ᠲᠥᠯᠥᠭᠡᠯᠡᠭᠴᠢ ᠪᠤᠤ ᠯᠦᠩ᠄ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠪᠠᠯ ᠵᠣᠬᠢᠨ᠎ᠠ
ᠨᠡᠶᠢᠲᠡᠯᠡᠭᠰᠡᠨ ᠴᠠᠭ᠄
2025/1/9
          ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠬᠠᠶᠢᠯᠠᠷ ᠲᠤ ᠬᠤᠷᠠᠯᠳᠤᠵᠤ᠂ ᠲᠥᠯᠥᠭᠡᠯᠡᠭᠴᠢᠳ ᠮᠠᠨᠢ ᠮᠠᠨ ᠤ ᠬᠤᠲᠠ ᠶᠢᠨ ᠪᠦᠭᠦ ᠲᠠᠯ᠎ᠠ ᠶᠢᠨ ᠬᠥᠭᠵᠢᠯᠲᠡ ᠳᠤ ᠠᠷᠭ᠎ᠠ ᠤᠬᠠᠭᠠᠨ ᠢᠶᠠᠨ ᠰᠤᠪᠢᠵᠤ᠂ ᠬᠦᠴᠦᠨ ᠴᠢᠳᠠᠯ ᠢᠶᠠᠨ ᠡᠷᠭᠦᠬᠦ ᠪᠠᠷ ᠡᠯ᠎ᠡ ᠭᠠᠵᠠᠷ᠂ ᠡᠯ᠎ᠡ ᠠᠵᠢᠯ ᠤᠨ ᠪᠠᠶᠢᠷᠢ ᠠᠴᠠ ᠪᠠᠨ ᠬᠦᠷᠦᠯᠴᠡᠨ ᠢᠷᠡᠵᠦ ᠬᠤᠷᠠᠯ ᠳᠤ ᠣᠷᠣᠯᠴᠠᠪᠠ᠃ ᠡᠭᠦᠨ ᠤ ᠳᠤᠮᠳᠠ ᠰᠢᠨ᠎ᠡ ᠪᠠᠷᠭᠤ ᠪᠠᠷᠠᠭᠤᠨ ᠬᠤᠰᠢᠭᠤ ᠠᠴᠠ ᠬᠦᠷᠦᠯᠴᠡᠨ ᠢᠷᠡᠭᠰᠡᠨ ᠠᠷᠠᠳ ᠤᠨ ᠲᠥᠯᠥᠭᠡᠯᠡᠭᠴᠢ ᠪᠤᠤ ᠯᠦᠩ︽ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠪᠠᠯ ᠵᠣᠬᠢᠨ᠎ᠠ︾ᠬᠡᠮᠡᠬᠦ ᠰᠠᠨᠠᠯ ᠵᠥᠪᠯᠡᠯᠭᠡ ᠲᠠᠢ ᠪᠠᠨ ᠲᠤᠰ ᠤᠳᠠᠭᠠᠨ ᠤ ︽ᠬᠤᠶᠠᠷ ᠬᠤᠷᠠᠯ︾ ᠳᠤ ᠤᠷᠤᠯᠴᠠᠵᠤ ᠪᠢᠯᠡ᠃  
3.png  
          ᠣᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠬᠥᠭᠵᠢᠭᠦᠯᠬᠦ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠲᠠᠢ ᠬᠤᠯᠪᠣᠭᠳᠠᠬᠤ ᠪᠣᠯᠬᠤᠷ ᠡᠷᠬᠡᠪᠰᠢ ᠬᠠᠮᠤᠭ ᠤᠨ ᠴᠢᠩᠭ᠎ᠠ ᠳᠦᠷᠢᠮ ᠲᠣᠭᠲᠠᠭᠠᠯ ᠪᠠ ᠬᠠᠤᠯᠢ ᠴᠠᠭᠠᠵᠠ ᠪᠠᠷ ᠪᠠᠲᠤᠯᠠᠬᠤ ᠬᠡᠷᠡᠭᠲᠡᠢ᠃ ᠡᠭᠦᠨᠴᠢᠯᠡᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠬᠤ ᠨᠢ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠤᠨ᠎ᠠ᠃                 ︽ᠣᠳᠣᠬᠠᠨ ᠳᠤ᠂ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠠᠵᠢᠯ ᠳᠤ ᠵᠠᠷᠢᠮ ᠠᠰᠠᠭᠤᠳᠠᠯ ᠣᠷᠣᠰᠢᠵᠤ᠂ ᠨᠤᠲᠤᠭ ᠪᠡᠯᠴᠢᠭᠡᠷ ᠢ ᠬᠠᠮᠠᠭᠠᠯᠠᠬᠤ ᠠᠵᠢᠯ ᠤᠨ ᠭᠦᠨᠵᠡᠭᠡᠢ ᠥᠷᠨᠢᠬᠦ ᠶᠢ ᠵᠣᠬᠢᠬᠤ ᠬᠡᠮᠵᠢᠶ᠎ᠡ ᠪᠠᠷ ᠨᠥᠯᠥᠭᠡᠯᠡᠵᠦ ᠪᠠᠶᠢᠨ᠎ᠠ᠃ ᠬᠠᠮᠤᠭ ᠲᠡᠷᠢᠭᠦᠨ ᠳᠤ᠂ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠬᠦᠴᠦᠨ ᠪᠠᠭᠤᠷᠠᠢ ᠪᠠᠶᠢᠨ᠎ᠠ᠃ ᠬᠠᠤᠯᠢ ᠬᠡᠷᠡᠭᠵᠢᠭᠦᠯᠬᠦ ᠡᠩᠨᠡᠭᠡᠨ ᠤ ᠥᠭᠡᠷᠡᠴᠢᠯᠡᠯᠲᠡ ᠠᠴᠠ ᠪᠣᠯᠵᠤ᠂ ᠤᠤᠯ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠶᠠᠨ ᠳᠠᠬᠢ ᠠᠵᠢᠯ ᠦᠢᠯᠡᠰ ᠤᠨ ᠨᠢᠭᠡᠴᠢ ᠶᠢᠨ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠰᠢᠯᠵᠢᠭᠦᠯᠦᠨ ᠣᠷᠣᠭᠤᠯᠪᠠ᠂ ᠣᠳᠣᠬᠠᠨ ᠳᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶᠠᠨ ᠳᠤ ᠲᠥᠪᠯᠡᠷᠡᠨ ᠠᠵᠢᠯᠯᠠᠵᠤ ᠪᠠᠶᠢᠬᠤ ᠪᠤᠯᠪᠠᠴᠤ ᠠᠵᠢᠯ ᠠᠴᠠ ᠪᠠᠨ ᠠᠮᠠᠷᠠᠭᠰᠠᠨ᠂ ᠠᠵᠢᠯ ᠰᠢᠯᠵᠢᠭᠰᠡᠨ ᠵᠡᠷᠭᠡ ᠰᠢᠯᠲᠠᠭᠠᠨ ᠠᠴᠠ ᠪᠣᠯᠵᠤ᠂ ᠲᠤᠰᠬᠠᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠠᠵᠢᠯᠲᠠᠨ ᠵᠦᠪᠭᠡᠨ 2 ᠬᠥᠮᠥᠨ ᠪᠤᠢ᠂ ᠡᠨᠡ ᠨᠢ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠤᠯᠲᠠ ᠶᠢᠨ ᠦᠷ᠎ᠡ ᠠᠰᠢᠭ ᠢ ᠨᠥᠯᠥᠭᠡᠯᠡᠵᠦ ᠪᠠᠶᠢᠨ᠎ᠠ᠃ ᠬᠤᠶᠠᠷ ᠲᠤ᠂ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠠᠵᠢᠯ ᠳᠤ ᠲᠤᠯᠭᠠᠷᠠᠵᠤ ᠪᠠᠶᠢᠭ᠎ᠠ ᠬᠦᠴᠢᠷᠳᠡᠯ ᠨᠡᠮᠡᠭᠳᠡᠪᠡ᠃ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠶᠠᠪᠤᠴᠠ ᠳᠤ᠂ ᠪᠠᠶᠢᠴᠠᠭᠠᠵᠤ ᠭᠡᠷᠡᠴᠢ ᠠᠪᠬᠤ ᠠᠵᠢᠯ ᠶᠡᠷᠦ ᠨᠢ ᠮᠠᠰᠢ ᠣᠯᠠᠨ ᠬᠦᠴᠢᠷᠳᠡᠯ ᠳᠤ ᠲᠤᠯᠭᠠᠷᠠᠬᠤ ᠶᠤᠮ᠃ ᠵᠢᠱᠢᠶᠡᠯᠡᠪᠡᠯ ᠲᠤᠬᠠᠢ ᠶᠢᠨ ᠬᠥᠮᠥᠨ᠂ ᠪᠠᠶᠢᠳᠠᠯ ᠢ ᠮᠡᠳᠡᠬᠦ ᠬᠥᠮᠥᠨ ᠪᠤᠶᠤ ᠰᠡᠵᠢᠭᠯᠡᠯᠲᠡᠢ ᠬᠥᠮᠥᠨ ᠪᠠᠶᠢᠴᠠᠭᠠᠯᠲᠠ ᠳᠤ ᠬᠠᠮᠵᠢᠯᠴᠠᠬᠤ ᠦᠭᠡᠢ ᠪᠠᠶᠢᠵᠤ ᠮᠡᠳᠡᠬᠦ ᠪᠥᠭᠡᠳ ᠴᠢᠨᠠᠭᠰᠢᠯᠠᠭᠠᠳ ᠬᠠᠤᠯᠢ ᠬᠡᠷᠡᠭᠵᠢᠭᠦᠯᠬᠦ ᠠᠴᠠ ᠵᠠᠶᠢᠯᠠᠵᠤ᠂ ᠡᠰᠡᠷᠭᠦᠴᠡᠬᠦ ᠪᠠᠶᠢᠳᠠᠯ ᠣᠷᠣᠰᠢᠵᠤ ᠪᠤᠢ᠃ ᠭᠤᠷᠪᠠ ᠳᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠷᠭ᠎ᠠ ᠪᠠᠷᠢᠯ ᠳᠠᠩ ᠴᠤᠯᠭᠤᠢ ᠪᠠᠶᠢᠨ᠎ᠠ᠃ ᠵᠠᠷᠤᠳᠠᠯ ᠮᠥᠩᠭᠦ ᠪᠠᠴᠢᠮ᠂ ᠲᠡᠷᠢᠭᠦᠨ ᠤ ᠬᠠᠤᠯᠢ ᠬᠡᠷᠡᠭᠵᠢᠭᠦᠯᠬᠦ ᠮᠡᠷᠭᠡᠵᠢᠯ ᠪᠣᠯᠣᠨ ᠲᠥᠬᠦᠭᠡᠷᠦᠮᠵᠢ ᠳᠤᠲᠠᠭᠳᠠᠬᠤ ᠨᠢ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠣᠯᠣᠨ ᠣᠨᠣᠪᠴᠢᠲᠤ ᠴᠢᠨᠠᠷ ᠢ ᠨᠥᠯᠥᠭᠡᠯᠡᠵᠦ ᠪᠠᠶᠢᠨ᠎ᠠ︾ ᠭᠡᠵᠦ ᠪᠤᠤ ᠯᠦᠩ ᠰᠢᠨ᠎ᠡ ᠪᠠᠷᠭᠤ ᠪᠠᠷᠠᠭᠤᠨ ᠬᠤᠰᠢᠭᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠵᠢᠯ ᠳᠤ ᠲᠤᠯᠭᠠᠷᠠᠵᠤ ᠪᠠᠶᠢᠭ᠎ᠠ ᠬᠦᠴᠢᠷᠳᠡᠯ᠂ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠰᠤᠷᠪᠤᠯᠵᠢᠯᠠᠬᠴᠢ ᠳᠤ ᠡᠶᠢᠨ ᠬᠦ ᠶᠠᠷᠢᠵᠤ ᠪᠠᠶᠢᠯ᠎ᠠ᠃                 ᠡᠳᠡᠭᠡᠷ ᠪᠠᠶᠢᠳᠠᠯ ᠳᠤ ᠬᠠᠨᠳᠤᠭᠤᠯᠤᠨ ᠪᠤᠤ ᠯᠦᠩ᠄ ︽ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠶᠢᠵᠢᠭᠰᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠪᠠᠯ ᠵᠣᠬᠢᠨ᠎ᠠ᠂ ᠬᠠᠤᠯᠢ ᠬᠡᠷᠡᠭᠵᠢᠭᠦᠯᠬᠦ ᠠᠵᠢᠯᠲᠠᠨ ᠤ ᠣᠷᠣᠨ ᠲᠤᠭ᠎ᠠ ᠶᠢ ᠨᠡᠮᠡᠭᠳᠡᠭᠦᠯᠦᠨ᠂ ᠵᠠᠯᠠᠭᠤ ᠬᠠᠤᠯᠢ ᠬᠡᠷᠡᠭᠵᠢᠭᠦᠯᠬᠦ ᠬᠦᠴᠦᠨ ᠢ ᠲᠣᠬᠢᠷᠠᠭᠤᠯᠵᠤ᠂ ᠬᠠᠤᠯᠢ ᠬᠡᠷᠡᠭᠵᠢᠭᠦᠯᠬᠦ ᠪᠣᠯᠪᠠᠰᠤᠷᠠᠯ ᠪᠣᠯᠣᠨ ᠬᠥᠮᠦᠵᠢᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠪᠡᠯ ᠵᠣᠬᠢᠨ᠎ᠠ᠃ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠣᠷᠣᠨ ᠨᠤᠲᠤᠭ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠨ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠣᠷᠣᠨ ᠨᠤᠲᠤᠭ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠮᠡᠷᠭᠡᠵᠢᠯ ᠤᠨ ᠳᠡᠮᠵᠢᠯᠭᠡ ᠪᠠ ᠵᠢᠯᠣᠭᠤᠳᠤᠯᠭ᠎ᠠ ᠬᠠᠩᠭᠠᠨ᠎ᠠ᠃ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠵᠠᠷᠤᠳᠠᠯ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠩᠨᠡᠭᠡ ᠳᠤ ᠲᠡᠷᠢᠭᠦᠨ ᠤ ᠬᠠᠤᠯᠢ ᠬᠡᠷᠡᠭᠵᠢᠭᠦᠯᠬᠦ ᠲᠥᠬᠦᠭᠡᠷᠦᠮᠵᠢ ᠪᠣᠯᠣᠨ ᠪᠠᠭᠠᠵᠢ ᠬᠡᠷᠡᠭᠰᠡᠯ ᠲᠣᠬᠢᠷᠠᠭᠤᠯᠵᠤ ᠥᠭᠬᠦ ᠶᠢ ᠬᠦᠰᠡᠵᠦ ᠪᠠᠶᠢᠨ᠎ᠠ︾ ᠬᠡᠮᠡᠨ ᠲᠤᠰ ᠤᠳᠠᠭᠠᠨ ᠤ ︽ᠬᠤᠶᠠᠷ ᠬᠤᠷᠠᠯ︾ ᠳᠤ ᠳᠡᠪᠰᠢᠭᠦᠯᠦᠭᠰᠡᠨ ᠰᠠᠨᠠᠯ ᠵᠥᠪᠯᠡᠯᠭᠡ ᠶᠢᠨ ᠢᠶᠠᠨ ᠲᠤᠬᠠᠢ ᠶᠠᠷᠢᠵᠤ ᠪᠠᠶᠢᠯ᠎ᠠ᠃                 ᠲᠥᠯᠥᠭᠡᠯᠡᠭᠴᠢ ᠪᠤᠤ ᠯᠦᠩ ᠥᠨᠥ ᠵᠢᠯ ᠲᠠᠪᠤᠳᠠᠭᠢ ᠤᠳᠠᠭ᠎ᠠ ᠬᠤᠳᠠ ᠶᠢᠨ ᠠᠷᠠᠳ ᠤᠨ ᠲᠥᠯᠥᠭᠡᠯᠡᠭᠴᠢ ᠶᠢᠨ ᠬᠤᠪᠢ ᠪᠠᠷ ︽ᠬᠤᠶᠠᠷ ᠬᠤᠷᠠᠯ︾ ᠳᠤ ᠤᠷᠤᠯᠴᠠᠵᠤ᠂ ᠠᠷᠠᠳ ᠤᠯᠠᠨ ᠤ ᠪᠠᠨ ᠠᠮᠢᠳᠤᠷᠠᠯ ᠦᠢᠯᠡᠳᠪᠦᠷᠢᠯᠡᠯ ᠳᠤ ᠬᠤᠯᠪᠣᠭᠳᠠᠬᠤ ᠴᠢᠬᠤᠯᠠ ᠠᠰᠠᠭᠤᠳᠠᠯ ᠢ ᠲᠤᠰᠬᠠᠬᠤ ᠶᠢ ᠬᠢᠴᠢᠶᠡᠭᠰᠡᠭᠡᠷ ᠢᠷᠡᠵᠠᠢ᠂ ᠲᠥᠯᠥᠭᠡᠯᠡᠭᠴᠢ ᠪᠤᠦ ᠯᠦᠩ ᠤᠨ ᠳᠤᠷᠠᠳᠤᠭᠰᠠᠨ ᠰᠠᠨᠠᠯ ᠵᠥᠪᠯᠡᠯᠭᠡ ᠨᠢ ᠡᠷᠲᠡ ᠡᠳᠦᠷ ᠪᠡᠶᠡᠯᠡᠯ ᠢᠶᠠᠨ ᠣᠯᠬᠤ ᠶᠢ ᠬᠦᠰᠡᠶ᠎ᠡ︕                                                                        ᠰᠤᠷᠪᠤᠯᠵᠢᠯᠠᠬᠴᠢ ᠵᠢᠨᠨ᠎ᠠ
ᠢᠷᠡᠯᠲᠡ᠄ ᠬᠥᠯᠥᠨ ᠪᠤᠶᠢᠷ ᠮᠣᠩᠭᠤᠯ ᠰᠦᠯᠵᠢᠶ᠎ᠡ