3 ᠰᠠᠷ᠎ᠠ ᠶᠢᠨ 19 ᠤ ᠦᠳᠡ ᠶᠢᠨ ᠡᠮᠦᠨ᠎ᠡ᠂ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠠᠶᠢᠭᠤᠯᠤᠯᠭ᠎ᠠ ᠶᠢᠨ ᠨᠠᠮ ᠤᠨ ᠡᠭᠦᠷ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ | ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠬᠤᠷᠠᠯ ᠬᠤᠷᠠᠯᠳᠤᠭᠤᠯᠪᠠ᠃ ᠬᠤᠷᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠱᠦᠵᠢ᠂ ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠠᠵᠢᠯ ᠤᠨ ᠬᠤᠷᠢᠶᠠᠨ ᠤ ᠡᠷᠬᠢᠯᠡᠭᠴᠢ | ᠡᠷᠬᠢᠯᠡᠪᠡ᠃ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠠᠮᠤᠷᠪᠠᠲᠤ᠂ ᠨᠠᠮ ᠤᠨ ᠤᠳᠤᠷᠢᠳᠬᠤ | ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠪᠠᠢ ᠱᠤᠸᠠᠩ ᠹᠦ᠋᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠠᠨ | ᠢᠦᠢ ᠯᠦᠩ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠷᠠᠯ ᠳᠤ ᠣᠷᠣᠯᠴᠠᠪᠠ᠃ | | | | ᠬᠤᠷᠠᠯ ᠠᠴᠠ ᠡᠮᠦᠨ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠤᠯᠭ᠎ᠠ ᠶᠢᠨ | ᠨᠠᠮ ᠤᠨ ᠡᠭᠦᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠷᠤᠯᠴᠠᠵᠤ ᠰᠤᠳᠤᠯᠤᠨ ᠶᠠᠷᠢᠯᠴᠠᠬᠤ᠂ ᠥᠷᠭᠡᠨ ᠢᠶᠠᠷ ᠰᠠᠨᠠᠯ ᠬᠤᠷᠢᠶᠠᠬᠤ᠂ ᠰᠡᠳᠬᠢᠯ ᠤᠨ | ᠦᠭᠡ ᠪᠠᠨ ᠶᠠᠷᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠳᠡᠯᠭᠡᠵᠦ᠂ ᠲᠣᠰ ᠤᠳᠠᠭᠠᠨ ᠤ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠬᠤᠷᠠᠯᠳᠤᠭᠤᠯᠬᠤ ᠳᠤ ᠪᠠᠲᠤ ᠰᠠᠭᠤᠷᠢ ᠶᠢ ᠲᠠᠯᠪᠢᠭᠰᠠᠨ ᠪᠠᠶᠢᠨ᠎ᠠ᠃ | ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠬᠠᠷᠭᠤᠭᠤᠯᠤᠨ | ᠪᠠᠶᠢᠴᠠᠭᠠᠵᠤ᠂ ᠪᠦᠬᠦ ᠨᠠᠮ ᠤᠨ ᠭᠡᠰᠢᠭᠦᠳ ᠬᠤᠶᠠᠷ ᠨᠠᠮ ᠤᠨ ᠳᠤᠭᠤᠶᠢᠯᠠᠩ ᠬᠤᠪᠢᠶᠠᠨ ᠨᠢᠭᠡ ᠨᠢᠭᠡ ᠪᠠᠷ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠪᠡ᠃ | ᠲᠤᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠨᠠᠮ ᠤᠨ ᠭᠡᠰᠢᠭᠦᠨ ᠨᠢᠭᠡᠪᠦᠷᠢ ᠶᠢᠨ ᠣᠪᠣᠷ ᠨᠢ ᠦᠨᠡᠨᠴᠢ ᠰᠢᠳᠤᠷᠭᠤ᠂ | ᠵᠠᠳᠠᠯᠤᠯᠲᠠ ᠨᠢ ᠭᠦᠨᠵᠡᠭᠡᠢ ᠪᠠᠶᠢᠵᠤ᠂ ᠨᠢᠭᠤᠷ ᠤᠯᠠᠶᠢᠯᠭᠠᠨ ᠬᠥᠯᠥᠰᠦ ᠭᠠᠷᠭᠠᠬᠤ᠂ ᠲᠠᠨᠢᠯᠲᠠ ᠪᠠᠨ ᠭᠦᠨᠵᠡᠭᠡᠶᠢᠷᠡᠭᠦᠯᠬᠦ᠂ ᠪᠦᠯᠬᠦᠮᠳᠡᠯ ᠢᠶᠠᠨ ᠴᠢᠩᠭᠠᠳᠬᠠᠬᠤ᠂ | ᠠᠵᠢᠯ ᠢᠶᠠᠨ ᠰᠠᠶᠢᠵᠢᠷᠠᠭᠤᠯᠬᠤ ᠵᠣᠷᠢᠯᠭ᠎ᠠ ᠳᠠᠭᠠᠨ ᠬᠦᠷᠴᠡᠢ᠃ ᠡᠨᠡ ᠬᠤᠭᠤᠴᠠᠭᠠᠨ ᠳᠤ ᠪᠠᠰᠠ ᠨᠠᠮ ᠤᠨ ᠡᠭᠦᠷ ᠪᠣᠯᠣᠨ ᠪᠦᠬᠦ ᠨᠠᠮ ᠤᠨ ᠭᠡᠰᠢᠭᠦᠨ ᠳᠤ | ᠠᠷᠠᠳᠴᠢᠯᠠᠯ ᠢᠶᠠᠷ ᠦᠨᠡᠯᠡᠯᠲᠡ ᠬᠢᠪᠡ᠃ | ᠠᠮᠤᠷᠪᠠᠲᠤ ᠴᠢᠬᠤᠯᠠᠴᠢᠯᠠᠭᠰᠠᠨ ᠨᠢ᠂ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠬᠡᠷᠡᠭᠲᠡᠢ᠃ ︽ᠲᠦᠷᠪᠡᠨ ᠤᠬᠠᠮᠰᠠᠷ︾ ᠢᠶᠠᠨ | ᠦᠨᠡᠨ ᠬᠦ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠡᠭᠦᠷ ᠤᠨ ᠪᠦᠬᠦᠯᠢ | ᠴᠣᠭᠴᠠ ᠶᠢᠨ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠬᠦᠴᠦᠯᠡᠨ ᠴᠢᠩᠭᠠᠳᠬᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ | ᠠᠮᠢᠳᠤᠷᠠᠯ ᠳᠤ ᠲᠥᠪ ᠴᠢᠩᠭ᠎ᠠ ᠬᠠᠨᠳᠤᠵᠤ᠂ ︽ᠨᠠᠮ ᠤᠨ ᠡᠭᠦᠷ ᠤᠨ ᠠᠵᠢᠯ ᠤᠨ ᠳᠦᠷᠢᠮ︾ ᠤᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠵᠤ᠂ ︽ᠭᠤᠷᠪᠠᠨ | ᠬᠤᠷᠠᠯ ᠨᠢᠭᠡ ᠬᠢᠴᠢᠶᠡᠯ︾ ᠪᠠ ︽ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠰᠤᠷᠤᠯᠴᠠᠯᠭ᠎ᠠ ᠪᠠᠨ | ᠦᠷᠭᠦᠯᠵᠢᠯᠡᠨ ᠴᠢᠩᠭᠠᠳᠬᠠᠵᠤ᠂ ᠰᠤᠷᠤᠯᠴᠠᠯᠭ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠪᠠᠶᠢᠩᠭᠤ ᠰᠤᠷᠤᠯᠴᠠᠨ ᠪᠠᠶᠢᠩᠭᠤ ᠰᠢᠨ᠎ᠡ ᠶᠢ ᠡᠭᠦᠳᠴᠦ᠂ | ᠭᠦᠨᠵᠡᠭᠡᠢ ᠰᠡᠳᠬᠢᠵᠦ ᠦᠢᠯᠡᠳᠦᠯᠭᠡᠵᠢᠭᠦᠯᠦᠨ ᠤᠬᠠᠪᠤᠷᠢᠯᠠᠵᠤ᠂ ᠡᠭᠦᠷᠢᠳᠡ ᠬᠤᠶᠢᠷᠭᠤᠰᠢᠬᠤ ᠦᠭᠡᠢ ᠪᠠᠶᠢᠬᠤ ᠬᠡᠷᠡᠭᠲᠡᠢ᠃ ᠡᠴᠦᠰ ᠤᠨ ᠦᠵᠦᠭᠦᠷ ᠤᠨ | ᠨᠠᠶᠢᠳᠠᠪᠤᠷᠢᠵᠢᠭᠤᠯᠤᠯᠲᠠ ᠶᠢ ᠠᠩᠬᠠᠷᠴᠤ᠂ ᠠᠵᠢᠯ ᠤᠨ ᠭᠤᠣᠯᠳᠠᠯᠭ᠎ᠠ ᠪᠠᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠳᠡᠭᠡᠷ᠎ᠡ ᠲᠠᠯᠪᠢᠬᠤ ᠶᠢ | ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠳᠤ ᠬᠦᠴᠦ ᠲᠠᠯᠪᠢᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠦᠨᠡᠨᠬᠦ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ ᠰᠡᠳᠬᠢᠴᠡ ᠶᠢᠨ ᠰᠢᠨ᠎ᠡ ᠶᠢ ᠡᠭᠦᠳᠴᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠣᠨᠴᠠᠯᠢᠭ ᠪᠦᠬᠦᠢ ᠨᠠᠮ ᠤᠨ ᠡᠭᠦᠷ ᠤᠨ ᠠᠵᠢᠯ ᠢ ᠰᠤᠳᠤᠯᠤᠨ ᠥᠷᠨᠢᠭᠦᠯᠵᠦ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠪᠣᠳᠠᠲᠤ ᠦᠷ᠎ᠡ | ᠪᠦᠲᠦᠮᠵᠢ ᠶᠢ ᠨᠡᠮᠡᠭᠳᠡᠭᠦᠯᠦᠨ᠂ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ | ᠤᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠬᠢ ᠦᠯᠢᠭᠡᠷ ᠳᠠᠭᠤᠷᠢᠶᠠᠯ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | ᠬᠤᠰᠢᠭᠤᠨ ᠤ ᠰᠢᠭᠤᠳ ᠬᠠᠷᠢᠶ᠎ᠠ ᠠᠵᠢᠯ ᠤᠨ ᠬᠤᠷᠢᠶ᠎ᠠ ᠶᠢᠨ ᠬᠠᠮᠢᠶ᠎ᠠ ᠪᠦᠬᠦᠢ ᠨᠥᠬᠦᠳ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠤᠯᠭ᠎ᠠ ᠶᠢᠨ ᠨᠠᠮ ᠤᠨ ᠪᠤᠰᠤ ᠤᠳᠤᠷᠢᠳᠬᠤ ᠪᠠᠭ ᠤᠨ ᠭᠡᠰᠢᠭᠦᠨ ᠪᠠ ᠨᠠᠮ ᠤᠨ ᠪᠤᠰᠤ ᠠᠵᠢᠯᠲᠠᠨ | ᠠᠵᠢᠯᠴᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠰᠤᠯᠠ ᠣᠷᠣᠯᠴᠠᠵᠠᠢ᠃ | | |