ᠭᠡᠰᠢᠭᠦᠨ ᠰᠣᠷᠭᠤᠭ᠄ AED ᠮᠠᠰᠢᠨ ᠢ ᠤᠯᠠᠨ ᠨᠡᠶᠢᠳᠡ ᠶᠢᠨ ᠲᠠᠯᠠᠪᠤᠷ ᠲᠤ ᠨᠡᠮᠡᠵᠦ ᠲᠣᠬᠢᠷᠠᠭᠤᠯᠬᠤ ᠶᠢ ᠬᠦᠰᠡᠵᠦ ᠪᠠᠶᠢᠨ᠎ᠠ
ᠨᠡᠶᠢᠲᠡᠯᠡᠭᠰᠡᠨ ᠴᠠᠭ᠄
2025/1/6
          2025 ᠣᠨ ᠤ 1 ᠰᠠᠷ᠎ᠠ ᠶᠢᠨ 6᠎ ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠬᠥᠯᠥᠨ ᠪᠦᠢᠷ ᠬᠤᠳᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ  ᠶᠢᠨ ᠳᠥᠷᠪᠡᠳᠦᠭᠡᠷ ᠬᠤᠷᠠᠯ ᠬᠠᠶᠢᠯᠠᠷ ᠲᠤ ᠬᠤᠷᠠᠯᠳᠤᠵᠤ ᠡᠬᠢᠯᠡᠪᠡ᠃ ᠡᠨᠡ ᠬᠦ ᠲᠠᠰᠢᠷᠠᠮ ᠢᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠳᠤ ᠠᠵᠢᠯᠯᠠᠵᠤ ᠪᠠᠶᠢᠭ᠎ᠠ ᠰᠣᠷᠭᠤᠭ ᠢ ᠰᠤᠷᠪᠤᠯᠵᠢᠯᠠᠵᠤ ᠪᠢᠯᠡ᠃ ᠲᠡᠷᠡ ᠪᠠᠷ ᠡᠨᠡ ᠵᠢᠯ︽AED ᠮᠠᠰᠢᠨ ᠢ ᠤᠯᠠᠨ ᠨᠡᠶᠢᠳᠡ ᠶᠢᠨ ᠲᠠᠯᠠᠪᠤᠷ ᠲᠤ ᠨᠡᠮᠡᠵᠦ ᠲᠣᠬᠢᠷᠠᠭᠤᠯᠬᠤ ᠶᠢ ᠬᠦᠰᠡᠵᠦ ᠪᠠᠶᠢᠨ᠎ᠠ︾ᠭᠡᠬᠦ ᠰᠠᠨᠠᠯ ᠳᠤᠷᠠᠳᠤᠯᠭ᠎ᠠ ᠲᠠᠢ ᠢᠷᠡᠭᠰᠡᠨ ᠶᠤᠮ᠃
20250106-2.jpg
          ᠰᠣᠷᠭᠤᠭ᠄ ︽ᠮᠠᠨ ᠤ ᠬᠥᠯᠥᠨ ᠪᠤᠶᠢᠷ ᠬᠤᠲᠠ ᠨᠢ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠤᠭᠰᠠᠨ ᠤ ᠬᠤᠪᠢ ᠳᠤ᠂ ᠢᠳᠡᠭᠡᠨ ᠤᠮᠳᠠᠭᠠᠨ ᠤ ᠪᠦᠲᠦᠴᠡ ᠨᠢ ᠨᠡᠯᠢᠶᠡᠳ ᠲᠠᠩ ᠴᠤᠯᠭᠤᠢ ᠪᠠᠶᠢᠵᠤ᠂ ᠣᠷᠳᠣ ᠬᠤᠭᠤᠴᠠᠭ᠎ᠠ ᠪᠠᠷ ᠥᠨᠳᠥᠷ ᠡᠨᠧᠷᠭᠢ ᠲᠠᠢ ᠢᠳᠡᠭᠡᠨ ᠢᠳᠡᠬᠦ ᠪᠤᠶᠤ ᠠᠷᠢᠬᠢ ᠤᠤᠭᠤᠬᠤ ᠬᠥᠮᠥᠰ ᠨᠡᠯᠢᠶᠡᠳ ᠣᠯᠠᠨ ᠪᠠᠶᠢᠳᠠᠭ᠂ ᠢᠯᠠᠩᠭᠤᠶ᠎ᠠ ᠡᠪᠦᠯ ᠤᠨ ᠤᠯᠠᠷᠢᠯ ᠨᠢ ᠣᠷᠳᠣ ᠪᠥᠭᠡᠳ ᠬᠠᠬᠢᠷ ᠬᠦᠢᠲᠡᠨ ᠪᠠᠶᠢᠳᠠᠭ᠂ ᠪᠠᠰᠠ ᠲᠠᠷᠠᠬᠠᠢ ᠪᠤᠲᠠᠷᠬᠠᠢ ᠰᠠᠭᠤᠷᠢᠰᠢᠯ ᠠᠮᠢᠳᠤᠷᠠᠯ ᠬᠢᠵᠦ ᠪᠠᠶᠢᠳᠠᠭ ᠠᠴᠠ ᠲᠦᠷᠭᠡᠨ ᠠᠪᠤᠷᠠᠯᠳᠠ ᠬᠢᠬᠦ ᠴᠢᠬᠤᠯᠠ ᠲᠠᠢ ᠡᠪᠡᠳᠴᠢᠲᠡᠨ ᠢ ᠠᠪᠤᠷᠠᠬᠤ ᠳᠤ ᠡᠮᠨᠡᠯᠭᠡ ᠳᠤ ᠬᠦᠷᠭᠡᠬᠦ ᠵᠠᠮ ᠳᠠᠭᠠᠨ ᠡᠮᠴᠢᠯᠡᠬᠦ ᠰᠢᠵᠢᠷ ᠠᠯᠳᠠᠨ ᠴᠠᠭ ᠢᠶᠠᠨ ᠠᠯᠳᠠᠴᠢᠬᠠᠳᠠᠭ᠃ ᠡᠶᠢᠮᠦᠷᠬᠦᠦ ᠤᠯᠠᠨ ᠲᠠᠯ᠎ᠠ ᠶᠢᠨ ᠰᠢᠯᠲᠠᠭᠠᠨ ᠠᠴᠠ ᠪᠣᠯᠵᠤ ᠵᠢᠷᠦᠬᠡᠨ ᠰᠤᠷᠪᠤᠯᠵᠢᠲᠤ ᠡᠪᠡᠳᠴᠢᠨ ᠢᠶᠠᠷ ᠭᠡᠨᠡᠳᠲᠡ ᠪᠠᠷ ᠨᠠᠰᠤ ᠪᠠᠷᠠᠬᠤ ᠦᠵᠡᠭᠳᠡᠯ ᠤᠯᠠᠨ ᠭᠠᠷᠴᠤ᠂ ᠴᠢᠨᠠᠭᠰᠢᠯᠠᠪᠠᠯ ᠨᠡᠮᠡᠭᠳᠡᠬᠦ ᠬᠠᠨᠳᠤᠰᠢ ᠲᠠᠢ ᠪᠠᠶᠢᠨ᠎ᠠ᠃ ᠡᠶᠢᠮᠦ ᠠᠴᠠ AED ᠮᠠᠰᠢᠨ ᠢ ᠲᠦᠭᠡᠮᠡᠯᠵᠢᠭᠦᠯᠬᠦ ᠨᠢ ᠵᠢᠷᠦᠬᠡᠨ ᠰᠤᠷᠪᠤᠯᠵᠢᠲᠤ ᠡᠪᠡᠳᠴᠢᠲᠡᠨ ᠢ ᠲᠦᠷᠭᠡᠨ ᠠᠪᠤᠷᠠᠬᠤ ᠳᠤ ᠲᠤᠩ ᠴᠢᠬᠤᠯᠠ ᠪᠠᠶᠢᠳᠠᠭ︾ ᠭᠡᠵᠦ ᠰᠣᠷᠭᠤᠭ ᠶᠠᠷᠢᠨ᠎ᠠ᠃          AED ᠮᠠᠰᠢᠨ ᠪᠣᠯ ᠲᠦᠷᠭᠡᠨ ᠴᠢᠨᠠᠷᠲᠠᠢ ᠵᠢᠷᠦᠬᠡᠨ ᠴᠣᠬᠢᠯᠭ᠎ᠠ ᠬᠡᠪ ᠤᠨ ᠪᠠᠶᠢᠳᠠᠯ ᠢᠶᠠᠨ ᠠᠯᠳᠠᠭᠰᠠᠨ ᠠᠴᠠ ᠪᠣᠯᠤᠭᠰᠠᠨ ᠭᠡᠨᠡᠳᠲᠡ ᠶᠢᠨ ᠵᠢᠷᠦᠬᠡᠨ ᠡᠪᠡᠳᠴᠢᠲᠡᠨ ᠢ ᠠᠪᠤᠷᠠᠬᠤ ᠳᠤ ᠬᠡᠷᠡᠭᠯᠡᠳᠡᠭ ᠲᠦᠷᠭᠡᠨ ᠠᠪᠤᠷᠠᠯᠳᠠ ᠶᠢᠨ ᠲᠥᠬᠦᠭᠡᠷᠦᠮᠵᠢ ᠪᠣᠯᠣᠨ᠎ᠠ᠃ ᠵᠢᠷᠦᠬᠡᠨ ᠴᠣᠬᠢᠯᠭ᠎ᠠ ᠭᠡᠨᠡᠳᠲᠡ ᠵᠤᠬᠰᠤᠬᠤ ᠦᠶ᠎ᠡ ᠳᠤ᠂ ᠬᠠᠮᠤᠭ ᠤᠨ ᠵᠠᠩᠭᠢᠯᠠᠭ᠎ᠠ  ᠶᠢᠨ ᠠᠪᠤᠷᠠᠯᠳᠠ ᠬᠢᠬᠦ︽ᠰᠢᠵᠢᠷ ᠠᠯᠲᠠᠨ 4 ᠮᠢᠨᠦ᠋ᠲ︾᠎ ᠤᠨ ᠳᠣᠲᠣᠷ᠎ᠠ AED ᠮᠠᠰᠢᠨ ᠢ ᠠᠰᠢᠭᠯᠠᠨ ᠡᠪᠡᠳᠴᠢᠲᠡᠨ ᠤ ᠴᠡᠴᠡᠷᠡᠬᠦ ᠶᠢ ᠵᠣᠭᠰᠤᠭᠠᠬᠤ ᠪᠠ ᠵᠢᠷᠦᠬᠡ ᠠᠭᠤᠰᠬᠢᠨ ᠤ ᠰᠡᠷᠭᠦᠭᠡᠯᠲᠡ ᠬᠢᠬᠦ ᠨᠢ ᠡᠮᠴᠢᠯᠡᠭᠡᠨ ᠠᠴᠠ ᠡᠮᠦᠨᠡᠬᠢ ᠲᠦᠷᠭᠡᠨ ᠠᠪᠤᠷᠠᠯᠳᠠ ᠶᠢᠨ ᠠᠮᠵᠢᠯᠲᠠ ᠣᠯᠬᠤ ᠨᠤᠷᠮ᠎ᠠ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠳᠡᠭ᠃          ᠣᠳᠣᠬᠠᠨ ᠳᠤ᠂ ᠬᠥᠯᠥᠨ ᠪᠤᠶᠢᠷ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠣᠯᠠᠨ ᠨᠡᠶᠢᠲᠡ ᠶᠢᠨ ᠲᠠᠯᠠᠪᠤᠷ ᠲᠤ AED ᠮᠠᠰᠢᠨ ᠢ ᠨᠢᠭᠡᠨᠲᠡ 50 ᠰᠢᠬᠠᠮ ᠪᠠᠶᠢᠷᠢᠯᠠᠭᠤᠯᠵᠤ᠂ ᠵᠢᠱᠢᠯᠲᠡ ᠪᠠᠷ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠤᠭᠤᠴᠠᠭᠠᠨ ᠳᠤ AED᠎ ᠶᠢ 200 ᠲᠣᠬᠢᠷᠠᠭᠤᠯᠬᠤ ᠪᠠᠷ ᠪᠠᠶᠢᠨ᠎ᠠ᠃ ᠭᠡᠪᠡᠴᠦ ᠡᠳᠡᠭᠡᠷ ᠮᠠᠰᠢᠨ ᠤ ᠣᠯᠠᠩᠬᠢ ᠶᠢ ᠬᠠᠶᠢᠯᠠᠷ ᠲᠣᠭᠤᠷᠢᠭ ᠲᠤ ᠪᠠᠶᠢᠷᠢᠯᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠮᠠᠰᠢ ᠴᠥᠭᠡᠨ ᠲᠣᠬᠢᠷᠠᠭᠤᠯᠤᠭᠰᠠᠨ ᠪᠠᠶᠢᠳᠠᠭ᠃          ︽ᠣᠶᠢᠷ᠎ᠠ ᠶᠢᠨ ᠵᠢᠯ ᠤᠳ ᠲᠤ᠂ ᠣᠯᠠᠨ ᠨᠡᠶᠢᠲᠡ ᠶᠢᠨ ᠲᠠᠯᠠᠪᠤᠷ ᠲᠤ ᠭᠡᠨᠡᠳᠲᠡ ᠪᠠᠷ ᠦᠬᠦᠭᠰᠡᠨ ᠬᠡᠷᠡᠭ ᠤᠨ ᠵᠢᠱᠢᠶ᠎ᠡ ᠵᠥᠩᠳᠡᠭᠡᠨ ᠭᠠᠷᠴᠤ᠂ ᠤᠯᠤᠰ ᠤᠨ ᠵᠢᠷᠦᠬᠡ ᠴᠢᠰᠤᠨ ᠰᠤᠳᠠᠯ ᠤᠨ ᠲᠥᠪ ᠤᠨ 2023 ᠣᠨ ᠤ ᠲᠤᠭ᠎ᠠ ᠪᠠᠷᠢᠮᠲᠠ ᠶᠢᠨ ᠪᠦᠷᠢᠳᠬᠡᠯ ᠳᠤ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠵᠢᠯ ᠪᠦᠷᠢ ᠵᠢᠷᠦᠬᠡᠨ ᠰᠤᠷᠪᠤᠯᠵᠢᠲᠤ ᠡᠪᠡᠳᠴᠢᠨ ᠢᠶᠠᠷ ᠭᠡᠨᠡᠳᠲᠡ ᠪᠠᠷ ᠨᠠᠰᠤ ᠪᠠᠷᠠᠭᠰᠠᠨ ᠬᠥᠮᠥᠨ 60 ᠲᠦᠮᠡ ᠳᠤ ᠬᠦᠷᠴᠦ᠂ ᠬᠠᠮᠢᠶ᠎ᠠ ᠪᠦᠬᠦᠢ ᠮᠠᠲ᠋ᠧᠷᠢᠶᠠᠯ ᠳᠤ ᠢᠯᠡᠷᠡᠭᠦᠯᠦᠭᠰᠡᠨ ᠢᠶᠠᠷ᠂ ᠵᠢᠷᠦᠬᠡ ᠭᠡᠨᠡᠳᠲᠡ ᠵᠣᠭᠰᠣᠭᠠᠳ 4 ᠮᠢᠨᠦ᠋ᠲ ᠢ ᠬᠡᠲᠦᠷᠡᠪᠡᠯ᠂ ᠲᠠᠷᠢᠬᠢᠨ ᠤ ᠨᠡᠬᠡᠳᠡᠰᠦ ᠥᠨᠢᠳᠡ ᠶᠢᠨ ᠴᠢᠨᠠᠷᠲᠠᠢ ᠭᠡᠮᠲᠦᠯ ᠡᠭᠦᠰᠴᠦ᠂ 10 ᠮᠢᠨᠦ᠋ᠲ ᠠᠴᠠ ᠬᠡᠲᠦᠷᠡᠪᠡᠯ ᠳᠠᠷᠤᠢ ᠲᠠᠷᠢᠬᠢ ᠦᠬᠦᠳᠡᠭ᠃ ᠡᠶᠢᠮᠦ ᠠᠴᠠ ᠵᠢᠷᠦᠬᠡᠨ ᠠᠴᠠ ᠰᠢᠯᠲᠠᠭᠠᠯᠠᠭᠰᠠᠨ ᠭᠡᠨᠡᠳᠲᠡ ᠶᠢᠨ ᠦᠬᠦᠯ ᠤᠨ ᠠᠪᠤᠷᠠᠨ ᠲᠤᠰᠠᠯᠠᠯᠲᠠ ᠳᠤ︿ᠰᠢᠵᠢᠷ ᠠᠯᠲᠠᠨ 4 ᠮᠢᠨᠦ᠋ᠲ﹀ᠭᠡᠬᠦ ᠬᠡᠯᠡᠯᠭᠡ ᠪᠠᠶᠢᠵᠤ᠂ ᠡᠭᠦᠨ ᠳᠤ ᠠᠮᠢ ᠠᠪᠤᠷᠠᠬᠤ ᠰᠢᠳᠢᠲᠦ ᠵᠡᠪᠰᠡᠭ ᠨᠢ AED ᠮᠠᠰᠢᠨ ᠪᠣᠯᠣᠨ᠎ᠠ᠃ ᠢᠯᠠᠩᠭᠤᠶ᠎ᠠ ᠮᠠᠨ ᠤ ᠪᠤᠶᠢᠳᠠ ᠪᠥᠭᠯᠡᠭᠦᠦ ᠬᠤᠰᠢᠭᠤ ᠬᠤᠲᠠ ᠶᠢᠨ ᠡᠮᠴᠢᠯᠡᠭᠡᠨ ᠤ ᠬᠢᠷᠢ ᠲᠦᠪᠰᠢᠨ ᠬᠠᠷᠢᠴᠠᠩᠭᠤᠢ ᠳᠣᠣᠷ᠎ᠠ ᠪᠠᠶᠢᠵᠤ᠂ ᠲᠦᠷᠭᠡᠨ ᠠᠪᠤᠷᠠᠯᠳᠠ ᠶᠢᠨ ᠲᠠᠯ᠎ᠠ ᠪᠠᠷ ᠬᠤᠲᠠ ᠶᠢᠨ ᠡᠮᠴᠢᠯᠡᠭᠡᠨ ᠤ ᠨᠥᠬᠦᠴᠡᠯ ᠲᠠᠢ ᠨᠡᠯᠢᠶᠡᠳ ᠵᠥᠷᠢᠶ᠎ᠡ ᠲᠠᠢ ᠪᠠᠶᠢᠳᠠᠭ᠂ ᠡᠶᠢᠮᠦ ᠠᠴᠠ ᠡᠳᠡᠭᠡᠷ ᠭᠠᠵᠠᠷ ᠲᠤ AED ᠮᠠᠰᠢᠨ ᠢ ᠲᠦᠭᠡᠮᠡᠯᠵᠢᠭᠦᠯᠬᠦ ᠪᠠ ᠤᠭᠰᠠᠷᠠᠬᠤ ᠨᠢ ᠮᠠᠰᠢ ᠴᠢᠬᠤᠯᠠ ᠪᠠᠶᠢᠳᠠᠭ᠃ ᠬᠤᠰᠢᠭᠤ ᠬᠤᠲᠠ ᠳᠤ ᠬᠥᠮᠥᠨ ᠠᠮᠠ ᠨᠢᠭᠲᠠᠷᠠᠭᠰᠠᠨ ᠲᠠᠯᠠᠪᠤᠷ ᠲᠡᠶᠢᠮᠦ ᠣᠯᠠᠨ ᠪᠢᠰᠢ᠂ ᠡᠶᠢᠮᠦ ᠠᠴᠠ AED ᠮᠠᠰᠢᠨ ᠢ ᠲᠠᠮᠢᠷ ᠤᠨ ᠲᠠᠯᠠᠪᠤᠷ ᠪᠤᠶᠤ ᠲᠠᠮᠢᠷ ᠤᠨ ᠣᠷᠳᠣᠨ᠂ ᠨᠣᠮ ᠤᠨ ᠰᠠᠩ ᠵᠡᠷᠭᠡ ᠭᠠᠵᠠᠷ ᠲᠤ ᠤᠭᠰᠠᠷᠠᠬᠤ ᠠᠴᠠ ᠭᠠᠳᠠᠨ᠎ᠠ᠂ ᠬᠤᠳᠠᠯᠳᠤᠭᠠᠨ ᠤ ᠵᠠᠬ᠎ᠠ ᠳᠡᠯᠭᠡᠭᠦᠷ᠂ ᠰᠤᠷᠭᠠᠭᠤᠯᠢ᠂ ᠪᠠᠶᠢᠭᠤᠯᠭ᠎ᠠ ᠵᠡᠷᠭᠡ ᠭᠠᠵᠠᠷ ᠲᠤ ᠤᠭᠰᠠᠷᠠᠪᠠᠯ ᠨᠡᠩ ᠤᠯᠠᠨ ᠬᠥᠮᠥᠰ ᠲᠡᠭᠦᠨ ᠢ ᠲᠠᠨᠢᠵᠤ ᠣᠶᠢᠯᠠᠭᠠᠨ ᠬᠡᠷᠡᠭᠯᠡᠵᠦ᠂ ᠨᠡᠩ ᠤᠯᠠᠨ ᠬᠥᠮᠥᠰ ᠲᠤ ᠲᠦᠭᠦᠮ ᠦᠵᠡᠭᠦᠯᠭᠦ ᠪᠣᠯᠣᠨ᠎ᠠ︾ ᠭᠡᠵᠦ ᠰᠣᠷᠭᠤᠭ ᠶᠠᠷᠢᠨ᠎ᠠ᠃          ᠣᠳᠣᠬᠠᠨ AED ᠮᠠᠰᠢᠨ ᠤ ᠲᠤᠬᠠᠢ ᠲᠠᠨᠢᠯᠲᠠ ᠪᠠ ᠬᠡᠷᠡᠭᠯᠡᠯᠲᠡ ᠶᠢᠨ ᠲᠠᠯ᠎ᠠ ᠪᠠᠷ ᠬᠢ ᠤᠬᠠᠭᠤᠯᠭ᠎ᠠ᠂ ᠲᠦᠭᠡᠮᠡᠯᠵᠢᠭᠦᠯᠦᠯᠲᠡ᠂ ᠣᠶᠢᠯᠠᠭᠠᠯᠲᠠ ᠮᠠᠰᠢ ᠳᠤᠲᠠᠮᠠᠭ ᠪᠠᠶᠢᠵᠤ᠂ ᠲᠤᠰ ᠮᠠᠰᠢᠨ ᠢ ᠲᠠᠨᠢᠬᠤ ᠦᠭᠡᠢ᠂ ᠬᠡᠷᠡᠭᠯᠡᠵᠦ ᠴᠢᠳᠠᠬᠤ ᠦᠭᠡᠢ ᠨᠢ ᠦᠨᠳᠦᠰᠦᠨ ᠱᠠᠲᠤᠨ ᠤ ᠤᠯᠠᠨ ᠲᠦᠮᠡᠨ ᠤ ᠬᠡᠪ ᠤᠨ ᠦᠵᠡᠭᠳᠡᠯ ᠪᠣᠯᠵᠠᠢ᠃ ᠡᠶᠢᠮᠦ ᠠᠴᠠ ᠲᠠᠷᠠᠭᠠᠴᠢ ᠶᠢᠨ ᠠᠯᠬᠤᠮ ᠳᠤ ᠬᠠᠮᠢᠶ᠎ᠠ ᠪᠦᠬᠦᠢ ᠰᠠᠯᠠᠭ᠎ᠠ ᠮᠥᠴᠢᠷ AED ᠮᠠᠰᠢᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠲᠤᠰ ᠮᠠᠰᠢᠨ ᠢ ᠬᠡᠷᠡᠭᠯᠡᠬᠦ ᠲᠤᠬᠠᠢ ᠤᠬᠠᠭᠤᠯᠭ᠎ᠠ ᠪᠠ ᠪᠣᠯᠪᠠᠰᠤᠷᠠᠯ ᠢ ᠴᠢᠩᠭᠠᠳᠬᠠᠨ᠂ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ᠂ ᠪᠦᠲᠦᠮᠵᠢᠲᠡᠶ᠂ ᠵᠢᠷᠤᠮᠵᠢᠯ ᠲᠠᠢ ᠡᠵᠡᠩᠨᠡᠯᠲᠡ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠷᠡᠭᠯᠡᠬᠦ ᠠᠷᠭ᠎ᠠ ᠶᠢ ᠳᠡᠯᠭᠡᠷᠡᠭᠦᠯᠦᠨ ᠲᠦᠭᠡᠮᠡᠯᠵᠢᠭᠦᠯᠪᠡᠯ᠂ ᠣᠯᠠᠨ ᠲᠦᠮᠡᠨ ᠤ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠭᠦ ᠨᠢ ᠯᠠᠪᠲᠠᠢ᠃
ᠢᠷᠡᠯᠲᠡ᠄ ᠬᠥᠯᠥᠨ ᠪᠤᠶᠢᠷ ᠮᠣᠩᠭᠤᠯ ᠰᠦᠯᠵᠢᠶ᠎ᠡ