1 ᠳ᠋ᠦ᠋ᠭᠡᠷ ᠰᠠᠷ᠎ᠠ ᠶᠢᠨ 10 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 123 ᠳ᠋ᠤᠭᠠᠷ ᠬᠤᠷᠠᠯ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ | ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ | ᠱᠦᠵᠢ ᠸᠠᠩ ᠨᠠᠢ ᠪᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠭᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ | ᠣᠷᠣᠯᠴᠠᠪᠠ᠃ ᠠᠮᠤᠷᠪᠠᠲᠤ᠂ ᠪᠠᠢ ᠵᠧᠨ ᠰᠢᠶᠠᠨ ᠬᠤᠷᠠᠯ ᠳᠤ ᠰᠤᠯᠠ ᠣᠷᠣᠯᠴᠠᠪᠠ᠃ | 1 ᠳ᠋ᠦ᠋ᠭᠡᠷ ᠰᠠᠷ᠎ᠠ ᠶᠢᠨ 10 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠦ᠋ ᠰᠢᠤᠸᠠᠢ ᠶᠦᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠠᠩᠬᠠᠳᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ ᠥᠮᠴᠢᠯᠡᠯᠲᠦ ᠲᠠᠷᠢᠶᠠᠨ ᠭᠠᠵᠠᠷ᠂ ᠤᠯᠤᠰ ᠤᠨ | ᠥᠮᠴᠢᠯᠡᠯᠲᠦ ᠨᠤᠲᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ | 1ᠳ᠋ᠦ᠋ᠭᠡᠷ ᠰᠠᠷ᠎ᠠ ᠶᠢᠨ 10 ᠤ ᠡᠳᠦᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ | ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠢᠨ ᠵᠢᠱᠢᠭᠳᠡᠭᠴᠢ ᠠᠮᠤᠷᠪᠠᠲᠤ ᠡᠷᠭᠢᠯᠡᠵᠦ᠂ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠠᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠪᠠᠢ ᠴᠦᠨ ᠬᠤᠸᠠ᠂ ᠡᠯ᠎ᠡ ᠠᠵᠢᠯ ᠤᠨ ᠵᠥᠪᠯᠡᠯ ᠪᠣᠯᠣᠨ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠲᠣᠰ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ | ᠬᠤᠷᠠᠯ ᠳᠤ ᠣᠷᠣᠯᠴᠠᠪᠠ᠃ | 1 ᠳ᠋ᠦ᠋ᠭᠡᠷ ᠰᠠᠷ᠎ᠠ ᠶᠢᠨ 10 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠰᠢᠨ᠎ᠡ ᠪᠠᠷᠭᠤ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠳᠡᠭᠡᠳᠦ | ᠱᠠᠲᠤᠨ ᠤ ᠣᠶᠢᠷ᠎ᠠ ᠶᠢᠨ ᠬᠤᠭᠤᠴᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ | ︽2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠵᠢᠱᠢᠭᠳᠡᠬᠦ ᠵᠦᠢᠯᠡᠰ︾ ᠵᠡᠷᠭᠡ ᠲᠤᠰᠬᠠᠢ ᠵᠦᠢᠯ ᠤᠨ ᠤᠴᠢᠷ ᠶᠠᠪᠤᠳᠠᠯ ᠢ ᠰᠤᠳᠤᠯᠤᠨ ᠬᠢᠨᠠᠨ | ᠶᠠᠷᠢᠯᠴᠠᠵᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | 1 ᠳ᠋ᠦ᠋ᠭᠡᠷ ᠰᠠᠷ᠎ᠠ ᠶᠢᠨ 13 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠠᠷᠪᠠᠨ ᠳᠥᠷᠪᠡᠳᠦᠭᠡᠷ ᠬᠤᠭᠤᠴᠠᠭᠠᠨ ᠤ | ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠢ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠢ ᠵᠧᠨ ᠰᠢᠶᠠᠨ ᠬᠤᠷᠠᠯ ᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠠᠳᠠ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ | ᠪᠠᠶᠢᠩᠭᠤ ᠶᠢᠨ ᠳᠡᠳ᠋ ᠳᠠᠷᠤᠭ᠎ᠠ ᠰᠠᠷᠠᠨ᠎ᠠ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠪᠠᠳᠠᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ᠂ | ᠰᠢᠨ᠎ᠡ ᠪᠠᠷᠭᠤ ᠵᠡᠭᠦᠨ ᠬᠤᠰᠢᠭᠤᠨ ᠳᠤ ᠰᠠᠭᠤᠭ᠎ᠠ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠤᠷᠠᠯ ᠳᠤ ᠰᠤᠯᠠ ᠣᠷᠣᠯᠴᠠᠪᠠ᠃ | 1 ᠳ᠋ᠦ᠋ᠭᠡᠷ ᠰᠠᠷ᠎ᠠ ᠶᠢᠨ 14 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠱᠦᠵᠢ ᠶᠢᠨ ᠲᠤᠰᠬᠠᠢ ᠰᠡᠳᠦᠪᠲᠦ ᠬᠤᠷᠠᠯ ᠢ | ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠭᠤᠣᠯᠳᠠᠯᠭ᠎ᠠ ᠲᠠᠢ ᠠᠵᠢᠯ ᠤᠨ | ᠨᠠᠶᠢᠳᠠᠪᠤᠷᠢᠵᠢᠭᠤᠯᠤᠯᠲᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ ᠬᠤᠰᠢᠭᠤᠨ ᠤ ᠤᠳᠤᠷᠢᠳᠤᠯᠭ᠎ᠠ ᠦ᠋ ᠰᠢᠤᠸᠠᠢ ᠶᠦᠩ᠂ ᠭᠦᠸᠧ ᠬᠠᠨ ᠶᠤᠸᠠᠢ᠂ | ᠬᠠᠳᠠ᠂ ᠴᠣᠯᠮᠣᠨ᠂ ᠵᠥᠩ ᠱᠧᠦ ᠴᠢᠥᠸᠠᠨ ᠬᠤᠷᠠᠯ ᠳᠤ ᠣᠷᠣᠯᠴᠠᠵᠠᠢ᠃ ᠡᠯ᠎ᠡ ᠰᠤᠮᠤ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠢ᠃ | 1 ᠳ᠋ᠦ᠋ᠭᠡᠷ ᠰᠠᠷ᠎ᠠ ᠶᠢᠨ 15 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠤᠯᠤᠰ ᠤᠨ | ᠥᠮᠴᠢᠯᠡᠯᠲᠦ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠵᠥᠩ ᠱᠧᠦ ᠴᠢᠥᠸᠠᠨ᠂ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠢ᠃ | 1ᠳ᠋ᠦ᠋ᠭᠡᠷ ᠰᠠᠷ᠎ᠠ ᠶᠢᠨ 15 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠨᠠᠨ ᠪᠣᠳᠣᠯᠲᠠ ᠪᠠᠷ ᠢᠯᠡᠷᠡᠭᠦᠯᠦᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠵᠥᠩ ᠱᠧᠦ ᠴᠢᠥᠸᠠᠨ᠂ ᠳ᠋ᠦ᠋ ᠴᠧᠨ ᠰᠢᠩ ᠵᠢᠴᠢ ᠬᠤᠯᠪᠣᠭᠳᠠᠯ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | 1 ᠳ᠋ᠦ᠋ᠭᠡᠷ ᠰᠠᠷ᠎ᠠ ᠶᠢᠨ16 ᠤ ᠡᠳᠦᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠨᠠᠷᠠᠰᠤ ᠪᠠᠷ ᠳᠤᠭᠤᠶᠢᠯᠠᠩ ᠤᠨ ᠳᠠᠷᠤᠭ᠎ᠠ | ᠪᠣᠯᠭᠠᠭᠰᠠᠨ ᠬᠥᠯᠥᠨ ᠪᠤᠶᠢᠷ ᠬᠤᠲᠠ ᠶᠢᠨ ᠳᠠᠭᠠᠭᠠᠴᠢᠯᠠᠨ ᠬᠠᠷᠢᠭᠤᠴᠠᠬᠤ ᠳᠤᠭᠤᠶᠢᠯᠠᠩ ᠤᠨ ᠰᠢᠨ᠎ᠡ ᠪᠠᠷᠭᠤ ᠵᠡᠭᠦᠨ ᠬᠤᠰᠢᠭᠤᠨ ᠤ ᠭᠤᠣᠯᠳᠠᠯᠭ᠎ᠠ ᠲᠠᠢ ᠠᠵᠢᠯ ᠢ | ᠥᠷᠨᠢᠭᠦᠯᠦᠭᠰᠡᠨ ᠪᠠᠶᠢᠳᠠᠯ ᠢ ᠰᠣᠨᠣᠰᠬᠤ ᠶᠠᠷᠢᠯᠴᠠᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ ᠡᠷᠭᠢᠯᠡᠵᠦ᠂ ᠦ᠋ | ᠰᠢᠤᠸᠠᠢ ᠶᠦᠩ᠂ ᠠᠮᠤᠷᠪᠠᠲᠤ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ | ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | 1 ᠳ᠋ᠦ᠋ᠭᠡᠷ ᠰᠠᠷ᠎ᠠ ᠶᠢᠨ 17 ᠤ ᠡᠳᠦᠷ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠦ᠋ ᠰᠢᠤᠸᠠᠢ ᠶᠦᠩ ᠨᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ 32107 ᠴᠡᠷᠢᠭ ᠠᠩᠭᠢ ᠳᠤ ᠬᠦᠷᠦᠨ | ᠲᠣᠬᠤᠨᠢᠭᠤᠯᠵᠤ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠲᠤ ᠴᠠᠭᠠᠨ ᠰᠠᠷ᠎ᠠ ᠶᠢᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠬᠦ ᠶᠢᠨ ᠬᠠᠮᠲᠤ | ᠬᠢᠯᠢ ᠶᠢᠨ ᠬᠠᠮᠢᠶᠠᠷᠤᠯᠲᠠ ᠶᠢᠨ ᠵᠥᠪᠳᠡᠯᠴᠡᠭᠡᠨ ᠤ ᠬᠤᠷᠠᠯ ᠬᠤᠷᠠᠯᠳᠤᠭᠤᠯᠵᠤ᠂ ᠬᠢᠯᠢ ᠬᠢᠵᠠᠭᠠᠷ ᠣᠷᠣᠨ ᠤ ᠠᠮᠤᠷ ᠲᠦᠪᠰᠢᠨ ᠡᠩᠬᠡ ᠲᠣᠭᠲᠠᠭᠤᠨ ᠢ ᠬᠠᠮᠠᠭᠠᠯᠠᠬᠤ᠂ | ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ ᠵᠡᠷᠭᠡ ᠶᠢᠨ ᠲᠣᠭᠤᠷᠢᠨ ᠳᠤ ᠶᠠᠷᠢᠯᠴᠠᠨ ᠰᠣᠯᠢᠯᠴᠠᠪᠠ᠃ ᠬᠤᠰᠢᠭᠤᠨ ᠤ | ᠤᠳᠤᠷᠢᠳᠤᠯᠭ᠎ᠠ ᠬᠠᠳᠠ᠂ ᠵᠥᠩ ᠱᠧᠦ ᠴᠢᠥᠸᠠᠨ᠂ ᠬᠤᠯᠪᠣᠭᠳᠠᠯ ᠪᠦᠬᠦᠢ ᠰᠤᠮᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃ | 1 ᠳ᠋ᠦ᠋ᠭᠡᠷ ᠰᠠᠷ᠎ᠠ ᠶᠢᠨ 17 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠢ ᠵᠧᠨ ᠰᠢᠶᠠᠨ ᠪᠦᠯᠬᠦᠮ ᠳᠠᠭᠠᠭᠤᠯᠤᠨ ᠰᠢᠨ᠎ᠡ ᠪᠠᠷᠭᠤ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠳᠤ ᠬᠤᠯᠪᠣᠭᠳᠠᠭᠰᠠᠨ ᠲᠠᠯᠠᠪᠤᠷ ᠲᠤ ᠬᠦᠷᠴᠦ ᠪᠠᠶᠢᠴᠠᠭᠠᠨ ᠵᠢᠯᠤᠭᠤᠳᠬᠤ | ᠠᠵᠢᠯ ᠥᠷᠨᠢᠭᠦᠯᠪᠡ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃ | 1 ᠳ᠋ᠦ᠋ᠭᠡᠷ ᠰᠠᠷ᠎ᠠ ᠶᠢᠨ 19 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠤᠷᠠᠯ ᠬᠢᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠪᠠᠢ ᠱᠤᠸᠠᠩ ᠹᠦ᠋ ᠬᠤᠷᠠᠯ ᠡᠷᠭᠢᠯᠡᠪᠡ᠃ | 1 ᠳ᠋ᠦ᠋ᠭᠡᠷ ᠰᠠᠷ᠎ᠠ ᠶᠢᠨ 19 ᠤ ᠡᠳᠦᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠵᠦ᠂ ᠡᠷᠡᠯᠬᠡᠭᠯᠡᠨ | ᠤᠷᠤᠭᠰᠢᠯᠠᠵᠤ ᠰᠢᠨ᠎ᠡ ᠠᠶᠠᠨ ᠢᠶᠠᠨ ᠡᠬᠢᠯᠡᠭᠦᠯᠦᠨ᠎ᠡ᠃ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ | ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠬᠤᠰᠢᠭᠤᠨ ᠤ ᠶᠡᠷᠦᠩᠬᠡᠶᠢᠯᠡᠭᠰᠡᠨ ᠠᠰᠠᠷ ᠤᠨ ᠬᠤᠷᠠᠯ ᠤᠨ ᠲᠥᠪ ᠲᠤ | ᠡᠬᠢᠯᠡᠪᠡ᠃ | 1 ᠳ᠋ᠦ᠋ᠭᠡᠷ ᠰᠠᠷ᠎ᠠ ᠶᠢᠨ 20 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠰᠢᠭᠤᠨ ᠤ ᠤᠯᠤᠰ ᠳᠣᠶᠢᠷᠤ ᠶᠢᠨ | ᠵᠥᠪᠯᠡᠯᠭᠡᠨ ᠤ ᠠᠷᠪᠠ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠳᠤᠭᠤᠶᠢᠯᠠᠩ ᠤᠨ ᠶᠠᠷᠢᠯᠴᠠᠭ᠎ᠠ ᠳᠤ ᠣᠷᠣᠯᠴᠠᠵᠤ᠂ ᠦᠨᠳᠦᠰᠦᠲᠡᠨ ᠤ ᠱᠠᠰᠢᠨ | ᠰᠤᠷᠲᠠᠬᠤᠨ ᠤ ᠨᠡᠶᠢᠭᠡᠮᠯᠢᠭ ᠤᠨ ᠬᠠᠷᠢᠶᠠᠲᠤ ᠨᠠᠷ ᠤᠨ ᠭᠡᠰᠢᠭᠦᠳ ᠲᠠᠢ ᠬᠠᠮᠲᠤ ᠪᠠᠷ ᠬᠥᠭᠵᠢᠯᠲᠡ ᠶᠢᠨ ᠶᠡᠭᠡ ᠪᠣᠳᠣᠯᠭ᠎ᠠ ᠶᠢ ᠵᠥᠪᠯᠡᠵᠦ᠂ ᠪᠣᠳᠠᠲᠠᠢ ᠶᠢ ᠡᠷᠬᠢᠮᠯᠡᠬᠦ ᠰᠠᠢᠠ | ᠠᠷᠭ᠎ᠠ ᠪᠣᠳᠣᠯᠭ᠎ᠠ ᠶᠢ ᠬᠠᠮᠲᠤ ᠪᠠᠷ ᠰᠦᠪᠡᠭᠴᠢᠯᠡᠵᠦ᠂ ᠤᠷᠤᠭᠰᠢᠯᠠᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠪᠡ᠃ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠢ ᠵᠧᠨ ᠰᠢᠶᠠᠨ ᠶᠠᠷᠢᠯᠴᠠᠭ᠎ᠠ ᠳᠤ ᠣᠷᠣᠯᠴᠠᠵᠠᠢ᠃ | 1 ᠳ᠋ᠦ᠋ᠭᠡᠷ ᠰᠠᠷ᠎ᠠ ᠶᠢᠨ 20 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃ ᠶᠡᠭᠡ | ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠬᠦ ᠲᠡᠷᠢᠭᠦᠯᠡᠭᠴᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠢ ᠴᠦᠨ ᠬᠤᠸᠠ ᠬᠤᠷᠠᠯ ᠢ ᠡᠷᠭᠢᠯᠡᠪᠡ᠃ | 1 ᠳ᠋ᠦ᠋ᠭᠡᠷ ᠰᠠᠷ᠎ᠠ ᠶᠢᠨ 21 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠬᠠᠳᠠ | ᠭᠤᠣᠯᠳᠠᠯᠭ᠎ᠠ ᠲᠠᠢ ᠬᠠᠮᠲᠤᠯᠢᠭ ᠤᠨ ᠠᠵᠢᠯᠲᠠᠨ ᠠᠵᠢᠯᠴᠢᠨ᠂ ᠲᠤᠰᠬᠠᠢ ᠮᠡᠷᠭᠡᠵᠢᠯᠲᠡᠨ ᠴᠢᠳᠠᠪᠤᠷᠢᠲᠠᠨ᠂ ᠬᠤᠯᠪᠣᠭᠳᠠᠯ ᠪᠦᠬᠦᠢ ᠠᠵᠤ ᠠᠬᠤᠶᠢᠯᠠᠯ ᠵᠡᠷᠭᠡ ᠶᠢ | ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃ ᠬᠥᠭᠵᠢᠭᠦᠯᠦᠯᠲᠡ ᠥᠭᠡᠷᠡᠴᠢᠯᠡᠯᠲᠡ ᠪᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ | ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃ | 1 ᠳ᠋ᠦ᠋ᠭᠡᠷ ᠰᠠᠷ᠎ᠠ ᠶᠢᠨ 21 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠬᠤᠶᠠᠳᠤᠭᠠᠷ ᠪᠥᠬᠦᠳᠡ ᠬᠤᠷᠠᠯ ᠬᠢᠪᠡ᠃ ᠲᠣᠰ ᠤᠳᠠᠭᠠᠨ ᠤ ᠬᠤᠷᠠᠯᠳᠤᠭᠠᠨ ᠳᠤ 150 | ᠲᠥᠯᠥᠭᠡᠯᠡᠭᠴᠢ ᠪᠠᠶᠢᠵᠤ᠂ ᠪᠥᠬᠦᠳᠡ ᠬᠤᠷᠠᠯᠳᠤᠭᠠᠨ ᠳᠤ 127 ᠲᠥᠯᠥᠭᠡᠯᠡᠭᠴᠢ ᠣᠷᠣᠯᠴᠠᠵᠤ᠂ ᠬᠤᠷᠠᠯᠳᠤᠭᠠᠨ ᠳᠤ ᠣᠷᠣᠯᠴᠠᠭᠰᠠᠨ ᠬᠥᠮᠥᠨ ᠤ ᠲᠤᠭ᠎ᠠ ᠨᠢ | ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ ᠬᠤᠷᠠᠯ ᠢ ᠪᠠᠢ ᠱᠤᠸᠠᠩ ᠹᠦ᠋ ᠡᠷᠬᠢᠯᠡᠪᠡ᠃ | 1 ᠳ᠋ᠦ᠋ᠭᠡᠷ ᠰᠠᠷ᠎ᠠ ᠶᠢᠨ 22 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ | ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠠᠶᠤᠯᠭᠦᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠂ ᠬᠤᠰᠢᠭᠤᠨ ᠤ ᠤᠳᠤᠷᠢᠳᠤᠯᠭ᠎ᠠ ᠵᠠᠩ ᠮᠢᠩ᠂ | ᠴᠣᠯᠮᠣᠨ ᠵᠢᠴᠢ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠠᠵᠢᠯᠲᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | 1 ᠳ᠋ᠦ᠋ᠭᠡᠷ ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠰᠢᠨ᠎ᠡ | ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ | ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠲᠡᠷᠢᠭᠦᠯᠡᠭᠴᠢ ᠸᠠᠩ ᠯᠢ ᠰᠢᠶᠠ ᠶᠢᠨ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠠᠶᠢᠴᠠᠭᠠᠨ ᠰᠤᠳᠤᠯᠬᠤ ᠦᠶ᠎ᠡ ᠶᠢᠨ ᠪᠠᠶᠢᠷᠢᠯᠠᠭᠤᠯᠤᠯᠲᠠ ᠶᠢᠨ ᠡᠭᠦᠷᠭᠡ ᠶᠢ ᠤᠯᠠᠮᠵᠢᠯᠠᠪᠠ︔ | ︽ᠵᠢᠷᠭᠤᠭᠠᠨ ᠠᠵᠢᠯᠯᠠᠭᠠᠨ︾ ᠢ ᠬᠡᠷᠡᠭᠵᠢᠭᠦᠯᠬᠦ ᠲᠥᠰᠥᠯ᠂ ︽ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ | ᠰᠢᠢᠳᠪᠦᠷᠢᠯᠡᠵᠦ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠠᠵᠢᠯ ᠤᠨ ᠲᠥᠰᠥᠯ︾ ᠵᠡᠷᠭᠡ ᠲᠤᠰᠬᠠᠢ | ᠵᠦᠢᠯᠡᠰ ᠢ ᠰᠤᠳᠤᠯᠤᠨ ᠬᠢᠨᠠᠨ ᠵᠥᠪᠯᠡᠵᠦ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | 1 ᠳ᠋ᠦ᠋ᠭᠡᠷ ᠰᠠᠷ᠎ᠠ ᠶᠢᠨ 24 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠨᠠᠢ ᠪᠢᠨ ᠪᠦᠯᠬᠦᠮ ᠳᠠᠭᠠᠭᠤᠯᠤᠨ᠂ ᠥᠪᠡᠷᠲᠡᠭᠡᠨ ᠵᠠᠰᠠᠬᠤ | ᠣᠷᠣᠨ ᠤ ᠬᠥᠳᠡᠯᠮᠦᠷᠢ ᠶᠢᠨ ᠵᠢᠱᠢᠶᠡᠴᠢ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ᠂ ᠣᠨᠴᠠ ᠬᠦᠴᠢᠷᠳᠡᠯᠲᠡᠢ ᠬᠥᠮᠥᠰ᠂ ᠠᠰᠠᠷᠠᠨ | ᠬᠠᠷᠠᠭᠠᠯᠵᠠᠬᠤ ᠬᠥᠮᠥᠰ ᠢ ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠪᠣᠳᠠᠰ ᠪᠠ ᠲᠣᠬᠤᠨᠢᠭᠤᠯᠬᠤ ᠮᠥᠩᠭᠦ ᠬᠦᠷᠭᠡᠵᠦ ᠴᠠᠭᠠᠨ ᠰᠠᠷ᠎ᠠ ᠶᠢᠨ ᠮᠡᠨᠳᠦᠴᠢᠯᠡᠯ | ᠳᠡᠪᠰᠢᠭᠦᠯᠪᠡ᠃ | 1 ᠳ᠋ᠦ᠋ᠭᠡᠷ ᠰᠠᠷ᠎ᠠ ᠶᠢᠨ 25 ᠤ ᠡᠳᠦᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ | ᠠᠮᠤᠷᠪᠠᠲᠤ ᠨᠠᠷ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠵᠢᠶᠠᠩᠰᠤ ᠶᠢᠨ 131 ᠠᠵᠢᠯ ᠤᠨ ᠲᠣᠭᠤᠷᠢᠭ ᠤᠨ ᠨᠢᠭᠡᠳᠦᠭᠡᠷ ᠹᠷᠣᠨᠲ ᠤᠨ | ᠠᠵᠢᠯᠲᠠᠨ᠂ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠸᠠᠩ ᠵᠢᠩ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠩ ᠯᠦᠩ ᠪᠠᠷ᠎ᠠ ᠪᠣᠯᠪᠠ᠃ | 1 ᠳ᠋ᠦ᠋ᠭᠡᠷ ᠰᠠᠷ᠎ᠠ ᠶᠢᠨ 25 ᠤ ᠡᠳᠦᠷ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠸᠠᠩ ᠵᠢᠩ ᠨᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠭᠦᠨᠵᠡᠭᠡᠶᠢᠷᠡᠨ ᠰᠣᠨᠢᠨ ᠮᠡᠳᠡᠭᠡᠨ ᠤ ᠤᠬᠠᠭᠤᠯᠭ᠎ᠠ ᠶᠢᠨ | ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠰᠣᠨᠢᠨ ᠮᠡᠳᠡᠭᠡᠨ ᠤ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠬᠠᠮ | ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ | 1 ᠳ᠋ᠦ᠋ᠭᠡᠷ ᠰᠠᠷ᠎ᠠ ᠶᠢᠨ 26 ᠤ ᠡᠳᠦᠷ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠪᠠᠶᠠᠷ ᠤᠨ | ᠡᠳᠦᠷ ᠠᠴᠠ ᠡᠮᠦᠨ᠎ᠡ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠬᠤᠰᠢᠭᠤᠨ ᠳᠤ ᠰᠠᠭᠤᠭ᠎ᠠ ᠨᠢᠭᠡᠨ ᠴᠡᠷᠢᠭ ᠠᠩᠭᠢ᠂ ᠬᠢᠯᠢ ᠶᠢᠨ ᠪᠠᠶᠢᠴᠠᠭᠠᠯᠲᠠ ᠶᠢᠨ ᠥᠷᠲᠡᠭᠡ᠂ | ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠤᠯᠤᠰ ᠤᠨ ᠴᠠᠬᠢᠯᠭᠠᠨ ᠲᠣᠣᠷ ᠤᠨ ᠴᠠᠬᠢᠯᠭᠠᠨ ᠬᠦᠴᠦᠨ ᠤ ᠪᠥᠬᠦ ᠠᠵᠢᠯᠲᠠᠳ ᠲᠤ ᠴᠠᠭᠠᠨ ᠰᠠᠷ᠎ᠠ ᠶᠢᠨ | ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠬᠤᠰᠢᠭᠤᠨ ᠤ ᠤᠳᠤᠷᠢᠳᠤᠯᠭ᠎ᠠ ᠵᠠᠩ ᠮᠢᠩ᠂ ᠴᠣᠯᠮᠣᠨ᠂ ᠳ᠋ᠦ᠋ ᠴᠧᠨ ᠰᠢᠩ ᠵᠢᠴᠢ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠨᠥᠬᠦᠳ ᠪᠦᠭᠦ ᠶᠠᠪᠤᠴᠠ ᠳᠤ ᠪᠤᠶᠤ ᠬᠡᠰᠡᠭ ᠬᠤᠪᠢᠶᠠᠨ ᠪᠠᠷ᠎ᠠ ᠪᠣᠯᠪᠠ᠃ | 1 ᠳ᠋ᠦ᠋ᠭᠡᠷ ᠰᠠᠷ᠎ᠠ ᠶᠢᠨ 26 ᠤ ᠡᠳᠦᠷ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠦ᠋ ᠰᠢᠤᠸᠠᠢ ᠶᠦᠩ ᠳᠤᠭᠤᠶᠢᠯᠠᠩ ᠳᠠᠭᠠᠭᠤᠯᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠪᠣᠯᠭᠤᠭᠠᠨ ᠲᠣᠬᠤᠨᠢᠭᠤᠯᠵᠤ᠂ | ᠬᠤᠶᠠᠷ ᠢ ᠬᠦᠷᠢᠶᠡᠯᠡᠬᠦ ᠨᠡᠶᠢᠭᠡᠮ ᠲᠣᠭᠤᠷᠢᠭ᠂ ᠡᠪᠦᠳᠦᠭ ᠪᠣᠭᠤᠮᠲᠠ᠂ ᠢ ᠶᠦᠨ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ ᠶᠢ ᠪᠣᠯᠭᠤᠭᠠᠨ ᠲᠣᠬᠤᠨᠢᠭᠤᠯᠵᠤ᠂ | ᠲᠡᠳᠡᠨ ᠳᠤ ᠴᠠᠭᠠᠨ ᠰᠠᠷ᠎ᠠ ᠶᠢᠨ ᠰᠠᠢᠠ ᠰᠠᠶᠢᠬᠠᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃ ᠬᠤᠰᠢᠭᠤᠨ ᠤ ᠤᠳᠤᠷᠢᠳᠤᠯᠭ᠎ᠠ ᠵᠥᠩ ᠱᠧᠦ | ᠴᠢᠥᠸᠠᠨ᠂ ᠮᠠ ᠹᠧᠩ ᠬᠤᠸᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | 1 ᠳ᠋ᠦ᠋ᠭᠡᠷ ᠰᠠᠷ᠎ᠠ ᠶᠢᠨ 27 ᠤ ᠡᠳᠦᠷ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠢ ᠴᠠᠭ ᠲᠤᠬᠠᠢ ᠳᠤᠨᠢ ᠣᠯᠠᠨ | ᠲᠦᠮᠡᠨ ᠳᠤ ᠬᠦᠷᠭᠡᠬᠦ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠰᠢᠶᠣᠣ ᠬᠦᠢ ᠠᠷᠠᠳ ᠤᠨ ᠶᠠᠪᠤᠳᠠᠯ ᠪᠠ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠤ ᠪᠠᠷ᠎ᠠ ᠪᠤᠯᠤᠯᠭ᠎ᠠ ᠲᠠᠢ ᠪᠠᠷ ᠬᠤᠰᠢᠭᠤᠨ ᠤ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ᠂ | ᠨᠠᠰᠤᠲᠠᠶᠢᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠲᠣᠬᠤᠨᠢᠭᠤᠯᠤᠯ ᠤᠨ ᠪᠣᠳᠠᠰ ᠬᠦᠷᠭᠡᠪᠡ᠃ | | |