ᠦ᠋ ᠰᠢᠤᠸᠠᠢ ᠶᠦᠩ ᠬᠡᠲᠦᠷᠡᠮᠡᠬᠡᠢ ᠴᠠᠭ ᠠᠭᠤᠷ ᠢ ᠠᠷᠭᠠᠴᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/13
          3 ᠰᠠᠷ᠎ᠠ ᠶᠢᠨ 12᠎ ᠤᠨ ᠡᠳᠦᠷ᠂ ᠦ᠋ ᠰᠢᠤᠸᠠᠢ ᠶᠦᠩ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠲᠤ ᠬᠦᠷᠴᠦ᠂ ᠬᠡᠲᠦᠷᠡᠮᠡᠬᠡᠢ ᠴᠠᠭ ᠠᠭᠤᠷ ᠢ ᠠᠷᠭᠠᠴᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠬᠠᠳᠠ ᠬᠤᠷᠠᠯ ᠳᠤ ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
20250313-1-1.jpg
          ᠬᠤᠷᠠᠯ ᠠᠴᠠ ᠪᠥᠬᠦ ᠬᠤᠰᠢᠭᠤᠨ ᠤ ᠬᠡᠲᠦᠷᠡᠮᠡᠬᠡᠢ ᠴᠠᠭ ᠠᠭᠤᠷ ᠢ ᠠᠷᠭᠠᠴᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠵᠢᠱᠢᠯᠲᠡ ᠶᠢᠨ ᠬᠠᠨᠳᠤᠰᠢ ᠶᠢ ᠵᠠᠷᠯᠠᠨ ᠮᠡᠳᠡᠭᠳᠡᠵᠦ᠂ ᠣᠳᠣᠬᠠᠨ ᠤ ᠪᠠᠶᠢᠳᠠᠯ ᠳᠤ ᠭᠦᠨᠵᠡᠭᠡᠢ ᠵᠠᠳᠠᠯᠤᠯᠲᠠ ᠪᠠ ᠰᠤᠳᠤᠯᠤᠨ ᠮᠠᠭᠠᠳᠯᠠᠯᠲᠠ ᠬᠢᠭᠰᠡᠨ ᠪᠥᠭᠡᠳ ᠬᠦᠴᠢᠷᠳᠡᠯ ᠳᠤ ᠲᠤᠯᠭᠠᠷᠠᠭᠰᠠᠨ ᠬᠥᠮᠥᠰ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠲᠠ ᠬᠢᠬᠦ᠂ ᠬᠡᠲᠦᠷᠡᠮᠡᠬᠡᠢ ᠴᠠᠭ ᠠᠭᠤᠷ ᠢ ᠠᠷᠭᠠᠴᠠᠬᠤ ᠵᠢᠴᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠳᠤ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠃          ᠦ᠋ ᠰᠢᠤᠸᠠᠢ ᠶᠦᠩ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠣᠰ ᠤᠳᠠᠭᠠᠨ ᠤ ᠴᠠᠰᠤ ᠰᠢᠭᠤᠷᠭ᠎ᠠ ᠎ ᠲᠠᠢ ᠴᠠᠭ ᠠᠭᠤᠷ ᠤᠨ ᠨᠥᠯᠥᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠬᠡᠯᠲᠦᠷᠢᠬᠦ ᠰᠡᠳᠬᠢᠴᠡ ᠶᠢ ᠡᠷᠡᠰ ᠲᠡᠪᠴᠢᠵᠦ᠂ ᠴᠠᠭ ᠲᠠᠢ ᠤᠷᠤᠯᠳᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠎ ᠪᠠᠷ ᠢᠶᠠᠨ ᠨᠡᠪᠲᠡᠷᠡᠯᠴᠡᠭᠰᠡᠨ᠂ ᠰᠠᠭᠠᠳ ᠦᠭᠡᠢ ᠡᠮᠬᠢ ᠵᠢᠷᠤᠮ ᠲᠠᠢ ᠣᠳᠣᠬᠢᠴᠢᠯᠠᠭᠰᠠᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮ ᠢ ᠪᠠᠶᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠡᠭᠡᠯᠵᠢ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ᠂ ᠲᠤᠰᠬᠠᠯ ᠲᠦᠷᠭᠡᠨ᠂ ᠰᠢᠢᠳᠪᠦᠷᠢᠯᠡᠯᠲᠡ ᠥᠨᠳᠥᠷ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠣᠨᠴᠠᠭᠠᠢ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠨᠣᠪᠴᠢᠲᠠᠢ ᠨᠡᠶᠢᠲᠡᠯᠡᠬᠦ ᠴᠢᠳᠠᠪᠤᠷᠢ ᠶᠢ ᠴᠢᠩᠭᠠᠳᠬᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠴᠠᠭ ᠲᠤᠬᠠᠶᠢᠴᠢ ᠴᠢᠨᠠᠷ᠂ ᠣᠨᠣᠪᠴᠢ ᠶᠢᠨ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠮᠠᠯᠴᠢᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠯᠭᠡᠬᠦ ᠬᠡᠷᠡᠭᠲᠡᠢ᠃ ᠵᠢᠯᠣᠭᠤᠳᠤᠯᠭ᠎ᠠ ᠶᠢ ᠳᠠᠭᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠷᠭᠠᠴᠠᠬᠤ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃          ᠬᠤᠷᠠᠯ ᠢ ᠸᠢᠳᠢᠤ᠋ ᠶᠢᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠰᠤᠮᠤ ᠪᠠᠯᠭᠠᠰᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠵᠠᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ