ᠡᠪᠦᠳᠦᠭ ᠪᠣᠭᠤᠮᠲᠠ ᠶᠢᠨ 2025 ᠣᠨ ᠤ 1 ︱ 2 ᠳ᠋ᠤᠭᠠᠷ ᠰᠠᠷ᠎ᠠ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2025/3/10
          2025 ᠣᠨ ᠤ1 ᠳ᠋ᠦ᠋ᠭᠡᠷ ᠰᠠᠷ᠎ᠠ ᠶᠢᠨ 1᠎ ᠤ ᠡᠳᠦᠷ ᠠᠴᠠ 2 ᠳ᠋ᠤᠭᠠᠷ ᠰᠠᠷ᠎ᠠ ᠶᠢᠨ 28᠎ ᠤ ᠡᠳᠦᠷ ᠪᠣᠯᠲᠠᠯᠠᠬᠢ ᠬᠤᠭᠤᠴᠠᠭᠠᠨ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠡᠪᠦᠳᠦᠭ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠠᠵᠢᠯᠯᠠᠭᠠᠨ ᠤ ᠪᠠᠶᠢᠳᠠᠯ ᠳᠣᠣᠷᠠᠬᠢ ᠮᠡᠲᠦ᠄          ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ 2025 ᠣᠨ ᠤ ᠡᠪᠦᠳᠦᠭ ᠪᠣᠭᠤᠮᠲᠠ ᠶᠢᠨ1—2 ᠳ᠋ᠤᠭᠠᠷ ᠰᠠᠷ᠎ᠠ ᠳᠤ ᠬᠢᠯᠢ ᠪᠠᠷ ᠣᠷᠣᠭᠤᠯᠵᠤ ᠭᠠᠷᠭᠠᠭᠰᠠᠨ ᠬᠥᠮᠥᠨ ᠨᠡᠶᠢᠲᠡ 0.79 ᠲᠦᠮᠡᠨ ᠬᠥᠮᠥᠨ ᠤᠳᠠᠭ᠎ᠠ ︵ᠬᠢᠯᠢ ᠪᠠᠷ ᠣᠷᠣᠵᠤ ᠢᠷᠡᠭᠰᠡᠨ ᠬᠥᠮᠥᠨ 0.4 ᠲᠦᠮᠡᠨ ᠬᠥᠮᠥᠨ ᠤᠳᠠᠭ᠎ᠠ᠂ ᠬᠢᠯᠢ ᠪᠠᠷ ᠭᠠᠷᠴᠤ ᠶᠠᠪᠤᠭᠰᠠᠨ ᠬᠥᠮᠥᠨ 0.39 ᠲᠦᠮᠡᠨ ᠬᠥᠮᠥᠨ ᠤᠳᠠᠭ᠎ᠠ︶᠎ ᠳᠤ ᠬᠦᠷᠴᠡᠢ︔ ᠬᠢᠯᠢ ᠪᠠᠷ ᠣᠷᠣᠭᠤᠯᠵᠤ ᠭᠠᠷᠭᠠᠭᠰᠠᠨ ᠲᠡᠷᠭᠡ ᠬᠥᠰᠬᠡ ᠨᠡᠶᠢᠲᠡ 0.52 ᠲᠦᠮᠡᠨ ᠤᠳᠠᠭ᠎ᠠ ︵ᠬᠢᠯᠢ ᠪᠠᠷ ᠣᠷᠣᠭᠤᠯᠤᠭᠰᠠᠨ ᠲᠡᠷᠭᠡ ᠬᠥᠰᠬᠡ 0.26 ᠲᠦᠮᠡᠨ ᠤᠳᠠᠭ᠎ᠠ᠂ ᠬᠢᠯᠢ ᠪᠠᠷ ᠭᠠᠷᠭᠠᠭᠰᠠᠨ ᠲᠡᠷᠭᠡ ᠬᠥᠰᠬᠡ 0.26 ᠲᠦᠮᠡᠨ ᠤᠳᠠᠭ᠎ᠠ︶︔ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠡ ᠨᠡᠶᠢᠲᠡ 8.27 ᠲᠦᠮᠡᠨ ᠲᠣᠨ ᠳᠤ ᠬᠦᠷᠴᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ