— ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ | ᠲᠢᠩᠬᠢᠮ ᠤᠨ ᠳᠡᠳ᠋ ᠳᠠᠷᠤᠭ᠎ᠠ ᠬᠤ᠋ ᠶᠢᠩ ᠹᠧᠩ ᠢ ᠰᠤᠷᠪᠤᠯᠵᠢᠯᠠᠭᠰᠠᠨ ᠨᠢ | | ︽ᠣᠷᠣᠰ ᠮᠣᠩᠭᠤᠯ ᠤᠯᠤᠰ ᠯᠤᠭ᠎ᠠ ᠶᠢᠨ ᠨᠡᠭᠡᠭᠡᠯᠲᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ | ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠠ ᠵᠡᠭᠦᠨ ᠭᠤᠷᠪᠠᠨ ᠮᠤᠵᠢ ᠵᠡᠷᠭᠡ ᠭᠠᠵᠠᠷ ᠣᠷᠣᠨ ᠯᠤᠭ᠎ᠠ ᠶᠢᠨ | ᠬᠠᠮᠲᠤᠷᠠᠯᠴᠠᠭ᠎ᠠ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠤ | ᠵᠡᠭᠦᠨ ᠳᠤᠮᠳᠠ ᠪᠠᠷᠠᠭᠤᠨ ᠬᠡᠰᠡᠭ ᠤᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ︾ᠭᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠣᠷᠣᠨ | ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠲᠣᠳᠣᠷᠬᠠᠢ ᠪᠠᠶᠢᠷᠢᠯᠠᠭᠤᠯᠤᠯᠲᠠ ᠬᠢᠵᠡᠢ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ | ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠰ ᠮᠣᠩᠭᠤᠯ ᠤᠯᠤᠰ | ᠯᠤᠭ᠎ᠠ ᠶᠢᠨ ᠨᠡᠭᠡᠭᠡᠯᠲᠡ ᠶᠢ ᠤᠯᠠᠮ ᠨᠢᠭᠡ ᠠᠯᠬᠤᠮ ᠥᠷᠭᠡᠳᠬᠡᠬᠦ ᠲᠤᠬᠠᠢ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠬᠤ᠋ ᠶᠢᠩ ᠹᠧᠩ ᠢ ᠰᠤᠷᠪᠤᠯᠵᠢᠯᠠᠪᠠ᠃ | ︽ᠥᠪᠥᠷ ᠮᠣᠩᠭᠤᠯ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠤᠭᠰᠠᠨ ᠤ ᠬᠤᠪᠢ ᠳᠤ᠂ ᠣᠷᠣᠰ ᠮᠣᠩᠭᠤᠯ ᠤᠯᠤᠰ ᠲᠤ | ᠨᠡᠭᠡᠭᠡᠯᠲᠡ ᠬᠢᠬᠦ ᠲᠠᠯ᠎ᠠ ᠪᠠᠷ ᠵᠠᠩᠭᠢᠯᠠᠭ᠎ᠠ ᠶᠢᠨ ᠠᠯᠬᠤᠮ ᠢ ᠠᠯᠬᠤᠵᠤ ᠪᠠᠶᠢᠨ᠎ᠠ᠃ 2024 ᠣᠨ ᠤ 1—11 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠣᠷᠣᠰ | ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠤᠭ᠎ᠠ 322.6 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ ᠪᠠᠨ 3.2% | ᠢᠶᠠᠷ ᠨᠡᠮᠡᠭᠳᠡᠪᠡ; ᠮᠣᠩᠭᠤᠯ ᠤᠯᠤᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠤᠭ᠎ᠠ 679.1 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ | ᠵᠢᠯ ᠤᠨ ᠬᠢ ᠠᠴᠠ ᠪᠠᠨ 9.1% ᠪᠠᠷ ᠨᠡᠮᠡᠭᠳᠡᠪᠡ᠃ ᠪᠦᠭᠦ ᠣᠷᠣᠨ ᠤ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 11460. | 8 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ ᠪᠠᠨ 17.7% ᠪᠠᠷ ᠨᠡᠮᠡᠭᠳᠡᠪᠡ᠃ ᠣᠷᠣᠰ ᠮᠣᠩᠭᠤᠯ ᠤᠯᠤᠰ ᠲᠤ 46 ᠭᠠᠳᠠᠭᠠᠳᠤ ᠳᠤ ᠪᠡᠯᠡ | ᠣᠷᠣᠭᠤᠯᠬᠤ ᠠᠵᠤ ᠠᠬᠤᠶᠢᠯᠠᠯ ᠢ ᠰᠢᠨ᠎ᠡ ᠪᠠᠷ ᠪᠠᠶᠢᠭᠤᠯᠵᠤ᠂ ᠳᠡᠭᠡᠷ᠎ᠡ ᠵᠢᠯ ᠤᠨ ᠬᠢ ᠠᠴᠠ ᠪᠠᠨ 43.8% ᠪᠠᠷ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ︿ᠵᠢᠷᠭᠤᠭᠠᠨ ᠠᠵᠢᠯᠯᠠᠭ᠎ᠠ﹀ ᠶᠢᠨ ᠱᠠᠭᠠᠷᠳᠠᠯᠭ᠎ᠠ | ᠶᠣᠰᠣᠭᠠᠷ᠂ ᠳᠣᠣᠷᠠᠬᠢ ᠬᠡᠳᠦᠨ ᠲᠠᠯ᠎ᠠ ᠠᠴᠠ ᠭᠠᠷᠳᠠᠵᠤ᠂ ᠣᠷᠣᠰ ᠮᠣᠩᠭᠤᠯ ᠤᠯᠤᠰ ᠲᠤ ᠨᠡᠭᠡᠭᠡᠯᠲᠡ ᠬᠢᠬᠦ ᠶᠢ ᠤᠯᠠᠮ ᠨᠢᠭᠡ ᠠᠯᠬᠤᠮ ᠥᠷᠭᠡᠳᠬᠡᠪᠡ︾ ᠭᠡᠵᠦ ᠬᠤ᠋ | ᠶᠢᠩ ᠹᠧᠩ ᠢᠯᠡᠳᠬᠡᠪᠡ᠃ | ᠨᠢᠭᠡ ᠳᠤ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠢ ᠰᠠᠭᠤᠷᠢᠰᠢᠭᠤᠯᠤᠨ ᠡᠳ᠋ᠰᠢᠭᠦᠯᠬᠦ ᠶᠢ ᠦᠷᠭᠦᠯᠵᠢᠯᠡᠨ ᠰᠠᠶᠢᠲᠤᠷ ᠬᠢᠵᠦ᠂ | ᠠᠷᠠᠯᠵᠢᠶᠠᠨ ᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠮᠠᠨᠵᠤᠤᠷ ᠤᠨ ᠲᠡᠮᠦᠷ ᠵᠠᠮ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ ᠲᠤ ᠰᠠᠭᠤᠷᠢᠰᠢᠭᠤᠯᠤᠨ | ᠡᠳ᠋ᠰᠢᠭᠦᠯᠬᠦ ᠲᠤᠬᠠᠶᠢᠯᠠᠭᠰᠠᠨ ᠠᠵᠢᠯ ᠢ ᠤᠷᠢᠳ ᠢᠶᠠᠷ ᠲᠤᠷᠰᠢᠨ ᠥᠷᠨᠢᠭᠦᠯᠬᠦ ᠶᠢ ᠦᠷᠭᠦᠯᠵᠢᠯᠡᠨ ᠠᠬᠢᠭᠤᠯᠵᠤ᠂ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠠᠰᠢᠭᠯᠠᠨ ᠣᠷᠣᠰ ᠠᠴᠠ ᠣᠷᠣᠭᠤᠯᠬᠤ ᠠᠮᠤ ᠪᠤᠳᠠᠭᠠᠨ ᠤ ᠲᠥᠷᠥᠯ ᠤᠨ ᠲᠠᠸᠠᠷ ᠤᠨ ᠠᠷᠠᠯᠵᠢᠶ᠎ᠠ ᠶᠢᠨ ᠬᠡᠪᠴᠢᠶ᠎ᠡ ᠶᠢ | ᠪᠤᠵᠠᠭᠠᠶᠢᠷᠠᠭᠤᠯᠵᠤ᠂ ᠠᠮᠤ ᠪᠤᠳᠠᠭ᠎ᠠ ᠲᠣᠰᠣᠨ ᠤ ᠲᠥᠷᠥᠯ ᠤᠨ ᠦᠢᠯᠡᠳᠬᠦᠨ ᠢ ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ᠃ ᠪᠤᠰᠤᠳ | ᠨᠥᠬᠦᠴᠡᠯ ᠲᠠᠢ ᠬᠢᠯᠢ ᠶᠢᠨ ᠪᠣᠭᠤᠮᠲᠠ ᠶᠢᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠰᠠᠭᠤᠷᠢᠰᠢᠭᠤᠯᠤᠨ ᠡᠳ᠋ᠰᠢᠭᠦᠯᠬᠦ ᠶᠢ ᠳᠡᠮᠵᠢᠨ᠎ᠡ᠃ | ᠶᠡᠷᠦᠩᠬᠡᠶᠢᠯᠡᠭᠰᠡᠨ ᠭᠠᠶᠢᠯᠢ ᠦᠭᠡᠢ ᠣᠷᠣᠨ ᠤ ᠨᠡᠭᠡᠭᠡᠯᠲᠡ ᠬᠢᠵᠦ ᠰᠢᠨ᠎ᠡ ᠶᠢ ᠡᠭᠦᠳᠬᠦ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠰ ᠯᠤᠭ᠎ᠠ ᠶᠢᠨ | ᠪᠠᠷᠠᠭ᠎ᠠ ᠰᠣᠯᠢᠯᠴᠠᠬᠤ ᠠᠷᠠᠯᠵᠢᠶ᠎ᠠ ᠶᠢ ᠲᠤᠷᠰᠢᠨ ᠥᠷᠨᠢᠭᠦᠯᠦᠨ᠎ᠡ᠃ | ᠬᠤᠶᠠᠷ ᠲᠤ᠂ ᠣᠷᠣᠰ ᠮᠣᠩᠭᠤᠯ ᠤᠯᠤᠰ ᠯᠤᠭ᠎ᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠭᠠᠷ ᠳᠠᠮᠵᠢᠭᠰᠠᠨ ᠮᠠᠰᠢᠨ ᠲᠡᠷᠭᠡ ᠶᠢ | ᠭᠠᠷᠭᠠᠬᠤ ᠲᠤᠬᠠᠶᠢᠯᠠᠭᠰᠠᠨ ᠠᠵᠢᠯ ᠢ ᠥᠷᠭᠡᠳᠬᠡᠨ᠎ᠡ᠃ ᠲᠣᠭᠠᠴᠢᠯᠠᠭᠰᠠᠨ ᠠᠷᠠᠯᠵᠢᠶᠠᠨ ᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠨᠡᠪᠴᠢᠭᠦᠯᠬᠦ ᠶᠢ ᠴᠢᠩᠭᠠᠷᠠᠭᠤᠯᠤᠨ᠂ ᠤᠯᠠᠮᠵᠢᠯᠠᠯᠲᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠨ᠎ᠡ᠃ | ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠦᠭᠡᠢ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ O2O ᠪᠡᠶᠡᠴᠢᠯᠡᠨ ᠣᠶᠢᠯᠠᠭᠠᠬᠤ | ᠲᠥᠪ ︵ᠥᠪᠡᠰᠦᠪᠡᠨ ᠭᠠᠷᠭᠠᠨ ᠠᠪᠬᠤ ᠲᠥᠪ︶ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠥᠪᠥᠷ ᠮᠣᠩᠭᠤᠯ ᠤᠨ ᠰᠢᠤᠳᠠᠨ ᠤ ᠪᠦᠯᠦᠭᠯᠡᠯ ᠢ | ᠵᠣᠬᠢᠴᠠᠭᠤᠯᠵᠤ ᠪᠠᠶᠢᠭᠠᠳ ᠡᠷᠢᠶᠡᠨ ᠬᠤᠲᠠ ᠳᠤ ᠬᠤᠳᠠᠯᠳᠤᠭᠠᠨ ᠤ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠢ ᠨᠠᠪᠲᠠᠷᠡᠭᠦᠯᠵᠦ᠂ ᠣᠷᠣᠰ ᠤᠨ ᠡᠯᠧᠺᠲᠷᠣᠨ | ᠬᠤᠳᠠᠯᠳᠤᠭᠠᠨ ᠤ ᠲᠠᠪᠴᠠᠩ ᠲᠠᠢ ᠵᠣᠯᠭᠠᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠳᠤᠮᠳᠠᠳᠤ ᠡᠸᠦ᠋ᠷᠦᠫᠡ ᠶᠢᠨ ᠠᠴᠢᠶᠠᠨ ᠤ ᠮᠠᠰᠢᠨ ᠡᠭᠡᠯᠵᠢ | ᠶᠢᠨ ᠨᠢᠰᠬᠡᠯ ᠤᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢ ᠨᠠᠪᠲᠠᠷᠡᠭᠦᠯᠵᠦ᠂ ᠲᠣᠭᠲᠠᠭᠤᠨ ᠲᠥᠰᠥᠭᠡᠯᠡᠵᠦ ᠪᠣᠯᠬᠤᠶᠢᠴᠠ ᠳᠥᠭᠦᠮᠴᠢᠯᠡᠭᠰᠡᠨ ᠪᠠᠷᠠᠭ᠎ᠠ ᠶᠢᠨ | ᠭᠦᠢᠯᠭᠡᠭᠡᠨ ᠤ ᠨᠡᠪᠲᠡᠷᠡᠬᠦ ᠵᠠᠮ ᠢ ᠪᠤᠶ ᠪᠤᠯᠭᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠸᠠᠷ ᠢ ᠡᠷᠢᠶᠡᠨ ᠬᠤᠲᠠ ᠳᠤ ᠲᠥᠪᠯᠡᠷᠡᠭᠦᠯᠦᠨ ᠲᠠᠷᠬᠠᠭᠠᠵᠤ | ᠲᠡᠭᠡᠭᠡᠪᠦᠷᠢᠯᠡᠬᠦ ᠶᠢ ᠠᠬᠢᠭᠤᠯᠵᠤ᠂ ᠣᠷᠣᠰ ᠲᠤ ᠬᠠᠨᠳᠤᠭᠤᠯᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠠᠷᠭ᠎ᠠ ᠵᠠᠮ ᠢ ᠨᠡᠭᠡᠭᠡᠨ᠎ᠡ᠃ ᠮᠠᠨᠵᠤᠤᠷ᠂ | ᠬᠠᠶᠢᠯᠠᠷ ᠤᠨ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠰᠠᠭᠤᠷᠢᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠰ ᠮᠣᠩᠭᠤᠯ | ᠤᠯᠤᠰ ᠤᠨ ᠬᠢᠯᠢ ᠳᠣᠲᠣᠷ᠎ᠠ ᠭᠠᠷ ᠳᠠᠮᠵᠢᠭᠰᠠᠨ ᠮᠠᠰᠢᠨ ᠲᠡᠷᠭᠡ ᠶᠢ ᠦᠨ᠎ᠡ ᠬᠠᠶᠠᠯᠴᠠᠨ ᠬᠤᠳᠠᠯᠳᠤᠬᠤ ᠲᠠᠪᠴᠠᠩ ᠪᠠᠶᠢᠭᠤᠯᠵᠤ᠂ ᠲᠡᠮᠳᠡᠭ ᠦᠭᠡᠢ ᠠᠭᠤᠷᠬᠠᠢ ᠳᠤ | ᠬᠡᠷᠡᠭᠯᠡᠬᠦ ᠲᠡᠷᠭᠡ ᠪᠠ ᠬᠤᠭᠤᠴᠠᠭ᠎ᠠ ᠨᠢ ᠬᠡᠲᠦᠷᠡᠭᠰᠡᠨ ᠰᠠᠭᠤᠳᠠᠯ ᠤᠨ ᠮᠠᠰᠢᠨ ᠲᠡᠷᠭᠡ ᠶᠢ ᠭᠠᠷᠭᠠᠬᠤ ᠶᠢ ᠠᠬᠢᠭᠤᠯᠵᠤ᠂ ᠣᠷᠣᠰ ᠲᠤ ᠭᠠᠷ ᠳᠠᠮᠵᠢᠭᠰᠠᠨ ᠮᠠᠰᠢᠨ | ᠲᠡᠷᠭᠡ ᠶᠢ ᠭᠠᠷᠭᠠᠬᠤ ᠬᠡᠪᠴᠢᠶ᠎ᠡ ᠪᠠᠨ ᠥᠷᠭᠡᠳᠬᠡᠬᠦ ᠶᠢ ᠠᠬᠢᠭᠤᠯᠤᠨ᠎ᠠ᠃ | ᠭᠤᠷᠪᠠ ᠳᠤ᠂︽ᠭᠠᠷ ᠲᠠᠮᠵᠢᠪᠠᠴᠤ ᠠᠰᠢᠭ ᠭᠦᠷᠳᠡᠭᠦ ᠦᠭᠡᠢ︾ᠠᠰᠠᠭᠤᠳᠠᠯ ᠢ ᠨᠢᠭᠡ ᠴᠣᠭᠴᠠᠵᠢᠭᠤᠯᠤᠨ ᠰᠢᠢᠳᠪᠦᠷᠢᠯᠡᠬᠦ ᠶᠢ ᠠᠬᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠲᠡᠮᠦᠷ ᠵᠠᠮ᠂ ᠪᠣᠭᠤᠮᠲᠠ᠂ ᠬᠠᠮᠢᠶ᠎ᠠ ᠪᠦᠬᠦᠢ ᠠᠶᠢᠮᠠᠭ ᠬᠤᠲᠠ ᠶᠢ ᠢᠳᠡᠪᠬᠢᠲᠡᠢ ᠵᠣᠬᠢᠴᠠᠭᠤᠯᠵᠤ ᠪᠠᠶᠢᠭᠠᠳ | ︽ᠭᠦᠭᠡᠬᠤᠲᠠ — ᠤᠯᠠᠭᠠᠨᠴᠠᠪ︾ ᠬᠤᠶᠠᠷ ᠭᠠᠵᠠᠷ ᠤᠨ ᠨᠢᠭᠡ ᠲᠠᠪᠴᠠᠩ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠤᠭᠯᠠᠷᠠᠯ ᠤᠨ | ᠲᠥᠪ ᠢ ᠭᠤᠶᠤᠴᠢᠯᠠᠨ ᠪᠠᠶᠢᠭᠤᠯᠬᠤ ᠶᠢ ᠬᠦᠴᠦᠯᠡᠨ ᠠᠬᠢᠭᠤᠯᠵᠤ᠂ ᠣᠷᠣᠨ ᠤ ᠳᠣᠲᠣᠨ᠎ᠠ ᠠᠴᠠ ᠡᠬᠢᠯᠡᠵᠦ ᠬᠥᠳᠡᠯᠬᠦ ᠵᠢᠰᠢᠶᠠᠨ ᠤ ᠭᠠᠯᠲᠤ ᠲᠡᠷᠭᠡ ᠶᠢᠨ ᠲᠥᠯᠥᠪᠯᠡᠭᠡ | ᠬᠦᠷᠦᠯᠴᠡᠬᠦ ᠦᠭᠡᠢ ᠪᠠᠶᠢᠬᠤ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠭᠠᠳᠠᠭᠠᠳᠤ ᠳᠤ ᠨᠡᠭᠡᠭᠡᠯᠲᠡᠲᠡᠢ ᠭᠡᠯᠪᠡᠷᠢ ᠶᠢᠨ ᠠᠵᠤ ᠦᠢᠯᠡᠰ ᠢ ᠶᠡᠭᠡ ᠪᠠᠷ | ᠪᠣᠶᠢᠵᠢᠭᠤᠯᠤᠨ ᠬᠥᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠲᠤᠰ ᠭᠠᠵᠠᠷ ᠤᠨ ᠣᠨᠴᠠᠯᠢᠭ ᠳᠠᠪᠠᠭᠤᠯᠢᠭ ᠪᠦᠬᠦᠢ ᠠᠵᠤ | ᠦᠢᠯᠡᠰ ᠤᠨ ᠭᠠᠳᠠᠭᠠᠳᠤ ᠭᠠᠷᠭᠠᠯᠲᠠ ᠶᠢᠨ ᠬᠡᠪᠴᠢᠶ᠎ᠡ ᠶᠢ ᠪᠤᠵᠠᠭᠠᠶᠢᠷᠠᠭᠤᠯᠬᠤ ᠰᠠᠭᠤᠷᠢᠨ ᠳᠡᠭᠡᠷ᠎ᠡ᠂ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ | ᠪᠣᠳᠠᠰ ᠤᠨ ᠡᠮ ᠡᠮᠨᠡᠯᠭᠡ᠂ ᠡᠯᠧᠺᠲᠷᠣᠨ ᠲᠣᠨᠣᠭᠯᠠᠭᠠᠰᠤ ᠵᠡᠷᠭᠡ ᠥᠨᠳᠥᠷ ᠨᠡᠮᠡᠯᠲᠡ ᠥᠷᠲᠡᠭ ᠪᠦᠬᠦᠢ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠥᠷᠢᠰᠦᠯᠳᠦᠬᠦ | ᠴᠢᠳᠠᠯ ᠢ ᠲᠦᠷᠭᠡᠳᠬᠡᠨ ᠳᠡᠭᠡᠭᠰᠢᠯᠡᠭᠦᠯᠦᠨ᠎ᠡ; ᠭᠤᠣᠯᠳᠠᠯᠭ᠎ᠠ ᠲᠠᠢ ᠪᠣᠭᠤᠮᠲᠠ ᠶᠢᠨ ᠭᠠᠵᠠᠷ ᠣᠷᠣᠨ ᠳᠤ ᠰᠠᠭᠤᠷᠢᠰᠢᠭ᠎ᠠ ᠡᠳ᠋ᠰᠢᠭᠦᠯᠬᠦ ᠠᠵᠤ ᠦᠢᠯᠡᠰ ᠤᠨ ᠲᠥᠷᠥᠯ | ᠵᠦᠢᠯ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠬᠢᠯᠢ ᠶᠢᠨ ᠣᠷᠣᠨ ᠪᠠ ᠳᠣᠲᠣᠷ ᠭᠠᠵᠠᠷ | ᠬᠤᠷᠰᠢᠯᠴᠠᠨ ᠨᠡᠭᠦᠷᠡᠰᠦ᠂ ᠲᠡᠮᠦᠷ᠂ ᠵᠡᠰ᠂ ᠬᠥᠩᠭᠡᠨ ᠴᠠᠭᠠᠨ ᠵᠡᠷᠭᠡ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠣᠷᠣᠨ ᠤ ᠳᠣᠲᠣᠷ᠎ᠠ ᠳᠣᠲᠣᠷ ᠭᠠᠵᠠᠷ ᠲᠤ ᠭᠦᠨ | ᠡᠳ᠋ᠰᠢᠭᠦᠯᠬᠦ ᠶᠢ ᠠᠬᠢᠭᠤᠯᠤᠨ᠎ᠠ᠃ | ᠳᠥᠷᠪᠡ ᠳᠤ᠂ ᠣᠷᠣᠰ ᠮᠣᠩᠭᠤᠯ ᠤᠯᠤᠰ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠳᠠᠯᠢ ᠲᠡᠭᠰᠢ ᠪᠠᠷ ᠬᠥᠭᠵᠢᠬᠦ ᠶᠢ ᠠᠬᠢᠭᠤᠯᠤᠨ᠎ᠠ᠃ ᠣᠷᠣᠰ ᠮᠣᠩᠭᠤᠯ ᠬᠤᠶᠠᠷ ᠤᠯᠤᠰ ᠯᠤᠭ᠎ᠠ ᠶᠢᠨ ᠣᠷᠣᠨ | ᠨᠤᠲᠤᠭ ᠤᠨ ᠬᠢᠯᠢ ᠶᠢᠨ ᠪᠣᠭᠤᠮᠲᠠ᠂ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠤᠨ ᠬᠤᠭᠤᠷᠣᠨᠳᠣᠭᠢ ᠬᠠᠮᠲᠤᠷᠠᠨ ᠠᠵᠢᠯᠯᠠᠬᠤ ᠲᠣᠭᠲᠠᠴᠠ ᠶᠢᠨ ᠦᠢᠯᠡᠳᠦᠯ ᠢ | ᠤᠯᠠᠮ ᠴᠢᠨᠠᠭᠰᠢᠳᠠ ᠪᠠᠳᠠᠷᠠᠭᠤᠯᠵᠤ᠂ ᠡᠳᠦᠷ ᠲᠤᠲᠤᠮ ᠤᠨ ᠨᠡᠪᠲᠡᠷᠡᠯᠴᠡᠭᠡ ᠰᠣᠯᠢᠯᠴᠠᠭ᠎ᠠ ᠪᠠᠨ ᠨᠢᠭᠲᠠᠷᠠᠭᠤᠯᠤᠨ᠂ ᠬᠢᠯᠢ ᠶᠢᠨ ᠪᠣᠭᠤᠮᠲᠠ ᠪᠠᠷ ᠥᠩᠭᠡᠷᠡᠭᠦᠯᠬᠦ ᠦᠷ᠎ᠡ | ᠪᠦᠲᠦᠮᠵᠢ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠬᠠᠮᠵᠢᠯᠴᠠᠨ ᠳᠡᠭᠡᠭᠰᠢᠯᠡᠭᠦᠯᠵᠦ᠂ ᠬᠢᠯᠢ ᠶᠢᠨ | ᠪᠣᠭᠤᠮᠲᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠠᠳᠠᠯᠢ ᠲᠡᠭᠰᠢ ᠬᠥᠭᠵᠢᠯᠲᠡ᠂ ᠪᠣᠭᠤᠮᠲᠠ ᠪᠠᠷ | ᠥᠩᠭᠡᠷᠡᠭᠦᠯᠬᠦ ᠠᠵᠢᠯᠯᠠᠭᠠᠨ ᠢ ᠳᠥᠭᠦᠮᠴᠢᠯᠡᠬᠦ ᠵᠡᠷᠭᠡ ᠠᠰᠠᠭᠤᠳᠠᠯ ᠤᠨ ᠲᠠᠯ᠎ᠠ ᠪᠠᠷ ᠭᠤᠣᠯᠳᠠᠯᠭ᠎ᠠ ᠲᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠬᠢᠵᠦ᠂ ᠬᠢᠯᠢ ᠶᠢᠨ | ᠪᠣᠭᠤᠮᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠠᠳᠠᠯᠢ ᠲᠡᠭᠰᠢ ᠪᠠᠷ ᠳᠡᠭᠡᠭᠰᠢᠯᠡᠭᠦᠯᠦᠨ᠎ᠡ᠃ | ᠲᠠᠪᠤ ᠳᠤ᠂ ᠮᠠᠨ ᠤ ᠣᠷᠣᠨ ᠤ ᠲᠠᠸᠠᠷ ᠤᠨ ᠮᠣᠩᠭᠤᠯ ᠤᠯᠤᠰ ᠤᠨ ᠵᠠᠬ᠎ᠠ ᠳᠡᠯᠭᠡᠭᠦᠷ ᠲᠠᠬᠢ ᠬᠠᠩᠭᠠᠯᠭ᠎ᠠ ᠶᠢ ᠨᠡᠮᠡᠭᠳᠡᠭᠦᠯᠦᠨ᠎ᠡ᠃ ᠮᠣᠩᠭᠤᠯ ᠤᠯᠤᠰ ᠤᠨ | ᠤᠯᠠᠭᠠᠨᠪᠠᠭᠠᠲᠤᠷ ᠬᠤᠲᠠ ᠳᠤ ᠳᠤᠮᠳᠠᠳᠤ ᠤᠯᠤᠰ ᠤᠨ ᠲᠠᠸᠠᠷ ᠤᠨ ᠦᠵᠡᠰᠭᠦᠯᠡᠩ ᠡᠷᠭᠢᠯᠡᠵᠦ᠂ ᠨᠠᠩ ᠣᠯᠠᠨ ᠨᠠᠩ ᠰᠠᠶᠢᠨ ᠥᠪᠥᠷ ᠮᠣᠩᠭᠤᠯ ᠤᠨ ᠲᠠᠸᠠᠷ ᠢ ᠮᠣᠩᠭᠤᠯ | ᠤᠯᠤᠰ ᠲᠤ ᠪᠣᠷᠣᠯᠠᠭᠤᠯᠤᠨ᠎ᠠ᠃ ᠡᠭᠦᠨ ᠤ ᠬᠠᠮᠲᠤ᠂ ᠡᠷᠢᠶᠡᠨ ᠬᠤᠲᠠ ᠵᠡᠷᠭᠡ ᠬᠢᠯᠢ ᠶᠢᠨ ᠪᠣᠭᠤᠮᠲᠠ ᠶᠢᠨ ᠬᠤᠲᠠ ᠨᠤᠭᠤᠳ ᠣᠷᠣᠨ ᠪᠠᠶᠢᠷᠢ ᠶᠢᠨ ᠳᠠᠪᠠᠭᠤᠯᠢᠭ ᠢᠶᠠᠨ | ᠪᠠᠳᠠᠷᠠᠭᠤᠯᠤᠨ᠂ ᠮᠣᠩᠭᠤᠯ ᠤᠯᠤᠰ ᠲᠤ ᠬᠠᠨᠳᠤᠭᠤᠯᠤᠭᠰᠠᠨ ᠠᠷᠠᠯᠵᠢᠶ᠎ᠠ ᠬᠤᠳᠠᠯᠳᠤᠭᠠᠨ ᠤ ᠬᠤᠲᠠ ᠶᠢᠨ ᠳᠡᠯᠭᠡᠨ ᠦᠵᠡᠭᠦᠯᠭᠦ ᠲᠠᠯᠠᠪᠠᠶ ᠶᠢ ᠥᠷᠭᠡᠳᠬᠡᠵᠦ᠂ ᠳᠡᠯᠭᠡᠨ | ᠪᠣᠷᠣᠯᠠᠭᠤᠯᠬᠤ ᠲᠠᠸᠠᠷ ᠤᠨ ᠲᠥᠷᠥᠯ ᠵᠦᠢᠯ ᠢ ᠤᠯᠠᠮ ᠴᠢᠨᠠᠭᠰᠢᠳᠠ ᠪᠠᠶᠠᠯᠢᠭᠵᠢᠭᠤᠯᠤᠨ᠂ ᠳᠤᠮᠳᠠᠳᠤ ᠤᠯᠤᠰ ᠤᠨ ᠨᠠᠷᠠᠲᠤ ᠤᠭᠢ ᠣᠨᠴᠠᠯᠢᠭᠲᠤ ᠲᠠᠸᠠᠷ ᠢ ᠳᠡᠯᠭᠡᠨ | ᠦᠵᠡᠭᠦᠯᠵᠦ ᠪᠡᠶᠡᠴᠢᠯᠡᠨ ᠪᠣᠷᠣᠯᠠᠭᠤᠯᠬᠤ ᠲᠥᠪ ᠢ ᠪᠤᠶ ᠪᠤᠯᠭᠠᠵᠤ᠂ ᠮᠣᠩᠭᠤᠯ ᠤᠯᠤᠰ ᠤᠨ ᠬᠤᠳᠠᠯᠳᠤᠭᠠᠴᠢᠳ ᠤᠨ ᠲᠥᠪᠯᠡᠷᠡᠭᠦᠯᠦᠨ ᠬᠤᠳᠠᠯᠳᠤᠨ ᠠᠪᠬᠤ ᠳᠤ | ᠲᠥᠭᠦᠮ ᠨᠥᠬᠦᠴᠡᠯ ᠬᠠᠩᠭᠠᠨ᠎ᠠ᠃ | ᠵᠢᠷᠭᠤᠭ᠎ᠠ ᠳᠤ᠂ ᠣᠷᠣᠰ ᠮᠣᠩᠭᠤᠯ ᠯᠤᠭ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠳᠤᠮᠳᠠᠳᠤ ᠣᠷᠣᠰ᠂ | ᠳᠤᠮᠳᠠᠳᠤ ᠮᠣᠩᠭᠤᠯ ᠤᠯᠤᠰ ᠬᠤᠶᠠᠷ ᠤᠯᠤᠰ ᠤᠨ ᠲᠡᠷᠢᠭᠦᠨ ᠤ ᠭᠠᠳᠠᠭᠠᠳᠤ ᠬᠠᠷᠢᠯᠴᠠᠭ᠎ᠠ ᠶᠢᠨ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠰ ᠮᠣᠩᠭᠤᠯ ᠤᠯᠤᠰ ᠯᠤᠭ᠎ᠠ ᠶᠢᠨ ᠡᠨᠧᠷᠭᠢ ᠶᠢᠨ ᠡᠬᠢ ᠪᠠᠶᠠᠯᠢᠭ᠂ ᠲᠠᠷᠢᠶᠠᠯᠠᠩ ᠵᠡᠷᠭᠡ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠬᠠᠮᠲᠤᠷᠠᠯᠴᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠮᠠᠨ ᠤ ᠣᠷᠣᠨ ᠠᠴᠠ ᠮᠣᠩᠭᠤᠯ ᠤᠯᠤᠰ ᠤᠨ ᠤᠯᠠᠭᠠᠨᠪᠠᠭᠠᠲᠤᠷ ᠲᠤ ᠴᠠᠭᠢᠯᠭᠠᠨ ᠬᠦᠷᠭᠡᠬᠦ | ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠵᠤ᠂ ᠠᠵᠤ ᠠᠬᠤᠶᠢᠯᠠᠯ ᠤᠨ ᠮᠠᠨ ᠤ ᠣᠷᠣᠨ ᠪᠣᠯᠣᠨ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠳᠤ | ᠭᠡᠷᠡᠯᠴᠢ ᠴᠡᠨᠡᠭ ᠤᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠪᠠ ᠤᠯᠠᠭᠠᠨᠪᠠᠭᠠᠲᠤᠷ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠵᠡᠷᠭᠡ ᠲᠥᠷᠥᠯ ᠵᠦᠢᠯ ᠥᠷᠨᠢᠭᠦᠯᠬᠦ ᠶᠢ ᠵᠣᠷᠢᠭᠵᠢᠭᠤᠯᠵᠤ᠂ ᠭᠠᠭᠴᠠᠮᠣᠳᠤ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠲᠣᠮᠣ ᠬᠥᠭᠦᠷᠭᠡ ᠪᠠ ᠴᠡᠭᠡ ᠶᠢᠨ ᠬᠢᠯᠢ | ᠠᠯᠤᠰᠯᠠᠭᠰᠠᠨ ᠲᠡᠮᠦᠷ ᠵᠠᠮ ᠤᠨ ᠬᠤᠯᠪᠣᠬᠤ ᠱᠤᠭᠤᠮ ᠢ ᠲᠦᠷᠭᠡᠳᠬᠡᠨ ᠪᠠᠶᠢᠭᠤᠯᠵᠤ ᠡᠬᠢᠯᠡᠭᠦᠯᠬᠦ ᠶᠢ ᠵᠣᠬᠢᠴᠠᠭᠤᠯᠤᠨ ᠠᠬᠢᠭᠤᠯᠤᠨ᠎ᠠ᠃ ᠮᠣᠩᠭᠤᠯ ᠤᠯᠤᠰ ᠤᠨ | ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠤᠨ ᠠᠵᠢᠯᠲᠠᠨ ᠢ ᠲᠤᠰᠠᠯᠠᠬᠤ᠂ ᠡᠳ᠋ ᠪᠠᠷᠠᠭ᠎ᠠ ᠶᠢ | ᠪᠣᠭᠤᠮᠲᠠ ᠪᠠᠷ ᠥᠩᠭᠡᠷᠡᠭᠦᠯᠬᠦ ᠵᠡᠷᠭᠡ ᠡᠯ᠎ᠡ ᠵᠦᠢᠯ ᠤᠨ ᠦᠢᠯᠡᠴᠢᠯᠡᠵᠦ ᠵᠣᠬᠢᠴᠠᠭᠤᠯᠬᠤ ᠠᠵᠢᠯ ᠢ ᠰᠠᠶᠢᠲᠤᠷ ᠬᠢᠨ᠎ᠡ᠃ ᠮᠠᠨ ᠤ ᠣᠷᠣᠨ ᠤ ᠠᠵᠤ ᠠᠬᠤᠶᠢᠯᠠᠯ ᠬᠢᠭᠡᠳ | ᠮᠣᠩᠭᠤᠯ ᠤᠯᠤᠰ ᠯᠤᠭ᠎ᠠ ᠶᠢᠨ ᠠᠭᠤᠷᠬᠠᠢ ᠶᠢᠨ ᠦᠢᠯᠡᠰ᠂ ᠵᠠᠮ ᠬᠠᠷᠢᠯᠴᠠᠭ᠎ᠠ᠂ ᠠᠮᠢ ᠠᠬᠤᠢ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠤ | ᠬᠤᠷᠰᠢᠯᠴᠠᠭ᠎ᠠ ᠪᠠᠨ ᠴᠢᠩᠭᠠᠳᠬᠠᠬᠤ ᠶᠢ ᠦᠷᠭᠦᠯᠵᠢᠯᠡᠨ ᠲᠡᠮᠵᠢᠵᠤ᠂ ᠤᠷᠦᠰ ᠯᠤᠭ᠎ᠠ ᠶᠢᠨ ᠨᠡᠭᠦᠷᠡᠰᠦ᠂ ᠬᠢᠮᠢ ᠶᠢᠨ ᠪᠣᠷᠳᠣᠭᠤᠷ᠂ ᠠᠮᠤ ᠪᠤᠳᠠᠭ᠎ᠠ᠂ ᠲᠡᠵᠢᠭᠡᠯ ᠡᠪᠡᠰᠦ ᠵᠡᠷᠭᠡ | ᠶᠡᠭᠡ ᠬᠡᠮᠵᠢᠶᠡᠨ ᠤ ᠲᠠᠸᠠᠷ ᠤᠨ ᠭᠠᠳᠠᠭᠠᠳᠤ ᠠᠴᠠ ᠣᠷᠣᠭᠤᠯᠬᠤ ᠬᠡᠮᠵᠢᠶ᠎ᠡ ᠶᠢ ᠨᠡᠮᠡᠭᠳᠡᠭᠦᠯᠦᠨ᠂ ᠤᠷᠦᠰ ᠮᠣᠩᠭᠤᠯ ᠤᠯᠤᠰ ᠠᠴᠠ ᠣᠷᠣᠭᠤᠯᠬᠤ ᠲᠠᠸᠠᠷ ᠢ ᠬᠢᠯᠢ | ᠬᠢᠵᠠᠭᠠᠷ ᠣᠷᠣᠨ ᠳᠤ ᠰᠠᠭᠤᠷᠢᠰᠢᠭᠤᠯᠤᠨ ᠡᠳ᠋ᠰᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠡᠬᠢᠨ ᠤ ᠪᠠ ᠡᠴᠦᠰ ᠤᠨ ᠬᠡᠯᠬᠢᠶ᠎ᠡ ᠶᠢᠨ | ᠪᠠᠶᠢᠷᠢᠰᠢᠭᠤᠯᠤᠯ ᠢ ᠲᠡᠭᠦᠯᠳᠡᠷᠵᠢᠭᠦᠯᠦᠨ᠎ᠡ᠃ | ᠳᠣᠯᠤᠭ᠎ᠠ ᠳᠤ᠂ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢᠨ ᠲᠠᠪᠴᠠᠩ ᠢ ᠪᠠᠶᠢᠭᠤᠯᠤᠨ ᠰᠠᠶᠢᠲᠤᠷ ᠬᠡᠷᠡᠭᠯᠡᠵᠦ᠂ ᠣᠷᠣᠰ ᠮᠣᠩᠭᠤᠯ | ᠤᠯᠤᠰ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠠᠵᠤ ᠠᠬᠤᠶᠢᠯᠠᠯ ᠤᠨ ᠣᠷᠣᠰ᠂ ᠮᠣᠩᠭᠤᠯ ᠤᠯᠤᠰ | ᠵᠢᠴᠢ ᠪᠤᠰᠤᠳ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠲᠤ ᠳᠤᠮᠳᠠᠳᠤ ᠤᠯᠤᠰ ︵ᠥᠪᠥᠷ ᠮᠣᠩᠭᠤᠯ︶ ᠤᠨ ᠲᠠᠸᠠᠷ ᠤᠨ ᠳᠡᠯᠭᠡᠨ | ᠦᠵᠡᠭᠦᠯᠵᠦ ᠳᠡᠯᠭᠡᠨ ᠪᠣᠷᠣᠯᠠᠭᠤᠯᠬᠤ ᠲᠥᠪ ᠪᠠᠶᠢᠭᠤᠯᠬᠤ ᠶᠢ ᠦᠷᠭᠦᠯᠵᠢᠯᠡᠨ ᠵᠣᠷᠢᠭᠵᠢᠭᠤᠯᠵᠤ᠂ ᠬᠢᠯᠢ ᠶᠢᠨ ᠭᠠᠳᠠᠨᠠᠬᠢ ᠡᠵᠡᠩᠨᠡᠨ ᠪᠣᠷᠣᠯᠠᠭᠤᠯᠬᠤ ᠲᠣᠣᠷ | ᠰᠦᠯᠵᠢᠶ᠎ᠡ ᠶᠢᠨ ᠪᠠᠶᠢᠭᠤᠯᠤᠯᠲᠠ ᠶᠢ ᠠᠬᠢᠭᠤᠯᠤᠨ᠂︽ᠥᠪᠥᠷ ᠮᠣᠩᠭᠤᠯ ᠤᠨ ᠲᠠᠸᠠᠷ ᠢ ᠮᠣᠩᠭᠤᠯ ᠤᠯᠤᠰ ᠲᠤ ᠬᠡᠷᠡᠭᠯᠡᠬᠦ︾ᠡᠷᠴᠢᠮ ᠪᠠ ᠳᠤᠮᠳᠠᠳᠤ ᠤᠯᠤᠰ ᠤᠨ | ᠲᠠᠸᠠᠷ ᠤᠨ ᠲᠥᠷᠥᠯ ᠲᠡᠮᠳᠡᠭ ᠤᠨ ᠳᠦᠷᠢ ᠲᠥᠷᠬᠦ ᠶᠢ ᠳᠡᠭᠡᠭᠰᠢᠯᠡᠭᠦᠯᠦᠨ᠎ᠡ᠃ 2025 ᠣᠨ ᠳᠤ ᠮᠣᠩᠭᠤᠯ ᠤᠯᠤᠰ ᠤᠨ ᠤᠯᠠᠭᠠᠨᠪᠠᠭᠠᠲᠤᠷ ᠪᠠ ᠣᠷᠣᠰ ᠤᠨ | ᠬᠤᠶᠢᠲᠤ ᠪᠠᠶᠢᠭᠠᠯ ᠬᠢᠯᠢ ᠬᠢᠵᠠᠭᠠᠷ ᠣᠷᠣᠨ ᠳᠤ︽ᠥᠪᠥᠷ ᠮᠣᠩᠭᠤᠯ ᠤᠨ ᠲᠠᠸᠠᠷ ᠤᠨ ᠭᠠᠷᠠᠭ︾ ᠤᠨ ᠠᠵᠢᠯᠯᠠᠭ᠎ᠠ ᠥᠷᠨᠢᠭᠦᠯᠵᠦ᠂ ᠥᠪᠥᠷ ᠮᠣᠩᠭᠤᠯ ᠤᠨ ᠲᠠᠸᠠᠷ ᠤᠨ | ᠣᠷᠣᠰ ᠮᠣᠩᠭᠤᠯ ᠤᠯᠤᠰ ᠲᠠᠬᠢ ᠠᠯᠳᠠᠷᠰᠢᠯ ᠢ ᠳᠡᠭᠡᠭᠰᠢᠯᠡᠭᠦᠯᠦᠨ᠂ ᠮᠠᠨ ᠤ ᠣᠷᠣᠨ ᠤ ᠣᠷᠣᠰ ᠮᠣᠩᠭᠤᠯ ᠤᠯᠤᠰ ᠲᠤ ᠭᠠᠷᠭᠠᠬᠤ ᠦᠢᠯᠡᠳᠬᠦᠨ ᠤ ᠬᠡᠪᠴᠢᠶ᠎ᠡ ᠶᠢ | ᠲᠠᠰᠤᠷᠠᠯᠲᠠ ᠦᠭᠡᠢ ᠥᠷᠭᠡᠳᠬᠡᠨ᠎ᠡ᠃ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠥᠪᠥᠷ ᠮᠣᠩᠭᠤᠯ — ᠮᠣᠩᠭᠤᠯ ᠤᠯᠤᠰ ᠯᠤᠭ᠎ᠠ ᠶᠢᠨ ᠪᠡᠯᠡ | ᠣᠷᠣᠭᠤᠯᠤᠯᠲᠠ ᠠᠷᠠᠯᠵᠢᠶ᠎ᠠ ᠶᠢᠨ ᠬᠠᠮᠲᠤᠷᠠᠯᠴᠠᠭ᠎ᠠ ᠶᠢᠨ ᠲᠠᠨᠢᠯᠴᠠᠭᠤᠯᠬᠤ ᠬᠤᠷᠠᠯ ᠪᠠ ᠳᠤᠮᠳᠠᠳᠤ ᠤᠯᠤᠰ ᠤᠨ ᠥᠪᠥᠷ ᠮᠣᠩᠭᠤᠯ — ᠣᠷᠣᠰ ᠤᠨ ᠬᠠᠮᠢᠶ᠎ᠠ ᠪᠦᠬᠦᠢ | ᠵᠧᠦ ᠣᠷᠣᠨ ᠤ ᠪᠡᠯᠡ ᠣᠷᠣᠭᠤᠯᠤᠯᠲᠠ ᠠᠷᠠᠯᠵᠢᠶ᠎ᠠ ᠶᠢᠨ ᠬᠠᠮᠲᠤᠷᠠᠯᠴᠠᠭ᠎ᠠ ᠶᠢᠨ ᠲᠠᠨᠢᠯᠴᠠᠭᠤᠯᠬᠤ ᠬᠤᠷᠠᠯ ᠢ ᠡᠷᠭᠢᠯᠡᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ | ᠬᠤᠶᠠᠷ ᠲᠠᠯ᠎ᠠ ᠶᠢᠨ ᠠᠵᠤ ᠠᠬᠤᠢ ᠠᠷᠠᠯᠵᠢᠶ᠎ᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠣᠷᠣᠰ ᠮᠣᠩᠭᠤᠯ ᠤᠯᠤᠰ ᠯᠤᠭ᠎ᠠ ᠶᠢᠨ ᠠᠵᠤ ᠠᠬᠤᠢ ᠠᠷᠠᠯᠵᠢᠶ᠎ᠠ ᠶᠢᠨ | ᠬᠠᠮᠲᠤᠷᠠᠯᠴᠠᠭ᠎ᠠ ᠶᠢᠨ ᠡᠷᠴᠢᠮ ᠢ ᠤᠯᠠᠮ ᠴᠢᠨᠠᠭᠰᠢᠳᠠ ᠥᠷᠭᠡᠳᠬᠡᠨ᠎ᠡ᠃ | | |