ᠲᠥᠯᠥᠭᠡᠯᠡᠭᠴᠢ ᠪᠦᠷᠢᠨᠪᠠᠶᠠᠷ᠄ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠯᠲᠠᠨ ᠦᠰᠦᠭᠲᠦ ᠫᠠᠶᠢᠰᠠ ᠶᠢ ᠠᠰᠢᠭᠯᠠᠨ ᠨᠤᠲᠤᠭ ᠤᠨ ᠦᠬᠡᠷ ᠬᠤᠨᠢᠨ ᠤ ᠮᠢᠬ᠎ᠠ ᠶᠢᠨ ᠪᠣᠷᠤᠯᠠᠭᠤᠯᠭ᠎ᠠ ᠶᠢ ᠠᠬᠢᠭᠤᠯᠵᠤ ᠮᠠᠯᠴᠢᠳ ᠤᠨ ᠤᠷᠤᠯᠭ᠎ᠠ ᠶᠢ ᠨᠡᠮᠡᠭᠳᠡᠭᠦᠯᠪᠡᠯ ᠵᠣᠬᠢᠨ᠎ᠠ
ᠨᠡᠶᠢᠲᠡᠯᠡᠭᠰᠡᠨ ᠴᠠᠭ᠄
2025/1/7
          ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠬᠠᠶᠢᠯᠠᠷ ᠲᠤ ᠬᠤᠷᠠᠯᠳᠤᠵᠤ᠂ ᠲᠥᠯᠥᠭᠡᠯᠡᠭᠴᠢᠳ ᠮᠠᠨᠢ ᠮᠠᠨ ᠤ ᠬᠤᠲᠠ ᠶᠢᠨ ᠪᠦᠭᠦ ᠲᠠᠯ᠎ᠠ ᠶᠢᠨ ᠬᠥᠭᠵᠢᠯᠲᠡ ᠳᠤ ᠠᠷᠭ᠎ᠠ ᠤᠬᠠᠭᠠᠨ ᠢᠶᠠᠨ ᠰᠤᠪᠢᠵᠤ᠂ ᠬᠦᠴᠦᠨ ᠴᠢᠳᠠᠯ ᠢᠶᠠᠨ ᠡᠷᠭᠦᠬᠦ ᠪᠠᠷ ᠡᠯ᠎ᠡ ᠭᠠᠵᠠᠷ᠂ ᠡᠯ᠎ᠡ ᠠᠵᠢᠯ ᠤᠨ ᠪᠠᠶᠢᠷᠢ ᠠᠴᠠ ᠪᠠᠨ ᠬᠦᠷᠦᠯᠴᠡᠨ ᠢᠷᠡᠵᠦ ᠬᠤᠷᠠᠯ ᠳᠤ ᠣᠷᠣᠯᠴᠠᠪᠠ᠃ ᠡᠭᠦᠨ ᠤ ᠳᠤᠮᠳᠠ ᠬᠠᠭᠤᠴᠢᠨ ᠪᠠᠷᠭᠤ ᠬᠤᠰᠢᠭᠤᠨ ᠠᠴᠠ ᠢᠷᠡᠭᠰᠡᠨ ᠠᠷᠠᠳ ᠤᠨ ᠲᠥᠯᠥᠭᠡᠯᠡᠭᠴᠢ ᠪᠦᠷᠢᠨᠪᠠᠶᠠᠷ ︽ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠯᠲᠠᠨ ᠦᠰᠦᠭᠲᠦ ᠫᠠᠶᠢᠰᠠ ᠶᠢ ᠠᠰᠢᠭᠯᠠᠨ ᠨᠤᠲᠤᠭ ᠤᠨ ᠦᠬᠡᠷ ᠬᠤᠨᠢᠨ ᠤ ᠮᠢᠬ᠎ᠠ ᠶᠢᠨ ᠪᠣᠷᠤᠯᠠᠭᠤᠯᠭ᠎ᠠ ᠶᠢ ᠠᠬᠢᠭᠤᠯᠵᠤ  ᠮᠠᠯᠴᠢᠳ ᠤᠨ ᠤᠷᠤᠯᠭ᠎ᠠ ᠶᠢ ᠨᠡᠮᠡᠭᠳᠡᠭᠦᠯᠪᠡᠯ ᠵᠣᠬᠢᠨ᠎ᠠ︾ᠬᠡᠮᠡᠬᠦ ᠰᠠᠨᠠᠯ ᠵᠥᠪᠯᠡᠯᠭᠡ ᠲᠠᠢ  ᠪᠠᠨ ᠲᠤᠰ ᠤᠳᠠᠭᠠᠨ ᠤ ︽ᠬᠤᠶᠠᠷ ᠬᠤᠷᠠᠯ︾ ᠳᠤ ᠤᠷᠤᠯᠴᠠᠵᠤ ᠪᠢᠯᠡ᠃        
3.png 
          ᠪᠦᠷᠢᠨᠪᠠᠶᠠᠷ ᠪᠣᠯ ᠶᠢᠨ ᠵᠢᠶᠣᠣ ᠤᠯᠠᠮᠵᠢᠯᠠᠯᠲᠤ ᠰᠣᠶᠣᠯ ᠤᠨ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠴᠡᠭ ᠤᠨ ᠬᠠᠷᠢᠭᠤᠴᠠᠯᠭᠠᠲᠠᠨ ᠮᠥᠨ᠃ ᠥᠨᠥ ᠵᠢᠯ ᠭᠤᠷᠪᠠᠳᠠᠭᠢ ᠤᠳᠠᠭ᠎ᠠ ᠪᠠᠨ ᠠᠷᠠᠳ ᠤᠨ ᠲᠥᠯᠥᠭᠡᠯᠡᠭᠴᠢ ᠶᠢᠨ ᠬᠤᠪᠢ ᠪᠠᠷ︽ᠬᠤᠶᠠᠷ ᠬᠤᠷᠠᠯ︾ ᠳᠤ ᠤᠷᠤᠯᠴᠠᠵᠤ ᠪᠠᠶᠢᠭ᠎ᠠ ᠶᠤᠮ᠃ ᠨᠢᠳᠤᠨᠤᠨ ᠪᠦᠷᠢᠨᠪᠠᠶᠠᠷ︽ᠬᠠᠶᠢᠯᠠᠷ ᠠᠴᠠ ᠮᠠᠨᠵᠤᠤᠷ ᠬᠦᠷᠬᠦ 301 ᠤᠯᠤᠰ ᠤᠨ ᠵᠠᠮ ᠢ ᠥᠷᠭᠡᠳᠬᠡᠨ ᠵᠠᠰᠠᠬᠤ ᠶᠢ ᠬᠦᠰᠡᠵᠦ ᠪᠠᠶᠢᠨ᠎ᠠ︾ ᠭᠡᠰᠡᠨ ᠰᠠᠨᠠᠯ ᠵᠥᠪᠯᠡᠯᠭᠡ ᠪᠠᠨ ᠳᠤᠷᠠᠳᠴᠤ᠂ ᠲᠤᠰ ᠰᠠᠨᠠᠯ ᠵᠥᠪᠯᠡᠯᠭᠡ ᠨᠢ ᠤᠯᠠᠨ ᠤ ᠠᠩᠬᠠᠷᠤᠯ ᠢ ᠶᠡᠬᠡᠳᠡ ᠲᠠᠲᠠᠵᠤ ᠪᠠᠶᠢᠭᠰᠠᠨ ᠶᠤᠮ᠃ ᠬᠠᠷᠠᠬᠠᠨ ᠪᠠᠭ᠎ᠠ ᠠᠴᠠ ᠪᠠᠨ ᠮᠠᠯᠵᠢᠬᠤ ᠣᠷᠣᠨ ᠳᠤ ᠥᠰᠦᠭᠰᠡᠨ ᠪᠦᠷᠢᠨᠪᠠᠶᠠᠷ ᠲᠠᠯ᠎ᠠ ᠨᠤᠲᠤᠭ᠂ ᠮᠠᠯᠵᠢᠬᠤ ᠣᠷᠣᠨ᠂ ᠮᠠᠯᠴᠢᠨ ᠲᠦᠮᠡᠨ ᠲᠠᠢ ᠪᠠᠨ ᠢᠮᠠᠭᠲᠠ ᠰᠡᠳᠬᠢᠯ ᠵᠢᠷᠦᠬᠡᠨ ᠤ  ᠤᠶᠠᠭᠠᠲᠠᠢ᠃ ᠬᠤᠲᠠ ᠶᠢᠨ ᠠᠷᠠᠳ ᠤᠨ ᠲᠥᠯᠥᠭᠡᠯᠡᠭᠴᠢ ᠪᠣᠯᠤᠭᠰᠠᠨ ᠨᠠᠨᠳᠢᠨ ᠵᠠᠪᠰᠢᠶᠠᠨ ᠢᠶᠠᠷ ᠢᠶᠠᠨ ᠮᠠᠯᠴᠢᠨ ᠲᠦᠮᠡᠨ ᠤ ᠪᠠᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠵᠤ ᠪᠦᠬᠦᠢ ᠬᠦᠴᠢᠷᠳᠡᠯ ᠲᠦᠪᠡᠭᠳᠡᠯ ᠢ ᠨᠢ ︽ᠬᠤᠶᠠᠷ ᠬᠤᠷᠠᠯ︾ ᠤᠨ ᠠᠩᠬᠠᠷᠤᠯ ᠳᠤ ᠬᠦᠷᠭᠡᠬᠦ ᠪᠠᠷ ᠠᠷᠭ᠎ᠠ ᠤᠬᠠᠭᠠᠨ ᠢᠶᠠᠨ ᠰᠢᠪᠬᠠᠨ ᠴᠢᠷᠮᠠᠶᠢᠨ ᠶᠠᠪᠤᠨ᠎ᠠ᠃                 ᠪᠦᠷᠢᠨᠪᠠᠶᠠᠷ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ︿ᠭᠤᠷᠪᠠ ᠶᠢ ᠬᠤᠪᠢᠷᠠᠭᠤᠯᠬᠤ﹀ᠥᠭᠡᠷᠡᠴᠢᠯᠡᠯᠲᠡ ᠨᠢ ᠨᠠᠳᠠᠳᠤ ᠮᠠᠰᠢ ᠶᠡᠭᠡ ᠰᠠᠭᠤᠭᠳᠠᠯ ᠦᠯᠡᠳᠡᠭᠡᠭᠰᠡᠨ ᠶᠤᠮ᠃ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠮᠥᠩᠭᠦ ᠪᠣᠯᠭᠠᠨ ᠬᠤᠪᠢᠷᠠᠭᠤᠯᠬᠤ᠂ ᠮᠠᠯᠴᠢᠨ ᠲᠠᠷᠢᠶᠠᠴᠢᠳ ᠬᠤᠪᠢ ᠣᠷᠣᠭᠤᠯᠤᠭᠴᠢ ᠪᠤᠯᠬᠤ ᠶᠢ︿ᠭᠤᠷᠪᠠ ᠶᠢ ᠬᠤᠪᠢᠷᠠᠭᠤᠯᠬᠤ﹀ᠵᠠᠭᠪᠤᠷ ᠭᠡᠨ᠎ᠡ᠃ ᠲᠡᠷᠡ ᠨᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠣᠳᠠᠲᠤ ᠬᠦᠴᠦᠨ ᠢ ᠶᠡᠭᠡ ᠪᠠᠷ ᠨᠡᠮᠡᠭᠳᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠭᠡᠪᠡᠯ ᠬᠥᠯᠥᠨ ᠪᠤᠶᠢᠷ ᠤᠨ ᠨᠤᠲᠤᠭ ᠤᠨ ᠦᠬᠡᠷ ᠬᠤᠨᠢᠨ ᠤ ᠮᠢᠬ᠎ᠠ ᠶᠢᠨ ᠦᠨ᠎ᠡ ᠶᠢ ᠥᠰᠬᠡᠬᠦ ᠬᠡᠷᠡᠭᠲᠡᠢ᠂ ᠡᠨᠡ ᠬᠦ ᠪᠠᠶᠢᠳᠠᠯ ᠳᠤ ᠬᠠᠨᠳᠤᠭᠤᠯᠤᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠯᠲᠠᠨ ᠦᠰᠦᠭᠲᠦ ᠫᠠᠶᠢᠰᠠ ᠶᠢ ᠠᠰᠢᠭᠯᠠᠨ᠂ ᠬᠥᠯᠥᠨ ᠪᠤᠶᠢᠷ ᠤᠨ ᠨᠤᠲᠤᠭ ᠤᠨ ᠦᠬᠡᠷ ᠬᠤᠨᠢᠨ ᠤ ᠮᠢᠬ᠎ᠠ ᠶᠢᠨ ᠪᠣᠷᠤᠯᠠᠭᠤᠯᠭ᠎ᠠ ᠶᠢ ᠠᠬᠢᠭᠤᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠰᠠᠨᠠᠯ ᠵᠥᠪᠯᠡᠯᠭᠡ ᠪᠠᠨ ᠲᠤᠰ ᠤᠳᠠᠭᠠᠨ ᠤ︿ᠬᠤᠶᠠᠷ ᠬᠤᠷᠠᠯ﹀ ᠳᠤ ᠳᠡᠪᠰᠢᠭᠦᠯᠵᠡᠢ︾ ᠬᠡᠮᠡᠨ ᠰᠤᠷᠪᠤᠯᠵᠢᠯᠠᠬᠴᠢ ᠳᠤ ᠶᠠᠷᠢᠵᠤ ᠪᠠᠶᠢᠯ᠎ᠠ᠃       ᠦᠵᠡᠰᠬᠦᠯᠡᠩᠲᠦ ᠰᠠᠶᠢᠬᠠᠨ ᠬᠥᠯᠥᠨ ᠪᠤᠶᠢᠷ ᠮᠥᠰᠥ ᠴᠠᠰᠤᠨ ᠳᠤ ᠬᠤᠴᠢᠭᠳᠠᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠰ ᠥᠷᠨᠢᠭᠦᠨ ᠬᠥᠭᠵᠢᠨ᠎ᠡ᠃                 ᠣᠶᠢᠷ᠎ᠠ ᠶᠢᠨ ᠵᠢᠯ ᠠᠴᠠ ᠨᠠᠭᠠᠰᠢ᠂ ᠬᠥᠯᠥᠨ ᠪᠤᠶᠢᠷ ᠬᠤᠲᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠵᠢᠭᠤᠯᠴᠢᠯᠠᠯ ᠤᠨ ᠬᠥᠭᠵᠢᠯᠲᠡ ᠶᠢᠨ ᠲᠤᠬᠠᠢ ᠠᠯᠢ ᠤᠯᠠᠨ ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ︽ᠬᠥᠯᠥᠨ ᠪᠤᠶᠢᠷ ᠤᠨ ᠲᠠᠯ᠎ᠠ ᠨᠤᠲᠤᠭ︾ ᠬᠡᠮᠡᠬᠦ ᠣᠨᠴᠠᠯᠢᠭᠲᠤ ᠰᠣᠶᠣᠯ ᠵᠢᠭᠤᠯᠴᠢᠯᠠᠯ ᠤᠨ ᠠᠯᠲᠠᠨ ᠦᠰᠦᠭᠲᠦ ᠫᠠᠶᠢᠰᠠ ᠶᠢ ᠪᠤᠢ ᠪᠣᠯᠭᠠᠵᠠᠢ᠃                 ᠪᠦᠷᠢᠨᠪᠠᠶᠠᠷ᠄ ︽︿ᠭᠤᠷᠪᠠᠨ ᠳ᠋ᠦᠡᠭᠰᠢᠭᠤᠷ ᠬᠥᠮᠥᠨ ᠢ ᠳᠠᠶᠢᠴᠢᠯᠠᠨ ᠴᠠᠰᠤ ᠮᠥᠰᠥᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠤᠷᠤᠯᠴᠠᠭᠤᠯᠬᠤ﹀ ᠨᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠤᠯᠠᠮ ᠨᠢᠭᠡ ᠠᠯᠬᠤᠮ ᠳᠡᠯᠭᠡᠷᠡᠭᠦᠯᠦᠭᠰᠡᠨ ᠢᠶᠠᠷ ᠪᠠᠷᠠᠬᠤ ᠦᠭᠡᠢ ᠮᠥᠰᠥ ᠴᠠᠰᠤᠨ ᠤ ᠵᠢᠭᠤᠯᠴᠢᠯᠠᠯ ᠪᠠ ᠠᠵᠤ ᠠᠬᠤᠢ  ᠶᠢᠨ ᠬᠥᠭᠵᠢᠯᠲᠡ ᠶᠢ ᠳᠠᠶᠢᠴᠢᠯᠠᠵᠤ ᠪᠢᠯᠡ᠃ ᠬᠥᠯᠥᠨ ᠪᠤᠶᠢᠷ ᠲᠤ ᠠᠪᠴᠤ ᠬᠡᠯᠡᠪᠡᠯ ᠡᠨᠡ ᠨᠢ ᠣᠯᠳᠠᠰᠢ ᠦᠭᠡᠢ ᠠᠵᠠ ᠳᠤᠭᠢᠶᠠᠯ ᠶᠤᠮ᠂ ᠡᠨᠡ ᠬᠦ ᠪᠠᠶᠢᠳᠠᠯ ᠳᠤ ᠬᠠᠨᠳᠤᠭᠤᠯᠤᠨ᠂ ᠡᠪᠦᠯ ᠤᠨ ᠤᠯᠠᠷᠢᠯ ᠳᠤ ᠮᠥᠰᠥ ᠴᠠᠰᠤᠨ ᠤ ᠨᠠᠭᠠᠳᠤᠮ᠂ ᠬᠤᠷ ᠲᠠᠷᠭᠤ ᠲᠠᠢ ᠦᠬᠡᠷ ᠬᠤᠨᠢᠨ ᠤ ᠮᠢᠬ᠎ᠠ ᠶᠢᠨ ᠴᠤᠭᠯᠠᠭ᠎ᠠ ᠬᠤᠳᠠᠯᠳᠤᠭ᠎ᠠ᠂ ᠴᠠᠭᠠᠨ ᠢᠳᠡᠭᠡ᠂ ᠤᠯᠠᠭᠠᠨ ᠢᠳᠡᠭᠡᠨ ᠤ  ᠴᠤᠭᠯᠠᠭ᠎ᠠ ᠮᠠᠶᠢᠮᠠᠢ ᠵᠡᠷᠭᠡ ᠶᠢ ᠶᠡᠭᠡ ᠪᠠᠷ ᠥᠷᠨᠢᠭᠦᠯᠦᠨ ᠶᠠᠪᠤᠭᠳᠠᠭᠤᠯᠵᠤ᠂ ᠬᠥᠯᠥᠨ ᠪᠤᠶᠢᠷ ᠤᠨ ᠦᠬᠡᠷ ᠬᠤᠨᠢᠨ ᠤ ᠮᠢᠬ᠎ᠠ ᠶᠢᠨ ᠨᠡᠷᠡᠲᠦ ᠲᠡᠮᠳᠡᠭ ᠢ ᠡᠭᠦᠳᠴᠦ᠂ ᠦᠬᠡᠷ ᠬᠤᠨᠢᠨ ᠤ ᠮᠢᠬ᠎ᠠ ᠶᠢᠨ ᠤᠬᠠᠭᠤᠯᠭ᠎ᠠ ᠶᠢ ᠴᠢᠩᠭᠠᠳᠬᠠᠨ᠂ ᠨᠡᠩ ᠤᠯᠠᠨ ᠬᠥᠮᠥᠰ ᠲᠤ ᠬᠥᠯᠥᠨ ᠪᠤᠶᠢᠷ ᠤᠨ ᠦᠬᠡᠷ ᠬᠤᠨᠢᠨ ᠤ ᠮᠢᠬ᠎ᠠ ᠶᠢ ᠲᠠᠨᠢᠭᠤᠯᠤᠨ ᠮᠡᠳᠡᠭᠦᠯᠵᠦ᠂ ᠡᠭᠦᠨᠴᠢᠯᠡᠨ ᠮᠠᠯᠴᠢᠳ ᠤᠨ ᠤᠷᠤᠯᠭ᠎ᠠ ᠶᠢ ᠨᠡᠮᠡᠭᠳᠡᠭᠦᠯᠦᠨ᠎ᠡ︾ ᠭᠡᠵᠦ ᠶᠠᠷᠢᠵᠤ ᠪᠠᠶᠢᠯ᠎ᠠ᠃                 ᠲᠥᠯᠥᠭᠡᠯᠡᠭᠴᠢ ᠪᠦᠷᠢᠨᠪᠠᠶᠠᠷ ᠤᠨ ᠳᠤᠷᠠᠳᠤᠭᠰᠠᠨ ᠰᠠᠨᠠᠯ ᠵᠥᠪᠯᠡᠯᠭᠡ ᠨᠢ ᠡᠷᠲᠡ ᠡᠳᠦᠷ ᠪᠡᠶᠡᠯᠡᠯ ᠢᠶᠠᠨ ᠣᠯᠵᠤ᠂  ᠥᠷᠭᠡᠨ ᠤᠯᠠᠨ ᠮᠠᠯᠴᠢᠳ ᠲᠤ ᠨᠡᠩ ᠤᠯᠠᠨ ᠠᠰᠢᠭ ᠬᠦᠷᠲᠡᠭᠡᠬᠦ ᠶᠢ ᠬᠦᠰᠡᠶ᠎ᠡ︕                                                                 ᠰᠤᠷᠪᠤᠯᠵᠢᠯᠠᠬᠴᠢ ᠵᠢᠨᠨ᠎ᠠ
ᠢᠷᠡᠯᠲᠡ᠄ ᠬᠥᠯᠥᠨ ᠪᠤᠶᠢᠷ ᠮᠣᠩᠭᠤᠯ ᠰᠦᠯᠵᠢᠶ᠎ᠡ