︽ᠠᠪᠠᠭ᠎ᠠ ᠠ᠋᠂ ᠢᠩᠭᠢᠵᠦ ᠵᠢᠭᠳᠡ ᠰᠠᠴᠤᠪᠠᠯ ᠰᠠᠶ᠋ᠢ ᠬᠥᠷᠥᠰᠥ ᠰᠢᠷᠣᠢ ᠶᠢᠨ ︿ᠰᠢᠮ᠎ᠡ ᠲᠡᠵᠢᠭᠡᠯ﹀ ᠲᠡᠩᠴᠡᠭᠦᠷᠢᠲᠡᠢ ᠪᠣᠯᠵᠤ ᠴᠢᠳᠠᠨ᠎ᠠ ᠁︾ 2 | ᠰᠠᠷ᠎ᠠ ᠶᠢᠨ 23 ᠤ ᠡᠳᠦᠷ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠢᠩᠭᠠᠨ ᠠᠶᠢᠮᠠᠭ ᠤᠨ ᠵᠠᠯᠠᠶᠢᠳ | ᠬᠤᠰᠢᠭᠤᠨ ᠤ ᠬᠤᠯᠪᠣᠭ᠎ᠠ ᠪᠠᠯᠭᠠᠰᠤᠨ ᠤ ᠦ᠋ ᠳ᠋ᠣᠣ ᠾᠧ ᠽᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ | ᠳ᠋ᠦ᠋ ᠭᠠᠩ ᠲᠠᠷᠢᠶᠠᠴᠢᠳ ᠲᠤ ᠪᠣᠷᠳᠣᠭᠤᠷ ᠢ ᠵᠥᠪ ᠰᠠᠴᠤᠬᠤ ᠠᠷᠭ᠎ᠠ ᠮᠡᠷᠭᠡᠵᠢᠯ ᠢ ᠬᠦᠯᠢᠴᠡᠩᠭᠦᠢ ᠵᠢᠭᠠᠨ ᠵᠢᠯᠣᠭᠤᠳᠤᠨ᠎ᠠ᠃ ᠦᠭᠡ ᠬᠡᠯᠡᠬᠦ ᠶᠢᠨ ᠳᠠᠭᠠᠤ ᠳ᠋ᠦ᠋ ᠭᠠᠩ | ᠪᠣᠷᠳᠣᠭᠤᠷ ᠰᠠᠴᠤᠬᠤ ᠲᠡᠷᠭᠡᠨ ᠳᠤ ᠭᠠᠷᠴᠤ᠂ ᠲᠠᠷᠢᠶᠠᠨ ᠭᠠᠵᠠᠷ ᠢᠶᠠᠷ ᠨᠠᠭᠠᠰᠢ ᠴᠠᠭᠠᠰᠢ ᠰᠦᠯᠵᠢᠯᠳᠦᠨ᠎ᠡ᠃ | ᠠᠵᠢᠯᠴᠢ ᠬᠥᠮᠥᠨ ᠬᠠᠪᠤᠷ ᠡᠷᠲᠡ ᠠᠴᠠ ᠬᠦᠳᠡᠯᠳᠡᠭ᠃ ᠴᠠᠭᠠᠨ ᠰᠠᠷ᠎ᠠ ᠥᠩᠭᠡᠷᠡᠮᠡᠭᠴᠡ᠂ ᠳ᠋ᠦ᠋ ᠭᠠᠩ ︽ᠬᠠᠪᠤᠷ ᠤᠨ ᠲᠠᠷᠢᠶᠠᠯᠠᠭ᠎ᠠ ᠶᠢᠨ ᠵᠠᠭᠪᠤᠷ︾ ᠢ | ᠡᠬᠢᠯᠡᠭᠦᠯᠵᠦ᠂ ᠬᠤᠷᠰᠢᠶ᠎ᠠ ᠶᠢᠨ ᠭᠡᠰᠢᠭᠦᠳ ᠲᠠᠢ ᠪᠠᠨ ᠬᠠᠮᠲᠤ ᠲᠠᠷᠢᠶᠠᠯᠠᠩ ᠤᠨ ᠮᠠᠰᠢᠨ ᠪᠠᠭᠠᠵᠢ ᠪᠠᠨ ᠪᠠᠶᠢᠴᠠᠭᠠᠨ ᠰᠡᠯᠪᠢᠵᠦ᠂ ᠬᠠᠷ᠎ᠠ ᠬᠥᠷᠥᠰᠥᠲᠦ ᠭᠠᠵᠠᠷ ᠲᠤ | ᠣᠷᠭᠠᠨᠢᠭ ᠪᠣᠷᠳᠣᠭᠤᠷ ᠣᠷᠣᠭᠤᠯᠪᠠ ᠁ | ᠡᠳᠦᠷ ᠲᠡᠭᠡᠨ ᠲᠠᠷᠢᠶᠠᠨ ᠠᠵᠢᠯ ᠳᠤ ᠭᠦᠶᠦᠵᠦ᠂ ᠣᠷᠣᠢ ᠳᠠᠭᠠᠨ ᠰᠠᠨᠠᠯ ᠰᠠᠨᠠᠭᠤᠯᠭ᠎ᠠ ᠪᠢᠴᠢᠵᠦ ᠶᠠᠭᠠᠷᠠᠨ᠎ᠠ᠃ ᠪᠥᠬᠦ ᠤᠯᠤᠰ ᠤᠨ ᠬᠤᠶᠠᠷ ᠬᠤᠷᠠᠯ ᠤᠳᠠᠯ | ᠦᠭᠡᠢ ᠬᠤᠷᠠᠯᠳᠤᠬᠤ ᠪᠠᠷ ᠪᠣᠶ᠂ ᠡᠨᠡ ᠬᠡᠳᠦᠨ ᠡᠳᠦᠷ ᠳ᠋ᠦ᠋ ᠭᠠᠩ ᠨᠠᠩ ᠴᠤ ᠶᠠᠭᠠᠷᠠᠤ ᠪᠣᠯᠵᠠᠢ᠃ | ︽ᠲᠠᠷᠢᠶᠠᠨ ᠠᠵᠢᠯ ᠬᠢᠬᠦ ᠨᠢ ᠪᠠᠰᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠤᠷᠢᠶᠠᠬᠤ ᠰᠠᠶᠢᠨ ᠴᠠᠭ ᠲᠣᠬᠢᠶᠠᠯ ᠮᠥᠨ᠃︾ ᠳ᠋ᠦ᠋ ᠭᠠᠩ᠂ | ᠭᠠᠭᠴᠠ ᠬᠦ ᠠᠷᠠᠳ ᠤᠯᠠᠨ ᠤ ᠳᠤᠮᠳᠠ ᠭᠦᠨᠵᠡᠭᠡᠶᠢᠷᠡᠵᠦ᠂ ᠤᠯᠠᠨ ᠲᠦᠮᠡᠨ ᠲᠠᠢ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠪᠠᠯ ᠰᠠᠶ᠋ᠢ ᠤᠯᠠᠨ ᠲᠦᠮᠡᠨ ᠤ | ᠪᠤᠳᠤᠯ ᠰᠠᠨᠠᠭ᠎ᠠ ᠶᠢ ᠣᠶᠢᠯᠠᠭᠠᠵᠤ᠂ ᠠᠷᠠᠳ ᠲᠦᠮᠡᠨ ᠠᠴᠠ ᠣᠯᠭᠤᠭᠰᠠᠨ ᠡᠷᠬᠡ ᠪᠠᠨ ᠰᠠᠶᠢᠲᠤᠷ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢ ᠶᠢᠨ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠦᠢᠯᠡᠳᠦᠯᠭᠡᠵᠢᠭᠦᠯᠵᠦ ᠴᠢᠳᠠᠨ᠎ᠠ ᠭᠡᠪᠡ᠃ | ᠳ᠋ᠦ᠋ ᠭᠠᠩ ᠢᠩᠭᠢᠵᠦ ᠬᠡᠯᠡᠭᠰᠡᠨ ᠪᠥᠭᠡᠳ ᠮᠥᠨ ᠢᠩᠭᠢᠵᠦ ᠬᠢᠭᠰᠡᠭᠡᠷ ᠢᠷᠡᠵᠡᠢ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠠᠴᠠ ᠨᠠᠭᠠᠰᠢ᠂ ᠲᠡᠷᠡ ᠦᠷᠭᠦᠯᠵᠢ ᠲᠠᠷᠢᠶᠠᠨ ᠦᠵᠦᠭᠦᠷ᠂ ᠲᠣᠰᠬᠤᠨ ᠤ ᠠᠷᠠᠳ ᠤᠨ ᠭᠡᠷ ᠲᠤ ᠬᠦᠷᠴᠦ᠂ ᠤᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ᠂ ᠤᠯᠠᠨ ᠲᠦᠮᠡᠨ ᠤ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠨᠤᠲᠤᠭ ᠤᠨ ᠠᠬ᠎ᠠ ᠳᠡᠭᠦᠦ | ᠨᠠᠷ ᠤᠨ ᠴᠢᠩ ᠰᠡᠳᠬᠢᠯ ᠤᠨ ᠬᠦᠰᠡᠯ ᠡᠷᠡᠮᠡᠯᠵᠡᠯ ᠢ ᠨᠢᠭᠡᠳ ᠨᠢᠭᠡ ᠪᠠᠷ ᠴᠢᠨᠠᠷ ᠰᠠᠶᠢᠲᠠᠢ ᠰᠠᠨᠠᠯ ᠰᠠᠨᠠᠭᠤᠯᠭ᠎ᠠ ᠪᠣᠯᠭᠠᠨ ᠬᠤᠪᠢᠷᠠᠭᠤᠯᠪᠠ᠃ ︽ᠳ᠋ᠦ᠋ ᠭᠠᠩ ᠪᠣᠯ ᠪᠢᠳᠡᠨ ᠤ | ᠳᠣᠲᠣᠨᠣ ᠬᠥᠮᠥᠨ᠂ ᠤᠴᠢᠷ ᠶᠠᠪᠤᠳᠠᠯ ᠪᠦ᠋ᠬᠦᠨ ᠢ ᠪᠦᠷ ᠪᠢᠳᠡᠨ ᠤ ᠡᠮᠦᠨ᠎ᠡ ᠠᠴᠠ ᠪᠣᠳᠣᠯᠬᠢᠯᠠᠳᠠᠭ᠃ ᠪᠢᠳᠡᠨ ᠢ ᠬᠠᠪᠰᠤᠷᠴᠤ ᠲᠠᠷᠢᠵᠦ ᠤᠷᠭᠤᠭᠤᠯᠬᠤ ᠮᠡᠷᠭᠡᠵᠢᠯ ᠤᠨ | ᠰᠢᠨ᠎ᠡ ᠶᠢ ᠡᠭᠦᠳᠴᠦ᠂ ᠪᠣᠷᠤᠯᠠᠭᠤᠯᠭ᠎ᠠ ᠶᠢᠨ ᠵᠠᠮ ᠢ ᠥᠷᠭᠡᠳᠬᠡᠵᠦ᠂ ᠲᠠᠷᠢᠶᠠᠴᠢᠳ ᠤᠨ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠵᠡᠢ︾ ᠭᠡᠵᠦ ᠵᠠᠯᠠᠶᠢᠳ ᠬᠤᠰᠢᠭᠤᠨ ᠤ | ᠬᠤᠯᠪᠣᠭ᠎ᠠ ᠪᠠᠯᠭᠠᠰᠤᠨ ᠤ ᠦ᠋ ᠳ᠋ᠣᠣ ᠾᠧ ᠽᠢ ᠲᠣᠰᠬᠤᠨ ᠤ ᠠᠷᠠᠳᠰᠦ᠋ ᠬᠠᠢ ᠵᠢᠶᠦ᠋ᠨ ᠪᠠᠶᠠᠷᠲᠠᠢ ᠬᠡᠯᠡᠨ᠎ᠡ᠃ | ︽ᠠᠷᠠᠳ ᠤᠨ ᠲᠥᠯᠥᠭᠡᠯᠡᠭᠴᠢ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠦᠨᠡᠨ ᠰᠡᠳᠬᠢᠯ ᠠᠴᠠ ᠪᠠᠨ ᠤᠯᠠᠨ ᠲᠦᠮᠡᠨ ᠳᠤ ᠪᠣᠳᠠᠲᠤ | ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ︿ᠠᠷᠠᠳ ᠲᠦᠮᠡᠨ ᠨᠠᠮ᠎ᠠ ᠶᠢ ᠲᠥᠯᠥᠭᠡᠯᠡᠭᠴᠢ ᠪᠠᠷ ᠰᠣᠩᠭᠤᠵᠤ᠂ ᠮᠢᠨᠤ ᠲᠥᠯᠥᠭᠡᠯᠡᠭᠴᠢ ᠪᠤᠯᠬᠤ ᠨᠢ | ᠠᠷᠠᠳ ᠲᠦᠮᠡᠨ ᠤ ᠲᠥᠯᠥᠭᠡ ᠪᠠᠶᠢᠬᠤ﹀ ᠲᠥᠪ ᠴᠢᠩᠭ᠎ᠠ ᠠᠮᠠᠯᠠᠯᠲᠠ ᠪᠠᠨ ᠪᠣᠳᠠᠲᠠᠢ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠦᠨ᠎ᠡ︾ ᠭᠡᠬᠦ ᠳ᠋ᠦ᠋ ᠭᠠᠩ ᠤᠨ ᠦᠭᠡ | ᠰᠢᠭᠤᠷᠬᠠᠢ ᠪᠥᠭᠡᠳ ᠬᠦᠴᠦ ᠲᠠᠢ᠃ | ︽85 ᠣᠨ ᠠᠴᠠ ᠰᠡᠭᠦᠯᠡᠷ ᠲᠥᠷᠥᠭᠰᠡᠨ︾ ᠰᠢᠨ᠎ᠡ ᠲᠠᠷᠢᠶᠠᠴᠢᠨ ᠪᠣᠯᠤᠭᠰᠠᠨ ᠤ ᠬᠤᠪᠢ ᠳᠤ᠂ ᠳ᠋ᠦ᠋ ᠭᠠᠩ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ | ᠳᠠᠭᠠᠵᠤ᠂ ᠣᠶᠤᠨᠴᠢ ᠲᠠᠷᠢᠶᠠᠯᠠᠩ᠂ ᠠᠮᠢ ᠠᠬᠤᠢ ᠶᠢᠨ ᠲᠠᠷᠢᠶᠠᠯᠠᠩ᠂ ᠣᠨᠴᠠᠯᠢᠭᠲᠤ ᠲᠠᠷᠢᠶᠠᠯᠠᠩ ᠢ ᠬᠥᠭᠵᠢᠭᠦᠯᠬᠦ ᠳᠡᠭᠡᠷ᠎ᠡ ᠦᠷᠭᠦᠯᠵᠢᠯᠡᠨ ᠬᠦᠴᠦᠯᠡᠵᠦ᠂ ᠲᠠᠷᠢᠶᠠᠴᠢᠨ | ᠡᠷᠦᠬᠡ ᠶᠢ ᠳᠠᠭᠠᠭᠤᠯᠤᠨ ᠣᠯᠠᠨ ᠵᠦᠢᠯ ᠤᠨ ᠠᠮᠤ ᠪᠤᠳᠠᠭ᠎ᠠ ᠳᠠᠷᠢᠵᠤ᠂ ᠴᠢᠨᠠᠷᠯᠢᠭ ᠠᠮᠤ ᠪᠤᠳᠠᠭ᠎ᠠ ᠳᠠᠷᠢᠪᠠ᠃ ᠰᠢᠷᠭᠠᠭᠤ ᠬᠥᠳᠡᠯᠮᠦᠷᠢ ᠶᠢᠨ ᠬᠠᠷᠢᠭᠤ ᠦᠷ᠎ᠡ ᠪᠦᠲᠦᠭᠡᠯ | ᠡᠯᠪᠡᠭ᠃ ᠦ᠋ ᠳ᠋ᠣᠣ ᠾᠧ ᠽᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ 1.2 ᠲᠦᠮᠡᠨ ᠮᠦ ᠲᠠᠷᠢᠮᠠᠯ ᠵᠢᠯ ᠳᠠᠷᠠᠭᠠᠯᠠᠨ ᠡᠯᠪᠡᠭ ᠬᠤᠷᠢᠶᠠᠯᠲᠠ | ᠣᠯᠵᠤ᠂ ᠨᠢᠳᠤᠨᠤᠨ ᠤ ᠠᠮᠤ ᠪᠤᠳᠠᠭᠠᠨ ᠤ ᠶᠡᠷᠦᠩᠬᠡᠢ ᠤᠨᠠᠯᠲᠠ 10000 ᠲᠣᠨ ᠢ ᠳᠠᠪᠠᠪᠠ᠃ ᠲᠣᠰᠬᠤᠨ ᠤ ᠠᠷᠠᠳ ᠤᠨ ᠤᠷᠤᠯᠭ᠎ᠠ ᠨᠡᠮᠡᠭᠳᠡᠵᠦ ᠠᠮᠢᠳᠤᠷᠠᠯ ᠤᠯᠠᠮ | ᠰᠠᠶᠢᠵᠢᠷᠠᠪᠠ᠃ ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ ᠳᠤ᠂ ᠳ᠋ᠦ᠋ ᠭᠠᠩ ︽ᠭᠤᠣᠯ ᠪᠣᠯᠬᠤ ᠠᠮᠤ ᠲᠣᠰᠣᠨ ᠤ ᠲᠠᠷᠢᠮᠠᠯ ᠤᠨ ᠲᠠᠯᠠᠪᠠᠶ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠤᠬᠠᠢ ᠰᠠᠨᠠᠭᠤᠯᠭ᠎ᠠ︾ ᠶᠢ ᠳᠡᠪᠰᠢᠭᠦᠯᠬᠦ ᠪᠠᠷ ᠪᠡᠯᠡᠳᠬᠡᠵᠦ᠂ ᠠᠮᠤ ᠪᠤᠳᠠᠭᠠᠨ ᠤ ᠤᠨᠠᠯᠲᠠ ᠶᠢᠨ ᠨᠡᠮᠡᠭᠳᠡᠯ᠂ | ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠤᠯᠠᠮ ᠠᠬᠢᠭᠤᠯᠬᠤ ᠳᠤ ᠠᠷᠭ᠎ᠠ ᠤᠬᠠᠭᠠᠨ ᠳᠡᠪᠰᠢᠭᠦᠯᠬᠦ ᠪᠠᠷ ᠪᠤᠢ᠃ | ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠢᠷᠠᠭᠤ ᠠᠯᠳᠠᠷ ᠮᠥᠷᠲᠡᠭᠡᠨ ᠬᠦᠨᠳᠦ ᠬᠠᠷᠢᠭᠤᠴᠠᠯᠭ᠎ᠠ ᠮᠥᠨ᠂ ᠪᠢ | ᠥᠩᠭᠡᠷᠡᠭᠰᠡᠨ ᠲᠠᠢ ᠪᠠᠨ ᠠᠳᠠᠯᠢᠬᠠᠨ ᠦᠨᠳᠦᠰᠦᠨ ᠱᠠᠲᠤᠨ ᠳᠤ ᠭᠦᠨᠵᠡᠭᠡᠶᠢᠷᠡᠨ ᠣᠯᠠᠨ ᠲᠦᠮᠡᠨ ᠳᠤ ᠦᠢᠯᠡᠴᠢᠯᠡᠵᠦ᠂ ᠬᠥᠳᠡᠭᠡ ᠲᠣᠰᠬᠤᠨ ᠲᠠᠢ ᠰᠡᠳᠬᠢᠯ ᠢᠶᠠᠨ | ᠬᠤᠯᠪᠣᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠣᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ | ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾ ᠭᠡᠵᠦ ᠳ᠋ᠦ᠋ ᠭᠠᠩ ᠢᠯᠡᠳᠬᠡᠪᠡ᠃ | ᠰᠤᠷᠪᠤᠯᠵᠢᠯᠠᠭᠴᠢ ᠶᠢᠨ ᠡᠪᠦᠷ ᠲᠡᠮᠳᠡᠭᠯᠡᠯ | ᠴᠢᠨᠠᠷ ᠰᠠᠶᠢᠲᠠᠢ ᠰᠠᠨᠠᠭᠤᠯᠭ᠎ᠠ ᠪᠠᠷ ᠣᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠭᠦᠨ᠎ᠡ | ᠳ᠋ᠦ᠋ ᠭᠠᠩ ᠲᠥ᠋ᠯᠥᠭᠡᠯᠡᠭᠴᠢ ᠶᠢ ᠰᠤᠷᠪᠤᠯᠵᠢᠯᠠᠬᠤ ᠦᠶ᠎ᠡ ᠳᠤ᠂ ᠲᠡᠷᠡ ᠶᠠᠭ ᠲᠠᠷᠢᠶᠠᠨ ᠭᠠᠵᠠᠷ ᠲᠠᠭᠠᠨ ᠮᠠᠰᠢᠨ ᠵᠢᠯᠤᠭᠤᠳᠴᠤ ᠣᠷᠭᠠᠨᠢᠭ ᠪᠣᠷᠳᠣᠭᠤᠷ | ᠰᠠᠴᠤᠨ ᠶᠠᠭᠠᠷᠠᠵᠤ ᠪᠠᠶᠢᠯ᠎ᠠ᠃ ᠠᠵᠢᠯ ᠤᠨ ᠵᠠᠪᠰᠠᠷ ᠲᠠᠭᠠᠨ ᠲᠠᠷᠢᠶᠠᠴᠢᠳ ᠤᠨ ᠳᠠᠷᠢᠵᠤ ᠤᠷᠭᠤᠭᠤᠯᠬᠤ ᠤᠷ᠎ᠠ ᠮᠡᠷᠭᠡᠵᠢᠯ ᠢ ᠵᠢᠯᠤᠭᠤᠳᠴᠤ᠂ ᠣᠯᠠᠨ ᠲᠦᠮᠡᠨ ᠤ ᠬᠦᠰᠡᠯ | ᠡᠷᠡᠮᠡᠯᠵᠡᠯ ᠢ ᠠᠰᠠᠭᠤᠨ ᠬᠠᠯᠠᠮᠵᠢᠯᠠᠨ᠎ᠠ᠃ ᠯᠠᠪᠳᠠᠭᠤᠨ ᠪᠠᠲᠤᠲᠠᠢ ᠪᠠᠷ ᠤᠯᠠᠨ ᠲᠦᠮᠡᠨ ᠳᠤ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ | ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠨ᠎ᠡ᠃ | ᠲᠡᠷᠡ ᠪᠣᠯ ᠤᠯᠠᠨ ᠲᠦᠮᠡᠨ ᠤ ᠰᠡᠳᠬᠢᠯ ᠢ ᠮᠡᠳᠡᠭᠴᠢ᠂ ᠣᠷᠣᠨ ᠨᠤᠲᠤᠭ ᠤᠨ ᠬᠥᠭᠵᠢᠯᠲᠡ ᠶᠢ ᠠᠬᠢᠭᠤᠯᠤᠭᠴᠢ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠪᠠᠶᠢᠷᠢ ᠳᠡᠭᠡᠷ᠎ᠡ ᠪᠠᠨ ᠲᠡᠷᠡ ᠪᠠᠰᠠ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠵᠤ᠂ ᠠᠷᠠᠳ ᠲᠦᠮᠡᠨ ᠳᠤ ᠦᠢᠯᠡᠴᠢᠯᠡᠬᠦ | ᠪᠣᠯᠣᠨ᠎ᠠ᠃ | ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠤᠯᠠᠨ ᠲᠦᠮᠡᠨ ᠤ ᠣᠷᠣᠯᠠᠨ ᠥᠭᠦᠯᠡᠭᠴᠢ ᠮᠥᠨ᠃ ᠵᠦᠪᠭᠡᠨ ᠲᠠᠷᠢᠶᠠᠨ | ᠭᠠᠵᠠᠷ ᠲᠤ ᠭᠦᠨᠵᠡᠭᠡᠶᠢᠷᠡᠵᠦ᠂ ᠠᠷᠠᠳ ᠤᠨ ᠪᠠᠶᠢᠳᠠᠯ ᠢ ᠣᠶᠢᠯᠠᠭᠠᠨ᠂ ᠠᠷᠠᠳ ᠤᠨ ᠰᠠᠨᠠᠭ᠎ᠠ ᠶᠢ ᠰᠣᠨᠣᠰᠪᠠᠯ ᠰᠠᠶ᠋ᠢ ᠬᠠᠯᠠᠭᠤᠨ ᠳᠤᠯᠠᠭᠠᠨ᠂ ᠭᠦᠨ ᠭᠦᠨᠵᠡᠭᠡᠢ ᠰᠠᠨᠠᠭᠤᠯᠭ᠎ᠠ | ᠭᠠᠷᠭᠠᠵᠤ ᠴᠢᠳᠠᠨ᠎ᠠ︾᠃ ᠳ᠋ᠦ᠋ ᠭᠠᠩ ᠬᠤᠶᠢᠰᠢᠳᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠠᠮ ᠳᠡᠭᠡᠷ᠎ᠡ᠂ ᠴᠢᠨᠠᠷ ᠰᠠᠶᠢᠲᠠᠢ ᠰᠠᠨᠠᠭᠤᠯᠭ᠎ᠠ ᠪᠠᠷ ᠠᠷᠠᠳ | ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ ᠭᠡᠵᠦ ᠶᠠᠷᠢᠵᠤ ᠪᠠᠶᠢᠯ᠎ᠠ᠃ | |