2 ᠰᠠᠷ᠎ᠠ ᠶᠢᠨ 5 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠦ᠋ ᠰᠢᠤᠸᠠᠢ ᠶᠦᠩ᠂ ᠭᠦᠸᠧ ᠬᠠᠨ ᠶᠤᠸᠠᠢ᠂ ᠬᠠᠳᠠ᠂ ᠴᠣᠯᠮᠣᠨ ᠬᠤᠷᠠᠯ ᠳᠤ ᠣᠷᠣᠯᠴᠠᠵᠠᠢ᠃ ᠡᠯ᠎ᠡ ᠰᠤᠮᠤ | ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | 2 ᠰᠠᠷ᠎ᠠ ᠶᠢᠨ 5 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠷᠢᠭᠤᠨ ᠴᠢᠬᠡᠴᠢ ᠪᠠᠷ ᠵᠠᠰᠠᠭ ᠪᠠᠷᠢᠬᠤ | ᠠᠵᠢᠯ ᠤᠨ ᠬᠤᠷᠠᠯ ᠬᠤᠷᠠᠯᠳᠤᠭᠤᠯᠵᠤ᠂ 2025 ᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠵᠠᠢ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠰᠢᠦᠢ ᠤᠷᠢᠯᠭ᠎ᠠ ᠪᠠᠷ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠬᠤᠷᠠᠯ ᠡᠷᠭᠢᠯᠡᠵᠦ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠪᠦᠷᠢᠯᠳᠦᠭᠦᠨ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | 2 ᠰᠠᠷ᠎ᠠ ᠶᠢᠨ 5 ᠤ ᠡᠳᠦᠷ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠬᠤᠷᠠᠯ ᠵᠢᠴᠢ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠨᠢᠭᠡᠳᠦᠭᠡᠷ ᠤᠯᠠᠷᠢᠯ ᠤᠨ ᠪᠥᠬᠦᠳᠡ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ | ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠲᠡᠷᠢᠭᠦᠯᠡᠭᠴᠢ ᠦ᠋ ᠰᠢᠤᠸᠠᠢ ᠶᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | ᠪᠠᠶᠢᠩᠭᠤ ᠶᠢᠨ ᠳᠡᠳ᠋ ᠡᠷᠬᠢᠯᠡᠭᠴᠢ ᠵᠠᠩ ᠮᠢᠩ ᠬᠤᠷᠠᠯ ᠢ ᠡᠷᠭᠢᠯᠡᠪᠡ᠃ | 2 ᠰᠠᠷ᠎ᠠ ᠶᠢᠨ 6 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 124 ᠳ᠋ᠦ᠋ᠭᠡᠷ ᠬᠤᠷᠠᠯᠳᠤᠭᠠᠨ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ | ᠪᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠭᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ | ᠠᠮᠤᠷᠪᠠᠲᠤ ᠨᠠᠷ ᠬᠤᠷᠠᠯ ᠳᠤ ᠰᠤᠯᠠ ᠣᠷᠣᠯᠴᠠᠪᠠ᠃ | 2 ᠰᠠᠷ᠎ᠠ ᠶᠢᠨ 6 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2025 | ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ | ᠡᠷᠭᠢᠯᠡᠵᠦ ᠶᠠᠷᠢᠶ᠎ᠠ ᠲᠠᠯᠪᠢᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ | ᠥᠭᠦᠯᠡᠯᠲᠡ ᠵᠢᠴᠢ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ | 2 ᠰᠠᠷ᠎ᠠ ᠶᠢᠨ 6 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠬᠠᠳᠠ ᠬᠥᠯᠥᠨ ᠪᠤᠶᠢᠷ ᠬᠤᠲᠠ ᠶᠢᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ | ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ 15 ᠬᠥᠮᠥᠨ ᠤ ᠲᠥᠰᠥᠯ ᠢ ᠨᠠᠶᠢᠳᠠᠪᠤᠷᠢᠵᠢᠭᠤᠯᠬᠤ | ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠤᠨ ᠲᠤᠰᠬᠠᠢ ᠠᠩᠭᠢ ᠶᠢᠨ ᠠᠯᠪᠠᠨ | ᠭᠡᠷ ᠤᠨ ᠬᠠᠮᠢᠶ᠎ᠠ ᠪᠦᠬᠦᠢ ᠬᠥᠮᠥᠰ ᠣᠷᠣᠯᠴᠠᠵᠠᠢ᠃ | 2 ᠰᠠᠷ᠎ᠠ ᠶᠢᠨ 7 ᠤ ᠡᠳᠦᠷ ᠬᠥᠯᠥᠨ ᠪᠤᠶᠢᠷ ᠬᠤᠲᠠ ᠶᠢᠨ ᠳᠠᠭᠠᠭᠠᠴᠢᠯᠠᠨ ᠬᠠᠷᠢᠭᠤᠴᠠᠬᠤ ᠳᠤᠭᠤᠶᠢᠯᠠᠩ ᠰᠢᠨ᠎ᠡ ᠪᠠᠷᠭᠤ ᠵᠡᠭᠦᠨ ᠬᠤᠰᠢᠭᠤᠨ ᠳᠤ | ᠭᠦᠨᠵᠡᠭᠡᠶᠢᠷᠡᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠲᠡᠷᠢᠭᠦᠯᠡᠭᠴᠢ ᠯᠢᠦᠢ ᠬᠦᠶ ᠾᠧ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠡᠳ᠋ ᠲᠡᠷᠢᠭᠦᠯᠡᠭᠴᠢ ᠨᠠᠷᠠᠰᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠨᠠᠷᠢᠨ | ᠪᠢᠴᠢᠭ ᠤᠨ ᠳᠠᠷᠤᠭ᠎ᠠ ᠯᠢ ᠹᠧᠩ ᠬᠤᠸᠠ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠦᠷ ᠴᠠᠭ ᠲᠤᠰᠢᠶᠠᠯ ᠡᠭᠦᠷᠭᠡᠯᠡᠬᠦ ᠳᠡᠳ᠋ ᠲᠡᠷᠢᠭᠦᠯᠡᠭᠴᠢ | ᠰᠤᠷᠤᠨ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠤᠳᠤᠯᠬᠤ ᠲᠠᠰᠤᠭ ᠤᠨ ᠡᠷᠬᠢᠯᠡᠭᠴᠢ ᠰᠢᠨ ᡁᠢ ᠴᠣᠣ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠬᠥᠮᠥᠨ ᠠᠮᠠ ᠡᠬᠢ ᠪᠠᠶᠠᠯᠢᠭ ᠣᠷᠴᠢᠨ ᠠᠬᠤᠢ ᠶᠢᠨ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠯᠢᠦ ᠱᠤᠸᠠᠩ᠂ ᠬᠤᠰᠢᠭᠤᠨ ᠤ ᠤᠳᠤᠷᠢᠳᠤᠯᠭ᠎ᠠ ᠸᠠᠩ | ᠨᠠᠢ ᠪᠢᠨ᠂ ᠦ᠋ ᠰᠢᠤᠸᠠᠢ ᠶᠦᠩ᠂ ᠠᠮᠤᠷᠪᠠᠲᠤ᠂ ᠪᠠᠢ ᠵᠧᠨ ᠰᠢᠶᠠᠨ᠂ ᠵᠠᠩ ᠮᠢᠩ᠂ ᠬᠠᠳᠠ᠂ ᠴᠣᠯᠮᠣᠨ᠂ ᠵᠥᠩ ᠱᠧᠦ ᠴᠢᠥᠸᠠᠨ᠂ ᠳ᠋ᠦ᠋ ᠴᠧᠨ ᠰᠢᠩ ᠵᠢᠴᠢ ᠬᠤᠰᠢᠭᠤᠨ ᠤ | ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | 2 ᠰᠠᠷ᠎ᠠ ᠶᠢᠨ 7 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 125 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ | ᠬᠤᠷᠢᠶᠠᠨ ᠤ ᠱᠦᠵᠢ ᠸᠠᠩ ᠨᠠᠢ ᠪᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠦ᠋ ᠰᠢᠤᠸᠠᠢ ᠶᠦᠩ᠂ ᠠᠮᠤᠷᠪᠠᠲᠤ᠂ ᠪᠠᠢ ᠵᠧᠨ ᠰᠢᠶᠠᠨ | ᠨᠠᠷ ᠬᠤᠷᠠᠯ ᠳᠤ ᠣᠷᠣᠯᠴᠠᠵᠠᠢ᠃ | 2 ᠰᠠᠷ᠎ᠠ ᠶᠢᠨ 8 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠲᠠᠪᠤᠳᠤᠭᠠᠷ ᠤᠳᠠᠭᠠᠨ ᠤ ᠪᠦᠭᠦ ᠬᠤᠷᠢᠶᠠᠨ ᠤ ᠬᠤᠶᠠᠳᠤᠭᠠᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠦ᠋ ᠰᠢᠤᠸᠠᠢ ᠶᠦᠩ᠂ | ᠠᠮᠤᠷᠪᠠᠲᠤ᠂ ᠪᠠᠢ ᠵᠧᠨ ᠰᠢᠶᠠᠨ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠰᠢᠦᠢ ᠬᠤᠷᠠᠯ ᠡᠷᠭᠢᠯᠡᠪᠡ᠃ | 2 ᠰᠠᠷ᠎ᠠ ᠶᠢᠨ 8 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠪᠥᠬᠦ ᠬᠤᠲᠠ ᠶᠢᠨ ᠨᠤᠲᠤᠭ ᠪᠡᠯᠴᠢᠭᠡᠷ ᠤᠨ | ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠶᠢ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠮᠠᠯ ᠠᠵᠤ ᠠᠬᠤᠢ ᠶᠢᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠯᠬᠢᠨ ᠠᠬᠢᠭᠤᠯᠬᠤ ︽1+N+M︾ ᠶᠢᠨ ᠪᠦᠬᠦᠯᠢ ᠴᠣᠭᠴᠠ ᠶᠢᠨ ᠪᠣᠷᠣ ᠲᠥᠯᠥᠪ ᠤᠨ 15 ᠬᠥᠮᠥᠨ ᠤ | ᠲᠥᠰᠥᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠠᠳᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠨ᠂ ᠡᠯ᠎ᠡ ᠰᠤᠮᠤ ᠪᠠᠯᠭᠠᠰᠤ ᠶᠢᠨ ᠨᠠᠮ ᠵᠠᠰᠠᠭ ᠤᠨ ᠭᠤᠣᠯ ᠤᠳᠤᠷᠢᠳᠤᠯᠭ᠎ᠠ ᠵᠢᠴᠢ ᠬᠤᠰᠢᠭᠤᠨ ᠤ | ᠰᠢᠰᠲ᠋ᠧᠮ ᠤᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠵᠦ ᠤᠯᠠᠮᠵᠢᠯᠠᠯᠲᠤ ᠮᠠᠯ ᠠᠵᠤ ᠠᠬᠤᠢ ᠶᠢᠨ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠠᠵᠢᠯ ᠤᠨ ᠲᠤᠰᠬᠠᠢ ᠠᠩᠭᠢ ᠶᠢᠨ ᠠᠯᠪᠠᠨ ᠭᠡᠷ ᠤᠨ ᠪᠥᠬᠦ ᠠᠵᠢᠯᠲᠠᠨ ᠬᠤᠷᠠᠯ ᠳᠤ ᠣᠷᠣᠯᠴᠠᠵᠠᠢ᠃ | 2 ᠰᠠᠷ᠎ᠠ ᠶᠢᠨ 9 ᠤ ᠡᠳᠦᠷ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠸᠠᠩ ᠶᠢᠨ ᠾᠧ ᠪᠦᠯᠬᠦᠮ | ᠳᠠᠭᠠᠭᠤᠯᠤᠨ ᠰᠢᠨ᠎ᠡ ᠪᠠᠷᠭᠤ ᠵᠡᠭᠦᠨ ᠬᠤᠰᠢᠭᠤᠨ ᠳᠤ ᠬᠦᠷᠴᠦ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ | ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠠᠵᠢᠯ ᠤᠨ ᠲᠤᠰᠬᠠᠢ ᠰᠡᠳᠦᠪᠲᠦ | ᠪᠠᠶᠢᠴᠠᠭᠠᠨ ᠰᠤᠳᠤᠯᠤᠯᠲᠠ ᠶᠢ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠠᠳᠠ᠂ ᠬᠤᠰᠢᠭᠤᠨ ᠤ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ | ᠳᠡᠪᠰᠢᠭᠦᠯᠬᠦ ᠲᠤᠰᠬᠠᠢ ᠠᠩᠭᠢ ᠶᠢᠨ ᠠᠯᠪᠠᠨ ᠭᠡᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ | 2 ᠰᠠᠷ᠎ᠠ ᠶᠢᠨ 11 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠦ᠋ ᠰᠢᠤᠸᠠᠢ ᠶᠦᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠭᠡᠷ ᠬᠢᠨᠠᠨ ᠵᠢᠯᠤᠭᠤᠳᠬᠤ ᠳᠤᠭᠤᠶᠢᠯᠠᠩ | ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | 2 ᠰᠠᠷ᠎ᠠ ᠶᠢᠨ 12 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ︽ᠵᠢᠷᠭᠤᠭᠠᠨ ᠠᠵᠢᠯᠯᠠᠭᠠᠨ︾ ᠢ ᠨᠠᠶᠢᠳᠠᠪᠤᠷᠢᠵᠢᠭᠤᠯᠬᠤ ᠲᠤᠰᠬᠠᠢ ᠰᠡᠳᠦᠪᠲᠦ | ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤᠨ ᠤ | ᠤᠳᠤᠷᠢᠳᠤᠯᠭ᠎ᠠ ᠦ᠋ ᠰᠢᠤᠸᠠᠢ ᠶᠦᠩ᠂ ᠵᠠᠩ ᠮᠢᠩ ᠨᠠᠷ ᠬᠤᠷᠠᠯ ᠳᠤ ᠣᠷᠣᠯᠴᠠᠵᠠᠢ᠃ ᠡᠯ᠎ᠡ ᠰᠤᠮᠤ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | 2 ᠰᠠᠷ᠎ᠠ ᠶᠢᠨ 12 ᠤ ᠡᠳᠦᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠠᠮᠤᠷᠪᠠᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ | ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠢ ᠱᠤᠸᠠᠩ ᠹᠦ᠋᠂ ᠠᠨ ᠢᠦᠢ ᠯᠦᠩ᠂ ᠮᠠ ᠹᠧᠩ ᠬᠤᠸᠠ ᠬᠤᠷᠠᠯ ᠳᠤ | ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠠᠢ ᠴᠦᠨ ᠬᠤᠸᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃ | 2 ᠰᠠᠷ᠎ᠠ ᠶᠢᠨ 12 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ︽ᠵᠢᠷᠭᠤᠭᠠᠨ | ᠠᠵᠢᠯᠯᠠᠭᠠᠨ︾᠂ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠤᠨ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ | ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠬᠠᠳᠠ᠂ ᠵᠥᠩ ᠱᠧᠦ ᠴᠢᠥᠸᠠᠨ᠂ ᠳ᠋ᠦ᠋ ᠴᠧᠨ ᠰᠢᠩ ᠲᠣᠰ ᠲᠣᠰ ᠪᠠᠷ᠎ᠠ | ᠪᠣᠯᠪᠠ᠃ | 2 ᠰᠠᠷ᠎ᠠ ᠶᠢᠨ14 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠬᠤᠰᠢᠭᠤᠨ ᠳᠠᠷᠤᠭ᠎ᠠ ᠵᠠᠩ ᠮᠢᠩ ᠬᠠᠨᠳᠠᠭᠠᠢ ᠰᠤᠮᠤ ᠪᠣᠯᠣᠨ ᠦᠪᠦᠷᠪᠤᠯᠠᠭ ᠰᠤᠮᠤ ᠳᠤ ᠬᠦᠷᠴᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠪᠦᠭᠦ | ᠬᠦᠷᠢᠶ᠎ᠡ ᠴᠠᠷᠠᠭ᠎ᠠ ᠪᠦᠭᠦ ᠬᠦᠴᠦᠨ ᠵᠦᠢᠯ ᠤᠨ ᠡᠬᠢ ᠪᠠᠶᠠᠯᠢᠭ ᠡᠳ᠋ ᠬᠥᠷᠥᠩᠭᠡ ᠶᠢᠨ ᠪᠠᠶᠢᠴᠠᠭᠠᠯᠲᠠ᠂ ᠬᠤᠶᠠᠳᠠᠭᠢ ᠡᠭᠡᠯᠵᠢ ᠶᠢᠨ ᠭᠠᠵᠠᠷ ᠰᠢᠷᠣᠢ ᠶᠢᠨ | ᠳᠠᠭᠠᠭᠠᠴᠢᠯᠠᠯᠲᠠ ᠶᠢ ᠤᠷᠲᠤᠳᠬᠠᠬᠤ ᠵᠡᠷᠭᠡ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | 2 ᠰᠠᠷ᠎ᠠ ᠶᠢᠨ 18 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠨᠠᠮ ᠤᠨ ᠶᠠᠪᠤᠳᠠᠯ ᠤᠨ ᠬᠤᠷᠢᠶ᠎ᠠ ᠶᠢᠨ 126 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠬᠤᠰᠢᠭᠤᠨ ᠤ ᠨᠠᠮ ᠤᠨ | ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ | ᠱᠦᠵᠢ ᠸᠠᠩ ᠨᠠᠢ ᠪᠢᠨ ᠬᠤᠷᠠᠯ ᠡᠷᠭᠢᠯᠡᠪᠡ᠃ ᠬᠤᠰᠢᠭᠤᠨ ᠤ ᠤᠳᠤᠷᠢᠳᠤᠯᠭ᠎ᠠ ᠦ᠋ ᠰᠢᠤᠸᠠᠢ ᠶᠦᠩ᠂ ᠠᠮᠤᠷᠪᠠᠲᠤ᠂ ᠪᠠᠢ ᠵᠧᠨ ᠰᠢᠶᠠᠨ ᠨᠠᠷ ᠬᠤᠷᠠᠯ ᠳᠤ ᠣᠷᠣᠯᠴᠠᠵᠠᠢ᠃ | 2ᠰᠠᠷ᠎ᠠ ᠶᠢᠨ 18 ᠤ ᠡᠳᠦᠷ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠦ᠋ ᠰᠢᠤᠸᠠᠢ ᠶᠦᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | 2025 ᠣᠨ ᠤ 2 ᠳ᠋ᠤᠭᠠᠷ ᠤᠳᠠᠭ᠎ᠠ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ | ᠡᠷᠭᠢᠯᠡᠨ ᠬᠤᠷᠠᠯᠳᠤᠭᠤᠯᠪᠠ᠃ | 2ᠰᠠᠷ᠎ᠠ ᠶᠢᠨ 19 ᠤ ᠡᠳᠦᠷ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠸᠠᠩ ᠷᠦᠢ ᠫᠢᠩ ᠨᠠᠷ ᠰᠢᠨ᠎ᠡ ᠪᠠᠷᠭᠤ ᠵᠡᠭᠦᠨ ᠬᠤᠰᠢᠭᠤᠨ ᠳᠤ ᠬᠦᠷᠴᠦ ᠨᠢᠭᠡᠳᠦᠭᠡᠷ ᠤᠯᠠᠷᠢᠯ ᠤᠨ ︽ᠨᠢᠭᠡ ᠰᠠᠯᠠᠭ᠎ᠠ | ᠮᠥᠴᠢᠷ ᠨᠢᠭᠡ ᠰᠠᠨᠠᠭᠤᠯᠭ᠎ᠠ᠂ ᠨᠢᠭᠡ ᠬᠤᠰᠢᠭᠤ ᠬᠤᠲᠠ ᠳᠤ ᠨᠢᠭᠡ ᠠᠷᠭᠠᠴᠠᠬᠤ ᠪᠣᠳᠣᠯᠭ᠎ᠠ︾ ᠶᠢᠨ ᠲᠤᠰᠬᠠᠢ ᠲᠠᠶᠢᠯᠤᠮᠵᠢ ᠶᠢᠨ ᠬᠤᠷᠠᠯ ᠬᠢᠪᠡ᠃ ᠬᠤᠰᠢᠭᠤᠨ ᠤ | ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ ᠡᠷᠭᠢᠯᠡᠵᠦ᠂ ᠬᠤᠰᠢᠭᠤᠨ ᠤ ᠤᠳᠤᠷᠢᠳᠤᠯᠭ᠎ᠠ ᠦ᠋ ᠰᠢᠤᠸᠠᠢ ᠶᠦᠩ᠂ ᠵᠠᠩ ᠮᠢᠩ᠂ ᠵᠥᠩ ᠱᠧᠦ ᠴᠢᠥᠸᠠᠨ᠂ ᠸᠠᠩ | ᠰᠢᠩ ᠭᠦᠸᠧ᠂ ᠳ᠋ᠦ᠋ ᠴᠧᠨ ᠰᠢᠩ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠢ᠃ | 2 ᠰᠠᠷ᠎ᠠ ᠶᠢᠨ 19 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠤᠨ | ᠳᠡᠭᠡᠭᠰᠢᠯᠡᠭᠦᠯᠬᠦ ᠠᠵᠢᠯᠯᠠᠭ᠎ᠠ ᠶᠢ ᠲᠣᠬᠢᠷᠠᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ ᠸᠠᠩ ᠵᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ᠂ ᠡᠯ᠎ᠡ ᠰᠤᠮᠤ | ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | 2 ᠰᠠᠷ᠎ᠠ ᠶᠢᠨ 19 ᠤ ᠡᠳᠦᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠠᠮᠤᠷᠪᠠᠲᠤ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠥᠬᠦ ᠭᠡᠰᠢᠭᠦᠳ | ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠠᠢ ᠴᠦᠨ | ᠬᠤᠸᠠ ᠬᠤᠷᠠᠯ ᠳᠤ ᠰᠤᠯᠠ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠬᠢᠨᠠᠨ ᠵᠢᠯᠤᠭᠤᠳᠬᠤ ᠳᠤᠭᠤᠶᠢᠯᠠᠩ ᠬᠤᠷᠠᠯ ᠳᠤ ᠣᠷᠣᠯᠴᠠᠨ ᠵᠢᠭᠠᠨ | ᠵᠢᠯᠣᠭᠤᠳᠪᠠ᠃ | 2 ᠰᠠᠷ᠎ᠠ ᠶᠢᠨ 19 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠢᠶᠠᠨᠵᠢᠨ ᠤ ᠸᠥᠵᠢᠨ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠠᠯᠠᠰᠢᠨ ᠦᠬᠡᠷ ᠤᠨ ᠱᠤᠭᠤᠮ ᠤᠨ ᠳᠣᠣᠷᠠᠬᠢ ᠡᠭᠦᠯᠡᠨ ᠮᠠᠯᠵᠢᠯ ᠤᠨ ᠬᠥᠮᠥᠷᠭᠡ ᠶᠢᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠪᠣᠷᠣ ᠲᠥᠰᠥᠪ ᠤᠨ ᠵᠥᠪᠯᠡᠯᠴᠡᠭᠡᠷ ᠲᠣᠭᠲᠠᠪᠠ᠃ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠬᠠᠳᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠰᠠᠯᠠᠭ᠎ᠠ ᠶᠢᠨ | ᠬᠠᠷᠢᠭᠤᠴᠠᠯᠭᠠᠲᠠᠨ᠂ ᠲᠢᠶᠠᠨᠵᠢᠨ ᠤ ᠸᠥᠵᠢᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠭᠠᠷ ᠤᠨ | ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | 2 ᠰᠠᠷ᠎ᠠ ᠶᠢᠨ 20 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠴᠠᠭᠠᠨ ᠪᠠᠯᠭᠠᠰᠤᠨ ᠳᠤ | ᠭᠦᠨᠵᠡᠭᠡᠶᠢᠷᠡᠨ ᠭᠤᠣᠯᠳᠠᠯᠭ᠎ᠠ ᠲᠠᠢ ᠲᠥᠷᠥᠯ ᠵᠦᠢᠯ ᠢ ᠰᠦᠪᠡᠭᠴᠢᠯᠡᠨ ᠠᠬᠢᠭᠤᠯᠬᠤ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠵᠡᠷᠭᠡ | ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ | ᠳᠠᠷᠤᠭ᠎ᠠ ᠬᠠᠳᠠ᠂ ᠴᠠᠭᠠᠨ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | 2 ᠰᠠᠷ᠎ᠠ ᠶᠢᠨ 20 ᠠᠴᠠ 21 ᠤ ᠡᠳᠦᠷ ᠪᠣᠯᠲᠠᠯ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯᠭ᠎ᠠ ᠳᠤ ᠬᠦᠷᠴᠦ ᠪᠠᠶᠢᠴᠠᠭᠠᠨ | ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠢᠵᠡᠢ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ | ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠴᠣᠯᠮᠣᠨ ᠪᠠᠷ᠎ᠠ ᠪᠣᠯᠪᠠ᠃ | 2 ᠰᠠᠷ᠎ᠠ ᠶᠢᠨ 21 ᠤ ᠡᠳᠦᠷ ᠰᠢᠨ᠎ᠡ ᠪᠠᠷᠭᠤ ᠵᠡᠭᠦᠨ ᠬᠤᠰᠢᠭᠤᠨ ᠤ ᠬᠤᠶᠠᠳᠤᠭᠠᠷ ᠤᠳᠠᠭᠠᠨ ᠤ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ | ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠭᠠᠳ 30 ᠵᠢᠯ ᠤᠷᠲᠤᠳᠬᠠᠬᠤ ᠪᠠᠶᠢᠳᠠᠯ ᠢ ᠣᠶᠢᠯᠠᠭᠠᠬᠤ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ | ᠤᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠭᠠᠵᠠᠷ ᠤᠨ | ᠳᠠᠷᠤᠭ᠎ᠠ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠨᠴᠠ ᠤᠷᠢᠭᠰᠠᠨ | ᠰᠤᠳᠤᠯᠤᠭᠴᠢ ᠸᠠᠩ ᠵᠢᠶᠠᠨ ᠭᠠᠵᠠᠷ ᠤᠨ ᠳᠠᠷᠤᠭ᠎ᠠ ᠶᠢ ᠤᠷᠢᠵᠤ ᠬᠢᠴᠢᠶᠡᠯ ᠣᠷᠣᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ | ᠰᠢᠩ ᠭᠦᠸᠧ ᠬᠤᠷᠠᠯ ᠡᠷᠭᠢᠯᠡᠵᠦ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ | ᠤᠳᠤᠷᠢᠳᠬᠤ ᠪᠠᠭ᠂ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ 150 ᠭᠠᠷᠤᠢ ᠬᠥᠮᠥᠨ ᠬᠤᠷᠠᠯ ᠳᠤ ᠣᠷᠣᠯᠴᠠᠵᠠᠢ᠃ | 2 ᠰᠠᠷ᠎ᠠ ᠶᠢᠨ 24 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠭᠠᠨᠵᠤᠤᠷ ᠰᠤᠮᠤ ᠳᠤ ᠭᠦᠨᠵᠡᠭᠡᠶᠢᠷᠡᠨ ᠬᠡᠷᠡᠯ ᠴᠡᠨᠡᠭ ᠤᠨ | ᠲᠥᠷᠥᠯ ᠵᠦᠢᠯ ᠤᠨ ᠭᠠᠵᠠᠷ ᠬᠡᠷᠡᠭᠯᠡᠬᠦ ᠪᠠ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠵᠡᠷᠭᠡ ᠠᠵᠢᠯ ᠢ ᠥᠷᠨᠢᠭᠦᠯᠦᠭᠰᠡᠨ | ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠭᠦᠸᠧ ᠬᠠᠨ ᠶᠤᠸᠠᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ | ᠭᠡᠷ ᠤᠨ ᠡᠷᠬᠢᠯᠡᠭᠴᠢ ᠴᠣᠯᠮᠣᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳ᠋ᠦ᠋ ᠴᠧᠨ ᠰᠢᠩ ᠵᠢᠴᠢ ᠬᠠᠮᠢᠶ᠎ᠠ ᠪᠦᠬᠦᠢ ᠨᠢᠭᠡᠴᠢ ᠶᠢᠨ | ᠬᠠᠷᠢᠭᠤᠴᠠᠯᠭᠠᠲᠠᠨ ᠪᠥᠬᠦ ᠶᠠᠪᠤᠴᠠ ᠳᠤ ᠪᠤᠶᠤ ᠬᠡᠰᠡᠭ ᠬᠤᠪᠢᠶᠠᠨ ᠪᠠᠷ᠎ᠠ ᠪᠣᠯᠪᠠ᠃ | 2 ᠰᠠᠷ᠎ᠠ ᠶᠢᠨ 24 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠰᠢᠨ᠎ᠡ ᠪᠠᠷᠭᠤ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠬᠤᠯᠪᠣᠭᠳᠠᠯ | ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠲᠠ ᠶᠢᠨ ᠵᠠᠰᠠᠭ ᠤᠨ ᠣᠷᠳᠣᠨ ᠤ ᠵᠢᠢ ᠶᠦᠩ ᠴᠢᠶᠠᠨ ᠬᠤᠲᠠ ᠶᠢᠨ | ᠳᠠᠷᠤᠭ᠎ᠠ ᠶᠢᠨ ᠰᠢᠨ᠎ᠡ ᠪᠠᠷᠭᠤ ᠵᠡᠭᠦᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠪᠠ᠃ | 2 ᠰᠠᠷ᠎ᠠ ᠶᠢᠨ 25 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠰᠢᠨᠡᠪᠤᠯᠠᠭ ᠰᠤᠮᠤ ᠳᠤ ᠭᠦᠨᠵᠡᠭᠡᠶᠢᠷᠡᠨ ᠺᠠᠳ᠋ᠷᠴᠤᠳ ᠤᠨ | ᠲᠤᠰᠬᠠᠢ ᠴᠡᠭᠴᠡᠯᠡᠨ ᠵᠠᠰᠠᠯᠲᠠ ᠶᠢᠨ ᠲᠤᠬᠠᠢ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠬᠢᠪᠡ᠃ ᠬᠤᠰᠢᠭᠤᠨ ᠤ ᠤᠳᠤᠷᠢᠳᠤᠯᠭ᠎ᠠ ᠭᠦᠸᠧ ᠬᠠᠨ ᠶᠤᠸᠠᠢ᠂ ᠬᠠᠳᠠ᠂ | ᠴᠣᠯᠮᠣᠨ ᠪᠠᠷ᠎ᠠ ᠪᠣᠯᠪᠠ᠃ | 2 ᠰᠠᠷ᠎ᠠ ᠶᠢᠨ 26 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠨᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ ᠳᠤ ᠬᠦᠷᠴᠦ ᠲᠣᠭᠤᠷᠢᠨ ᠦᠵᠡᠵᠦ ᠶᠠᠷᠢᠯᠴᠠᠬᠤ ᠬᠤᠷᠠᠯ ᠬᠢᠪᠡ᠃ ᠬᠤᠶᠠᠷ | ᠲᠠᠯ᠎ᠠ ᠪᠠᠷ ᠢᠶᠠᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠪᠠᠷ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠬᠦ | ᠵᠡᠷᠭᠡ ᠠᠭᠤᠯᠭ᠎ᠠ ᠶᠢᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ᠂ ︽ᠬᠦᠷᠢᠶᠡᠯᠡᠩ ᠰᠢᠶᠠᠨ︾ ᠤ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠵᠦ᠂ ᠪᠠᠷᠢᠮᠵᠢᠶᠠᠵᠢᠭᠤᠯᠤᠯᠲᠠ ᠶᠢᠨ ᠦᠢᠯᠡᠴᠢᠯᠡᠭᠡᠨ ᠤ ᠰᠢᠶᠠᠨ ᠤ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ | ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠥᠩ ᠱᠧᠦ ᠴᠢᠥᠸᠠᠨ ᠵᠢᠴᠢ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃ | 2 ᠰᠠᠷ᠎ᠠ ᠶᠢᠨ 28 ᠤ ᠡᠳᠦᠷ ᠰᠢᠨ᠎ᠡ ᠪᠠᠷᠭᠤ ᠵᠡᠭᠦᠨ ᠬᠤᠰᠢᠭᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠲᠦᠯᠬᠢᠨ ᠠᠬᠢᠭᠤᠯᠬᠤ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠰᠢᠭᠤᠳ ᠬᠠᠷᠢᠶ᠎ᠠ | ᠬᠠᠮᠢᠶ᠎ᠠ ᠪᠦᠬᠦᠢ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠ ᠬᠠᠮᠢᠶ᠎ᠠ ᠪᠦᠬᠦᠢ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | |