ᠭᠡᠰᠢᠭᠦᠨ ᠠᠷᠤᠤᠬᠠᠨ᠄ ᠰᠣᠨᠢᠨ ᠮᠡᠳᠡᠭᠡᠨ ᠤ ᠠᠵᠢᠯᠲᠠᠳ ᠤᠨ ︽ᠲᠦᠷᠪᠡᠨ ᠴᠢᠳᠠᠪᠤᠷᠢ︾᠎ ᠶᠢ ᠴᠢᠩᠭᠠᠳᠬᠠᠨ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠪᠡᠯ ᠵᠣᠬᠢᠨ᠎ᠠ
ᠨᠡᠶᠢᠲᠡᠯᠡᠭᠰᠡᠨ ᠴᠠᠭ᠄
2025/1/6
          ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ  ᠎ ᠲᠠᠢ ᠨᠢᠭᠲᠠ ᠬᠤᠯᠪᠣᠭᠳᠠᠭᠰᠠᠨ ᠬᠥᠯᠥᠨ ᠪᠤᠶᠢᠷ ᠬᠤᠲᠠ ᠶᠢᠨ︽ᠬᠤᠶᠠᠷ ᠬᠤᠷᠠᠯ︾ ᠮᠠᠨᠢ ᠵᠤᠷᠰᠢᠯ ᠶᠣᠰᠣᠭᠠᠷ ᠬᠤᠷᠠᠯᠳᠤᠵᠤ ᠡᠬᠢᠯᠡᠯ᠎ᠡ᠃ ᠥᠨᠥᠳᠥᠷ ᠤᠨ ᠰᠣᠷᠪᠤᠯᠵᠢᠯᠠᠭ᠎ᠠ ᠶᠢᠨ ᠬᠤᠶᠢᠮᠤᠷ ᠲᠠᠭᠠᠨ ᠪᠢᠳᠡ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠮᠥᠨ ᠴᠤ  ᠮᠠᠨ ᠤ ᠬᠠᠮᠲᠤ ᠠᠵᠢᠯᠲᠠᠨ  ᠠᠷᠤᠤᠬᠠᠨ ᠢ ᠤᠷᠢᠵᠤ ᠲᠡᠭᠦᠨ ᠤ ︽ᠬᠤᠶᠠᠷ  ᠬᠤᠷᠠᠯ︾᠎ ᠳᠤ ᠳᠡᠪᠰᠢᠭᠦᠯᠦᠭᠰᠡᠨ ᠰᠠᠨᠠᠯ ᠳᠤᠷᠠᠳᠤᠯᠭ᠎ᠠ ᠶᠢ ᠲᠠ ᠪᠦᠭᠦᠨ ᠲᠠᠢ ᠎ ᠪᠠᠨ ᠬᠤᠪᠢᠶᠠᠯᠴᠠᠬᠤ ᠳᠤ ᠪᠡᠯᠡᠬᠡᠨ ᠪᠣᠯᠣᠯ᠎ᠠ᠃ 
1.jpg      
          ᠬᠠᠮ ᠵᠠᠭᠤᠴᠢᠯᠠᠭᠤᠷ ᠤᠨ ᠴᠠᠭ ᠦᠶ᠎ᠡ ᠳᠤ᠂  ᠬᠥᠯ ᠬᠥᠩᠭᠡᠨ᠂ ᠨᠢᠳᠦ ᠭᠢᠷᠠᠬᠠᠢ᠂ ᠲᠠᠷᠢᠬᠢ ᠰᠡᠷᠭᠡᠭ᠂ ᠪᠢᠷ ᠬᠤᠷᠴᠠ ᠵᠡᠷᠭᠡ︽ᠳᠥᠷᠪᠡᠨ  ᠴᠢᠳᠠᠪᠤᠷᠢ︾᠎ ᠨᠢ ᠴᠣ ᠰᠢᠨ᠎ᠡ ᠠᠭᠤᠯᠤᠭᠳᠠᠬᠤᠨ ᠲᠠᠢ ᠪᠣᠯᠵᠤ᠂  ᠭᠡᠯᠪᠡᠷᠢ ᠪᠠᠨ ᠬᠤᠪᠢᠷᠠᠭᠤᠯᠬᠤ ᠨᠢ ᠰᠣᠨᠢᠨ ᠮᠡᠳᠡᠭᠡᠨ ᠤ ᠠᠵᠢᠯ ᠲᠥᠷᠥᠯ ᠤᠨ ᠵᠠᠶᠢᠯᠠᠭᠤᠯᠵᠤ ᠪᠣᠯᠣᠰᠢ ᠦᠭᠡᠢ ᠬᠠᠨᠳᠤᠰᠢ   ᠪᠣᠯᠪᠠ᠃ ᠢᠯᠠᠩᠭᠤᠶ᠎ᠠ ᠤᠯᠠᠮᠵᠢᠯᠠᠯᠲᠤ ᠵᠠᠭᠤᠴᠢᠯᠠᠭᠤᠷ ᠤᠨ ᠠᠵᠢᠯᠲᠠᠳ ᠲᠤ ᠠᠪᠴᠤ ᠬᠡᠯᠡᠪᠡᠯ᠂ ᠭᠦᠨᠴᠡ ᠪᠠ ᠬᠤᠷᠳᠤᠴᠠ ᠶᠢ ᠬᠡᠷᠬᠢᠨ ᠲᠡᠩᠴᠡᠭᠦᠷᠢᠰᠢᠭᠦᠯᠬᠦ᠂ ᠠᠭᠤᠯᠭ᠎ᠠ ᠶᠢᠨ ᠶᠠᠰᠤ ᠴᠢᠨᠠᠷ ᠢ ᠪᠠᠲᠤᠯᠠᠬᠤ ᠪᠠ ᠤᠯᠠᠮᠵᠢᠯᠠᠨ ᠲᠠᠷᠬᠠᠭᠠᠬᠤ ᠠᠷᠭ᠎ᠠ ᠵᠠᠮ ᠢ ᠬᠡᠷᠬᠢᠨ ᠰᠢᠨᠡᠴᠢᠯᠡᠨ ᠥᠷᠭᠡᠳᠬᠡᠬᠦ ᠨᠢ ᠣᠳᠣᠬᠠᠨ ᠤ ᠲᠤᠯᠭᠠᠮ᠎ᠠ ᠠᠰᠠᠭᠤᠳᠠᠯ ᠪᠣᠯᠵᠠᠢ᠃                ᠰᠢᠨ᠎ᠡ ᠴᠠᠭ ᠦᠶ᠎ᠡ ᠶᠢᠨ ᠰᠣᠨᠢᠨ ᠮᠡᠳᠡᠭᠡᠨ ᠤ ᠠᠵᠢᠯᠲᠠᠳ ᠪᠣᠯᠤᠭᠰᠠᠨ ᠤ ᠬᠤᠪᠢ ᠳᠤ᠂ ᠰᠣᠨᠢᠨ ᠮᠡᠳᠡᠭᠡᠨ ᠤ ᠰᠤᠷᠪᠤᠯᠵᠢᠯᠠᠨ ᠨᠠᠶᠢᠷᠠᠭᠤᠯᠬᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠪᠣᠯᠪᠠᠰᠤᠷᠠᠩᠭᠤᠢ ᠡᠵᠡᠮᠰᠢᠬᠦ ᠶᠢᠨ ᠬᠠᠮᠲᠤ ᠠᠬᠤᠢ ᠲᠠᠯᠠᠪᠠᠶ ᠶᠢᠨ ᠰᠢᠭᠤᠳ ᠨᠡᠪᠲᠡᠷᠡᠭᠦᠯᠭᠡ᠂ ᠲᠠᠭᠤ ᠳᠦᠷᠰᠦ ᠰᠢᠩᠭᠡᠭᠡᠯᠲᠡ ᠶᠢᠨ ᠵᠣᠬᠢᠶᠠᠨ ᠪᠦᠲᠦᠭᠡᠯᠭᠡ ᠵᠡᠷᠭᠡ ᠣᠯᠠᠨ ᠲᠠᠯ᠎ᠠ ᠶᠢᠨ᠂ ᠣᠯᠠᠨ ᠲᠤᠰᠬᠠᠢ ᠮᠡᠷᠭᠡᠵᠢᠯ ᠤᠨ ᠰᠢᠨ᠎ᠡ ᠵᠠᠭᠤᠴᠢᠯᠠᠭᠤᠷ ᠤᠨ ᠮᠡᠷᠭᠡᠵᠢᠯ ᠤᠨ ᠴᠢᠳᠠᠪᠤᠷᠢ ᠪᠠ ᠮᠡᠳᠡᠯᠭᠡ ᠶᠢ ᠪᠦᠷᠢᠯᠳᠦᠭᠦᠯᠬᠦ ᠬᠡᠷᠡᠭᠲᠡᠢ᠃ ᠰᠢᠨ᠎ᠡ ᠶᠢ ᠡᠭᠦᠳᠴᠦ ᠰᠢᠨ᠎ᠡ ᠶᠢ ᠡᠷᠢᠯᠬᠢᠯᠡᠵᠦ᠂ ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠪᠠᠨ ᠴᠢᠩᠭᠠᠳᠬᠠᠵᠤ ᠰᠤᠷᠤᠯᠴᠠᠨ ᠡᠵᠡᠮᠰᠢᠵᠦ᠂ ᠲᠡᠰᠪᠦᠷᠢ ᠬᠠᠲᠠᠭᠤᠵᠢᠯᠲᠠᠢ ᠴᠤᠴᠠᠯᠲᠠ ᠦᠭᠡᠢ ᠤᠷᠤᠭᠰᠢᠯᠠᠨ᠂ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠮᠡᠳᠡᠯᠭᠡ ᠶᠢᠨ ᠬᠦᠷᠢᠶ᠎ᠡ ᠎ ᠪᠠᠨ ᠥᠷᠭᠡᠳᠬᠡᠵᠦ᠂ ᠦᠢᠯᠡᠳᠦᠯᠭᠡ ᠶᠢᠨ ᠪᠣᠯᠪᠠᠰᠤᠷᠠᠯ ᠳᠤ ᠳᠠᠪᠲᠠᠭᠳᠠᠵᠤ᠂ ᠰᠢᠨ᠎ᠡ ᠰᠢᠨ᠎ᠡ ᠳᠠᠮᠵᠢᠭᠤᠯᠬᠤ ᠠᠷᠭ᠎ᠠ ᠪᠠᠷᠢᠯ ᠢ ᠴᠢᠳᠠᠮᠠᠭᠠᠢ ᠬᠡᠷᠡᠭᠯᠡᠨ᠂ ᠬᠠᠮ ᠵᠠᠭᠤᠴᠢᠯᠠᠭᠤᠷ ᠤᠨ ᠭᠡᠯᠪᠡᠷᠢ ᠶᠢᠨ ᠰᠣᠨᠢᠨ ᠮᠡᠳᠡᠭᠡᠨ ᠤ ᠠᠵᠢᠯᠲᠠᠨ ᠪᠤᠯᠬᠤ ᠪᠠᠷ ᠴᠢᠷᠮᠠᠶᠢᠵᠤ᠂ ᠨᠡᠩ ᠤᠯᠠᠨ ᠦᠵᠡᠯ ᠰᠠᠨᠠᠭ᠎ᠠ ᠲᠠᠢ᠂ ᠭᠦᠨᠴᠡ ᠲᠠᠢ᠂ ᠦᠵᠡᠯᠲᠡ ᠲᠠᠨᠢᠯᠲᠠ ᠲᠠᠢ  ᠰᠣᠨᠢᠨ ᠮᠡᠳᠡᠭᠡ ᠭᠠᠷᠭᠠᠬᠤ ᠪᠠᠷ ᠴᠢᠷᠮᠠᠶᠢᠬᠤ ᠬᠡᠷᠡᠭᠲᠡᠢ᠃                ᠭᠡᠰᠢᠭᠦᠨ ᠠᠷᠤᠤᠬᠠᠨ᠄︽ᠰᠣᠨᠢᠨ ᠮᠡᠳᠡᠭᠡᠨ ᠤ ᠠᠵᠢᠯᠲᠠᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠭᠦ ᠶᠢᠨ ᠤᠷᠢᠲᠠᠯ ᠨᠥᠬᠦᠴᠡᠯ ᠪᠣᠯ ᠲᠣᠰ ᠬᠥᠮᠥᠨ ᠤ ᠰᠤᠷᠤᠯᠴᠠᠯᠭ᠎ᠠ ᠴᠢᠷᠮᠠᠶᠢᠯᠭ᠎ᠠ ᠪᠠᠶᠢᠬᠤ ᠬᠡᠷᠡᠭᠲᠡᠢ ᠪᠥᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠪᠤᠶᠤ ᠪᠠᠶᠢᠭᠤᠯᠭ᠎ᠠ ᠨᠢᠭᠡᠴᠢ ᠶᠢᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃  ᠡᠭᠦᠨ ᠳᠤ ᠪᠢ ᠰᠣᠨᠢᠨ ᠮᠡᠳᠡᠭᠡᠨ ᠤ ᠠᠵᠢᠯᠲᠠᠳ ᠤᠨ ︿ᠲᠦᠷᠪᠡᠨ ᠴᠢᠳᠠᠪᠤᠷᠢ﹀᠎ ᠶᠢ  ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠪᠡᠯ ᠵᠣᠬᠢᠨ᠎ᠠ  ᠭᠡᠬᠦ ᠨᠢᠭᠡᠳᠥᠭᠢ ᠰᠠᠨᠠᠯ ᠳᠤᠷᠠᠳᠤᠯᠭ᠎ᠠ ᠪᠠᠨ ᠳᠡᠪᠰᠢᠭᠦᠯᠦᠭᠰᠡᠨ ᠪᠠᠶᠢᠳᠠᠭ᠃                 ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠦᠨᠳᠦᠰᠦᠨ ᠱᠠᠲᠤᠨ ᠤ ᠬᠠᠮ ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠲᠤᠬᠠᠢ ᠬᠡᠷᠡᠭᠴᠡᠭᠡ ᠮᠠᠰᠢ ᠲᠤᠯᠭᠠᠮ᠎ᠠ ᠪᠠᠶᠢᠵᠤ᠂ ᠵᠥᠪᠭᠡᠨ ᠪᠠᠶᠢᠩᠭᠤ ᠰᠤᠷᠤᠯᠴᠠᠵᠤ ᠪᠠᠶᠢᠩᠭᠤ ᠰᠢᠨᠡᠴᠢᠯᠡᠪᠡᠯ ᠰᠠᠶ᠋ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ ᠴᠢᠳᠠᠨ᠎ᠠ᠃ ᠭᠡᠪᠡᠴᠦ ᠵᠠᠷᠤᠳᠠᠯ ᠮᠥᠩᠭᠦ ᠬᠦᠷᠦᠯᠴᠡᠬᠦ ᠦᠭᠡᠢ᠂ ᠬᠥᠮᠥᠨ ᠬᠦᠷᠦᠯᠴᠡᠬᠦ ᠦᠭᠡᠢ᠂ ᠭᠠᠳᠠᠭᠰᠢ ᠭᠠᠷᠴᠤ ᠰᠤᠷᠤᠯᠴᠠᠬᠤ ᠵᠠᠪ ᠦᠭᠡᠢ᠂ ︽ᠭᠠᠳᠠᠭᠰᠢ ᠭᠠᠷᠬᠤ︾᠎ ᠳᠤ   ᠬᠦᠴᠢᠷᠲᠡᠢ ᠵᠡᠷᠭᠡ ᠤᠯᠠᠨ ᠵᠦᠢᠯ ᠤᠨ ᠰᠢᠯᠲᠠᠭᠠᠨ ᠣᠷᠣᠰᠢᠵᠤ ᠪᠠᠶᠢᠬᠤ ᠶᠢ ᠣᠯᠵᠤ ᠮᠡᠳᠡᠵᠡᠢ᠃                ᠡᠶᠢᠮᠦ ᠠᠴᠠ ᠮᠢᠨᠤ ᠦᠵᠡᠬᠦ ᠪᠠᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠨᠢᠨ ᠮᠡᠳᠡᠭᠡᠨ ᠤ ᠠᠵᠢᠯᠲᠠᠳ ᠤᠨ  ᠨᠡᠶᠢᠭᠡᠮᠯᠢᠭ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠠᠴᠠ ᠲᠣᠭᠲᠠᠮᠠᠯ ᠬᠤᠭᠤᠴᠠᠭ᠎ᠠ ᠲᠠᠢ ᠪᠠᠷ ᠨᠥᠯᠥᠭᠡᠯᠡᠬᠦ ᠬᠦᠴᠦᠨ ᠢᠶᠠᠷ ᠶᠡᠭᠡ ᠰᠣᠨᠢᠨ ᠮᠡᠳᠡᠭᠡᠨ ᠤ ᠲᠠᠪᠴᠠᠩ ᠤᠨ ᠲᠤᠰᠬᠠᠢ ᠮᠡᠷᠭᠡᠵᠢᠯ ᠤᠨ ᠪᠠᠭᠰᠢ ᠨᠠᠷ ᠢ ᠤᠷᠢᠵᠤ᠂ ᠰᠢᠨ᠎ᠡ ᠵᠠᠭᠤᠴᠢᠯᠠᠭᠤᠷ ᠤᠨ ᠡᠵᠡᠩᠨᠡᠯᠲᠡ ᠶᠢᠨ ᠮᠡᠷᠭᠡᠵᠢᠯ ᠵᠡᠷᠭᠡ ᠡᠯ᠎ᠡ ᠭᠤᠭᠴᠤᠭ᠎ᠠ ᠶᠢᠨ ᠴᠢᠬᠤᠯᠠ ᠠᠰᠠᠭᠤᠳᠠᠯ ᠤᠨ ᠲᠠᠯ᠎ᠠ ᠪᠠᠷ ᠨᠥᠯᠥᠭᠡ ᠶᠡᠬᠡᠲᠡᠢ ᠲᠠᠪᠴᠠᠩ ᠤᠨ ᠪᠠᠭᠰᠢ ᠨᠠᠷ ᠢ ᠤᠷᠢᠵᠤ ᠪᠣᠯᠪᠠᠰᠤᠷᠠᠯ ᠬᠦᠷᠲᠡᠭᠡᠪᠡᠯ ᠵᠣᠬᠢᠨ᠎ᠠ᠃ ᠬᠠᠮ ᠵᠠᠭᠤᠴᠢᠯᠠᠭᠤᠷ ᠤᠨ ᠴᠢᠳᠠᠪᠤᠷᠢᠲᠠᠨ ᠢ ᠲᠠᠪᠰᠢᠬᠰᠠᠨ ᠭᠠᠵᠠᠷ ᠪᠤᠯᠪᠠᠰᠤᠷᠠᠭᠤᠯᠵᠦ ᠬᠥᠮᠥᠵᠢᠭᠦᠯᠵᠦ᠂ ᠣᠯᠠᠨ ᠭᠡᠯᠪᠡᠷᠢ ᠶᠢᠨ ᠰᠢᠨ᠎ᠡ ᠰᠣᠨᠢᠨ ᠮᠡᠳᠡᠭᠡᠨ ᠤ ᠦᠢᠯᠡᠳᠬᠦᠨ ᠡᠭᠦᠳᠬᠦ ᠬᠡᠷᠡᠭᠲᠡᠢ᠃ ᠡᠨᠡ ᠨᠢ ᠨᠡᠩ ᠣᠯᠠᠨ ᠬᠠᠮ ᠵᠠᠭᠤᠴᠢᠯᠠᠭᠤᠷ ᠤᠨ ᠪᠣᠯᠪᠠᠰᠤᠷᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠬᠠᠮᠲᠤ ᠪᠠᠷ ᠲᠠᠪᠰᠢᠬᠤ ᠳᠤ ᠠᠰᠢᠭᠲᠠᠢ ᠪᠠᠶᠢᠵᠤ᠂  ᠪᠠᠰᠠ ᠭᠠᠳᠠᠭᠰᠢ ᠭᠠᠷᠬᠤ ᠴᠠᠭ ᠤᠨ ᠥᠪᠡᠷ ᠤᠨ ᠦᠷᠳᠡᠭ ᠪᠠ ᠠᠵᠤ ᠠᠬᠤᠢ ᠶᠢᠨ ᠦᠷᠳᠡᠭ ᠢ ᠠᠷᠪᠢᠯᠠᠵᠤ ᠪᠣᠯᠣᠨ᠎ᠠ ᠭᠡᠵᠦ ᠭᠡᠰᠢᠭᠦᠨ ᠠᠷᠤᠤᠬᠠᠨ ᠰᠤᠷᠪᠤᠯᠵᠢᠯᠠᠬᠴᠢ ᠳᠤ ᠶᠠᠷᠢᠨ᠎ᠠ᠃                 ᠣᠶᠢᠷ᠎ᠠ ᠶᠢᠨ ᠬᠡᠳᠦᠨ ᠵᠢᠯ ᠤᠳ ᠲᠤ᠂ ᠮᠠᠨ ᠤ ᠬᠤᠲᠠ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ  ᠰᠦᠢᠳᠬᠡᠯ ᠬᠤᠷᠢᠶᠠᠬᠤ ᠦᠭᠡᠢ ᠪᠠᠷ ᠨᠡᠶᠢᠲᠡ ᠶᠢᠨ ᠮᠠᠰᠢᠨ ᠲᠡᠷᠭᠡᠨ ᠳᠤ  ᠰᠠᠭᠤᠬᠤ ᠺᠠᠷᠲ ᠲᠠᠷᠬᠠᠭᠠᠪᠠ᠃ ᠡᠨᠡ ᠨᠢ ᠨᠠᠰᠤᠲᠠᠶᠢᠴᠤᠳ ᠤᠨ ᠡᠳᠦᠷ ᠲᠤᠲᠤᠮ ᠤᠨ ᠶᠠᠪᠤᠵᠤ ᠰᠠᠭᠤᠬᠤ ᠳᠤ ᠲᠤᠶᠢᠯ ᠤᠨ ᠶᠡᠭᠡ ᠲᠥᠭᠦᠮ ᠦᠵᠡᠭᠦᠯᠵᠦ᠂ ᠨᠠᠮ ᠵᠠᠰᠠᠭ᠂  ᠨᠡᠶᠢᠭᠡᠮ ᠨᠡᠶᠢᠳᠡ ᠶᠢᠨ ᠬᠠᠶᠢᠷ᠎ᠠ ᠬᠠᠯᠠᠮᠵᠢ ᠶᠢ ᠢᠯᠡᠷᠡᠭᠦᠯᠪᠡ᠃ ᠭᠡᠪᠡᠴᠦ ᠠᠷᠤᠤᠬᠠᠨ ᠤ ᠣᠶᠢᠯᠠᠭᠠᠭᠰᠠᠨ ᠢᠶᠠᠷ ᠠᠵᠢᠯᠯᠠᠵᠤ ᠠᠮᠠᠷᠠᠬᠤ ᠴᠠᠭ ᠤᠨ ᠣᠷᠭᠢᠯ ᠤᠨ ᠬᠤᠭᠤᠴᠠᠭᠠᠨ ᠳᠤ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠬᠥᠮᠥᠨ ᠣᠯᠠᠰᠢᠷᠠᠵᠤ᠂ ᠪᠤᠰᠤᠳ ᠬᠤᠳᠠ ᠶᠢᠨ ᠠᠷᠠᠳ ᠪᠤᠶᠤ ᠠᠵᠢᠯᠯᠠᠵᠤ ᠪᠠᠶᠢᠭ᠎ᠠ ᠬᠥᠮᠥᠰ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠶᠢ ᠶᠡᠭᠡ ᠪᠠᠷ ᠬᠠᠷᠰᠢᠯᠠᠭᠰᠠᠨ ᠪᠠᠶᠢᠳᠠᠭ᠃ ᠡᠶᠢᠮᠦ ᠪᠠᠶᠢᠳᠠᠯ ᠳᠤ ᠵᠣᠷᠢᠭᠤᠯᠤᠨ ᠠᠷᠤᠤᠬᠠᠨ ᠨᠠᠰᠤᠲᠠᠶᠢᠴᠤᠳ ᠤᠨ ᠶᠠᠪᠤᠵᠤ ᠰᠠᠭᠤᠬᠤ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠰᠤᠲᠠᠶᠢᠴᠤᠳ ᠤᠨ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠬᠤ᠂︽ᠨᠠᠰᠤᠲᠠᠶᠢᠴᠤᠳ ᠲᠤ ᠲᠣᠬᠢᠷᠠᠬᠤ︾ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢᠨ ᠵᠠᠮ ᠱᠤᠭᠤᠮ ᠢ ᠨᠠᠪᠲᠠᠷᠡᠭᠦᠯᠵᠦ᠂ ᠨᠠᠰᠤᠲᠠᠶᠢᠴᠤᠳ ᠤᠨ ᠲᠡᠷᠭᠡᠨ ᠳᠤ ᠰᠠᠭᠤᠬᠤ ᠬᠦᠴᠢᠷ ᠠᠰᠠᠭᠤᠳᠠᠯ ᠢ ᠰᠢᠢᠳᠪᠦᠷᠢᠯᠡᠨ᠂ ︽ᠨᠠᠰᠤᠲᠠᠶᠢᠴᠤᠳ ᠎ ᠲᠤ ᠲᠣᠬᠢᠷᠠᠬᠤ︾ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡᠯ ᠵᠣᠬᠢᠨ᠎ᠠ ᠭᠡᠬᠦ ᠬᠤᠶᠠᠳᠠᠭᠢ ᠰᠠᠨᠠᠯ ᠳᠤᠷᠠᠳᠤᠯᠭ᠎ᠠ ᠪᠠᠨ ᠳᠡᠪᠰᠢᠭᠦᠯᠵᠡᠢ᠃
ᠢᠷᠡᠯᠲᠡ᠄ ᠬᠥᠯᠥᠨ ᠪᠤᠶᠢᠷ ᠮᠣᠩᠭᠤᠯ ᠰᠦᠯᠵᠢᠶ᠎ᠡ