2025 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠲᠤᠬᠠᠢ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2025/3/13
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄          ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︽ᠬᠥᠯᠥᠨ ᠪᠤᠶᠢᠷ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠮᠢᠶᠠᠷᠤᠯᠲᠠ ᠶᠢᠨ ᠠᠷᠭ᠎ᠠ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠡᠷᠭᠡ ᠶᠢ ᠦᠨᠳᠦᠰᠦᠯᠡᠵᠦ᠂ᠮᠠᠨ ᠤ ᠬᠤᠰᠢᠭᠤᠨ ᠤ ᠣᠳᠣᠬᠠᠨ ᠤ ᠠᠭᠠᠷ ᠤᠨ ᠳᠤᠯᠠᠭᠠᠨ ᠥᠨᠳᠥᠷ᠂ ᠭᠠᠵᠠᠷ ᠤᠨ ᠬᠡᠰᠡᠭ ᠤᠨ ᠰᠢᠲᠠᠮᠠᠬᠠᠢ ᠪᠣᠳᠠᠰ ᠠᠷᠪᠢᠨ᠂ ᠭᠠᠯ ᠤᠨ ᠠᠶᠤᠯ ᠤᠨ ᠲᠠᠰ ᠥᠨᠳᠥᠷ ᠪᠠᠶᠢᠬᠤ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠵᠠᠷᠯᠢᠭ ᠢ ᠨᠡᠶᠢᠲᠡᠯᠡᠶ᠎ᠡ᠃          ᠨᠢᠭᠡ᠂ ᠰᠢᠨ᠎ᠡ ᠪᠠᠷᠭᠤ ᠵᠡᠭᠦᠨ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭ᠎ᠠ ᠪᠠ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ᠄ ᠬᠠᠪᠤᠷ ᠤᠨ ᠤᠯᠠᠷᠢᠯ 2025 ᠣᠨ ᠤ 3 ᠰᠠᠷ᠎ᠠ ᠶᠢᠨ 15᠎ ᠤ ᠡᠳᠦᠷ ᠠᠴᠠ 6 ᠰᠠᠷ᠎ᠠ ᠶᠢᠨ 15᠎ ᠤ ᠡᠳᠦᠷ ᠪᠣᠯᠲᠠᠯ᠎ᠠ᠂ ᠨᠠᠮᠤᠷ ᠤᠨ ᠤᠯᠠᠷᠢᠯ 2025 ᠣᠨ ᠤ 9 ᠰᠠᠷ᠎ᠠ ᠶᠢᠨ 15᠎ ᠤ ᠡᠳᠦᠷ ᠠᠴᠠ11 ᠰᠠᠷ᠎ᠠ ᠶᠢᠨ15᠎ ᠤ ᠡᠳᠦᠷ ᠪᠣᠯᠲᠠᠯ᠎ᠠ᠃          ᠬᠤᠶᠠᠷ᠂ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠥᠩᠭᠡᠷᠡᠭᠰᠡᠨ ᠬᠥᠮᠥᠰ ᠤᠨ ᠣᠷᠣᠰᠢᠭᠤᠯᠭ᠎ᠠ ᠶᠢᠨ ᠭᠠᠵᠠᠷ ᠲᠤ ᠴᠠᠭᠠᠰᠤ ᠰᠢᠲᠠᠭᠠᠬᠤ᠂ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠭᠠᠯ ᠠᠰᠠᠭᠠᠬᠤ᠂ ᠡᠪᠡᠰᠦ ᠰᠢᠲᠠᠭᠠᠬᠤ᠂ ᠬᠡᠭᠡᠷ᠎ᠡ ᠬᠤᠭᠤᠯᠠᠯᠠᠬᠤ᠂ ᠠᠲᠠᠷ ᠴᠤᠷᠮᠠᠳᠠᠨ ᠭᠤᠤᠷᠰᠤ ᠰᠢᠲᠠᠭᠠᠬᠤ᠂ ᠬᠤᠭ ᠨᠣᠪᠰᠢ ᠶᠢ ᠰᠢᠲᠠᠭᠠᠬᠤ᠂ ᠬᠤᠸᠠᠷ ᠫᠤᠤᠵᠢᠩ ᠲᠠᠯᠪᠢᠬᠤ᠂ ᠪᠠᠷᠢᠯᠭ᠎ᠠ ᠶᠢᠨ ᠳᠡᠯᠪᠡᠴᠢᠯᠲᠡ ᠬᠢᠬᠦ᠂ ᠦᠨᠡᠨ ᠰᠤᠮᠤ ᠶᠢᠨ ᠰᠣᠷᠢᠯᠲᠠ ᠬᠢᠬᠦ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ᠣᠨᠴᠠᠭᠠᠢ ᠪᠠᠶᠢᠳᠠᠯ ᠲᠣᠬᠢᠶᠠᠯᠳᠤᠪᠠᠯ᠂ ᠡᠷᠬᠡᠪᠰᠢ ᠬᠤᠰᠢᠭᠤᠨ ᠤ ᠰᠡᠷᠭᠡᠶᠢᠯᠡᠯᠲᠡ ᠶᠢᠨ ᠭᠠᠯ ᠤᠨᠲᠠᠷᠠᠭᠠᠬᠤ ᠵᠢᠯᠤᠭᠤᠳᠬᠤ ᠭᠠᠵᠠᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠶᠢᠨ ᠬᠠᠮᠲᠤ᠂ ᠲᠤᠰᠬᠠᠢ ᠬᠥᠮᠥᠨ ᠲᠣᠮᠢᠯᠠᠨ ᠬᠠᠷᠢᠭᠤᠴᠠᠭᠤᠯᠵᠤ᠂ ᠴᠢᠩᠭ᠎ᠠ ᠨᠢᠮᠪᠠᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠬᠡᠷᠡᠭᠲᠡᠢ᠃          ᠭᠤᠷᠪᠠ᠂ ᠰᠢᠭᠤᠶᠢᠲᠤ ᠣᠷᠣᠨ᠂ ᠮᠠᠯᠵᠢᠬᠤ ᠣᠷᠣᠨ ᠢᠶᠠᠷ ᠣᠷᠣᠬᠤ ᠪᠤᠶᠤ ᠥᠩᠭᠡᠷᠡᠬᠦ ᠮᠠᠰᠢᠨ ᠲᠡᠷᠭᠡ ᠡᠷᠬᠡᠪᠰᠢ ᠭᠠᠯ ᠢ ᠰᠡᠷᠭᠡᠶᠢᠯᠡᠬᠦ ᠪᠦᠲᠦᠮᠵᠢᠲᠡᠶ ᠲᠣᠨᠣᠭᠯᠠᠯ ᠤᠭᠰᠠᠷᠠᠬᠤ ᠬᠡᠷᠡᠭᠲᠡᠢ᠃ ᠰᠢᠭᠤᠶᠢᠲᠤ ᠣᠷᠣᠨ᠂ ᠮᠠᠯᠵᠢᠬᠤ ᠣᠷᠣᠨ ᠳᠤ ᠣᠷᠣᠭᠰᠠᠨ ᠪᠠᠶᠢᠭᠤᠯᠭ᠎ᠠ ᠨᠢᠭᠡᠴᠢ ᠵᠢᠴᠢ ᠠᠵᠢᠯᠲᠠᠨ ᠪᠦᠬᠦᠨ ᠡᠷᠬᠡᠪᠰᠢ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠢᠶᠠᠷ ᠵᠥᠪᠰᠢᠶᠡᠷᠡᠭᠦᠯᠵᠦ᠂ ᠭᠠᠯ ᠰᠡᠷᠭᠡᠶᠢᠯᠡᠬᠦ ᠬᠡᠯᠡᠯᠴᠡᠭᠡᠷ ᠲᠣᠭᠲᠠᠵᠤ᠂ ᠭᠠᠯ ᠰᠡᠷᠭᠡᠶᠢᠯᠡᠬᠦ ᠨᠡᠪᠲᠡᠷᠡᠬᠦ ᠦᠨᠡᠮᠯᠡᠯ ᠣᠯᠣᠭᠰᠠᠨ ᠤ ᠳᠠᠷᠠᠭ᠎ᠠ ᠰᠠᠶ᠋ᠢ ᠣᠷᠣᠵᠤ ᠪᠣᠯᠣᠨ᠎ᠠ᠂ ᠡᠭᠦᠨ ᠤ ᠬᠠᠮᠲᠤ ᠭᠠᠯ ᠰᠡᠷᠭᠡᠶᠢᠯᠡᠯᠲᠡ ᠶᠢᠨ ᠪᠠᠶᠢᠴᠠᠭᠠᠬᠤ ᠠᠵᠢᠯᠲᠠᠨ᠂ ᠣᠶ ᠬᠠᠮᠠᠭᠠᠯᠠᠭᠴᠢ᠂ ᠪᠠᠶᠢᠴᠠᠭᠠᠬᠤ ᠥᠷᠲᠡᠭᠡ ᠪᠣᠯᠣᠨ ᠭᠠᠯ ᠰᠡᠷᠭᠡᠶᠢᠯᠡᠬᠦ ᠭᠠᠳᠠᠷ ᠥᠷᠲᠡᠭᠡᠨ ᠤ ᠵᠢᠵᠢᠭᠦᠷᠯᠡᠭᠴᠢ ᠶᠢᠨ ᠪᠠᠶᠢᠴᠠᠭᠠᠯᠲᠠ ᠶᠢ ᠤᠬᠠᠮᠰᠠᠷ ᠎ ᠠᠴᠠ ᠪᠠᠨ ᠬᠦᠯᠢᠶᠡᠬᠦ ᠬᠡᠷᠡᠭᠲᠡᠢ᠃          ᠳᠥᠷᠪᠡ᠂ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠴᠠᠭ ᠲᠤᠬᠠᠢ ᠳᠤᠨᠢ ᠬᠥᠮᠥᠰ ᠢᠶᠠᠨ ᠵᠣᠬᠢᠶᠠᠨ ᠪᠠᠶᠢᠭᠤᠯᠤᠨ ᠭᠠᠯ ᠰᠡᠷᠭᠡᠶᠢᠯᠡᠬᠦ ᠶᠡᠭᠡ ᠪᠠᠶᠢᠴᠠᠭᠠᠯᠲᠠ ᠶᠢ ᠥᠷᠨᠢᠭᠦᠯᠵᠦ᠂ ᠭᠤᠣᠯᠳᠠᠯᠭ᠎ᠠ ᠲᠠᠢ ᠭᠠᠯ ᠤᠨ ᠠᠶᠤᠯ ᠤᠨ ᠣᠷᠣᠨ ᠳᠤ ᠪᠢᠲᠡᠭᠦᠮᠵᠢᠯᠡᠨ ᠬᠠᠮᠢᠶᠠᠷᠬᠤ ᠶᠢ ᠬᠡᠷᠡᠭᠵᠢᠭᠦᠯᠦᠨ᠂ ᠴᠢᠩᠭ᠎ᠠ ᠰᠡᠷᠭᠡᠶᠢᠯᠡᠨ ᠰᠠᠬᠢᠵᠤ᠂ ᠳᠠᠬᠢᠨ ᠳᠠᠪᠲᠠᠨ ᠪᠠᠶᠢᠴᠠᠭᠠᠵᠤ᠂ ᠠᠭᠤᠯᠠ ᠶᠢ ᠴᠡᠪᠡᠷᠯᠡᠬᠦ᠂ ᠭᠤᠸ ᠰᠤᠪᠠᠭ ᠢ ᠴᠡᠪᠡᠷᠯᠡᠬᠦ᠂ ᠪᠣᠷᠣᠳᠣᠬᠤᠢ ᠶᠢ ᠴᠡᠪᠡᠷᠯᠡᠬᠦ ︽ᠭᠤᠷᠪᠠ ᠶᠢ ᠴᠡᠪᠡᠷᠯᠡᠬᠦ︾ ᠠᠵᠢᠯ ᠢ ᠥᠷᠨᠢᠭᠦᠯᠵᠦ᠂ ᠭᠠᠯ ᠤᠨ ᠠᠶᠤᠯ ᠤᠨ ᠳᠠᠯᠳᠠ ᠬᠡᠮ ᠢ ᠠᠷᠢᠯᠭᠠᠬᠤ ᠬᠡᠷᠡᠭᠲᠡᠢ᠃ ᠪᠠᠶᠢᠴᠠᠭᠠᠬᠤ ᠠᠵᠢᠯᠲᠠᠨ ᠳᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠬᠠᠷᠢᠭᠤᠴᠠᠯᠭ᠎ᠠ ᠪᠠᠨ ᠠᠯᠳᠠᠭᠰᠠᠨ ᠤᠶᠢᠯᠠ ᠠᠵᠢᠯᠯᠠᠭ᠎ᠠ ᠲᠠᠢ ᠬᠥᠮᠥᠰ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃          ᠲᠠᠪᠤ᠂ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ ᠭᠠᠯ ᠰᠡᠷᠭᠡᠶᠢᠯᠡᠬᠦ ᠬᠤᠭᠤᠴᠠᠭᠠᠨ ᠳᠤ ᠵᠢᠵᠢᠭᠦᠷᠯᠡᠬᠦ ᠪᠠᠨ ᠴᠢᠩᠭᠠᠳᠬᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠳᠤᠷ᠎ᠠ ᠪᠠᠷ ᠢᠶᠠᠨ ᠠᠵᠢᠯ ᠤᠨ ᠪᠠᠶᠢᠷᠢ ᠎ ᠠᠴᠠ ᠪᠠᠨ ᠰᠠᠯᠵᠤ ᠪᠣᠯᠬᠤ ᠦᠭᠡᠢ᠃ ᠬᠤᠯᠠ ᠶᠢ ᠬᠠᠷᠠᠨ ᠪᠠᠷᠠᠯᠠᠬᠤ ᠲᠠᠪᠴᠠᠩ᠂ ᠪᠠᠶᠢᠴᠠᠭᠠᠬᠤ ᠥᠷᠲᠡᠭᠡ ᠪᠣᠯᠣᠨ ᠭᠠᠯ ᠰᠡᠷᠭᠡᠶᠢᠯᠡᠬᠦ ᠭᠠᠳᠠᠷ ᠥᠷᠲᠡᠭᠡ ᠶᠢᠨ ᠠᠵᠢᠯᠲᠠᠳ ᠠᠩᠬᠠᠷᠬᠤ᠂ ᠪᠠᠶᠢᠴᠠᠭᠠᠬᠤ ᠪᠠ ᠲᠣᠭᠤᠷᠢᠨ ᠬᠠᠮᠠᠭᠠᠯᠠᠬᠤ ᠪᠠᠨ ᠴᠢᠩᠭᠠᠳᠬᠠᠵᠤ᠂ ᠴᠢᠩᠭ᠎ᠠ ᠨᠢᠮᠪᠠᠢ ᠬᠢᠨᠠᠨ ᠡᠵᠡᠮᠳᠡᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠴᠠᠭ ᠢᠮᠠᠭᠲᠠ ᠳᠡᠭᠡᠳᠦ ᠬᠡᠮᠵᠢᠶᠡᠨ ᠤ ᠰᠡᠷᠭᠡᠶᠢᠯᠡᠯᠲᠡ ᠶᠢᠨ ᠪᠠᠶᠢᠳᠠᠯ᠂ ᠪᠠᠶᠢᠯᠳᠤᠭᠠᠨ ᠤ ᠡᠮᠦᠨᠡᠬᠢ ᠪᠠᠶᠢᠳᠠᠯ ᠳᠤ ᠪᠠᠶᠢᠵᠤ᠂ ᠠᠯᠢᠪᠠ ᠭᠠᠯ ᠤᠨᠲᠠᠷᠠᠭᠠᠵᠤ ᠭᠠᠮᠰᠢᠭ ᠎ ᠠᠴᠠ ᠠᠪᠤᠷᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃          ᠵᠢᠷᠭᠤᠭ᠎ᠠ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠵᠠᠰᠠᠭ ᠵᠠᠬᠢᠷᠭᠠᠨ ᠤ ᠣᠷᠣᠨ ᠤ ᠠᠭᠤᠯᠵᠠᠷ ᠤᠨ ᠰᠢᠭᠤᠶᠢᠲᠤ ᠣᠷᠣᠨ᠂ ᠮᠠᠯᠵᠢᠬᠤ ᠣᠷᠣᠨ ᠤ ᠡᠯ᠎ᠡ ᠬᠠᠮᠲᠤᠷᠠᠨ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠲᠣᠭᠲᠠᠮᠠᠯ ᠬᠤᠭᠤᠴᠠᠭ᠎ᠠ ᠲᠠᠢ ᠪᠠᠷ ᠠᠭᠤᠯᠵᠠᠨ ᠬᠠᠷᠠᠭᠤᠯ ᠤᠨ ᠭᠠᠵᠠᠷ ᠲᠠᠢ ᠠᠭᠤᠯᠵᠠᠵᠤ᠂ ᠪᠠᠶᠢᠳᠠᠯ ᠢᠶᠠᠨ ᠴᠠᠭ ᠲᠤᠬᠠᠢ ᠳᠤᠨᠢ ᠰᠣᠯᠢᠯᠴᠠᠵᠤ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂︽ᠥᠪᠡᠷᠲᠡᠭᠡᠨ ᠰᠡᠷᠭᠡᠶᠢᠯᠡᠬᠦ ᠪᠠᠷ ᠲᠣᠯᠣᠭᠠᠶᠢᠯᠠᠭᠤᠯᠵᠤ᠂ ᠬᠠᠷᠢᠯᠴᠠᠨ ᠰᠡᠷᠭᠡᠶᠢᠯᠡᠵᠦ ᠬᠠᠷᠢᠯᠴᠠᠨ ᠠᠪᠤᠷᠠᠬᠤ︾ ᠵᠠᠷᠴᠢᠮ ᠤᠨ ᠶᠣᠰᠣᠭᠠᠷ᠂ ᠬᠠᠮᠲᠤᠷᠠᠨ ᠰᠡᠷᠭᠡᠶᠢᠯᠡᠬᠦ ᠣᠷᠣᠨ ᠤ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃          ᠳᠣᠯᠤᠭ᠎ᠠ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠭᠠᠯ ᠰᠡᠷᠭᠡᠶᠢᠯᠡᠬᠦ ᠠᠵᠢᠯ ᠤᠨ ᠤᠳᠤᠷᠢᠳᠤᠯᠭ᠎ᠠ ᠶᠢᠨ ᠴᠢᠩᠭ᠎ᠠ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠭᠠᠯ ᠢ ᠰᠡᠷᠭᠡᠶᠢᠯᠡᠬᠦ ᠲᠣᠣᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠤᠳᠤᠷᠢᠳᠬᠤ ᠺᠠᠳ᠋ᠷ ᠲᠣᠭᠤᠷᠢᠭ ᠪᠠ ᠬᠡᠰᠡᠭ ᠭᠠᠵᠠᠷ ᠢ ᠳᠠᠭᠠᠭᠠᠴᠢᠯᠠᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠠᠵᠢᠯ ᠢ ᠣᠳᠣᠬᠠᠨ ᠤ ᠬᠠᠮᠤᠭ ᠠᠴᠠ ᠴᠢᠬᠤᠯᠠ ᠭᠤᠣᠯ ᠠᠵᠢᠯ ᠪᠣᠯᠭᠠᠨ ᠠᠳᠬᠤᠵᠤ᠂ ᠭᠤᠣᠯ ᠤᠳᠤᠷᠢᠳᠤᠯᠭ᠎ᠠ ᠨᠢ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠡᠶ᠎ᠡ ᠪᠠᠷ ᠢᠶᠠᠨ ᠪᠠᠶᠢᠴᠠᠭᠠᠨ᠂ ᠪᠠᠶᠢᠷᠢᠯᠠᠭᠤᠯᠬᠤ ᠪᠠ ᠨᠠᠶᠢᠳᠠᠪᠤᠷᠢᠵᠢᠭᠤᠯᠵᠤ᠂ ᠠᠵᠢᠯ ᠤᠨ ᠳᠤᠮᠳᠠᠬᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠭᠠᠯ ᠲᠦᠢᠮᠡᠷ ᠤᠨ ᠮᠡᠳᠡᠭᠡ ᠵᠠᠩᠭᠢ ᠶᠢ ᠣᠯᠵᠤ ᠮᠡᠳᠡᠪᠡᠯ ᠲᠤᠬᠠᠢ ᠶᠢᠨ ᠲᠠᠯᠠᠪᠠᠢ ᠳᠤ ᠪᠡᠶ᠎ᠡ ᠪᠠᠷ ᠢᠶᠠᠨ ᠬᠦᠷᠴᠦ ᠭᠠᠯ ᠤᠨᠲᠠᠷᠠᠭᠠᠬᠤ ᠶᠢ ᠵᠢᠯᠤᠭᠤᠳᠴᠤ᠂ ᠬᠡᠷᠪᠡ ᠬᠠᠷᠢᠭᠤᠴᠠᠯᠭ᠎ᠠ ᠪᠠᠨ ᠠᠯᠳᠠᠬᠤ ᠶᠢᠨ ᠬᠠᠮᠲᠤ ᠬᠤᠬᠢᠷᠠᠯ ᠤᠴᠠᠷᠠᠭᠤᠯᠤᠭᠰᠠᠨ ᠪᠣᠯ ᠭᠤᠣᠯ ᠤᠳᠤᠷᠢᠳᠤᠯᠭ᠎ᠠ ᠪᠣᠯᠣᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃          ᠨᠠᠢᠮᠠ᠂ ᠲᠤᠰ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ ᠵᠥᠷᠢᠴᠡᠨ ᠭᠠᠯ ᠤᠨ ᠠᠶᠤᠯ ᠭᠠᠷᠭᠠᠭᠰᠠᠳ ᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠤᠪᠢ ᠬᠥᠮᠥᠨ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠶᠢᠨ ᠬᠠᠮᠲᠤ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠤᠨ᠎ᠠ︔ᠤᠶᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠭᠠᠯ ᠤᠨ ᠠᠶᠤᠯ ᠭᠠᠷᠭᠠᠭᠰᠠᠨ ᠭᠠᠵᠠᠷ ᠣᠷᠣᠨ ᠪᠤᠶᠤ ᠨᠢᠭᠡᠴᠢ ᠶᠢᠨ ᠰᠢᠭᠤᠳ ᠬᠠᠷᠢᠭᠤᠴᠠᠬᠤ ᠭᠤᠣᠯᠴᠢᠯᠠᠨ ᠬᠠᠮᠢᠶᠠᠷᠬᠤ ᠠᠵᠢᠯᠲᠠᠨ ᠪᠣᠯᠣᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ︔ᠤᠶᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                              ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                      2025 ᠣᠨ ᠤ 3 ᠰᠠᠷ᠎ᠠ ᠶᠢᠨ 11᠎ ᠤ ᠡᠳᠦᠷ
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ