ᠲᠥᠯᠥᠭᠡᠯᠡᠭᠴᠢ ᠪᠦᠷᠢᠨᠪᠠᠶᠠᠷ᠄ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠯᠲᠠᠨ ᠦᠰᠦᠭᠲᠦ ᠫᠠᠶᠢᠰᠠ ᠶᠢ ᠠᠰᠢᠭᠯᠠᠨ ᠨᠤᠲᠤᠭ ᠤᠨ ᠦᠬᠡᠷ ᠬᠤᠨᠢᠨ ᠤ ᠮᠢᠬ᠎ᠠ ᠶᠢᠨ ᠪᠣᠷᠤᠯᠠᠭᠤᠯᠭ᠎ᠠ ᠶᠢ ᠠᠬᠢᠭᠤᠯᠵᠤ ᠮᠠᠯᠴᠢᠳ ᠤᠨ ᠤᠷᠤᠯᠭ᠎ᠠ ᠶᠢ ᠨᠡᠮᠡᠭᠳᠡᠭᠦᠯᠪᠡᠯ ᠵᠣᠬᠢᠨ᠎ᠠ
ᠨᠡᠶᠢᠲᠡᠯᠡᠭᠰᠡᠨ ᠴᠠᠭ᠄
2025/1/7
          ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠬᠠᠶᠢᠯᠠᠷ ᠲᠤ ᠬᠤᠷᠠᠯᠳᠤᠵᠤ᠂ ᠲᠥᠯᠥᠭᠡᠯᠡᠭᠴᠢᠳ ᠮᠠᠨᠢ ᠮᠠᠨ ᠤ ᠬᠤᠲᠠ ᠶᠢᠨ ᠪᠦᠭᠦ ᠲᠠᠯ᠎ᠠ ᠶᠢᠨ ᠬᠥᠭᠵᠢᠯᠲᠡ ᠳᠤ ᠠᠷᠭ᠎ᠠ ᠤᠬᠠᠭᠠᠨ ᠢᠶᠠᠨ ᠰᠤᠪᠢᠵᠤ᠂ ᠬᠦᠴᠦᠨ ᠴᠢᠳᠠᠯ ᠢᠶᠠᠨ ᠡᠷᠭᠦᠬᠦ ᠪᠠᠷ ᠡᠯ᠎ᠡ ᠭᠠᠵᠠᠷ᠂ ᠡᠯ᠎ᠡ ᠠᠵᠢᠯ ᠤᠨ ᠪᠠᠶᠢᠷᠢ ᠠᠴᠠ ᠪᠠᠨ ᠬᠦᠷᠦᠯᠴᠡᠨ ᠢᠷᠡᠵᠦ ᠬᠤᠷᠠᠯ ᠳᠤ ᠣᠷᠣᠯᠴᠠᠪᠠ᠃ ᠡᠭᠦᠨ ᠤ ᠳᠤᠮᠳᠠ ᠬᠠᠭᠤᠴᠢᠨ ᠪᠠᠷᠭᠤ ᠬᠤᠰᠢᠭᠤᠨ ᠠᠴᠠ ᠢᠷᠡᠭᠰᠡᠨ ᠠᠷᠠᠳ ᠤᠨ ᠲᠥᠯᠥᠭᠡᠯᠡᠭᠴᠢ ᠪᠦᠷᠢᠨᠪᠠᠶᠠᠷ ︽ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠯᠲᠠᠨ ᠦᠰᠦᠭᠲᠦ ᠫᠠᠶᠢᠰᠠ ᠶᠢ ᠠᠰᠢᠭᠯᠠᠨ ᠨᠤᠲᠤᠭ ᠤᠨ ᠦᠬᠡᠷ ᠬᠤᠨᠢᠨ ᠤ ᠮᠢᠬ᠎ᠠ ᠶᠢᠨ ᠪᠣᠷᠤᠯᠠᠭᠤᠯᠭ᠎ᠠ ᠶᠢ ᠠᠬᠢᠭᠤᠯᠵᠤ  ᠮᠠᠯᠴᠢᠳ ᠤᠨ ᠤᠷᠤᠯᠭ᠎ᠠ ᠶᠢ ᠨᠡᠮᠡᠭᠳᠡᠭᠦᠯᠪᠡᠯ ᠵᠣᠬᠢᠨ᠎ᠠ︾ᠬᠡᠮᠡᠬᠦ ᠰᠠᠨᠠᠯ ᠵᠥᠪᠯᠡᠯᠭᠡ ᠲᠠᠢ ᠎ ᠪᠠᠨ ᠲᠤᠰ ᠤᠳᠠᠭᠠᠨ ᠤ ︽ᠬᠤᠶᠠᠷ ᠬᠤᠷᠠᠯ︾᠎ ᠳᠤ ᠤᠷᠤᠯᠴᠠᠵᠤ ᠪᠢᠯᠡ᠃        
3.png 
          ᠪᠦᠷᠢᠨᠪᠠᠶᠠᠷ ᠪᠣᠯ ᠶᠢᠨ ᠵᠢᠶᠣᠣ ᠤᠯᠠᠮᠵᠢᠯᠠᠯᠲᠤ ᠰᠣᠶᠣᠯ ᠤᠨ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠴᠡᠭ ᠤᠨ ᠬᠠᠷᠢᠭᠤᠴᠠᠯᠭᠠᠲᠠᠨ ᠮᠥᠨ᠃ ᠥᠨᠥ ᠵᠢᠯ ᠭᠤᠷᠪᠠᠳᠠᠭᠢ ᠤᠳᠠᠭ᠎ᠠ ᠪᠠᠨ ᠠᠷᠠᠳ ᠤᠨ ᠲᠥᠯᠥᠭᠡᠯᠡᠭᠴᠢ ᠶᠢᠨ ᠬᠤᠪᠢ ᠪᠠᠷ︽ᠬᠤᠶᠠᠷ ᠬᠤᠷᠠᠯ︾᠎ ᠳᠤ ᠤᠷᠤᠯᠴᠠᠵᠤ ᠪᠠᠶᠢᠭ᠎ᠠ ᠶᠤᠮ᠃ ᠨᠢᠳᠤᠨᠤᠨ ᠪᠦᠷᠢᠨᠪᠠᠶᠠᠷ︽ᠬᠠᠶᠢᠯᠠᠷ ᠠᠴᠠ ᠮᠠᠨᠵᠤᠤᠷ ᠬᠦᠷᠬᠦ 301 ᠤᠯᠤᠰ ᠤᠨ ᠵᠠᠮ ᠢ ᠥᠷᠭᠡᠳᠬᠡᠨ ᠵᠠᠰᠠᠬᠤ ᠶᠢ ᠬᠦᠰᠡᠵᠦ ᠪᠠᠶᠢᠨ᠎ᠠ︾ ᠭᠡᠰᠡᠨ ᠰᠠᠨᠠᠯ ᠵᠥᠪᠯᠡᠯᠭᠡ ᠪᠠᠨ ᠳᠤᠷᠠᠳᠴᠤ᠂ ᠲᠤᠰ ᠰᠠᠨᠠᠯ ᠵᠥᠪᠯᠡᠯᠭᠡ ᠨᠢ ᠤᠯᠠᠨ ᠤ ᠠᠩᠬᠠᠷᠤᠯ ᠢ ᠶᠡᠬᠡᠳᠡ ᠲᠠᠲᠠᠵᠤ ᠪᠠᠶᠢᠭᠰᠠᠨ ᠶᠤᠮ᠃ ᠬᠠᠷᠠᠬᠠᠨ ᠪᠠᠭ᠎ᠠ ᠠᠴᠠ ᠪᠠᠨ ᠮᠠᠯᠵᠢᠬᠤ ᠣᠷᠣᠨ ᠳᠤ ᠥᠰᠦᠭᠰᠡᠨ ᠪᠦᠷᠢᠨᠪᠠᠶᠠᠷ ᠲᠠᠯ᠎ᠠ ᠨᠤᠲᠤᠭ᠂ ᠮᠠᠯᠵᠢᠬᠤ ᠣᠷᠣᠨ᠂ ᠮᠠᠯᠴᠢᠨ ᠲᠦᠮᠡᠨ ᠲᠠᠢ ᠪᠠᠨ ᠢᠮᠠᠭᠲᠠ ᠰᠡᠳᠬᠢᠯ ᠵᠢᠷᠦᠬᠡᠨ ᠤ  ᠤᠶᠠᠭᠠᠲᠠᠢ᠃ ᠬᠤᠲᠠ ᠶᠢᠨ ᠠᠷᠠᠳ ᠤᠨ ᠲᠥᠯᠥᠭᠡᠯᠡᠭᠴᠢ ᠪᠣᠯᠤᠭᠰᠠᠨ ᠨᠠᠨᠳᠢᠨ ᠵᠠᠪᠰᠢᠶᠠᠨ ᠢᠶᠠᠷ ᠢᠶᠠᠨ ᠮᠠᠯᠴᠢᠨ ᠲᠦᠮᠡᠨ ᠤ ᠪᠠᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠵᠤ ᠪᠦᠬᠦᠢ ᠬᠦᠴᠢᠷᠳᠡᠯ ᠲᠦᠪᠡᠭᠳᠡᠯ ᠢ ᠨᠢ ︽ᠬᠤᠶᠠᠷ ᠬᠤᠷᠠᠯ︾᠎ ᠤᠨ ᠠᠩᠬᠠᠷᠤᠯ ᠳᠤ ᠬᠦᠷᠭᠡᠬᠦ ᠪᠠᠷ ᠠᠷᠭ᠎ᠠ ᠤᠬᠠᠭᠠᠨ ᠢᠶᠠᠨ ᠰᠢᠪᠬᠠᠨ ᠴᠢᠷᠮᠠᠶᠢᠨ ᠶᠠᠪᠤᠨ᠎ᠠ᠃                 ᠪᠦᠷᠢᠨᠪᠠᠶᠠᠷ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ︿ᠭᠤᠷᠪᠠ ᠶᠢ ᠬᠤᠪᠢᠷᠠᠭᠤᠯᠬᠤ﹀ᠥᠭᠡᠷᠡᠴᠢᠯᠡᠯᠲᠡ ᠨᠢ ᠨᠠᠳᠠᠳᠤ ᠮᠠᠰᠢ ᠶᠡᠭᠡ ᠰᠠᠭᠤᠭᠳᠠᠯ ᠦᠯᠡᠳᠡᠭᠡᠭᠰᠡᠨ ᠶᠤᠮ᠃ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠮᠥᠩᠭᠦ ᠪᠣᠯᠭᠠᠨ ᠬᠤᠪᠢᠷᠠᠭᠤᠯᠬᠤ᠂ ᠮᠠᠯᠴᠢᠨ ᠲᠠᠷᠢᠶᠠᠴᠢᠳ ᠬᠤᠪᠢ ᠣᠷᠣᠭᠤᠯᠤᠭᠴᠢ ᠪᠤᠯᠬᠤ ᠶᠢ︿ᠭᠤᠷᠪᠠ ᠶᠢ ᠬᠤᠪᠢᠷᠠᠭᠤᠯᠬᠤ﹀ᠵᠠᠭᠪᠤᠷ ᠭᠡᠨ᠎ᠡ᠃ ᠲᠡᠷᠡ ᠨᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠣᠳᠠᠲᠤ ᠬᠦᠴᠦᠨ ᠢ ᠶᠡᠭᠡ ᠪᠠᠷ ᠨᠡᠮᠡᠭᠳᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠭᠡᠪᠡᠯ ᠬᠥᠯᠥᠨ ᠪᠤᠶᠢᠷ ᠤᠨ ᠨᠤᠲᠤᠭ ᠤᠨ ᠦᠬᠡᠷ ᠬᠤᠨᠢᠨ ᠤ ᠮᠢᠬ᠎ᠠ ᠶᠢᠨ ᠦᠨ᠎ᠡ ᠶᠢ ᠥᠰᠬᠡᠬᠦ ᠬᠡᠷᠡᠭᠲᠡᠢ᠂ ᠡᠨᠡ ᠬᠦ ᠪᠠᠶᠢᠳᠠᠯ ᠳᠤ ᠬᠠᠨᠳᠤᠭᠤᠯᠤᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠯᠲᠠᠨ ᠦᠰᠦᠭᠲᠦ ᠫᠠᠶᠢᠰᠠ ᠶᠢ ᠠᠰᠢᠭᠯᠠᠨ᠂ ᠬᠥᠯᠥᠨ ᠪᠤᠶᠢᠷ ᠤᠨ ᠨᠤᠲᠤᠭ ᠤᠨ ᠦᠬᠡᠷ ᠬᠤᠨᠢᠨ ᠤ ᠮᠢᠬ᠎ᠠ ᠶᠢᠨ ᠪᠣᠷᠤᠯᠠᠭᠤᠯᠭ᠎ᠠ ᠶᠢ ᠠᠬᠢᠭᠤᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠰᠠᠨᠠᠯ ᠵᠥᠪᠯᠡᠯᠭᠡ ᠪᠠᠨ ᠲᠤᠰ ᠤᠳᠠᠭᠠᠨ ᠤ︿ᠬᠤᠶᠠᠷ ᠬᠤᠷᠠᠯ﹀᠎ ᠳᠤ ᠳᠡᠪᠰᠢᠭᠦᠯᠵᠡᠢ︾ ᠬᠡᠮᠡᠨ ᠰᠤᠷᠪᠤᠯᠵᠢᠯᠠᠬᠴᠢ ᠳᠤ ᠶᠠᠷᠢᠵᠤ ᠪᠠᠶᠢᠯ᠎ᠠ᠃       ᠦᠵᠡᠰᠬᠦᠯᠡᠩᠲᠦ ᠰᠠᠶᠢᠬᠠᠨ ᠬᠥᠯᠥᠨ ᠪᠤᠶᠢᠷ ᠮᠥᠰᠥ ᠴᠠᠰᠤᠨ ᠳᠤ ᠬᠤᠴᠢᠭᠳᠠᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠰ ᠥᠷᠨᠢᠭᠦᠨ ᠬᠥᠭᠵᠢᠨ᠎ᠡ᠃                 ᠣᠶᠢᠷ᠎ᠠ ᠶᠢᠨ ᠵᠢᠯ ᠠᠴᠠ ᠨᠠᠭᠠᠰᠢ᠂ ᠬᠥᠯᠥᠨ ᠪᠤᠶᠢᠷ ᠬᠤᠲᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠵᠢᠭᠤᠯᠴᠢᠯᠠᠯ ᠤᠨ ᠬᠥᠭᠵᠢᠯᠲᠡ ᠶᠢᠨ ᠲᠤᠬᠠᠢ ᠠᠯᠢ ᠤᠯᠠᠨ ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ︽ᠬᠥᠯᠥᠨ ᠪᠤᠶᠢᠷ ᠤᠨ ᠲᠠᠯ᠎ᠠ ᠨᠤᠲᠤᠭ︾ ᠬᠡᠮᠡᠬᠦ ᠣᠨᠴᠠᠯᠢᠭᠲᠤ ᠰᠣᠶᠣᠯ ᠵᠢᠭᠤᠯᠴᠢᠯᠠᠯ ᠤᠨ ᠠᠯᠲᠠᠨ ᠦᠰᠦᠭᠲᠦ ᠫᠠᠶᠢᠰᠠ ᠶᠢ ᠪᠤᠢ ᠪᠣᠯᠭᠠᠵᠠᠢ᠃                 ᠪᠦᠷᠢᠨᠪᠠᠶᠠᠷ᠄ ︽︿ᠭᠤᠷᠪᠠᠨ ᠳ᠋ᠦᠡᠭᠰᠢᠭᠤᠷ ᠬᠥᠮᠥᠨ ᠢ ᠳᠠᠶᠢᠴᠢᠯᠠᠨ ᠴᠠᠰᠤ ᠮᠥᠰᠥᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠤᠷᠤᠯᠴᠠᠭᠤᠯᠬᠤ﹀᠎ ᠨᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠤᠯᠠᠮ ᠨᠢᠭᠡ ᠠᠯᠬᠤᠮ ᠳᠡᠯᠭᠡᠷᠡᠭᠦᠯᠦᠭᠰᠡᠨ ᠢᠶᠠᠷ ᠪᠠᠷᠠᠬᠤ ᠦᠭᠡᠢ ᠮᠥᠰᠥ ᠴᠠᠰᠤᠨ ᠤ ᠵᠢᠭᠤᠯᠴᠢᠯᠠᠯ ᠪᠠ ᠠᠵᠤ ᠠᠬᠤᠢ ᠎ ᠶᠢᠨ ᠬᠥᠭᠵᠢᠯᠲᠡ ᠶᠢ ᠳᠠᠶᠢᠴᠢᠯᠠᠵᠤ ᠪᠢᠯᠡ᠃ ᠬᠥᠯᠥᠨ ᠪᠤᠶᠢᠷ ᠲᠤ ᠠᠪᠴᠤ ᠬᠡᠯᠡᠪᠡᠯ ᠡᠨᠡ ᠨᠢ ᠣᠯᠳᠠᠰᠢ ᠦᠭᠡᠢ ᠠᠵᠠ ᠳᠤᠭᠢᠶᠠᠯ ᠶᠤᠮ᠂ ᠡᠨᠡ ᠬᠦ ᠪᠠᠶᠢᠳᠠᠯ ᠳᠤ ᠬᠠᠨᠳᠤᠭᠤᠯᠤᠨ᠂ ᠡᠪᠦᠯ ᠤᠨ ᠤᠯᠠᠷᠢᠯ ᠳᠤ ᠮᠥᠰᠥ ᠴᠠᠰᠤᠨ ᠤ ᠨᠠᠭᠠᠳᠤᠮ᠂ ᠬᠤᠷ ᠲᠠᠷᠭᠤ ᠲᠠᠢ ᠦᠬᠡᠷ ᠬᠤᠨᠢᠨ ᠤ ᠮᠢᠬ᠎ᠠ ᠶᠢᠨ ᠴᠤᠭᠯᠠᠭ᠎ᠠ ᠬᠤᠳᠠᠯᠳᠤᠭ᠎ᠠ᠂ ᠴᠠᠭᠠᠨ ᠢᠳᠡᠭᠡ᠂ ᠤᠯᠠᠭᠠᠨ ᠢᠳᠡᠭᠡᠨ ᠤ  ᠴᠤᠭᠯᠠᠭ᠎ᠠ ᠮᠠᠶᠢᠮᠠᠢ ᠵᠡᠷᠭᠡ ᠶᠢ ᠶᠡᠭᠡ ᠪᠠᠷ ᠥᠷᠨᠢᠭᠦᠯᠦᠨ ᠶᠠᠪᠤᠭᠳᠠᠭᠤᠯᠵᠤ᠂ ᠬᠥᠯᠥᠨ ᠪᠤᠶᠢᠷ ᠤᠨ ᠦᠬᠡᠷ ᠬᠤᠨᠢᠨ ᠤ ᠮᠢᠬ᠎ᠠ ᠶᠢᠨ ᠨᠡᠷᠡᠲᠦ ᠲᠡᠮᠳᠡᠭ ᠢ ᠡᠭᠦᠳᠴᠦ᠂ ᠦᠬᠡᠷ ᠬᠤᠨᠢᠨ ᠤ ᠮᠢᠬ᠎ᠠ ᠶᠢᠨ ᠤᠬᠠᠭᠤᠯᠭ᠎ᠠ ᠶᠢ ᠴᠢᠩᠭᠠᠳᠬᠠᠨ᠂ ᠨᠡᠩ ᠤᠯᠠᠨ ᠬᠥᠮᠥᠰ ᠲᠤ ᠬᠥᠯᠥᠨ ᠪᠤᠶᠢᠷ ᠤᠨ ᠦᠬᠡᠷ ᠬᠤᠨᠢᠨ ᠤ ᠮᠢᠬ᠎ᠠ ᠶᠢ ᠲᠠᠨᠢᠭᠤᠯᠤᠨ ᠮᠡᠳᠡᠭᠦᠯᠵᠦ᠂ ᠡᠭᠦᠨᠴᠢᠯᠡᠨ ᠮᠠᠯᠴᠢᠳ ᠤᠨ ᠤᠷᠤᠯᠭ᠎ᠠ ᠶᠢ ᠨᠡᠮᠡᠭᠳᠡᠭᠦᠯᠦᠨ᠎ᠡ︾ ᠭᠡᠵᠦ ᠶᠠᠷᠢᠵᠤ ᠪᠠᠶᠢᠯ᠎ᠠ᠃                 ᠲᠥᠯᠥᠭᠡᠯᠡᠭᠴᠢ ᠪᠦᠷᠢᠨᠪᠠᠶᠠᠷ ᠤᠨ ᠳᠤᠷᠠᠳᠤᠭᠰᠠᠨ ᠰᠠᠨᠠᠯ ᠵᠥᠪᠯᠡᠯᠭᠡ ᠨᠢ ᠡᠷᠲᠡ ᠡᠳᠦᠷ ᠪᠡᠶᠡᠯᠡᠯ ᠢᠶᠠᠨ ᠣᠯᠵᠤ᠂  ᠥᠷᠭᠡᠨ ᠤᠯᠠᠨ ᠮᠠᠯᠴᠢᠳ ᠲᠤ ᠨᠡᠩ ᠤᠯᠠᠨ ᠠᠰᠢᠭ ᠬᠦᠷᠲᠡᠭᠡᠬᠦ ᠶᠢ ᠬᠦᠰᠡᠶ᠎ᠡ︕                                                                 ᠰᠤᠷᠪᠤᠯᠵᠢᠯᠠᠬᠴᠢ ᠵᠢᠨᠨ᠎ᠠ
ᠢᠷᠡᠯᠲᠡ᠄ ᠬᠥᠯᠥᠨ ᠪᠤᠶᠢᠷ ᠮᠣᠩᠭᠤᠯ ᠰᠦᠯᠵᠢᠶ᠎ᠡ