3 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠦ᠋ ᠰᠢᠤᠸᠠᠢ ᠶᠦᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2025 ᠣᠨ ᠤ 3 ᠳ᠋ᠤᠭᠠᠷ ᠤᠳᠠᠭ᠎ᠠ ᠶᠢᠨ ᠬᠤᠷᠠᠯ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ 3 | ᠳ᠋ᠤᠭᠠᠷ ᠤᠳᠠᠭ᠎ᠠ ᠶᠢᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠵᠢᠯ ᠳᠤ ᠬᠤᠯᠪᠣᠭᠳᠠᠭᠰᠠᠨ ᠡᠳᠦᠷ | ᠲᠤᠲᠤᠮ ᠤᠨ ᠬᠢᠨᠠᠯᠲᠠ ᠲᠠᠯᠪᠢᠭᠰᠠᠨ᠂ ᠬᠢᠨᠠᠨ ᠪᠠᠶᠢᠴᠠᠭᠠᠭᠰᠠᠨ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ | ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ | ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠶᠤᠯ | ᠲᠦᠭᠰᠢᠭᠦᠷᠢ ᠶᠢ ᠬᠠᠮᠲᠤᠪᠠᠷ ᠰᠡᠷᠭᠡᠶᠢᠯᠡᠬᠦ᠂ ᠠᠮᠤᠷ ᠲᠦᠪᠰᠢᠨ ᠢ ᠬᠠᠮᠲᠤᠪᠠᠷ ᠡᠭᠦᠳᠬᠦ᠂ ᠴᠡᠭᠴᠡᠯᠡᠨ ᠵᠠᠰᠠᠯᠲᠠ ᠶᠢ ᠬᠠᠮᠲᠤᠪᠠᠷ ᠶᠠᠪᠤᠭᠳᠠᠭᠤᠯᠬᠤ ᠶᠢ ᠪᠠᠷᠢᠮᠲᠠᠯᠠᠬᠤ | ᠬᠡᠷᠡᠭᠲᠡᠢ᠃ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠠᠵᠤ ᠠᠬᠤᠢ ᠶᠢᠨ ᠨᠡᠮᠡᠭᠳᠡᠯ᠂ ᠠᠵᠤ ᠦᠢᠯᠡᠰ ᠤᠨ ᠬᠥᠭᠵᠢᠯᠲᠡ᠂ ᠥᠭᠡᠷᠡᠴᠢᠯᠡᠯᠲᠡ ᠨᠡᠭᠡᠭᠡᠯᠲᠡ᠂ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ | ᠠᠮᠢᠳᠤᠷᠠᠯ ᠤᠨ ᠪᠠᠲᠤᠯᠠᠭ᠎ᠠ᠂ ᠠᠮᠤᠷ ᠲᠦᠪᠰᠢᠨ ᠡᠩᠬᠡ ᠲᠣᠭᠲᠠᠭᠤᠨ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ | ᠲᠥᠪᠯᠡᠷᠡᠭᠦᠯᠦᠨ ᠴᠡᠭᠴᠡᠯᠡᠨ ᠵᠠᠰᠠᠬᠤ ᠶᠢ ᠪᠣᠳᠠᠲᠠᠢ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠨᠢᠭᠡᠳᠦᠯᠲᠡᠢ | ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠠᠳᠬᠤᠵᠤ᠂ ᠡᠯ᠎ᠡ | ᠲᠦᠷᠦᠭᠦᠯᠡᠨ ᠬᠢᠬᠦ ᠰᠠᠯᠠᠭ᠎ᠠ ᠮᠥᠴᠢᠷ ᠡᠬᠡ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠭᠲᠠᠭᠰᠠᠨ | ᠬᠤᠭᠤᠴᠠᠭᠠᠨ ᠳᠤ ᠥᠨᠳᠥᠷ ᠪᠦᠲᠦᠮᠵᠢᠲᠡᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠲᠣᠭᠤᠷᠢᠨ ᠪᠠᠶᠢᠴᠠᠭᠠᠵᠤ ᠬᠢᠨᠠᠯᠲᠠ | ᠲᠠᠯᠪᠢᠬᠤ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠵᠦ᠂ | ᠰᠠᠬᠢᠯᠭ᠎ᠠ ᠪᠠᠲᠤ ᠪᠠᠨ ᠴᠢᠩᠳᠠᠯᠠᠵᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠲᠣᠭᠤᠷᠢᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ | ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠤ ᠬᠢᠨᠠᠨ ᠵᠥᠪᠯᠡᠪᠡ᠃ |