᠢᠭ ᠰᠠᠨᠠᠭ᠎ᠠ ᠵᠢᠴᠢ ᠠᠳᠤᠭᠤᠨ ᠰᠣᠶᠣᠯ ᠤᠨ ᠦᠵᠡᠭᠦᠯᠭᠡ︾ ᠶᠢᠨ ᠲᠢᠩᠬᠢᠮ ᠨᠡᠪᠲᠡᠷᠡᠭᠦᠯᠭᠡ ᠨᠢ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠮᠦᠽᠧᠢ ᠶᠢᠨ ︽ᠮᠣᠩᠭᠤᠯ ᠮᠣᠷᠢᠨ ᠤ ᠮᠠᠭᠲᠠᠭᠤ᠂ ᠥᠪᠥᠷ ᠮᠣᠩᠭᠤᠯ ᠤᠨ ᠠᠳᠤᠭᠤᠨ ᠰᠣᠶᠣᠯ ᠤᠨ ᠦᠵᠡᠭᠦᠯᠭᠡ︾ ᠶᠢᠨ ᠲᠢᠩᠬᠢᠮ ᠵᠢᠴᠢ ᠮᠣᠷᠢᠨ ᠤ ᠡᠳ᠋ᠯᠡᠯ ᠬᠡᠷᠡᠭᠰᠡᠯ ᠤᠨ | ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠡᠮᠡᠭᠡᠯ ᠤᠨ ᠲᠤᠬᠠᠢ ᠲᠠᠨᠢᠯᠴᠠᠭᠤᠯᠤᠭᠰᠠᠨ ᠮᠠᠰᠢ ᠰᠣᠳᠣᠨ ᠨᠡᠪᠲᠡᠷᠡᠭᠦᠯᠭᠡ ᠪᠣᠯᠵᠤ᠂ ᠮᠠᠨ ᠤ ᠬᠤᠰᠢᠭᠤᠨ ᠤ ᠮᠦᠽᠧᠢ ᠶᠢᠨ | ᠭᠢᠯᠡᠰ ᠴᠡᠭ ᠪᠣᠯᠤᠭᠰᠠᠨ ᠠᠳᠤᠭᠤᠨ ᠰᠣᠶᠣᠯ ᠤᠨ ᠦᠵᠡᠭᠦᠯᠭᠡ ᠶᠢᠨ ᠲᠢᠩᠬᠢᠮ ᠨᠢ ᠨᠡᠶᠢᠭᠡᠮ ᠤᠨ ᠤᠯᠠᠨ ᠬᠥᠮᠥᠰ ᠪᠣᠯᠣᠨ ᠮᠡᠳᠡᠭᠡ ᠵᠠᠭᠤᠴᠢᠯᠠᠭᠤᠷ ᠤᠨ ᠠᠩᠬᠠᠷᠤᠯ ᠢ | ᠲᠠᠲᠠᠭᠰᠠᠨ ᠪᠠᠶᠢᠨ᠎ᠠ᠃ ᠮᠠᠨ ᠤ ᠬᠤᠰᠢᠭᠤᠨ ᠤ ᠮᠢᠩᠭ᠎ᠠ ᠶᠢᠰᠦᠨ ᠵᠠᠭᠤ ᠬᠤᠷᠢ ᠭᠤᠴᠢᠭᠠᠳ ᠣᠨ ᠠᠴᠠ ᠡᠬᠢᠯᠡᠨ 34 ᠵᠢᠯ ᠤᠨ ᠤᠷᠳᠤ ᠠᠶᠠᠨ ᠢ ᠲᠤᠭᠤᠯᠤᠬᠰᠠᠨ | ᠬᠤᠰᠢᠭᠤ ᠨᠠᠭᠠᠳᠤᠮ ᠤᠨ ᠶᠡᠭᠡ ᠬᠤᠷᠠᠯ ᠤᠨ ᠲᠤᠬᠠᠢ ᠵᠠᠭᠤᠭᠠᠳ ᠵᠢᠯ ᠢ ᠡᠷᠭᠢᠴᠡᠭᠦᠯᠦᠭᠰᠡᠨ ᠰᠠᠶᠢᠬᠠᠨ ᠨᠡᠪᠲᠡᠷᠡᠭᠦᠯᠭᠡ ᠶᠢ ᠦᠵᠡᠭᠴᠢ ᠶᠢᠨ ᠲᠠᠭᠠᠰᠢᠶᠠᠯ ᠳᠤ ᠬᠦᠷᠭᠡᠵᠦ᠂ | ᠤᠯᠤᠰ ᠤᠨ ᠬᠡᠦᠬᠡᠳ ᠤᠨ ᠲᠠᠯ᠎ᠠ ᠪᠠᠷ ᠬᠢ ︽ᠤᠯᠤᠰ ᠤᠨ ᠬᠡᠦᠬᠡᠳ ᠤᠶᠠᠩᠭ᠎ᠠ ᠬᠠᠶᠢᠷ᠎ᠠ ᠶᠢᠨ ᠡᠭᠡᠰᠢᠭ ᠢᠶᠠᠷ ᠲᠠᠯ᠎ᠠ ᠨᠤᠲᠤᠭ ᠢᠶᠠᠨ ᠳᠠᠭᠤᠯᠠᠵᠤ ᠪᠠᠶᠢᠨ᠎ᠠ︾ ᠭᠡᠬᠦ | ᠨᠡᠪᠲᠡᠷᠡᠭᠦᠯᠭᠡ ᠪᠠᠷ ᠢᠶᠠᠨ ᠬᠤᠶᠠᠳᠠᠭᠴᠢ ᠠᠮᠢ ᠨᠠᠰᠤ ᠶᠢ ᠣᠯᠭᠤᠭᠰᠠᠨ ᠡᠬᠡ ᠨᠤᠲᠤᠭ᠂ ᠡᠵᠢ ᠠᠪᠤ ᠶᠢᠨ ᠢᠶᠠᠨ ᠡᠨᠡᠷᠢᠯ ᠬᠠᠶᠢᠷ᠎ᠠ ᠶᠢ ᠮᠠᠭᠲᠠᠨ ᠳᠠᠭᠤᠯᠠᠭᠰᠠᠨ | ᠨᠡᠪᠲᠡᠷᠡᠭᠦᠯᠭᠡ ᠦᠢᠯᠡᠳᠴᠦ᠂ ᠮᠠᠨ ᠤ ᠨᠤᠲᠤᠭ ᠲᠤ 20 ᠳ᠋ᠤᠭᠠᠷ ᠵᠠᠭᠤᠨ ᠤ ᠲᠠᠪᠢᠭᠠᠳ ᠣᠨ ᠳᠤ ᠪᠣᠯᠤᠭᠰᠠᠨ ᠰᠤᠪᠤᠳ ᠵᠡᠷᠭᠡ ︽ᠤᠯᠤᠰ ᠤᠨ ᠬᠡᠦᠬᠡᠳ︾ ᠤᠨ ᠦᠨᠡᠨ | ᠪᠣᠳᠠᠲᠠᠢ ᠦᠯᠢᠭᠡᠷ ᠵᠢᠱᠢᠶ᠎ᠡ ᠶᠢ ᠳᠡᠯᠭᠡᠨ ᠶᠠᠷᠢᠭᠰᠠᠨ ᠨᠢ ᠤᠯᠠᠨ ᠬᠥᠮᠥᠰ ᠤᠨ ᠲᠠᠭᠠᠰᠢᠶᠠᠯ ᠢ ᠣᠯᠣᠭᠰᠠᠨ ᠪᠠᠶᠢᠨ᠎ᠠ᠃ | ︽ᠤᠮᠠᠷᠠᠲᠤ ᠬᠢᠯᠢ ᠶᠢᠨ ᠰᠣᠶᠣᠯ︾ ᠰᠢᠷᠢᠰ ᠨᠡᠪᠲᠡᠷᠡᠭᠦᠯᠭᠡ ᠨᠢ ᠪᠦᠬᠦᠯᠢ ᠨᠢᠭᠡ ᠵᠢᠯ ᠤᠨ ᠲᠤᠷᠰᠢ ᠶᠠᠪᠤᠭᠳᠠᠬᠤ ᠳᠤ ᠪᠠᠨ ᠳᠠᠷᠬᠠᠨ ᠮᠤᠤᠮᠢᠩᠭᠠᠨ ᠤ | ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠤᠨ ᠢᠶᠠᠨ ᠥᠩ ᠰᠢᠮᠡᠯᠢᠭ ᠠᠭᠤᠯᠠ ᠤᠰᠤ᠂ ᠥᠨᠢᠷ ᠰᠠᠶᠢᠬᠠᠨ ᠪᠠᠶᠢᠭᠠᠯᠢ ᠨᠤᠲᠤᠭ᠂ ᠤᠴᠠᠷᠠᠯ ᠢᠷᠦᠭᠡᠯᠲᠦ ᠬᠥᠮᠥᠨ | ᠠᠷᠠᠳ ᠤᠨ ᠢᠶᠠᠨ ᠲᠤᠬᠠᠢ ᠤᠯᠠᠨ ᠰᠠᠶᠢᠬᠠᠨ ᠨᠡᠪᠲᠡᠷᠡᠭᠦᠯᠭᠡ ᠶᠢ ᠬᠢᠭᠰᠡᠨ ᠪᠥᠭᠡᠳ ᠬᠤᠪᠢᠰᠬᠠᠯᠲᠤ ᠲᠠᠯ᠎ᠠ ᠨᠤᠲᠤᠭ᠂ ᠲᠤᠮᠳᠠᠳᠤ ᠤᠯᠤᠰ ᠤᠨ ᠴᠢᠭᠤᠯᠭ᠎ᠠ ᠬᠤᠯᠪᠣᠭᠠᠨ ᠤ | ᠰᠣᠶᠣᠯ ᠤᠨ ᠥᠯᠥᠭᠡᠢ᠂ ᠬᠢᠯᠢ ᠨᠤᠲᠤᠭ ᠤᠨ ᠣᠨᠴᠠᠯᠢᠭ ᠵᠡᠷᠭᠡ ᠳᠤ ᠪᠠᠨ ᠲᠣᠬᠢᠷᠠᠭᠤᠯᠤᠨ ᠲᠤᠰᠬᠠᠢ ᠰᠡᠳᠦᠪ ᠰᠣᠩᠭᠤᠯᠲᠠ ᠬᠢᠵᠦ᠂ ︽ᠲᠠᠯ᠎ᠠ ᠨᠤᠲᠤᠭ ᠤᠨ ᠬᠠᠶᠢᠷ᠎ᠠ | ᠤᠷᠠᠯᠢᠭ ᠤᠨ ᠪᠦᠯᠭᠦᠮ︾᠂ ︽ᠡᠭᠡᠯ ᠵᠢᠷ ᠤᠨ ᠬᠢᠯᠢ ᠶᠢᠨ ᠮᠠᠯᠴᠢᠨ ᠤ ᠬᠢᠯᠢ ᠨᠤᠲᠤᠭ ᠢᠶᠠᠨ ᠰᠠᠬᠢᠨ ᠬᠠᠷᠠᠭᠰᠠᠨ 40 ᠵᠢᠯ ᠤᠨ ᠦᠨᠡᠲᠦ ᠪᠠᠷᠢᠮᠲᠠᠯᠠᠯ︾᠂ ︽ᠢᠵᠠᠭᠤᠷ | ᠤᠷᠠᠯᠢᠭ ᠬᠥᠭᠡᠮᠡᠢ︾ ᠵᠡᠷᠭᠡ ᠨᠠᠨᠳᠢᠨ ᠰᠠᠶᠢᠬᠠᠨ ᠦᠯᠢᠭᠡᠷ ᠤᠴᠠᠷᠠᠯ ᠢ ᠠᠯᠢ ᠤᠯᠠᠨ ᠲᠠᠯ᠎ᠠ ᠠᠴᠠ ᠳᠡᠯᠭᠡᠨ ᠶᠠᠷᠢᠵᠤ᠂ ︽ᠮᠣᠩᠭᠤᠯ ᠦᠨᠳᠦᠰᠦᠲᠡᠨ ᠤ ᠠᠯᠳᠠᠷᠲᠤ | ᠲᠠᠭᠤᠤᠷᠢᠯᠢᠬᠴᠢᠨ ᠳᠣᠷᠵᠢᠷᠢᠨᠴᠢᠨ︾᠂ ︽ᠰᠣᠶᠣᠯ ᠤᠷᠠᠯᠢᠭ ᠤᠨ ᠵᠢᠳᠬᠦᠯᠲᠡᠨ ᠳᠠᠸᠠ ᠶᠢᠨ ᠪᠥᠬᠡᠴᠢᠯᠠᠭᠤ︾ ᠵᠡᠷᠭᠡ ᠮᠠᠨ ᠤ ᠨᠤᠲᠤᠭ ᠤᠨ ᠰᠣᠳᠣᠨ ᠬᠥᠮᠥᠰ ᠢ | ᠰᠤᠷᠪᠤᠯᠵᠢᠯᠠᠵᠤ᠂ ᠲᠡᠳᠡᠨ ᠤ ᠨᠡᠷᠡᠳᠦ ᠪᠦᠲᠦᠭᠡᠯ ︽ᠴᠢᠨᠳᠠᠭᠠᠨ ᠴᠠᠭᠠᠨ ᠮᠣᠷᠢᠨ ᠤ ᠴᠣᠯᠠ ︵ᠳᠣᠷᠵᠢᠷᠢᠨᠴᠢᠨ︶︾᠂ ︽ᠰᠠᠶᠢᠬᠠᠨ ᠮᠣᠩᠭᠤᠯ ᠣᠷᠣᠨ ︵ᠳᠠᠸᠠ ᠶᠢᠨ | ᠪᠥᠬᠡᠴᠢᠯᠠᠭᠤ︶︾ ᠵᠡᠷᠭᠡ ᠶᠢ ᠨᠢ ᠦᠵᠡᠭᠴᠢ ᠤᠯᠠᠨ ᠤ ᠲᠠᠭᠠᠰᠢᠶᠠᠯ ᠳᠤ ᠬᠦᠷᠭᠡᠨ᠂ ᠠᠬᠠᠮᠠᠳ ᠨᠢᠭᠡ ᠦᠶ᠎ᠡ ᠶᠢᠨ ᠤᠷᠠᠯᠢᠭᠴᠢᠳ ᠤᠨ ᠶᠠᠪᠤᠵᠤ ᠥᠩᠭᠡᠷᠡᠭᠦᠯᠦᠭᠰᠡᠨ | ᠥᠩᠭᠡ ᠭᠡᠷᠡᠯᠲᠦᠮᠡ ᠵᠠᠮ ᠮᠥᠷ ᠢ ᠰᠣᠷᠪᠤᠯᠵᠢᠯᠠᠭ᠎ᠠ ᠶᠠᠷᠢᠯᠴᠠᠭ᠎ᠠ᠂ ᠥᠪᠡᠷ ᠤᠨ ᠬᠢᠨᠢ ᠳᠤᠷᠠᠰᠤᠮᠵᠢ ᠬᠦᠦᠷᠨᠢᠯ ᠢᠶᠠᠷ ᠳᠡᠯᠭᠡᠨ ᠬᠠᠷᠠᠭᠤᠯᠵᠤ᠂ ᠦᠵᠡᠭᠴᠢ ᠤᠯᠠᠨ ᠳᠤ ᠪᠠᠨ | ᠨᠤᠲᠤᠭ ᠤᠰᠤ ᠪᠠᠨ ᠬᠠᠶᠢᠷᠠᠯᠠᠬᠤ᠂ ᠤᠯᠠᠮᠵᠢᠯᠠᠯᠲᠤ ᠰᠣᠶᠣᠯ ᠲᠡᠦᠬᠡ ᠪᠠᠨ ᠨᠠᠨᠳᠢᠩᠨᠠᠨ ᠬᠠᠳᠠᠭᠠᠯᠠᠬᠤ᠂ ᠨᠤᠲᠤᠭ ᠤᠨ ᠰᠣᠳᠣᠨ ᠬᠥᠮᠥᠰ ᠢᠶᠠᠷ ᠢᠶᠠᠨ ᠪᠠᠭ᠋ᠠᠷᠬᠠᠬᠤ | ᠤᠶᠤᠨ ᠤ ᠬᠦᠷᠲᠡᠭᠡᠯ ᠬᠠᠩᠭᠠᠭᠰᠠᠨ ᠪᠠᠶᠢᠨ᠎ᠠ᠃ | ︽ᠤᠮᠠᠷᠠᠲᠤ ᠬᠢᠯᠢ ᠶᠢᠨ ᠰᠣᠶᠣᠯ︾ ᠰᠢᠷᠢᠰ ᠨᠡᠪᠲᠡᠷᠡᠭᠦᠯᠭᠡ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ | ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠠᠴᠠ ᠰᠣᠶᠣᠯ ᠤᠨ ᠴᠡᠴᠡᠭᠯᠡᠯ ᠬᠥᠭᠵᠢᠯ ᠢ ᠦᠷᠭᠦᠯᠵᠢᠯᠡᠨ ᠠᠬᠢᠭᠤᠯᠬᠤ᠂ | ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠲᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠡᠨᠡ ᠬᠦ | ᠰᠣᠶᠣᠯ ᠤᠨ ᠰᠢᠨ᠎ᠡ ᠡᠭᠦᠷᠭᠡ ᠶᠢᠨ ᠲᠣᠭᠤᠷᠢᠨ ᠳᠤ᠂ ᠰᠣᠶᠣᠯ ᠤᠨ ᠲᠠᠯ᠎ᠠ ᠪᠠᠷ ᠥᠪᠡᠷ ᠢ ᠪᠠᠨ ᠬᠦᠴᠦᠷᠬᠡᠭᠵᠢᠭᠦᠯᠬᠦ ᠶᠢ ᠪᠠᠲᠤᠳᠬᠠᠵᠤ᠂ ᠰᠣᠶᠣᠯ ᠤᠨ ᠬᠥᠭᠵᠢᠯᠲᠡ ᠶᠢᠨ | ᠵᠢᠮ᠎ᠡ ᠶᠣᠰᠣ ᠶᠢ ᠡᠵᠡᠮᠳᠡᠵᠦ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠴᠦ᠂ | ᠲᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠥᠪᠥᠷ ᠮᠣᠩᠭᠤᠯ ᠤᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠳᠤᠷᠠᠳᠤᠭᠰᠠᠨ | ᠠᠭᠤᠯᠤᠭᠳᠠᠬᠤᠨ ᠳᠤ ᠦᠨᠳᠦᠰᠦᠯᠡᠨ ᠮᠡᠳᠡᠭᠡᠯᠡᠯ ᠤᠨ ᠴᠢᠭ ᠱᠤᠭᠤᠮ ᠢᠶᠠᠨ ᠲᠣᠭᠲᠠᠭᠠᠵᠤ᠂ ᠮᠠᠨ ᠤ ᠬᠤᠰᠢᠭᠤᠨ ᠤ ᠪᠠᠨ ᠰᠣᠶᠣᠯ ᠲᠡᠦᠬᠡ ᠶᠢᠨ ᠪᠣᠳᠠᠲᠤ ᠪᠠᠶᠢᠳᠠᠯ ᠳᠤ | ᠰᠠᠭᠤᠷᠢᠯᠠᠨ ᠨᠡᠪᠲᠡᠷᠡᠭᠦᠯᠭᠡ ᠪᠠᠨ ᠰᠣᠷᠪᠤᠯᠵᠢᠯᠠᠭ᠎ᠠ ᠶᠠᠷᠢᠯᠴᠠᠭ᠎ᠠ᠂ ᠵᠢᠷᠤᠭ ᠰᠡᠭᠦᠳᠡᠷ᠂ ᠦᠰᠦᠭ ᠪᠢᠴᠢᠭ ᠵᠡᠷᠭᠡ ᠤᠯᠠᠨ ᠭᠡᠯᠪᠡᠷᠢ ᠪᠠᠷ ᠰᠢᠩᠭᠡᠬᠡᠨ ᠦᠢᠯᠡᠳᠴᠦ᠂ ᠮᠠᠨ ᠤ | ᠨᠤᠲᠤᠭ ᠤᠨ ᠡᠷᠳᠡᠮᠲᠡᠨ ᠮᠡᠷᠭᠡᠳ᠂ ᠰᠣᠶᠣᠯ ᠤᠨ ᠵᠢᠳᠬᠦᠯᠲᠡᠨ᠂ ᠨᠤᠲᠤᠭ ᠤᠨ ᠠᠬᠠᠮᠠᠳ ᠪᠤᠭᠤᠷᠤᠯᠴᠤᠳ᠂ ᠤᠷᠠᠯᠢᠭ ᠰᠣᠶᠣᠯ ᠤᠨ ᠠᠵᠢᠯᠲᠠᠨ ᠵᠡᠷᠭᠡ ᠤᠯᠠᠨ | ᠬᠥᠮᠥᠰ ᠤᠨ ᠬᠠᠯᠠᠭᠤᠨ ᠳᠡᠮᠵᠢᠯᠭᠡ ᠪᠠᠷ ᠮᠠᠨ ᠤ ᠰᠢᠷᠢᠰ ᠨᠡᠪᠲᠡᠷᠡᠭᠦᠯᠭᠡ ᠨᠢ ᠢᠯᠭᠤᠮ ᠤᠷᠤᠭᠰᠢᠲᠠᠢ ᠶᠠᠪᠤᠭᠳᠠᠭᠰᠠᠨ ᠢ ᠠᠳᠡ ᠤᠴᠢᠷᠯᠠᠨ ᠥᠭᠦᠯᠡᠬᠦ ᠳᠤ ᠲᠠᠭᠠᠲᠠᠢ | ᠪᠠᠶᠢᠨ᠎ᠠ᠃ | ᠣᠨ ᠰᠣᠯᠢᠭᠳᠠᠬᠤ ᠡᠨᠡ ᠠᠯᠳᠠᠨ ᠮᠥᠴᠡ ᠪᠠᠷ ᠬᠢᠵᠦ ᠪᠦᠲᠦᠭᠡᠭᠰᠡᠨ ᠠᠵᠢᠯ ᠢᠶᠠᠨ ᠳ᠋ᠦᠩᠨᠡᠵᠦ᠂ ᠠᠯᠳᠠᠭ᠎ᠠ ᠤᠨᠤᠭ᠎ᠠ ᠪᠠᠨ ᠰᠢᠭᠦᠵᠦ ᠰᠠᠭᠤᠬᠤ ᠳᠤ | ︽ᠤᠮᠠᠷᠠᠲᠤ ᠬᠢᠯᠢ ᠶᠢᠨ ᠰᠣᠶᠣᠯ︾ ᠰᠢᠷᠢᠰ ᠨᠡᠪᠲᠡᠷᠡᠭᠦᠯᠭᠡ ᠮᠢᠨᠢ ᠴᠠᠯ ᠵᠠᠯᠠᠭᠤᠬᠠᠨ ᠪᠦᠰᠡᠭᠦᠢ ᠬᠥᠮᠥᠨ ᠤ ᠳᠦᠷᠢ ᠪᠠᠷ ᠰᠡᠳᠬᠢᠯ ᠳᠤ ᠮᠢᠨᠢ ᠢᠯᠡᠷᠡᠵᠦ᠂ ᠲᠡᠷᠡ ᠠᠯᠬᠤᠵᠤ | ᠥᠩᠭᠡᠷᠡᠭᠰᠡᠨ ᠵᠠᠮ ᠮᠥᠷ ᠲᠤ ᠪᠠᠨ ᠴᠡᠴᠡᠭ ᠤᠷᠭᠤᠭᠤᠯᠤᠨ᠂ ᠬᠦᠰᠡᠨ ᠬᠦᠯᠢᠶᠡᠵᠦ ᠪᠤᠢ ᠢᠷᠡᠬᠦ ᠡᠳᠦᠷ ᠤᠳ ᠲᠤ ᠪᠠᠨ ᠪᠠᠰᠠ ᠯᠡ ᠦᠵᠡᠭᠴᠢ ᠲᠦᠮᠡᠨ ᠤ ᠪᠠᠨ | ᠦᠵᠡᠨ ᠪᠠᠭ᠋ᠠᠷᠬᠠᠬᠤ ᠳᠤᠷᠠᠲᠠᠢ ︽ᠰᠣᠶᠣᠯ︾ ᠤᠨ ᠴᠡᠴᠡᠭᠡᠰ ᠢ ᠲᠡᠷᠢᠬᠤ ᠪᠠᠷ ᠵᠣᠷᠢᠭ ᠰᠢᠯᠤᠭᠤᠬᠠᠨ ᠠᠯᠬᠤᠯᠠᠭᠰᠠᠭᠠᠷ ᠪᠠᠶᠢᠨ᠎ᠠ… | | | | | | ᠬᠤᠶᠠᠷ ᠬᠡᠮᠵᠢᠯᠲᠦ ᠺᠤᠲ ᠢ ᠰᠢᠷᠪᠢᠵᠦ ᠨᠠᠷᠢᠨ ᠠᠭᠤᠯᠭ᠎ᠠ ᠶᠢ ᠦᠵᠡᠭᠡᠷᠡᠢ︕ | | | | | |