ᠬᠥᠯᠥᠨ ᠪᠦᠢᠷ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠳᠤ | ᠤᠷᠤᠯᠴᠠᠵᠦ ᠪᠠᠶᠢᠭ᠎ᠠ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠳᠠᠰᠢᠵᠠᠮᠰᠤ ᠶᠢᠨ ︽ᠬᠥᠯᠥᠨ ᠨᠠᠭᠤᠷ ᠤᠨ ᠤᠰᠤᠨ ᠲᠦᠪᠰᠢᠨ ᠢ ᠲᠣᠭᠲᠠᠪᠤᠷᠢᠲᠠᠢ ᠪᠠᠶᠢᠯᠭᠠᠶ᠎ᠠ︾ᠭᠡᠬᠦ ᠰᠠᠨᠠᠯ ᠳᠤᠷᠠᠳᠤᠯᠭ᠎ᠠ ᠶᠢ ᠤᠩᠰᠢᠭᠴᠢᠳ ᠲᠠᠢ ᠪᠠᠨ | ᠬᠤᠪᠢᠶᠠᠯᠴᠠᠶ᠎ᠠ︕ | | | | | | ᠳᠠᠰᠢᠵᠠᠮᠰᠤ᠄ ︽ᠡᠨᠡ ᠬᠤᠶᠠᠷ ᠵᠢᠯ ᠬᠡᠷᠦᠯᠦᠨ ᠭᠤᠣᠯ ᠤᠨ ᠤᠰᠤ ᠬᠡᠪᠡᠯᠢ ᠠᠴᠠ ᠪᠠᠨ ᠪᠢᠯᠬᠠᠨ ᠭᠠᠷᠴᠤ ᠮᠠᠯᠴᠢᠳ ᠤᠨ ᠨᠤᠲᠤᠭ ᠪᠡᠯᠴᠢᠭᠡᠷ ᠢ ᠡᠵᠡᠯᠡᠭᠰᠡᠨ | ᠢᠶᠠᠷ ᠪᠠᠷᠠᠬᠤ ᠦᠭᠡᠢ᠂ ᠰᠢᠨ᠎ᠡ ᠪᠠᠷᠭᠤ ᠪᠠᠷᠠᠭᠤᠨ ᠬᠤᠰᠢᠭᠤᠨ ᠤ ᠲᠥᠪ ᠠᠯᠳ᠋ᠬᠠᠮᠡᠭᠡᠯ ᠪᠠᠯᠭᠠᠰᠤ᠂ ᠬᠡᠷᠦᠯᠦᠨ ᠰᠤᠮᠤ ᠵᠡᠷᠭᠡ ᠬᠡᠷᠦᠯᠦᠨ ᠭᠤᠣᠯ ᠤᠨ ᠡᠷᠭᠢ ᠳᠠᠭᠠᠤ | ᠭᠠᠵᠠᠷ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠳᠤ ᠵᠣᠬᠢᠬᠤ ᠬᠡᠪᠴᠢᠶᠡᠨ ᠤ ᠰᠠᠭᠠᠳ ᠤᠴᠠᠷᠠᠭᠤᠯᠵᠤ ᠪᠠᠶᠢᠨ᠎ᠠ︾ ᠭᠡᠵᠦ ᠶᠠᠷᠢᠨ᠎ᠠ᠃ | 2024 ᠣᠨ ᠤ 9 ᠰᠠᠷ᠎ᠠ ᠳᠤ᠂ ᠬᠡᠷᠦᠯᠦᠨ ᠭᠤᠣᠯ ᠤᠨ ᠳᠡᠭᠡᠳᠦ ᠤᠷᠤᠰᠬᠠᠯ ᠳᠤ ᠪᠣᠷᠣᠭᠠᠨ ᠣᠷᠣᠭᠰᠠᠨ ᠠᠴᠠ ᠪᠣᠯᠵᠤ ᠦᠶᠡᠷ ᠤᠨ ᠪᠠᠶᠢᠳᠠᠯ ᠶᠡᠬᠡᠳᠡᠵᠡᠢ᠃ | | ᠬᠥᠯᠥᠨ ᠨᠠᠭᠤᠷ ᠤᠨ ᠤᠰᠤᠨ ᠲᠦᠪᠰᠢᠨ ᠳᠡᠭᠡᠭᠰᠢᠯᠡᠭᠰᠡᠨ ᠠᠴᠠ ᠪᠣᠯᠣᠭᠠᠳ ᠬᠡᠷᠦᠯᠦᠨ ᠭᠤᠣᠯ ᠤᠨ ᠨᠠᠭᠤᠷ ᠲᠤ ᠴᠢᠳᠬᠤᠬᠤ ᠬᠤᠷᠳᠤᠴᠠ | ᠤᠳᠠᠭᠠᠰᠢᠷᠠᠵᠤ ᠬᠡᠷᠦᠯᠦᠨ ᠭᠤᠣᠯ ᠳᠠᠭᠠᠤ ᠨᠠᠭᠤᠷ ᠴᠦᠭᠦᠷᠤᠮ ᠲᠤᠨᠤᠮᠠᠯ ᠪᠠᠶᠢᠳᠠᠯ ᠳᠤ ᠣᠷᠣᠵᠤ᠂ ᠮᠠᠯᠴᠢᠳ ᠤᠨ ᠨᠤᠲᠤᠭ ᠪᠡᠯᠴᠢᠭᠡᠷ ᠢ ᠡᠵᠡᠯᠡᠨ ᠪᠡᠯᠴᠢᠭᠡᠷ ᠤᠨ | ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠵᠢᠯ ᠤᠨ ᠳᠠᠷᠤᠭᠠᠰᠤ ᠶᠢ ᠤᠯᠠᠮ ᠬᠦᠨᠳᠦ ᠪᠤᠯᠭᠠᠡᠡᠰᠠᠨ ᠪᠠᠶᠢᠨ᠎ᠠ᠃ ᠠᠷᠪᠠᠨ ᠨᠢᠭᠡᠳᠦᠭᠡᠷ ᠰᠠᠷ᠎ᠠ ᠳᠤ ᠠᠭᠠᠷ ᠤᠨ | ᠳᠤᠯᠠᠭᠠᠨ ᠳᠣᠷᠣᠭᠰᠢᠯᠠᠬᠤ ᠶᠢ ᠳᠠᠭᠠᠯᠳᠤᠨ᠂ ᠬᠡᠷᠦᠯᠦᠨ ᠭᠤᠣᠯ ᠨᠢ ᠬᠥᠯᠳᠡᠬᠦ ᠬᠤᠭᠤᠴᠠᠭᠠᠨ ᠳᠤ ᠣᠷᠣᠭᠰᠠᠨ ᠪᠤᠯᠪᠠᠴᠦ᠂ ᠶᠡᠭᠡ ᠬᠡᠮᠵᠢᠶᠡᠨ ᠤ ᠮᠥᠰᠥ ᠨᠢ ᠲᠠᠯ᠎ᠠ | ᠨᠤᠲᠤᠭ ᠵᠢᠴᠢ ᠭᠤᠣᠯ ᠤᠨ ᠭᠤᠯᠳᠤᠷᠢᠯ ᠳᠤ ᠵᠣᠭᠰᠤᠩᠭᠤᠶᠢᠷᠠᠪᠠ᠃ ᠡᠷᠲᠡ ᠠᠴᠠ ᠰᠡᠷᠭᠡᠶᠢᠯᠡᠬᠦ ᠦᠭᠡᠢ ᠪᠣᠯ ᠡᠪᠦᠯ ᠤᠨ ᠤᠯᠠᠷᠢᠯ ᠳᠤ ᠶᠡᠭᠡ ᠴᠠᠰᠤ ᠣᠷᠣᠪᠠᠯ᠂ | ᠬᠠᠪᠤᠷ ᠲᠠᠭᠠᠨ ᠮᠥᠰᠥ ᠴᠠᠰᠤ ᠬᠠᠶᠢᠯᠤᠭᠠᠳ ᠬᠠᠶᠢᠯ ᠤᠨ ᠭᠠᠮᠰᠢᠭ ᠪᠤᠯᠬᠤ ᠠᠶᠤᠯᠲᠠᠢ᠃ | ᠤᠰᠤᠨ ᠤ ᠲᠦᠪᠰᠢᠨ ᠤ ᠳᠡᠭᠡᠭᠰᠢᠯᠡᠯᠲᠡ ᠠᠴᠠ ᠪᠣᠯᠵᠤ᠂ ᠬᠥᠭᠦᠷᠭᠡ᠂ ᠵᠠᠰᠠᠮᠠᠯ ᠵᠠᠮ ᠢ ᠡᠪᠳᠡᠵᠦ᠂ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ | ᠬᠠᠷᠰᠢᠯᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠨᠥᠯᠥᠭᠡᠯᠡᠵᠦ ᠪᠤᠢ᠃ | ︽ᠰᠢᠨ ᠺᠠᠢ ᠾᠧ ᠭᠤᠣᠯ ᠤᠨ ᠨᠠᠭᠤᠷ ᠤᠨ ᠤᠰᠤᠨ ᠤ ᠭᠠᠳᠠᠭᠰᠢᠯᠠᠬᠤ ᠬᠡᠮᠵᠢᠶ᠎ᠡ᠂ ᠤᠰᠤᠨ ᠤ ᠬᠡᠮᠵᠢᠶ᠎ᠡ ᠶᠢ ᠲᠣᠬᠢᠷᠠᠭᠤᠯᠵᠤ᠂ ᠬᠥᠯᠥᠨ ᠨᠠᠭᠤᠷ ᠤᠨ | ᠤᠰᠤᠨ ᠤ ᠲᠦᠪᠰᠢᠨ ᠢ ᠬᠠᠮᠤᠭ ᠤᠨ ᠲᠣᠬᠢᠷᠠᠮᠵᠢᠲᠠᠢ ᠲᠦᠪᠰᠢᠨ ᠳᠤ ᠪᠠᠶᠢᠯᠭᠠᠪᠠᠯ ᠰᠠᠶᠢᠨ︾ ᠭᠡᠬᠦ ᠰᠠᠨᠠᠯ ᠳᠤᠷᠠᠳᠤᠯᠭ᠎ᠠ ᠲᠠᠢ ᠪᠠᠨ ᠬᠤᠶᠠᠷ ᠬᠤᠷᠠᠯ ᠳᠤ ᠢᠷᠡᠭᠰᠡᠨ | ᠪᠠᠶᠢᠨ᠎ᠠ᠃ | ᠰᠤᠷᠪᠤᠯᠵᠢᠯᠠᠬᠴᠢ ᠲ᠊·ᠢᠷᠭᠤᠢ | | |