1 ᠰᠠᠷ᠎ᠠ ᠶᠢᠨ 7 ᠤ ᠡᠳᠦᠷ᠂ ᠬᠥᠯᠥᠨ ᠪᠤᠶᠢᠷ ᠬᠤᠳᠡ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠬᠤᠷᠠᠯ ᠦᠪᠡᠳᠡᠭᠰᠢ ᠶᠡᠭᠡ ᠪᠠᠷ ᠬᠤᠷᠠᠯᠳᠤᠵᠤ᠂ ᠲᠥᠯᠥᠭᠡᠯᠡᠭᠴᠢᠳ ᠮᠠᠨᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠤᠭᠰᠠᠨ ᠤ ᠲᠡᠷᠠᠭ᠎ᠠ | ᠥᠪᠡᠷ ᠥᠪᠡᠷ ᠤᠨ ᠪᠤᠳᠤᠯ ᠲᠥᠷᠥᠭᠳᠡᠯ ᠢᠶᠠᠨ ᠶᠠᠷᠢᠵᠤ᠂ ᠰᠠᠨᠠᠯ ᠵᠥᠪᠯᠡᠯᠭᠡ ᠪᠠᠨ ᠳᠡᠪᠰᠢᠭᠦᠯᠵᠦ ᠪᠠᠶᠢᠯ᠎ᠠ᠃ | | | | | ︽ᠪᠢ ᠬᠥᠯᠥᠨ ᠪᠤᠶᠢᠷ ᠬᠤᠳᠡ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠤ | ᠣᠷᠣᠯᠴᠠᠭᠠᠳ ᠮᠠᠰᠢ ᠪᠠᠶᠠᠷ ᠲᠠᠢ ᠪᠠᠶᠢᠨ᠎ᠠ᠂ ᠲᠤᠰ ᠤᠳᠠᠭᠠᠨ ᠤ ᠬᠤᠷᠠᠯ ᠳᠤ︿ᠮᠠᠯᠵᠢᠬᠤ ᠣᠷᠣᠨ ᠤ ᠪᠤᠶᠢᠳᠠ ᠪᠥᠭᠯᠡᠭᠦᠦ ᠭᠠᠴᠠᠭ᠎ᠠ ᠲᠤᠰᠬᠤᠨ ᠳᠤ ᠪᠠᠶᠢᠩᠭᠤ ᠶᠢᠨ | ᠴᠠᠭᠢᠯᠭᠠᠨ ᠨᠡᠪᠲᠡᠷᠡᠭᠦᠯᠬᠦ ᠲᠤᠬᠠᠢ﹀ᠰᠠᠨᠠᠯ ᠵᠥᠪᠯᠡᠯᠭᠡ ᠪᠠᠨ ᠳᠡᠪᠰᠢᠭᠦᠯᠵᠦ ᠪᠠᠶᠢᠨ᠎ᠠ︾ ᠭᠡᠵᠦ ᠲᠥᠯᠥᠭᠡᠯᠡᠭᠴᠢ ᠮᠥᠷᠥᠭᠡᠳᠦᠯ ᠰᠤᠷᠪᠤᠯᠵᠢᠯᠠᠬᠴᠢ ᠳᠤ ᠶᠠᠷᠢᠨ᠎ᠠ᠃ | ᠲᠥᠯᠥᠭᠡᠯᠡᠭᠴᠢ ᠮᠥᠷᠥᠭᠡᠳᠦᠯ ᠤᠨ ᠬᠡᠯᠡᠬᠦ ᠪᠠᠷ᠂ ᠮᠠᠨ ᠤ ᠤᠯᠤᠰ ᠤᠨ ᠴᠠᠭᠢᠯᠭᠠᠨ ᠬᠦᠴᠦᠨ ᠤ ᠠᠵᠢᠯ ᠲᠥᠷᠥᠯ ᠤᠨ ᠬᠥᠭᠵᠢᠯᠲᠡ ᠶᠢ ᠳᠠᠭᠠᠯᠳᠤᠨ᠂ | ᠴᠠᠭᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠠᠭᠠᠵᠢᠮ ᠢᠶᠠᠷ ᠲᠡᠭᠦᠯᠳᠡᠷᠵᠢᠵᠦ᠂ ᠴᠠᠭᠢᠯᠭᠠᠨ ᠬᠦᠴᠦᠨ ᠤ ᠬᠠᠩᠭᠠᠯᠭ᠎ᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠵᠦ | ᠪᠤᠢ᠃ ᠭᠡᠪᠡᠴᠦ ᠮᠠᠨ ᠤ ᠬᠤᠲᠠ ᠶᠢᠨ ᠮᠠᠯᠵᠢᠬᠤ ᠣᠷᠣᠨ ᠭᠠᠵᠠᠷ ᠠᠭᠤᠳᠠᠮ ᠬᠥᠮᠥᠨ ᠴᠥᠭᠡᠨ᠂ ᠮᠠᠯᠵᠢᠬᠤ ᠣᠷᠣᠨ ᠤ ᠪᠤᠶᠢᠳᠠ ᠪᠥᠭᠯᠡᠭᠦᠦ ᠭᠠᠵᠠᠷ ᠣᠷᠣᠨ ᠤ ᠬᠡᠰᠡᠭ | ᠭᠠᠴᠠᠭ᠎ᠠ ᠶᠢᠨ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ ᠮᠠᠯᠵᠢᠬᠤ ᠡᠷᠦᠭᠡ ᠵᠠᠮ ᠬᠠᠷᠢᠯᠴᠠᠭ᠎ᠠ ᠳᠥᠭᠦᠮ ᠦᠭᠡᠢ᠂ ᠪᠠᠶᠢᠭᠠᠯᠢ ᠶᠢᠨ ᠣᠷᠴᠢᠨ ᠲᠣᠭᠤᠷᠢᠨ ᠵᠡᠷᠭᠡ | ᠪᠤᠰᠤᠳᠴᠢ ᠬᠦᠴᠦᠨ ᠵᠦᠢᠯ ᠤᠨ ᠬᠢᠵᠠᠭᠠᠷᠯᠠᠯ ᠠᠴᠠ ᠪᠣᠯᠵᠤ᠂ ᠴᠠᠭᠢᠯᠭᠠᠨ ᠬᠦᠴᠦᠨ ᠤ ᠬᠠᠩᠭᠠᠯᠭ᠎ᠠ ᠮᠥᠨ ᠯᠡ ᠬᠦᠷᠦᠯᠴᠡᠬᠦ ᠦᠭᠡᠢ ᠪᠠᠶᠢᠨ᠎ᠠ᠃ ᠡᠶᠢᠮᠦ ᠠᠴᠠ ᠨᠠᠩ | ᠪᠦᠷᠢᠨ ᠭᠦᠢᠴᠡᠳ ᠠᠷᠭ᠎ᠠ ᠬᠡᠮᠵᠢᠶ᠎ᠡ ᠠᠪᠴᠤ᠂ ᠴᠡᠭᠢᠯᠭᠠᠨ ᠲᠣᠣᠷ ᠤᠨ ᠪᠦᠷᠬᠦᠴᠡ ᠶᠢ ᠥᠷᠭᠡᠳᠬᠡᠵᠦ᠂ ᠪᠤᠶᠢᠳᠠ ᠪᠥᠭᠯᠡᠭᠦᠦ ᠭᠠᠴᠠᠭᠠᠨ ᠤ ᠲᠠᠷᠠᠬᠠᠢ ᠪᠤᠲᠠᠷᠬᠠᠢ | ᠰᠠᠭᠤᠵᠤ ᠪᠠᠶᠢᠭ᠎ᠠ ᠮᠠᠯᠵᠢᠬᠤ ᠡᠷᠦᠭᠡ ᠶᠢᠨ ᠪᠠᠶᠢᠩᠭᠤ ᠶᠢᠨ ᠴᠠᠭᠢᠯᠭᠠᠨ ᠬᠠᠩᠭᠠᠬᠤ ᠬᠡᠷᠡᠭᠴᠡᠭᠡ ᠶᠢ ᠭᠦᠢᠴᠡᠳ ᠬᠠᠩᠭᠠᠪᠠᠯ ᠵᠣᠬᠢᠨ᠎ᠠ ᠭᠡᠯᠡ᠃ | ᠲᠥᠯᠥᠭᠡᠯᠡᠭᠴᠢ ᠮᠥᠷᠥᠭᠡᠳᠦᠯ᠄︽ᠬᠠᠭᠤᠴᠢᠨ ᠪᠠᠷᠭᠤ ᠬᠤᠰᠢᠭᠤᠨ ᠤ ᠬᠥᠬᠡᠨᠠᠭᠤᠷ ᠪᠠᠯᠭᠠᠰᠤ ᠶᠢᠨ 8 ᠭᠠᠴᠠᠭ᠎ᠠ ᠪᠠᠷ ᠵᠢᠱᠢᠶᠡᠯᠡᠪᠡᠯ ᠵᠠᠮ ᠬᠠᠷᠢᠯᠴᠠᠭ᠎ᠠ | ᠲᠥᠭᠦᠮ ᠳᠥᠲᠡ᠂ ᠮᠠᠯᠴᠢᠳ ᠤᠨ ᠣᠷᠣᠰᠢᠨ ᠰᠠᠭᠤᠷᠢᠰᠢᠵᠤ ᠪᠠᠶᠢᠭ᠎ᠠ ᠨᠢ ᠨᠡᠯᠢᠶᠡᠳ ᠲᠥᠪᠯᠡᠷᠡᠩᠭᠦᠢ᠂ ᠬᠤᠲᠠ ᠪᠠᠯᠭᠠᠰᠤ ᠠᠴᠠ ᠨᠡᠯᠢᠶᠡᠳ ᠣᠶᠢᠷ᠎ᠠ ᠪᠠᠶᠢᠭ᠎ᠠ | ᠪᠠᠶᠠᠨᠪᠦ᠋ᠷᠢᠳᠦ ᠭᠠᠴᠠᠭ᠎ᠠ᠂ ᠬᠠᠳᠠᠨᠬᠤᠰᠢᠭᠤ ᠭᠠᠴᠠᠭ᠎ᠠ᠂ ᠬᠠᠷᠠᠨᠠᠭᠤᠷ ᠭᠠᠴᠠᠭ᠎ᠠ᠂ ᠤᠩᠭᠤᠨ ᠭᠠᠴᠠᠭ᠎ᠠ᠂ ᠥᠪᠦᠷᠨᠠᠭᠤᠷ ᠭᠠᠴᠠᠭ᠎ᠠ᠂ ᠬᠠᠷᠭᠠᠨᠠᠲᠤ ᠭᠠᠴᠠᠭ᠎ᠠ ᠵᠡᠷᠭᠡ 6 | ᠭᠠᠴᠠᠭᠠᠨ ᠤ ᠴᠠᠭᠢᠯᠭᠠᠨ ᠲᠣᠣᠷ ᠤᠨ ᠪᠦᠷᠬᠦᠴᠡ ᠶᠢᠨ ᠨᠣᠷᠮ᠎ᠠ ᠨᠡᠯᠢᠶᠡᠳ ᠥᠨᠳᠥᠷ ᠪᠠᠶᠢᠵᠤ᠂ ᠵᠠᠮ ᠬᠠᠷᠢᠯᠴᠠᠭ᠎ᠠ ᠳᠥᠭᠦᠮ ᠦᠭᠡᠢ᠂ ᠪᠠᠯᠭᠠᠰᠤ ᠲᠣᠭᠤᠷᠢᠭ ᠠᠴᠠ | ᠨᠡᠯᠢᠶᠡᠳ ᠬᠤᠯᠠ ᠪᠠᠶᠢᠭ᠎ᠠ ᠠᠩᠭᠢᠷᠲᠤ ᠭᠠᠴᠠᠭ᠎ᠠ ᠶᠢᠨ ᠪᠠᠶᠢᠩᠭᠤ ᠶᠢᠨ ᠴᠡᠭᠢᠯᠭᠠᠨ ᠨᠡᠪᠲᠡᠷᠡᠭᠰᠡᠨ ᠨᠢ ᠵᠦᠪᠭᠡᠨ 7 ᠡᠷᠦᠭᠡ ᠪᠠᠶᠢᠵᠤ᠂ ᠪᠠᠶᠢᠩᠭᠤ ᠶᠢᠨ ᠴᠠᠭᠢᠯᠭᠠᠨ | ᠨᠡᠪᠲᠡᠷᠡᠭᠡᠳᠦᠢ ᠪᠠᠶᠢᠩᠭᠤ ᠰᠠᠭᠤᠭ᠎ᠠ ᠡᠷᠦᠭᠡ ᠪᠠᠰᠠ 56 ᠪᠠᠶᠢᠵᠤ᠂ ᠪᠤᠷᠬᠠᠨᠲᠤ ᠭᠠᠴᠠᠭᠠᠨ ᠤ ᠪᠠᠶᠢᠩᠭᠤ ᠶᠢᠨ ᠴᠠᠭᠢᠯᠭᠠᠨ ᠨᠡᠪᠲᠡᠷᠡᠭᠰᠡᠨ ᠡᠷᠦᠭᠡ 20 ᠪᠠᠶᠢᠵᠤ᠂ | ᠪᠠᠶᠢᠩᠭᠤ ᠶᠢᠨ ᠴᠠᠭᠢᠯᠭᠠᠨ ᠨᠡᠪᠲᠡᠷᠡᠭᠡᠳᠦᠢ ᠪᠠᠶᠢᠩᠭᠤ ᠰᠠᠭᠤᠭ᠎ᠠ ᠡᠷᠦᠭᠡ 30 ᠪᠠᠶᠢᠵᠤ᠂ ᠴᠠᠭᠢᠯᠭᠠᠨ ᠲᠣᠣᠷ ᠤᠨ ᠪᠦᠷᠬᠦᠴᠡ ᠶᠢᠨ ᠨᠣᠷᠮ᠎ᠠ ᠨᠡᠯᠢᠶᠡᠳ ᠳᠣᠣᠷ᠎ᠠ᠂ | ᠮᠠᠯᠵᠢᠬᠤ ᠡᠷᠦᠭᠡ ᠶᠢᠨ ᠦᠢᠯᠡᠳᠪᠦᠷᠢᠯᠡᠯ ᠠᠮᠢᠳᠤᠷᠠᠯ ᠤᠨ ᠬᠥᠭᠵᠢᠯᠲᠡ ᠶᠢ ᠬᠦᠨᠳᠦ ᠨᠣᠴᠢᠲᠠᠢ ᠬᠠᠷᠰᠢᠯᠠᠵᠤ ᠪᠤᠢ᠃ ᠡᠳᠡᠭᠡᠷ ᠪᠠᠶᠢᠩᠭᠤ ᠶᠢᠨ ᠴᠠᠭᠢᠯᠭᠠᠨ ᠨᠡᠪᠲᠡᠷᠡᠭᠡᠳᠦᠢ | ᠮᠠᠯᠵᠢᠬᠤ ᠡᠷᠦᠭᠡ ᠠᠮᠢᠳᠤᠷᠠᠯ ᠳᠠᠭᠠᠨ ᠶᠡᠷᠦ ᠳᠡᠭᠡᠨ 1800 ᠸᠠᠲ ᠴᠠᠭᠢᠯᠭᠠᠨ ᠭᠠᠷᠭᠠᠬᠤ ᠲᠥᠬᠦᠭᠡᠷᠦᠮᠵᠢ ᠬᠡᠷᠡᠭᠯᠡᠵᠦ᠂ ᠡᠨᠡ ᠨᠢ ᠵᠦᠪᠭᠡᠨ ᠮᠠᠯᠵᠢᠬᠤ ᠠᠮᠢᠳᠤᠷᠠᠯ ᠤᠨ | ᠦᠨᠳᠦᠰᠦᠨ ᠴᠠᠭᠢᠯᠭᠠᠨ ᠬᠡᠷᠡᠭᠯᠡᠬᠦ ᠬᠡᠷᠡᠭᠴᠡᠭᠡ ᠶᠢ ᠯᠡ ᠬᠠᠩᠭᠠᠵᠤ ᠴᠢᠳᠠᠳᠠᠭ ᠪᠠᠶᠢᠨ᠎ᠠ᠃ ᠴᠠᠭᠢᠯᠭᠠᠨ ᠬᠦᠴᠦᠨ ᠨᠢ ᠬᠥᠳᠡᠭᠡ ᠲᠣᠰᠬᠤᠨ ᠤ ᠬᠥᠭᠵᠢᠯᠲᠡ ᠶᠢ ᠳᠡᠮᠵᠢᠬᠦ | ᠴᠢᠬᠤᠯᠠ ᠰᠠᠭᠤᠷᠢ ᠲᠥᠬᠦᠭᠡᠷᠦᠮᠵᠢ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠣᠷᠣᠯᠠᠭᠤᠯᠵᠤ ᠪᠣᠯᠣᠰᠢ ᠦᠭᠡᠢ | ᠦᠢᠯᠡᠳᠦᠯ ᠦᠵᠡᠭᠦᠯᠵᠦ ᠪᠠᠶᠢᠳᠠᠭ᠃ ᠪᠠᠶᠢᠩᠭᠤ ᠶᠢᠨ ᠴᠠᠭᠢᠯᠭᠠᠨ ᠨᠢ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠵᠦ᠂ | ᠣᠳᠣ ᠦᠶ᠎ᠡ ᠶᠢᠨ ᠮᠠᠯᠵᠢᠬᠤ ᠠᠮᠢᠳᠤᠷᠠᠯ ᠳᠤ ᠬᠡᠷᠡᠭᠯᠡᠳᠡᠭ ᠡᠪᠡᠰᠦ ᠭᠡᠮᠭᠡᠯᠡᠭᠦ ᠮᠠᠰᠢᠨ᠂ ᠴᠠᠭᠢᠯᠭᠠᠨ ᠭᠠᠩᠨᠠᠭᠤᠷ ᠵᠡᠷᠭᠡ ᠮᠠᠰᠢ ᠤᠯᠠᠨ ᠵᠦᠢᠯ ᠤᠨ ᠮᠠᠰᠢᠨ | ᠲᠥᠬᠦᠭᠡᠷᠦᠮᠵᠢ ᠨᠢ ᠪᠦᠷ ᠪᠠᠶᠢᠩᠭᠤ ᠶᠢᠨ ᠴᠠᠭᠢᠯᠭᠠᠨ ᠢ ᠬᠡᠷᠡᠭᠯᠡᠵᠦ ᠪᠠᠶᠢᠨ᠎ᠠ᠃ ᠭᠡᠪᠡᠴᠦ ᠪᠤᠶᠢᠳᠠ ᠪᠥᠭᠯᠡᠭᠦᠦ ᠭᠠᠵᠠᠷ ᠣᠷᠣᠨ ᠤ ᠮᠠᠯᠵᠢᠬᠤ ᠡᠷᠤᠭᠡ ᠠᠮᠢᠳᠤᠷᠠᠯ ᠤᠨ | ᠬᠠᠮᠤᠭ ᠤᠨ ᠦᠨᠳᠦᠰᠦᠨ ᠴᠠᠭᠢᠯᠭᠠᠨ ᠢ ᠬᠡᠷᠡᠭᠯᠡᠬᠦ ᠳᠤ ᠴᠥᠮ ᠨᠡᠯᠢᠶᠡᠳ ᠬᠦᠴᠢᠷᠲᠡᠢ ᠪᠠᠶᠢᠵᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠣᠯᠣᠨ | ᠣᠳᠣᠬᠢᠴᠢᠯᠠᠭᠰᠠᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠯᠬᠤᠴᠠ ᠶᠢ ᠬᠠᠷᠰᠢᠯᠠᠵᠤ ᠪᠠᠶᠢᠨ᠎ᠠ︾ ᠭᠡᠪᠡ᠃ | ᠲᠡᠷᠡ ᠪᠠᠰᠠ᠄ ︽ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠴᠢᠨᠠᠭᠰᠢᠳᠠ ᠠᠬᠢᠭᠤᠯᠵᠤ᠂ ᠣᠳᠣᠬᠢᠴᠢᠯᠠᠭᠰᠠᠨ | ᠮᠠᠯᠵᠢᠬᠤ ᠣᠷᠣᠨ ᠢ ᠪᠦᠲᠦᠭᠡᠨ ᠪᠠᠶᠢᠭᠤᠯᠬᠤ ᠳᠤ ᠪᠠᠶᠢᠩᠭᠤ ᠶᠢᠨ ᠴᠠᠭᠢᠯᠭᠠᠨ ᠲᠠᠢ ᠪᠤᠯᠬᠤ ᠨᠢ ᠲᠡᠷᠢᠭᠦᠨ ᠴᠢᠬᠤᠯᠠ ᠨᠥᠬᠦᠴᠡᠯ ᠪᠠᠶᠢᠵᠤ᠂ ᠮᠠᠯ ᠠᠵᠤ ᠠᠬᠤᠢ ᠶᠢᠨ | ᠬᠥᠭᠵᠢᠯᠲᠡ ᠲᠠᠢ ᠨᠢᠭᠲᠠ ᠬᠤᠯᠪᠣᠭᠳᠠᠵᠤ ᠪᠠᠶᠢᠳᠠᠭ᠃ ᠡᠶᠢᠮᠦ ᠠᠴᠠ ᠪᠠᠶᠢᠩᠭᠤ ᠶᠢᠨ ᠴᠡᠭᠢᠯᠭᠠᠨ ᠨᠡᠪᠲᠡᠷᠡᠭᠦᠯᠬᠦ ᠪᠣᠯ ᠮᠠᠯᠵᠢᠬᠤ ᠣᠷᠣᠨ ᠤ ᠠᠮᠢᠳᠤᠷᠠᠯ | ᠦᠢᠯᠡᠳᠪᠦᠷᠢᠯᠡᠯ ᠳᠤ ᠬᠡᠷᠡᠭᠯᠡᠬᠦ ᠴᠠᠭᠢᠯᠭᠠᠨ ᠤ ᠠᠰᠠᠭᠤᠳᠠᠯ ᠢ ᠰᠢᠢᠳᠪᠦᠷᠢᠯᠡᠵᠦ ᠴᠢᠳᠠᠬᠤ ᠪᠠᠷ ᠪᠠᠷᠠᠬᠤ ᠦᠭᠡᠢ ᠪᠠᠰᠠ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ | ᠠᠵᠤ ᠠᠬᠤᠢ ᠶᠢᠨ ᠵᠠᠷᠤᠯᠭ᠎ᠠ ᠶᠢ ᠬᠥᠩᠭᠡᠷᠡᠭᠦᠯᠵᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠮᠠᠯ ᠠᠵᠤ ᠠᠬᠤᠢ ᠶᠢᠨ ᠠᠵᠤ | ᠦᠢᠯᠡᠰ ᠤᠨ ᠳᠡᠰ ᠳᠡᠪᠰᠢᠭᠦᠯᠬᠦ ᠵᠢᠴᠢ ᠣᠳᠣᠬᠢᠴᠢᠯᠠᠯᠲᠠ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ︾ ᠭᠡᠪᠡ᠃ | ᠰᠤᠷᠪᠤᠯᠵᠢᠯᠠᠬᠴᠢ ᠤᠯᠠᠭᠠᠨᠪᠠᠭᠠᠲᠤᠷ | | |