3 ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 132 ᠳ᠋ᠤᠭᠠᠷ ᠤᠳᠠᠭᠠᠨ ᠤ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ | ᠱᠦᠵᠢ ᠸᠠᠩ ᠨᠠᠢ ᠪᠢᠨ ᠬᠤᠷᠠᠯ ᠡᠷᠭᠢᠯᠡᠪᠡ᠃ᠠᠮᠤᠷᠪᠠᠲᠤ᠂ ᠭᠦᠸᠧ ᠬᠠᠨ ᠶᠤᠸᠠᠢ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠠᠢ︔ ᠪᠥᠬᠦ | ᠤᠯᠤᠰ᠂ ᠪᠥᠬᠦ ᠣᠷᠣᠨ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠂ ᠤᠯᠤᠰ ᠲᠥᠷᠥ ᠬᠠᠤᠯᠢ | ᠴᠠᠭᠠᠵᠠ ᠶᠢᠨ ᠡᠯ᠎ᠡ ᠪᠠᠶᠢᠭᠤᠯᠭ᠎ᠠ ᠨᠢᠭᠡᠴᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ | ᠰᠤᠷᠤᠯᠴᠠᠬᠤ ᠶᠢ ᠣᠨᠣᠯ ᠤᠨ ᠰᠤᠷᠤᠯᠴᠠᠯᠭ᠎ᠠ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠡᠨᠡ ᠬᠦ ᠣᠶᠢᠯᠠᠭᠠᠭᠳᠠᠬᠤᠨ ᠢ ᠨᠠᠮ ᠤᠨ ᠭᠡᠰᠢᠭᠦᠨ ᠺᠠᠳ᠋ᠷ ᠨᠢᠭᠡᠪᠦᠷᠢ᠂ | ᠣᠯᠠᠨ ᠲᠦᠮᠡᠨ ᠨᠢᠭᠡᠪᠦᠷᠢ ᠶᠢᠨ ᠰᠡᠳᠬᠢᠯ ᠳᠤ ᠭᠦᠨ ᠬᠠᠳᠠᠩᠰᠢᠭᠤᠯᠬᠤ ᠬᠡᠷᠡᠭᠲᠡᠢ᠃ ᠭᠠᠭᠴᠠ ᠬᠦ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ | ᠴᠢᠬᠤᠯᠠᠴᠢᠯᠠᠪᠠᠯ ᠰᠠᠶ᠋ᠢ ᠦᠢᠯᠡ ᠠᠵᠢᠯᠯᠠᠭ᠎ᠠ ᠳᠡᠭᠡᠷ᠎ᠡ ᠪᠠᠨ ᠡᠷᠡᠰ ᠲᠤᠭᠤᠰᠢᠯᠠᠭᠤᠯᠵᠤ᠂ ᠠᠮᠤᠷ ᠠᠮᠤᠭᠤᠯᠠᠩ ᠰᠢᠨ᠎ᠡ ᠪᠠᠷᠭᠤ ᠵᠡᠭᠦᠨ ᠬᠤᠰᠢᠭᠤᠨ ᠤ ᠪᠦᠲᠦᠭᠡᠨ | ᠪᠠᠶᠢᠭᠤᠯᠤᠯᠲᠠ ᠳᠤ ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠤᠯᠤᠰ ᠤᠨ ᠠᠮᠤᠷ ᠲᠦᠪᠰᠢᠨ ᠢ ᠬᠠᠮᠲᠤ ᠪᠠᠷ | ᠬᠠᠮᠠᠭᠠᠯᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ ᠴᠢᠳᠠᠨ᠎ᠠ᠃ | ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ | ᠬᠦᠨᠳᠦ᠂ ᠡᠭᠦᠷᠭᠡ ᠬᠠᠲᠠᠭᠤ ᠪᠡᠷᠬᠡ ᠪᠠᠶᠢᠵᠤ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠨᠢᠭᠡ ᠭᠤᠣᠯ ᠰᠢᠵᠢᠮ ᠳᠤ | ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠦᠨ᠂ | ︽ᠵᠢᠷᠭᠤᠭᠠᠨᠠᠵᠢᠯᠯᠠᠭᠠᠨ︾ ᠢ ᠪᠣᠳᠠᠲᠠᠢ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ | ᠲᠦᠪᠰᠢᠨ ᠢ ᠪᠠᠲᠤᠯᠠᠬᠤ᠂ ᠡᠩᠬᠡ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ | ᠬᠢᠵᠦ᠂ 2025 ᠣᠨ ᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠤ ᠬᠢᠨᠠᠨ ᠵᠥᠪᠯᠡᠪᠡ᠃ |