1 ᠰᠠᠷ᠎ᠠ ᠶᠢᠨ 6 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠬᠥᠯᠥᠨ ᠪᠦᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ | ᠳᠥᠷᠪᠡᠳᠦᠭᠡᠷ ᠬᠤᠷᠠᠯ ᠬᠠᠶᠢᠯᠠᠷ ᠲᠤ ᠡᠬᠢᠯᠡᠵᠦ ᠬᠤᠷᠠᠯᠳᠤᠯ᠎ᠠ᠃ ᠡᠨᠡ ᠬᠦ ᠲᠠᠰᠢᠷᠠᠮ ᠢᠶᠠᠷ ᠰᠤᠷᠪᠤᠯᠵᠢᠯᠠᠬᠴᠢ ᠬᠥᠯᠥᠨ ᠪᠤᠶᠢᠷ ᠳᠡᠭᠡᠳᠦ ᠰᠤᠷᠭᠠᠭᠤᠯᠢ ᠶᠢᠨ ᠨᠣᠮ ᠤᠨ | ᠰᠠᠩ ᠤᠨ ᠳᠠᠷᠤᠭ᠎ᠠ ᠤᠯᠠᠭᠠᠨᠲᠤᠶᠠᠭ᠎ᠠ ᠶᠢ ᠰᠤᠷᠪᠤᠯᠵᠢᠯᠠᠵᠤ ᠲᠡᠭᠦᠨ ᠤ ᠲᠤᠰ ᠤᠳᠠᠭᠠᠨ ᠤ ᠬᠤᠷᠠᠯ ᠳᠤ ᠳᠡᠪᠰᠢᠭᠦᠯᠦᠭᠰᠡᠨ ᠰᠠᠨᠠᠯ ᠳᠤᠷᠠᠳᠤᠯᠭ᠎ᠠ ᠶᠢᠨ ᠲᠤᠬᠠᠢ | ᠰᠤᠷᠪᠤᠯᠵᠢᠯᠠᠵᠤ ᠪᠢᠯᠡ᠃ | | | | | | ᠲᠡᠷᠡ ᠪᠠᠷ ᠡᠨᠡ ᠵᠢᠯ ᠳᠥᠷᠪᠡᠳᠡᠬᠢ ᠤᠳᠠᠭ᠎ᠠ ᠪᠠᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠤᠷᠤᠯᠴᠠᠵᠤ᠂ ︽ᠡᠷᠡᠭᠦᠯᠵᠢᠯ | ᠰᠤᠪᠢᠯᠠᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ︿ᠡᠷᠡᠭᠦᠯᠵᠢᠯ ᠰᠤᠪᠢᠯᠠᠯᠲᠠ +﹀ ᠵᠢᠭᠤᠯᠴᠢᠯᠠᠯ ᠤᠨ ᠦᠢᠯᠡᠰ ᠢ | ᠬᠥᠭᠵᠢᠭᠦᠯᠪᠡᠯ ᠵᠣᠬᠢᠨ᠎ᠠ︾ ᠭᠡᠬᠦ ᠰᠠᠨᠠᠯ ᠳᠤᠷᠠᠳᠤᠯᠭ᠎ᠠ ᠲᠠᠢ ᠲᠤᠰ ᠤᠳᠠᠭᠠᠨ ᠤ︽ᠬᠤᠶᠠᠷ ᠬᠤᠷᠠᠯ︾ ᠳᠤ ᠢᠷᠡᠭᠰᠡᠨ ᠪᠠᠶᠢᠨ᠎ᠠ᠃ | ︽ᠣᠶᠢᠷ᠎ᠠ ᠶᠢᠨ ᠵᠢᠯ ᠤᠳ ᠲᠤ᠂ ᠬᠥᠯᠥᠨ ᠪᠤᠶᠢᠷ ᠬᠤᠲᠠ ᠴᠢᠨᠠᠷ ᠰᠠᠶᠢᠲᠠᠢ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠡᠯ᠎ᠡ | ᠲᠦᠷᠦᠯ ᠤᠨ ᠠᠵᠢᠯ ᠢ ᠪᠦᠭᠦ ᠲᠠᠯ᠎ᠠ ᠪᠠᠷ ᠬᠦᠴᠦᠯᠡᠨ ᠬᠢᠪᠡ᠃ ᠮᠠᠨ ᠤ ᠬᠤᠲᠠ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ | ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠪᠠᠨ ᠨᠡᠯᠢᠶᠡᠳ ᠲᠡᠭᠦᠯᠳᠡᠷᠵᠢᠭᠦᠯᠦᠭᠰᠡᠨ ᠪᠤᠯᠪᠠᠴᠦ ᠬᠦᠷᠦᠯᠴᠡᠬᠦ ᠦᠭᠡᠢ ᠲᠠᠯ᠎ᠠ ᠪᠠᠰᠠ ᠤᠯᠠᠨ ᠪᠤᠢ᠃ ᠡᠭᠦᠨ ᠳᠤ᠂ | ᠵᠢᠭᠤᠯᠴᠢᠯᠠᠯ ᠤᠨ ᠠᠵᠤ ᠦᠢᠯᠡᠰ ᠲᠠᠩ ᠴᠤᠯᠭᠤᠢ ᠪᠠᠶᠢᠵᠤ᠂ ᠣᠯᠠᠩᠬᠢ ᠨᠢ ᠲᠠᠯ᠎ᠠ ᠨᠤᠲᠤᠭ ᠢᠶᠠᠷ ᠵᠢᠭᠤᠯᠴᠢᠯᠠᠬᠤ᠂ ᠲᠠᠯ᠎ᠠ ᠨᠤᠲᠤᠭ ᠤᠨ ᠥᠩᠭᠡ ᠦᠵᠡᠮᠵᠢ ᠶᠢ | ᠰᠣᠨᠢᠷᠬᠠᠬᠤ ᠪᠠᠷ ᠭᠤᠣᠯ ᠪᠤᠯᠭᠠᠵᠦ ᠪᠠᠶᠢᠬᠤ᠂ ᠵᠢᠭᠤᠯᠴᠢᠯᠠᠯ ᠤᠨ ᠴᠡᠭ ᠤᠨ ᠢᠳᠡᠭᠡᠨ ᠤᠮᠳᠠᠭᠠᠨ ᠤ ᠦᠨ᠎ᠡ ᠬᠠᠩᠰᠢ ᠭᠡᠳᠦ ᠥᠨᠳᠥᠷ ᠪᠠᠶᠢᠵᠤ᠂ ᠬᠢᠨᠠᠯᠲᠠ | ᠬᠠᠮᠢᠶᠠᠷᠤᠯᠲᠠ ᠶᠢᠨ ᠡᠷᠴᠢᠮ ᠬᠦᠷᠦᠯᠴᠡᠬᠦ ᠦᠭᠡᠢ ᠪᠠᠶᠢᠬᠤ᠂ ᠵᠢᠭᠤᠯᠴᠢᠯᠠᠯ ᠤᠨ ᠭᠠᠵᠠᠷ ᠤᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠴᠥᠭᠡᠨ ᠪᠠᠶᠢᠵᠤ᠂ | ᠭᠡᠪᠵᠢᠶᠡᠵᠢᠭᠰᠡᠨ ᠦᠭᠡᠢ ᠵᠡᠷᠭᠡ ᠪᠠᠶᠢᠳᠠᠯ ᠣᠷᠣᠰᠢᠵᠤ ᠪᠠᠶᠢᠬᠤ ᠪᠥᠭᠡᠳ ᠵᠠᠷᠢᠮ ᠭᠠᠵᠠᠷ ᠣᠷᠣᠨ ᠤ ᠣᠨᠴᠠᠯᠢᠭᠲᠤ ᠬᠠᠯᠠᠭᠤᠨ ᠷᠠᠰᠢᠶᠠᠨ᠂ ᠰᠢᠪᠠᠷ ᠵᠠᠰᠠᠯ ᠵᠡᠷᠭᠡ ᠡᠮᠲᠦ | ᠤᠭᠢᠶᠠᠯᠠᠭᠠ ᠶᠢ ᠵᠢᠷᠤᠮᠵᠢᠯ ᠤᠨ ᠴᠢᠨᠠᠷᠲᠠᠢ ᠨᠡᠭᠡᠭᠡᠨ ᠬᠥᠭᠵᠢᠭᠦᠯᠦᠭᠰᠡᠨ ᠦᠭᠡᠢ ᠪᠠᠶᠢᠬᠤ᠂ ᠭᠤᠷᠪᠠᠨ ᠭᠠᠷᠠᠭ ᠪᠤᠶᠤ ᠨᠢᠭᠡ ᠰᠠᠷ᠎ᠠ ᠠᠴᠠ ᠳᠡᠭᠡᠭᠰᠢ ᠬᠤᠭᠤᠴᠠᠭᠠᠨ ᠤ | ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠴᠥᠭᠡᠨ ᠪᠠᠶᠢᠵᠤ᠂ ᠵᠢᠭᠤᠯᠴᠢᠯᠠᠯ ᠤᠨ ᠤᠯᠠᠷᠢᠯ ᠤᠨ ᠬᠤᠭᠤᠴᠠᠭᠠᠨ ᠤ ᠵᠣᠴᠢᠳ ᠤᠨ ᠪᠠᠭᠤᠳᠠᠯ ᠤᠨ ᠦᠨ᠎ᠡ ᠬᠠᠩᠰᠢ | ᠥᠨᠳᠥᠷ ᠵᠡᠷᠭᠡ ᠦᠵᠡᠭᠳᠡᠯ ᠣᠷᠣᠰᠢᠵᠤ ᠪᠤᠢ︾ᠭᠡᠵᠦ ᠤᠯᠠᠭᠠᠨᠲᠤᠶᠠᠭ᠎ᠠ ᠰᠤᠷᠪᠤᠯᠵᠢᠯᠠᠬᠴᠢ ᠳᠤ ᠶᠠᠷᠢᠨ᠎ᠠ᠃ | ᠡᠳᠡᠭᠡᠷ ᠪᠠᠶᠢᠳᠠᠯ ᠳᠤ ᠴᠢᠭᠯᠡᠭᠦᠯᠦᠨ ᠭᠡᠰᠢᠭᠦᠨ ᠤᠯᠠᠭᠠᠨᠲᠤᠶᠠᠭ᠎ᠠ ᠳᠣᠣᠷᠠᠬᠢ ᠲᠦᠷᠪᠡᠨ ᠲᠠᠯ᠎ᠠ ᠶᠢᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠭᠰᠠᠨ | ᠪᠠᠶᠢᠨ᠎ᠠ᠃ ᠬᠠᠮᠤᠭ ᠲᠡᠷᠢᠭᠦᠨ ᠳᠤ᠂ ᠣᠯᠠᠨ ᠡᠰᠢᠵᠢᠭᠰᠡᠨ ᠵᠢᠭᠤᠯᠴᠢᠯᠠᠯ ᠤᠨ ᠪᠦᠲᠦᠭᠡᠭᠳᠡᠬᠦᠨ ᠤ ᠨᠡᠭᠡᠭᠡᠨ ᠠᠰᠢᠭᠯᠠᠯᠲᠠ ᠶᠢ ᠲᠦᠷᠭᠡᠳᠬᠡᠵᠦ᠂ ᠵᠢᠭᠤᠯᠴᠢᠯᠠᠨ | ᠰᠠᠭᠤᠷᠢᠰᠢᠬᠤ ᠡᠷᠡᠭᠦᠯᠵᠢᠯ ᠰᠤᠪᠢᠯᠠᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠳᠬᠠᠬᠤ ᠴᠢᠬᠤᠯᠠᠲᠠᠢ᠃︿ᠢᠳᠡᠬᠦ᠂ ᠰᠠᠭᠤᠬᠤ᠂ ᠶᠠᠪᠤᠬᠤ᠂ | ᠵᠢᠭᠤᠯᠴᠢᠯᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ﹀ᠨᠢᠭᠡ ᠴᠣᠭᠴᠠᠵᠢᠭᠰᠠᠨ ᠵᠢᠭᠤᠯᠴᠢᠯᠠᠨ ᠰᠠᠭᠤᠷᠢᠰᠢᠬᠤ ᠡᠷᠡᠭᠦᠯᠵᠢᠯ ᠰᠤᠪᠢᠯᠠᠯᠲᠠ ᠶᠢᠨ ᠦᠢᠯᠡᠴᠢᠯᠡᠭᠡᠨ ᠤ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠵᠠᠮ ᠬᠠᠷᠢᠯᠴᠠᠭ᠎ᠠ ᠶᠢᠨ ᠰᠢᠰᠲ᠋ᠧᠮ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠠᠯᠭᠤᠷ | ᠲᠡᠭᠦᠯᠳᠡᠷᠵᠢᠭᠦᠯᠪᠡᠯ ᠵᠣᠬᠢᠨ᠎ᠠ᠃ ᠬᠤᠶᠠᠷ ᠲᠤ᠂ ᠪᠡᠶ᠎ᠡ ᠰᠤᠪᠢᠯᠠᠯᠲᠠ ᠶᠢᠨ ᠵᠢᠭᠤᠯᠴᠢᠯᠠᠯ ᠤᠨ ᠤᠬᠠᠭᠤᠯᠭ᠎ᠠ ᠶᠢ ᠴᠢᠩᠭᠠᠳᠬᠠᠵᠤ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ᠂ | ᠰᠦᠯᠵᠢᠶ᠎ᠡ ᠵᠡᠷᠭᠡ ᠲᠠᠪᠴᠠᠩ ᠢᠶᠠᠷ ᠳᠠᠮᠵᠢᠭᠤᠯᠤᠨ᠂ ᠬᠥᠯᠥᠨ ᠪᠤᠶᠢᠷ ᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠪᠠ ᠥᠪᠡᠷᠮᠢᠴᠡ ᠰᠣᠶᠣᠯ ᠢ ᠨᠠᠩ ᠣᠯᠠᠨ | ᠬᠥᠮᠥᠨ ᠳᠤ ᠲᠠᠨᠢᠭᠤᠯᠵᠤ᠂ ᠠᠯᠳᠠᠷᠰᠢᠯ ᠪᠠ ᠲᠠᠲᠠᠬᠤ ᠬᠦᠴᠦᠨ ᠢ ᠦᠷᠭᠦᠯᠵᠢᠯᠡᠨ ᠳᠡᠭᠡᠭᠰᠢᠯᠡᠭᠦᠯᠪᠡᠯ ᠵᠣᠬᠢᠨ᠎ᠠ᠃ ᠭᠤᠷᠪᠠ ᠳᠤ᠂ ᠲᠣᠰ ᠭᠠᠵᠠᠷ ᠤᠨ ᠡᠬᠢ ᠪᠠᠶᠠᠯᠢᠭ ᠢᠶᠠᠨ | ᠭᠦᠢᠴᠡᠳ ᠪᠠᠳᠠᠷᠠᠭᠤᠯᠵᠤ᠂ ᠡᠷᠡᠭᠦᠯᠵᠢᠯ ᠤᠨ ᠲᠥᠪ᠂ ᠡᠷᠡᠭᠦᠯᠵᠢᠯ ᠤᠨ ᠰᠤᠪᠢᠯᠠᠯᠲᠠ ᠶᠢᠨ ᠭᠠᠵᠠᠷ ᠪᠤᠶᠤ ᠰᠤᠪᠢᠯᠠᠯᠲᠠ ᠶᠢᠨ ᠪᠠᠶᠢᠭᠤᠯᠤᠮᠵᠢ ᠲᠠᠢ ᠬᠠᠮᠲᠤᠷᠠᠨ᠂ | ᠵᠢᠭᠤᠯᠴᠢᠯᠠᠯ᠂ ᠡᠷᠡᠭᠦᠯᠵᠢᠯ ᠨᠢᠭᠡ ᠴᠣᠭᠴᠠᠵᠢᠭᠰᠠᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠲᠦᠭᠡᠨ ᠪᠠᠶᠢᠭᠤᠯᠪᠠᠯ ᠵᠣᠬᠢᠨ᠎ᠠ᠃ | ᠳᠥᠷᠪᠡ ᠳᠤ᠂ ︽ᠡᠷᠡᠭᠦᠯᠵᠢᠯ ᠰᠤᠪᠢᠯᠠᠯᠲᠠ + ᠵᠢᠭᠤᠯᠴᠢᠯᠠᠯ︾᠂ ︽ᠡᠷᠡᠭᠦᠯᠵᠢᠯ ᠰᠤᠪᠢᠯᠠᠯᠲᠠ + ᠮᠠᠯᠵᠢᠬᠤ ᠡᠷᠦᠭᠡ ᠶᠢ ᠪᠡᠶᠡᠴᠢᠯᠡᠨ ᠣᠶᠢᠯᠠᠭᠠᠬᠤ︾᠂︽ᠡᠷᠡᠭᠦᠯᠵᠢᠯ | ᠰᠤᠪᠢᠯᠠᠯᠲᠠ + ᠣᠶ ᠰᠢᠭᠤᠢ ᠶᠢ ᠪᠡᠶᠡᠴᠢᠯᠡᠨ ᠣᠶᠢᠯᠠᠭᠠᠬᠤ︾᠂ ︽ᠡᠷᠡᠭᠦᠯᠵᠢᠯ ᠰᠤᠪᠢᠯᠠᠯᠲᠠ + ᠠᠷᠠᠳ ᠤᠨ ᠵᠠᠩ ᠦᠶᠯᠡ ᠶᠢᠨ ᠰᠣᠶᠣᠯ︾᠂ ︽ᠡᠷᠡᠭᠦᠯᠵᠢᠯ ᠰᠤᠪᠢᠯᠠᠯᠲᠠ | + ᠪᠡᠶ᠎ᠡ ᠶᠢᠨ ᠲᠠᠮᠢᠷ︾ ᠵᠡᠷᠭᠡ ᠣᠯᠠᠨ ᠡᠵᠡᠩᠨᠡᠯᠲᠡ ᠶᠢᠨ ᠭᠡᠯᠪᠡᠷᠢ ᠪᠠᠶᠢᠳᠠᠯ ᠤᠨ ᠬᠥᠭᠵᠢᠯᠲᠡ ᠶᠢᠨ ᠵᠠᠭᠪᠤᠷ ᠢ ᠠᠯᠬᠤᠮ ᠠᠯᠬᠤᠮ ᠢᠶᠠᠷ ᠪᠤᠶ ᠪᠤᠯᠭᠠᠵᠤ᠂ ᠣᠯᠠᠨ | ᠡᠰᠢᠵᠢᠭᠰᠡᠨ ᠵᠢᠭᠤᠯᠴᠢᠯᠠᠨ ᠰᠠᠭᠤᠷᠢᠰᠢᠬᠤ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠲᠦᠷᠦᠯ ᠲᠡᠮᠳᠡᠭ ᠢ ᠴᠢᠷᠮᠠᠶᠢᠨ ᠡᠭᠦᠳᠴᠦ᠂ ᠡᠷᠡᠭᠦᠯᠵᠢᠯ | ᠰᠤᠪᠢᠯᠠᠯᠲᠠ ᠶᠢᠨ ᠠᠵᠤ ᠦᠢᠯᠡᠰ ᠤᠨ ᠲᠦᠷᠭᠡᠨ ᠠᠭᠤᠰᠤᠯᠴᠠᠬᠤ ᠪᠠ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠪᠠᠯ ᠵᠣᠬᠢᠨ᠎ᠠ ᠭᠡᠯᠡ᠃ | | |