【ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ】 ᠠᠵᠢᠯᠯᠠᠵᠤ ᠶᠠᠪᠤᠬᠤ ᠪᠠ ᠠᠵᠢᠯ ᠠᠴᠠ ᠪᠠᠭᠤᠬᠤ ᠪᠤᠰᠤ ᠴᠠᠭ ᠲᠤ ᠪᠠᠶᠢᠷᠢ ᠠᠴᠠ ᠪᠠᠨ ᠭᠡᠷ ᠲᠡᠭᠡᠨ ᠬᠠᠷᠢᠬᠤ ᠵᠠᠮ ᠳᠠᠭᠠᠨ ᠰᠢᠷᠬᠠᠲᠤᠭᠰᠠᠨ ᠪᠣᠯ ᠠᠵᠢᠯ ᠠᠴᠠ ᠪᠣᠯᠤᠭᠰᠠᠨ ᠭᠡᠮᠲᠦᠯ ᠳᠤ ᠪᠠᠭᠲᠠᠨ᠎ᠠ ᠤᠤ︖
ᠨᠡᠶᠢᠲᠡᠯᠡᠭᠰᠡᠨ ᠴᠠᠭ᠄
2025/3/14
          ᠬᠡᠷᠡᠭ ᠤᠨ ᠪᠠᠶᠢᠳᠠᠯ ᠤᠨ ᠲᠣᠪᠴᠢ ᠲᠠᠨᠢᠯᠴᠠᠭᠤᠯᠭ᠎ᠠ          ᠶᠠᠩ ᠣᠪᠣᠭᠲᠤ ᠪᠣᠯ ᠰᠧᠴᠤᠸᠠᠨ ᠤ ᠴᠧᠩᠳᠦ᠋ ᠶᠢᠨ ᠨᠢᠭᠡᠨ ᠬᠥᠮᠥᠨ ᠤ ᠬᠦᠴᠦᠨ ᠤ ᠡᠬᠢ ᠪᠠᠶᠠᠯᠢᠭ ᠤᠨ ᠺᠣᠮᠫᠠᠨᠢ ᠶᠢᠨ ᠠᠵᠢᠯᠲᠠᠨ ︵ᠳᠠᠭᠠᠳᠬᠠᠯ ᠳᠤ ᠣᠷᠣᠯᠴᠠᠭᠰᠠᠨ ᠦᠭᠡᠢ︶ ᠮᠥᠨ᠂ ᠬᠥᠳᠡᠯᠮᠦᠷᠢ ᠦᠢᠯᠡᠴᠢᠯᠡᠭᠡᠨ ᠤ ᠲᠣᠮᠢᠯᠠᠯᠲᠠ ᠪᠠᠷ ᠯᠦᠩ ᠴᠢᠥᠸᠠᠨ ᠤᠯᠠᠭ᠎ᠠ ᠲᠣᠭᠤᠷᠢᠭ ᠤᠨ ᠨᠢᠭᠡᠨ ᠮᠠᠰᠢᠨ ᠲᠡᠷᠭᠡᠨ ᠤ ᠰᠡᠯᠪᠢᠭ ᠲᠤᠨᠤᠭ ᠤᠨ ᠺᠣᠮᠫᠠᠨᠢ ᠳᠤ ᠡᠡ᠊ᠩ ᠤᠨ ᠠᠵᠢᠯᠴᠢᠨ ᠪᠣᠯᠵᠠᠢ᠃ 2022 ᠣᠨ ᠤ 8 ᠰᠠᠷ᠎ᠠ ᠶᠢᠨ 15 ᠤ ᠡᠳᠦᠷ ᠤᠨ 15 ᠴᠠᠭ ᠲᠤ᠂ ᠶᠠᠩ ᠣᠪᠣᠭᠲᠤ ᠡᠩ ᠤᠨ ᠬᠤᠶᠠᠷ ᠬᠦᠷᠳᠦᠲᠦ ᠮᠣᠲ᠋ᠣᠷ ᠤᠨᠤᠵᠤ ᠺᠣᠮᠫᠠᠨᠢ ᠶᠢᠨ ᠪᠠᠶᠢᠷᠢ ᠠᠴᠠ ᠰᠦᠢ ᠨᠢᠩ ᠤᠨ ᠨᠤᠲᠤᠭ ᠲᠠᠭᠠᠨ ᠪᠤᠴᠠᠬᠤ ᠵᠠᠮ ᠵᠠᠭᠤᠷ᠎ᠠ ᠪᠠᠨ ᠽᠧᠩ ᠣᠪᠣᠭᠲᠤ ᠶᠢᠨ ᠵᠢᠯᠣᠭᠤᠳᠤᠭᠰᠠᠨ ᠲᠣᠮᠣ ᠬᠡᠯᠪᠡᠷᠢ ᠶᠢᠨ ᠡᠩ ᠤᠨ ᠠᠶᠠᠨᠴᠢᠳ ᠤᠨ ᠲᠡᠷᠭᠡ ᠲᠠᠢ ᠮᠥᠷᠭᠦᠯᠳᠦᠭᠡᠳ ᠰᠢᠷᠬᠠᠲᠤᠵᠤ᠂ ᠲᠦᠷᠭᠡᠨ ᠠᠪᠤᠷᠠᠭᠠᠳ ᠲᠤᠰᠠ ᠪᠣᠯᠤᠭᠰᠠᠨ ᠦᠭᠡᠢ ᠲᠤᠰ ᠡᠳᠦᠷ ᠲᠡᠭᠡᠨ ᠨᠠᠰᠤ ᠪᠠᠷᠠᠵᠠᠢ᠃ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠭᠠᠷᠭᠠᠭᠰᠠᠨ︽ᠵᠠᠮ ᠬᠠᠷᠢᠯᠴᠠᠭᠠᠨ ᠤ ᠭᠡᠨᠡᠳᠡᠯ ᠢ ᠮᠠᠭᠠᠳᠯᠠᠨ ᠲᠣᠭᠲᠠᠭᠠᠭᠰᠠᠨ ᠪᠢᠴᠢᠭ︾ ᠢ ᠦᠨᠳᠦᠰᠦᠯᠡᠪᠡᠯ᠄ ᠽᠧᠩ ᠣᠪᠣᠭᠲᠤ ᠡᠡ᠊ᠨᠳᠡᠯ ᠤᠨ ᠭᠤᠣᠯ ᠬᠠᠷᠢᠭᠤᠴᠠᠯᠭ᠎ᠠ ᠶᠢ ᠡᠭᠦᠷᠭᠡᠯᠡᠵᠦ᠂ ᠶᠠᠩ ᠣᠪᠣᠭᠲᠤ ᠡᠡ᠊ᠨᠳᠡᠯ ᠤᠨ ᠳᠡᠳ᠋ ᠬᠠᠷᠢᠭᠤᠴᠠᠯᠭ᠎ᠠ ᠶᠢ ᠡᠭᠦᠷᠭᠡᠯᠡᠨ᠎ᠡ᠃          ᠡᠭᠦᠨ ᠠᠴᠠ ᠭᠠᠳᠠᠨ᠎ᠠ᠂ ᠶᠠᠩ ᠣᠪᠣᠭᠲᠤ ᠶᠢᠨ ᠪᠠᠶᠢᠷᠢ ᠨᠢ ᠺᠣᠮᠫᠠᠨᠢ ᠠᠴᠠ ᠪᠠᠷᠤᠭ 2 ᠺᠢᠯᠣᠮᠧᠲᠷ ᠵᠠᠶᠢᠲᠠᠢ᠃2022 ᠣᠨ ᠤ 8 ᠰᠠᠷ᠎ᠠ  ᠶᠢᠨ 14 ᠤ ᠡᠳᠦᠷ ᠶᠠᠩ ᠣᠪᠣᠭᠲᠤ  ᠶᠢᠨ ᠠᠵᠢᠯ ᠳᠤ ᠭᠠᠷᠬᠤ ᠪᠠ ᠠᠵᠢᠯ  ᠠᠴᠠ ᠪᠠᠭᠤᠬᠤ ᠴᠠᠭ ᠨᠢ 1 ᠴᠠᠭ 12 ᠮᠢᠨᠦ᠋ᠲ ᠠᠴᠠ 8 ᠴᠠᠭ 30 ᠮᠢᠨᠦ᠋ᠲ᠂ ᠰᠥᠨᠢ  ᠶᠢᠨ ᠡᠭᠡᠯᠵᠢ  ᠶᠢᠨ ᠠᠵᠢᠯ ᠢᠶᠠᠨ ᠳᠠᠭᠤᠰᠬᠠᠭᠰᠠᠨ ᠤ ᠳᠠᠷᠠᠭ᠎ᠠ ᠺᠠᠷᠲ ᠪᠦᠷᠢᠳᠬᠡᠭᠦᠯᠵᠦ ᠪᠠᠶᠢᠷᠢ ᠳᠠᠭᠠᠨ ᠪᠤᠴᠠᠵᠠᠢ᠃2022 ᠣᠨ ᠤ 8 ᠰᠠᠷ᠎ᠠ ᠶᠢᠨ 15 ᠤ ᠡᠳᠦᠷ ᠤᠨ 9 ᠴᠠᠭ 41 ᠮᠢᠨᠦ᠋ᠲ ᠲᠤ᠂ ᠮᠠᠰᠢᠨ ᠲᠡᠷᠭᠡᠨ ᠤ ᠰᠡᠯᠪᠢᠭ ᠲᠣᠨᠤᠭ ᠤᠨ ᠺᠣᠮᠫᠠᠨᠢ ᠦᠢᠯᠡᠳᠪᠦᠷᠢᠯᠡᠯ ᠢᠶᠠᠨ ᠵᠣᠭᠰᠤᠭᠠᠬᠤ︵ᠥᠨᠳᠥᠷ ᠬᠠᠯᠠᠭᠤᠨ ᠤ ᠴᠠᠬᠢᠯᠭᠠᠨ ᠢ ᠬᠢᠵᠠᠭᠠᠷᠯᠠᠬᠤ︶ ᠮᠡᠳᠡᠭᠳᠡᠯ ᠢ ᠣᠯᠵᠤ᠂ 11 ᠴᠠᠭ 19 ᠮᠢᠨᠦ᠋ᠲ ᠲᠤ ᠠᠮᠠᠷᠠᠯᠲᠠ ᠶᠢᠨ ᠬᠤᠭᠤᠴᠠᠭᠠᠨ ᠤ ᠲᠣᠬᠢᠷᠠᠭᠤᠯᠤᠯᠲᠠ ᠵᠢᠴᠢ ᠠᠩᠬᠠᠷᠬᠤ ᠵᠦᠢᠯᠡᠰ ᠢ ᠮᠡᠳᠡᠭᠳᠡᠪᠡ᠂ 12 ᠴᠠᠭ 18 ᠮᠢᠨᠦ᠋ᠲ ᠲᠤ᠂ ᠺᠣᠮᠫᠠᠨᠢ ᠠᠴᠠ ᠸᠢᠴᠠᠲ ᠤᠨ ᠠᠵᠢᠯ ᠤᠨ ᠬᠤᠯᠪᠣᠭ᠎ᠠ ᠳᠤ ᠭᠠᠳᠠᠭᠰᠢ ᠭᠠᠷᠬᠤ ᠬᠥᠮᠥᠰ ᠨᠡᠷ᠎ᠡ ᠪᠠᠨ ᠵᠠᠯᠭᠠᠵᠤ ᠪᠢᠴᠢᠬᠦ ᠪᠢᠴᠢᠭᠡᠰᠦ ᠶᠠᠪᠤᠭᠤᠯᠤᠭᠰᠠᠨ ᠳᠤ ᠶᠠᠩ ᠣᠪᠣᠭᠲᠤ 12 ᠴᠠᠭ 35 ᠮᠢᠨᠦ᠋ᠲ ᠲᠤ ᠬᠤᠯᠪᠣᠭᠠᠰᠤ ᠳᠤ ᠣᠷᠣᠯᠴᠠᠨ ᠨᠡᠷ᠎ᠡ ᠪᠠᠨ ᠪᠢᠴᠢᠵᠦ᠂ ᠷᠦᠩ ᠠᠴᠠ ᠭᠠᠷᠴᠤ ᠰᠦᠢ ᠨᠢᠩ ᠳᠤ ᠣᠴᠢᠬᠤ ᠪᠠᠷ ᠮᠡᠳᠡᠭᠦᠯᠵᠡᠢ᠃          2023 ᠣᠨ ᠤ 3 ᠰᠠᠷ᠎ᠠ ᠶᠢᠨ 15 ᠤ ᠡᠳᠦᠷ᠂ ᠶᠠᠩ ᠣᠪᠣᠭᠲᠤ ᠶᠢᠨ ᠭᠡᠷ ᠪᠦᠯᠢ ᠶᠠᠩ ᠣᠪᠣᠭᠲᠤ ᠶᠢᠨ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠯᠭᠠᠬᠤ ᠭᠤᠶᠤᠴᠢᠯᠠᠯ ᠢ ᠳᠡᠪᠰᠢᠭᠦᠯᠵᠡᠢ᠃          ᠰᠢᠢᠳᠪᠦᠷᠢᠯᠡᠭᠰᠡᠨ ᠦᠷ᠎ᠡ ᠳ᠋ᠦᠩ          ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠶᠠᠩ ᠣᠪᠣᠭᠲᠤ ᠶᠢᠨ ᠨᠠᠰᠤ ᠪᠠᠷᠠᠭᠰᠠᠨ ᠨᠢ ᠠᠵᠢᠯ ᠠᠴᠠ ᠪᠣᠯᠤᠭᠰᠠᠨ ᠭᠡᠮᠲᠦᠯ ᠪᠢᠰᠢ ᠬᠡᠮᠡᠨ ᠮᠠᠭᠠᠳᠯᠠᠭᠰᠠᠨ ᠲᠣᠭᠲᠠᠭᠠᠯ ᠤᠨ ᠪᠢᠴᠢᠭ ᠭᠠᠷᠭᠠᠵᠠᠢ᠃          ᠬᠡᠷᠡᠭ ᠤᠨ ᠵᠢᠱᠢᠶ᠎ᠡ ᠶᠢᠨ ᠵᠠᠳᠠᠯᠤᠯᠲᠠ          ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠠᠷᠪᠠᠨ ᠳᠥᠷᠪᠡᠳᠦᠭᠡᠷ ᠵᠦᠢᠯ ᠤᠨ ︵ᠵᠢᠷᠭᠤᠭ᠎ᠠ︶ ᠳ᠋ᠤᠭᠠᠷ ᠵᠤᠷᠪᠤᠰ ᠲᠤ᠂ ᠠᠵᠢᠯᠲᠠᠨ ᠠᠵᠢᠯᠴᠢᠨ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠵᠠᠮ ᠳᠠᠭᠠᠨ ᠲᠤᠰ ᠬᠥᠮᠥᠨ ᠤ ᠭᠤᠣᠯ ᠬᠠᠷᠢᠭᠤᠴᠠᠯᠭ᠎ᠠ ᠶᠢᠨ ᠪᠤᠰᠤ ᠵᠠᠮ ᠬᠠᠷᠢᠯᠴᠠᠭᠠᠨ ᠤ ᠭᠡᠨᠡᠳᠡᠯ ᠪᠤᠶᠤ ᠬᠤᠳᠠ ᠶᠢᠨ ᠵᠢᠮᠳᠤ ᠵᠠᠮ ᠬᠠᠷᠢᠯᠴᠠᠭ᠎ᠠ᠂ ᠠᠶᠠᠨᠴᠢᠳ ᠤᠨ ᠲᠡᠭᠡᠭᠡᠪᠦᠷᠢ ᠣᠩᠭᠤᠴᠠ ᠪᠠᠷ ᠭᠠᠲᠤᠯᠬᠤ᠂ ᠭᠠᠯᠲᠤ ᠲᠡᠷᠭᠡᠨ ᠤ ᠡᠡ᠊ᠨᠳᠡᠯ ᠠᠴᠠ ᠪᠣᠯᠵᠤ ᠭᠡᠮᠲᠦᠭᠰᠡᠨ ᠪᠠᠶᠢᠪᠠᠯ᠂ ᠠᠵᠢᠯ ᠠᠴᠠ ᠪᠣᠯᠤᠭᠰᠠᠨ ᠭᠡᠮᠲᠦᠯ ᠢᠶᠠᠷ ᠮᠠᠭᠠᠳᠯᠠᠨ ᠲᠣᠭᠲᠠᠭᠠᠬᠤ ᠬᠡᠷᠡᠭᠲᠡᠢ ᠭᠡᠵᠦ ᠲᠣᠭᠲᠠᠭᠠᠵᠠᠢ᠃ ᠳᠡᠭᠡᠷᠡᠬᠢ ᠲᠣᠭᠲᠠᠭᠠᠯ ᠢ ᠦᠨᠳᠦᠰᠦᠯᠡᠪᠡᠯ᠂ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠵᠠᠮ ᠳᠠᠬᠢ ᠠᠵᠢᠯ ᠠᠴᠠ ᠪᠣᠯᠤᠭᠰᠠᠨ ᠭᠡᠮᠲᠦᠯ ᠨᠢ ᠭᠤᠷᠪᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ ᠨᠢᠭᠡ ᠳᠤ ᠠᠵᠢᠯᠲᠠᠨ ᠠᠵᠢᠯᠴᠢᠨ ᠶᠠᠭ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠵᠠᠮ ᠳᠠᠭᠠᠨ ᠪᠠᠶᠢᠨ᠎ᠠ︔ ᠬᠤᠶᠠᠷ ᠲᠤ ᠵᠠᠮ ᠬᠠᠷᠢᠯᠴᠠᠭᠠᠨ ᠤ ᠭᠡᠨᠡᠳᠡᠯ ᠪᠤᠶᠤ ᠬᠤᠳᠠ ᠶᠢᠨ ᠵᠢᠮᠳᠤ ᠵᠠᠮ ᠬᠠᠷᠢᠯᠴᠠᠭ᠎ᠠ᠂ ᠠᠶᠠᠨᠴᠢᠳ ᠤᠨ ᠲᠡᠭᠡᠭᠡᠪᠦᠷᠢ ᠶᠢᠨ ᠣᠩᠭᠤᠴᠠ ᠪᠠᠷ ᠭᠠᠲᠤᠯᠬᠤ ᠪᠤᠶᠤ ᠭᠠᠯᠲᠤ ᠲᠡᠷᠭᠡᠨ ᠤ ᠡᠡ᠊ᠨᠳᠡᠯ ᠠᠴᠠ ᠪᠣᠯᠤᠭᠰᠠᠨ ᠰᠢᠷᠬᠠᠲᠤᠯ ᠭᠡᠮᠲᠦᠯ︔ᠭᠤᠷᠪᠠ ᠳᠤ ᠡᠡ᠊ᠨᠳᠡᠯ ᠤᠨ ᠳᠤᠮᠳᠠ ᠠᠵᠢᠯᠲᠠᠨ ᠠᠵᠢᠯᠴᠢᠨ ᠤ ᠬᠠᠷᠢᠭᠤᠴᠠᠯᠭ᠎ᠠ ᠪᠣᠯ ᠭᠤᠣᠯ ᠪᠤᠰᠤ ᠬᠠᠷᠢᠭᠤᠴᠠᠯᠭ᠎ᠠ ᠪᠣᠯᠣᠨ᠎ᠠ᠃          ᠲᠤᠰ ᠬᠡᠷᠡᠭ ᠲᠤ᠂ ᠶᠠᠩ ᠣᠪᠣᠭᠲᠤ ᠶᠢᠨ ᠰᠢᠷᠬᠠᠲᠤᠭᠰᠠᠨ ᠨᠢ ᠵᠠᠮ ᠬᠠᠷᠢᠯᠴᠠᠭᠠᠨ ᠤ ᠭᠡᠨᠡᠳᠡᠯ ᠠᠴᠠ ᠪᠣᠯᠤᠭᠰᠠᠨ ᠪᠥᠭᠡᠳ ᠲᠤᠰ ᠬᠥᠮᠥᠨ ᠨᠢ ᠳᠡᠳ᠋ ᠬᠠᠷᠢᠭᠤᠴᠠᠯᠭ᠎ᠠ ᠪᠣᠯᠣᠨ᠎ᠠ᠂ ᠡᠶᠢᠮᠦ ᠠᠴᠠ ᠠᠵᠢᠯ ᠠᠴᠠ ᠪᠣᠯᠤᠭᠰᠠᠨ ᠭᠡᠮᠲᠦᠯ ᠢᠶᠠᠷ ᠮᠠᠭᠠᠳᠯᠠᠨ ᠲᠣᠭᠲᠠᠭᠠᠵᠤ ᠪᠣᠯᠬᠤ ᠡᠰᠡᠬᠦ ᠶᠢᠨ ᠵᠠᠩᠭᠢᠯᠠᠭ᠎ᠠ ᠨᠢ ᠲᠡᠭᠦᠨ ᠤ ᠰᠢᠷᠬᠠᠲᠤᠭᠰᠠᠨ ᠦᠶ᠎ᠡ ᠳᠤ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠵᠠᠮ ᠳᠠᠭᠠᠨ ᠪᠠᠶᠢᠭᠰᠠᠨ ᠡᠰᠡᠬᠦ ᠶᠢ ᠦᠵᠡᠨ᠎ᠡ᠃          ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠰᠠᠭ ᠵᠠᠬᠢᠷᠭᠠᠨ ᠤ ᠬᠡᠷᠡᠭ ᠢ ᠰᠢᠭᠦᠬᠦ ᠠᠰᠠᠭᠤᠳᠠᠯ ᠤᠳ ᠤᠨ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠣᠭᠲᠠᠭᠠᠯ︾ ᠤᠨ ᠵᠢᠷᠭᠤᠳᠤᠭᠠᠷ ᠵᠦᠢᠯ ᠳᠤ᠂ ᠵᠦᠢ ᠵᠣᠬᠢᠰᠲᠠᠢ ᠴᠠᠭ ᠤᠨ ᠳᠣᠲᠣᠷ᠎ᠠ ᠠᠵᠢᠯᠯᠠᠵᠤ ᠪᠠᠶᠢᠭ᠎ᠠ ᠭᠠᠵᠠᠷ ᠪᠣᠯᠣᠨ ᠣᠷᠣᠨ ᠰᠠᠭᠤᠴᠠ ᠶᠢᠨ ᠭᠠᠵᠠᠷ᠂ ᠦᠷᠭᠦᠯᠵᠢ ᠰᠠᠭᠤᠵᠤ ᠪᠠᠶᠢᠭ᠎ᠠ ᠭᠠᠵᠠᠷ᠂ ᠪᠠᠶᠢᠭᠤᠯᠭ᠎ᠠ ᠨᠢᠭᠡᠴᠢ ᠶᠢᠨ ᠪᠠᠶᠢᠷᠢ ᠶᠢᠨ ᠵᠦᠢ ᠵᠣᠬᠢᠰᠲᠠᠢ ᠵᠠᠮ ᠢᠶᠠᠷ ᠨᠠᠰᠢ ᠴᠠᠰᠢ ᠶᠠᠪᠤᠬᠤ ᠪᠤᠶᠤ ᠵᠦᠢ ᠵᠣᠬᠢᠰᠲᠠᠢ ᠴᠠᠭ ᠤᠨ ᠳᠣᠲᠣᠷ᠎ᠠ ᠠᠵᠢᠯᠯᠠᠵᠤ ᠪᠠᠶᠢᠭ᠎ᠠ ᠭᠠᠵᠠᠷ ᠪᠣᠯᠣᠨ ᠬᠤᠯᠪᠣᠰᠤ᠂ ᠡᠴᠢᠭᠡ ᠡᠬᠡ᠂ ᠦᠷ᠎ᠡ ᠬᠡᠦᠬᠡᠳ ᠤᠨ ᠰᠠᠭᠤᠵᠤ ᠪᠠᠶᠢᠭ᠎ᠠ ᠭᠠᠵᠠᠷ ᠤᠨ ᠵᠦᠢ ᠵᠣᠬᠢᠰᠲᠠᠢ ᠵᠠᠮ ᠢᠶᠠᠷ ᠨᠠᠰᠢ ᠴᠠᠰᠢ ᠶᠠᠪᠤᠬᠤ ᠶᠠᠪᠤᠳᠠᠯ ᠢ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠵᠠᠮ ᠵᠠᠭᠤᠷ᠎ᠠ ᠪᠠᠷ ᠮᠠᠭᠠᠳᠯᠠᠨ ᠲᠣᠭᠲᠠᠭᠠᠨ᠎ᠠ᠃ ᠲᠤᠰ ᠬᠡᠷᠡᠭ ᠲᠤ᠂ ᠡᠩ ᠲᠡᠷᠢᠭᠦᠨ ᠳᠤ᠂ ᠶᠠᠩ ᠣᠪᠣᠭᠲᠤ ᠶᠢᠨ ᠨᠤᠲᠤᠭ ᠲᠠᠭᠠᠨ ᠪᠤᠴᠠᠬᠤ ᠡᠬᠢᠯᠡᠯᠲᠡ ᠶᠢᠨ ᠴᠡᠭ ᠨᠢ ᠺᠣᠮᠫᠠᠨᠢ ᠶᠢᠨ ᠪᠠᠶᠢᠷᠢ ᠪᠣᠯᠣᠨ᠎ᠠ᠂ ᠬᠠᠷᠢᠨ ᠺᠣᠮᠫᠠᠨᠢ ᠪᠢᠰᠢ᠂ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠵᠦᠢ ᠵᠣᠬᠢᠰᠲᠠᠢ ᠵᠠᠮ ᠱᠤᠭᠤᠮ ᠳᠤ ᠲᠣᠭᠠᠴᠠᠭᠳᠠᠬᠤ ᠦᠭᠡᠢ︔ ᠳᠠᠷᠠᠭ᠎ᠠ ᠳᠤᠨᠢ᠂ ᠶᠠᠩ ᠣᠪᠣᠭᠲᠤ ᠶᠢᠨ ᠠᠵᠢᠯ ᠤᠨ ᠪᠠᠶᠢᠷᠢ ᠠᠴᠠ ᠪᠠᠨ ᠰᠠᠯᠤᠭᠰᠠᠨ ᠴᠠᠭ ᠨᠢ 2022 ᠣᠨ ᠤ 8 ᠰᠠᠷ᠎ᠠ ᠶᠢᠨ 14 ᠤ ᠡᠳᠦᠷ ᠤᠨ 8 ᠴᠠᠭ 30 ᠮᠢᠨᠦ᠋ᠲ᠂ ᠵᠠᠮ ᠬᠠᠷᠢᠯᠴᠠᠭᠠᠨ ᠤ ᠭᠡᠨᠡᠳᠡᠯ ᠭᠠᠷᠤᠭᠰᠠᠨ ᠴᠠᠭ ᠨᠢ 2022 ᠣᠨ ᠤ 8 ᠰᠠᠷ᠎ᠠ ᠶᠢᠨ 15 ᠤ ᠡᠳᠦᠷ ᠤᠨ 15 ᠴᠠᠭ ᠤᠨ ᠦᠶ᠎ᠡ ᠪᠠᠷ ᠪᠠᠶᠢᠵᠤ᠂ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠵᠣᠬᠢᠰᠲᠠᠢ ᠴᠠᠭ ᠲᠤ ᠲᠣᠭᠠᠴᠠᠭᠳᠠᠬᠤ ᠦᠭᠡᠢ᠃ ᠡᠶᠢᠮᠦ ᠠᠴᠠ ᠶᠠᠩ ᠣᠪᠣᠭᠲᠤ ᠶᠢᠨ ᠦᠬᠦᠯ ᠨᠢ ᠠᠵᠢᠯ ᠠᠴᠠ ᠪᠣᠯᠤᠭᠰᠠᠨ ᠭᠡᠮᠲᠦᠯ ᠳᠤ ᠲᠣᠭᠠᠴᠠᠭᠳᠠᠬᠤ ᠦᠭᠡᠢ᠃ 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ