2 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠᠷ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ ᠬᠦᠷᠴᠦ | ᠪᠠᠶᠢᠴᠠᠭᠠᠨ ᠰᠤᠳᠤᠯᠪᠠ᠃ | | | | | | 2 ᠰᠠᠷ᠎ᠠ ᠶᠢᠨ 7 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ | ᠪᠠᠶᠢᠴᠠᠭᠠᠨ ᠰᠤᠳᠤᠯᠤᠯᠲᠠ ᠬᠢᠬᠦ ᠳᠡᠭᠡᠨ ᠥᠷᠢ ᠲᠥᠯᠥᠬᠦ ᠠᠵᠢᠯ ᠤᠨ ᠲᠤᠰᠬᠠᠢ ᠠᠩᠭᠢ ᠳᠤ ᠬᠦᠷᠴᠦ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ | ᠵᠣᠭᠤᠰ ᠢ ᠲᠥᠯᠥᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ | | | | | | 2 ᠰᠠᠷ᠎ᠠ ᠶᠢᠨ 7 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ | ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠪᠡᠯᠡ ᠣᠷᠤᠭᠤᠯᠤᠯᠲᠠ ᠶᠢᠨ ᠲᠥᠯᠦᠪᠵᠢᠭᠦᠯᠭᠡ ᠶᠢᠨ ᠭᠠᠵᠠᠷ ᠲᠤ ᠪᠥᠬᠦ ᠣᠷᠣᠨ ᠤ ᠠᠵᠤ ᠦᠢᠯᠡᠳᠪᠦᠷᠢ ᠶᠢᠨ | ᠭᠤᠣᠯᠳᠠᠯᠭ᠎ᠠ ᠲᠠᠢ ᠲᠥᠷᠥᠯ ᠵᠦᠢᠯ ᠤᠨ ᠬᠦᠰᠦᠨᠦᠭᠲᠦ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ | ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ | | | ᠸᠠᠩ ᠯᠢ ᠰᠢᠶᠠ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠲᠥᠯᠥᠵᠦ ᠪᠠᠶᠢᠭ᠎ᠠ ᠪᠠᠶᠢᠳᠠᠯ ᠢ ᠮᠠᠰᠢ ᠬᠠᠯᠠᠮᠵᠢᠯᠠᠵᠤ᠂ ᠥᠷᠢ | ᠲᠥᠯᠥᠬᠦ ᠠᠵᠢᠯ ᠤᠨ ᠲᠤᠰᠬᠠᠢ ᠠᠩᠭᠢ ᠳᠤ ᠬᠦᠷᠴᠦ ᠪᠠᠶᠢᠳᠠᠯ ᠢ ᠨᠠᠷᠢᠨ ᠣᠶᠢᠯᠠᠭᠠᠵᠤ᠂ ᠨᠠᠷᠢᠯᠢᠭ ᠣᠨᠣᠪᠴᠢᠲᠠᠢ ᠪᠠᠷ ᠪᠠᠶᠢᠴᠠᠭᠠᠨ᠂ ᠣᠷᠬᠢᠭᠳᠠᠭᠤᠯᠬᠤ ᠠᠴᠠ | ᠰᠡᠷᠭᠡᠶᠢᠯᠡᠵᠦ᠂ ︽ᠦᠷᠭᠦᠯᠵᠢᠯᠡᠨ ᠥᠷᠢᠲᠦᠬᠦ︾ ᠰᠢᠯᠲᠠᠭᠠᠨ ᠢ ᠭᠦᠢᠴᠡᠳ ᠪᠣᠳᠣᠯᠬᠢᠯᠠᠵᠤ᠂ ᠠᠵᠤ ᠠᠬᠤᠶᠢᠯᠠᠯ ᠤᠨ ᠳᠠᠩᠰᠠᠨ ᠵᠣᠭᠤᠰ ᠢ ᠤᠳᠠᠭᠠᠰᠢᠷᠠᠭᠤᠯᠤᠨ | ᠥᠷᠢᠲᠦᠬᠦ ᠠᠴᠠ ᠪᠣᠯᠵᠤ ᠠᠵᠢᠯᠴᠢᠳ ᠤᠨ ᠴᠠᠯᠢᠩ ᠢ ᠥᠷᠢᠲᠦᠬᠦ ᠶᠢ ᠰᠡᠷᠭᠡᠶᠢᠯᠡᠬᠦ ᠬᠡᠷᠡᠭᠲᠡᠢ ᠭᠡᠵᠦ ᠵᠠᠬᠢᠪᠠ᠃ ᠪᠡᠯᠡ ᠣᠷᠣᠭᠤᠯᠤᠯᠲᠠ ᠶᠢᠨ ᠲᠥᠯᠦᠪᠵᠢᠭᠦᠯᠭᠡ ᠶᠢᠨ | ᠭᠠᠵᠠᠷ ᠲᠤ᠂ ᠲᠡᠷᠡ ᠪᠦᠭᠦ ᠣᠷᠣᠨ ᠤ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠬᠦᠰᠦᠨᠦᠭᠲᠦ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ | ᠪᠦᠭᠦ ᠣᠷᠣᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠡᠯ᠎ᠡ ᠠᠶᠢᠮᠠᠭ ᠬᠤᠲᠠ ᠶᠢ ᠵᠢᠯᠤᠭᠤᠳᠴᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠠᠬᠤᠢ ᠶᠢᠨ ᠡᠷᠭᠢᠯᠲᠡ ᠶᠢᠨ ᠲᠣᠪᠴᠢᠶ᠎ᠠ ᠳᠤ ᠲᠡᠷᠡ᠂ ᠡᠨᠡ ᠪᠣᠯ ᠳᠠᠷᠤᠢ | ︽ᠪᠠᠶᠢᠯᠳᠤᠭᠠᠨ︾ ᠤ ᠵᠢᠯᠤᠭᠤᠳᠬᠤ ᠲᠠᠰᠤᠭ ᠪᠣᠯᠣᠨ᠎ᠠ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ ᠶᠡᠭᠡ ᠶᠢ ᠠᠳᠬᠤᠵᠤ ᠪᠠᠭ᠎ᠠ ᠶᠢ ᠦᠯᠦ | ᠲᠠᠯᠪᠢᠬᠤ ᠶᠢ ᠪᠠᠷᠢᠮᠲᠠᠯᠠᠵᠤ᠂ ᠲᠣᠬᠢᠷᠠᠭᠤᠯᠤᠯᠲᠠ ᠶᠢᠨ ᠴᠠᠭᠴᠢ ᠴᠢᠨᠠᠷ᠂ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠠᠵᠢᠯ ᠲᠦᠷᠦᠯ ᠨᠢᠭᠡᠪᠦᠷᠢ ᠶᠢᠨ ᠪᠠᠶᠢᠳᠠᠯ᠂ ᠠᠶᠢᠮᠠᠭ | ᠬᠤᠲᠠ ᠨᠢᠭᠡᠪᠦᠷᠢ ᠶᠢᠨ ᠪᠠᠶᠢᠳᠠᠯ ᠳᠤ ᠪᠦᠷ ᠳᠣᠲᠣᠷ᠎ᠠ ᠪᠠᠨ ᠲᠤᠭ᠎ᠠ ᠲᠠᠢ ᠪᠠᠶᠢᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠠᠵᠤ ᠠᠬᠤᠢ ᠶᠢᠨ ᠡᠷᠭᠢᠯᠲᠡ ᠳᠤᠮᠳᠠᠬᠢ | ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠬᠦ ᠬᠡᠷᠡᠭᠲᠡᠢ ᠭᠡᠵᠦ ᠬᠡᠯᠡᠪᠡ᠃ | | | | | | 2 ᠰᠠᠷ᠎ᠠ ᠶᠢᠨ 7 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ | ᠪᠠᠶᠢᠴᠠᠭᠠᠨ ᠰᠤᠳᠤᠯᠤᠯᠲᠠ ᠬᠢᠬᠦ ᠳᠡᠭᠡᠨ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ | ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ | | | ᠳᠠᠷᠠᠭ᠎ᠠ ᠨᠢ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠦᠢᠯᠡᠳᠪᠦᠷᠢ ᠨᠢ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠣᠷᠣᠬᠤ ᠳᠤᠮᠳᠠ ᠴᠢᠬᠤᠯᠠ ᠡᠭᠦᠷᠭᠡ ᠡᠭᠦᠷᠭᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ | ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠬᠦ ᠬᠠᠷᠠᠯᠲᠠ ᠶᠢ ᠪᠠᠷᠢᠮᠲᠠᠯᠠᠵᠤ᠂ ᠬᠦᠴᠢᠷ | ᠪᠡᠷᠬᠡᠰᠢᠶᠡᠯ ᠥᠷᠢᠰᠦᠯᠳᠦᠭᠡᠨ ᠢ ᠪᠦᠭᠦ ᠬᠦᠴᠦᠨ ᠢᠶᠠᠷ ᠢᠶᠠᠨ ᠢᠯᠡᠨ ᠳᠠᠪᠠᠵᠤ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠬᠤ ᠬᠡᠷᠡᠭᠲᠡᠢ᠃ ︽ᠵᠢᠷᠭᠤᠭᠠᠨ | ᠠᠵᠢᠯᠯᠠᠭ᠎ᠠ︾ ᠳᠤᠮᠳᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ | ᠨᠠᠶᠢᠳᠠᠪᠤᠷᠢᠵᠢᠭᠤᠯᠬᠤ ᠳᠤ 1398 ᠭᠤᠣᠯᠳᠠᠯᠭ᠎ᠠ ᠲᠠᠢ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠵᠦ᠂ ᠵᠠᠬ᠎ᠠ ᠳᠡᠯᠭᠡᠭᠦᠷ ᠢ ᠨᠢ ᠥᠷᠭᠡᠳᠬᠡᠵᠦ᠂ ᠬᠠᠮᠢᠶ᠎ᠠ | ᠪᠦᠬᠦᠢ ᠡᠬᠢᠨ ᠤ ᠪᠠ ᠡᠴᠦᠰ ᠤᠨ ᠬᠡᠯᠬᠢᠶ᠎ᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠬᠡᠷᠡᠭᠲᠡᠢ︔ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ | ᠨᠠᠶᠢᠳᠠᠪᠤᠷᠢᠵᠢᠭᠤᠯᠬᠤ ᠳᠤ ᠠᠵᠤ ᠠᠬᠤᠶᠢᠯᠠᠯ ᠪᠣᠯᠣᠨ ᠴᠢᠳᠠᠪᠤᠷᠢᠲᠠᠨ ᠳᠤ ᠬᠥᠭᠦᠷᠭᠡ ᠬᠤᠯᠪᠣᠭᠠᠰᠤ ᠪᠣᠯᠵᠤ᠂ ᠠᠵᠤ ᠦᠢᠯᠡᠰ ᠤᠨ ᠬᠥᠭᠵᠢᠯᠲᠡ ᠪᠠᠷ ᠨᠡᠩ ᠤᠯᠠᠨ | ᠠᠵᠢᠯ ᠣᠯᠭᠤᠯᠲᠠ ᠶᠢ ᠳᠠᠶᠢᠴᠢᠯᠠᠬᠤ ᠬᠡᠷᠡᠭᠲᠡᠢ︔ ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠭᠤᠣᠯᠳᠠᠯᠭ᠎ᠠ ᠲᠠᠢ ᠠᠵᠢᠯ ᠲᠥᠷᠥᠯ ᠤᠨ ᠤᠰᠤ | ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠩ ᠣᠯᠠᠨ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠪᠠ ᠬᠦᠷᠢᠶᠡᠯᠡᠩ ᠲᠣᠭᠤᠷᠢᠭ ᠢ ᠡᠭᠦᠳᠦᠨ | ᠪᠠᠶᠢᠭᠤᠯᠬᠤ ᠬᠡᠷᠡᠭᠲᠡᠢ︔ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠣᠷᠣᠨ ᠪᠦᠰᠡ ᠶᠢᠨ | ᠬᠤᠭᠤᠷᠣᠨᠳᠣᠭᠢ᠂ ᠣᠷᠣᠨ ᠨᠤᠲᠤᠭ ᠤᠨ ᠬᠤᠭᠤᠷᠣᠨᠳᠣᠭᠢ ᠠᠵᠤ ᠦᠢᠯᠡᠰ ᠤᠨ ᠬᠠᠮᠵᠢᠯᠴᠠᠭ᠎ᠠ ᠶᠢ ᠴᠢᠩᠭᠠᠳᠬᠠᠵᠤ᠂ ᠪᠦᠭᠦ ᠣᠷᠣᠨ ᠤ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠳᠤ ᠨᠡᠶᠢᠴᠡᠬᠦ ᠠᠵᠤ ᠦᠢᠯᠡᠰ ᠤᠨ ᠲᠦᠷᠦᠯ ᠵᠦᠢᠯ ᠢ ᠰᠠᠶᠢᠲᠤᠷ ᠳᠡᠮᠵᠢᠬᠦ ᠬᠡᠷᠡᠭᠲᠡᠢ︔ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠭᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠳᠤ ᠠᠵᠤ ᠦᠢᠯᠡᠳᠪᠦᠷᠢ ᠶᠢᠨ ᠲᠡᠦᠬᠡ ᠰᠣᠶᠣᠯ ᠢ ᠭᠦᠨᠵᠡᠭᠡᠢ ᠠᠭᠤᠳᠠᠯᠵᠤ᠂ ᠰᠢᠨ᠎ᠡ ᠴᠠᠭ ᠦᠶ᠎ᠡ ᠶᠢᠨ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠥᠯᠢᠭᠡᠷ ᠢ ᠰᠠᠶᠢᠲᠤᠷ ᠶᠠᠷᠢᠬᠤ ᠬᠡᠷᠡᠭᠲᠡᠢ᠃ ︽ᠠᠷᠪᠠᠨ ᠶᠡᠭᠡ ᠠᠵᠤ ᠦᠢᠯᠡᠰ ᠤᠨ ᠪᠦᠯᠦᠭᠵᠢᠯ︾ ᠢ | ᠴᠣᠭᠴᠠᠯᠠᠬᠤ ᠳᠤᠮᠳᠠ ᠭᠤᠣᠯ ᠰᠢᠪᠲᠤᠯᠤᠯᠲᠠ ᠬᠢᠵᠦ᠂ ᠳᠡᠭᠡᠳᠦ ᠲᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠶᠢᠵᠢᠯᠳᠡ ᠶᠢᠨ ᠬᠠᠷᠠᠯᠲᠠ ᠶᠢ ᠲᠣᠭᠲᠠᠭᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠥᠲᠥᠯᠥᠨ ᠳᠠᠭᠠᠭᠤᠯᠵᠤ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠦᠷᠦᠭᠦᠦ ᠤᠯᠠᠷᠢᠯ ᠤᠨ ︽ᠰᠠᠶᠢᠨ ᠡᠭᠢᠯᠡᠯᠲᠡ︾ ᠶᠢ ᠪᠡᠶᠡᠯᠡᠭᠦᠯᠬᠦ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠶᠣᠣ ᠶᠦᠩ ᠪᠦᠸᠧ ᠠᠵᠢᠯᠯᠠᠭ᠎ᠠ ᠳᠤ ᠣᠷᠣᠯᠴᠠᠪᠠ᠃ | | |