3 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | ᠭᠦᠭᠡᠬᠤᠲᠠ ᠳᠤ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ ᠽᠧᠦ ᠯᠧᠢ ᠲᠠᠢ ᠠᠭᠤᠯᠵᠠᠪᠠ᠃ | | | | | | | | | ᠰᠦᠨ ᠱᠤᠤ ᠴᠧᠩ ᠽᠧᠦ ᠯᠧᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠥᠪᠥᠷ ᠮᠣᠩᠭᠤᠯ ᠶᠠᠭ ᠶᠡᠷᠦᠩᠬᠡᠢ | ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠰᠠᠶᠢᠨ ᠪᠠᠶᠢᠳᠠᠯ ᠢᠶᠠᠨ ᠪᠠᠲᠤᠯᠠᠵᠤ ᠪᠤᠢ᠂ | ᠢᠯᠠᠩᠭᠤᠶ᠎ᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ | ᠥᠪᠥᠷ ᠮᠣᠩᠭᠤᠯ ᠬᠢᠭᠡᠳ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠠᠮᠲᠤᠷᠠᠯᠴᠠᠭ᠎ᠠ ᠰᠢᠨ᠎ᠡ ᠳᠡᠭᠲᠡᠷ ᠲᠤ ᠭᠠᠷᠴᠤ᠂ ᠬᠤᠶᠢᠰᠢᠳᠠ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠢᠷᠡᠭᠡᠳᠦᠢ ᠲᠤᠶᠢᠯ ᠤᠨ ᠰᠠᠷᠠᠭᠤᠯ ᠠᠭᠤᠳᠠᠮ ᠪᠠᠶᠢᠨ᠎ᠠ᠃ ᠪᠢᠳᠡ ᠳᠤᠷᠠᠲᠠᠶ᠎ᠠ ᠤᠯᠤᠰ ᠤᠨ ᠡᠨᠧᠷᠭᠢ ᠶᠢᠨ ᠪᠡᠯᠡ | ᠣᠷᠣᠭᠤᠯᠤᠯᠲᠠ ᠶᠢᠨ ᠪᠦᠯᠦᠭᠯᠡᠯ ᠯᠦᠭᠡ ᠶᠢᠨ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠨᠡᠭᠦᠷᠡᠰᠦ ᠪᠠᠷ ᠲᠣᠰᠣ ᠦᠢᠯᠡᠳᠬᠦ ᠵᠡᠷᠭᠡ ᠲᠦᠷᠦᠯ ᠵᠦᠢᠯ ᠢ | ᠲᠦᠷᠭᠡᠳᠬᠡᠨ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠳᠤ ᠨᠡᠩ ᠰᠠᠶᠢᠨ ᠦᠢᠯᠡᠴᠢᠯᠡᠨ᠎ᠡ᠃ | ᠨᠥᠭᠡᠴᠡ ᠡᠨᠧᠷᠭᠢ ᠪᠣᠯ ᠰᠢᠨ᠎ᠡ ᠡᠨᠧᠷᠭᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠪᠣᠭᠤᠮᠢ︾ ᠠᠰᠠᠭᠤᠳᠠᠯ ᠪᠣᠯᠣᠨ᠎ᠠ᠂ ᠤᠯᠤᠰ ᠤᠨ ᠡᠨᠧᠷᠭᠢ ᠶᠢᠨ ᠪᠡᠯᠡ | ᠣᠷᠣᠭᠤᠯᠤᠯᠲᠠ ᠶᠢᠨ ᠪᠦᠯᠦᠭᠯᠡᠯ ᠤᠨ ᠬᠢᠨ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠳᠤ ᠠᠩᠬᠠᠷᠤᠯ ᠢᠶᠠᠨ ᠲᠥᠪᠯᠡᠷᠡᠭᠦᠯᠦᠨ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠮᠡᠷᠭᠡᠵᠢᠯ ᠤᠨ ᠪᠣᠭᠤᠮᠲᠠ ᠰᠢᠪᠲᠤᠯᠤᠯᠲᠠ ᠪᠠᠨ ᠴᠢᠩᠭᠠᠳᠬᠠᠵᠤ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠳᠤ | ᠭᠦᠨᠵᠡᠭᠡᠢ ᠣᠷᠤᠯᠴᠠᠬᠤ ᠶᠢ ᠬᠦᠰᠡᠵᠦ ᠪᠠᠶᠢᠨ᠎ᠠ᠃ ᠪᠢᠳᠠ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠤᠨ | ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠢ ᠪᠠᠭᠲᠠᠭᠠᠭᠰᠠᠨ ᠥᠷᠭᠡᠨ ᠤᠯᠠᠨ ᠠᠵᠤ ᠠᠬᠤᠶᠢᠯᠠᠯ ᠳᠤ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠨ᠎ᠡ | ᠭᠡᠵᠡᠢ᠃ | ᠽᠧᠦ ᠯᠧᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠷᠳᠤ ᠬᠤᠭᠤᠴᠠᠭᠠᠨ ᠤ ᠲᠤᠷᠰᠢ ᠤᠯᠤᠰ ᠤᠨ | ᠡᠨᠧᠷᠭᠢ ᠶᠢᠨ ᠪᠡᠯᠡ ᠤᠷᠤᠭᠤᠯᠤᠯᠳᠠ ᠶᠢᠨ ᠪᠦᠯᠦᠭᠯᠡᠯ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠯᠤᠰ ᠤᠨ | ᠡᠨᠧᠷᠭᠢ ᠶᠢᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠬᠢᠨ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠪᠠ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ | ᠪᠠᠲᠤ ᠰᠠᠬᠢᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠪᠦᠭᠦ ᠬᠦᠴᠦᠨ ᠢᠶᠠᠷ ᠢᠶᠠᠨ ᠪᠠᠲᠤᠯᠠᠨ᠎ᠠ᠃ ᠲᠠᠷᠠᠭᠠᠴᠢ ᠶᠢᠨ ᠠᠯᠬᠤᠮ ᠳᠤ | ᠤᠯᠤᠰ ᠤᠨ ᠡᠨᠧᠷᠭᠢ ᠶᠢᠨ ᠪᠡᠯᠡ ᠤᠷᠤᠭᠤᠯᠤᠯᠳᠠ ᠶᠢᠨ ᠪᠦᠯᠦᠭᠯᠡᠯ ᠰᠠᠨᠠᠭᠠᠴᠢᠯᠠᠭ᠎ᠠ ᠠᠴᠠ ᠪᠠᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ | ᠲᠥᠯᠦᠪᠵᠢᠭᠦᠯᠭᠡ ᠲᠠᠢ ᠵᠣᠯᠭᠠᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠂ ᠠᠵᠤ ᠦᠢᠯᠡᠰ ᠤᠨ ᠬᠠᠮᠵᠢᠯᠴᠠᠬᠤ ᠳᠠᠪᠠᠭᠤᠯᠢᠭ ᠢᠶᠠᠨ | ᠤᠯᠠᠮ ᠨᠢᠭᠡ ᠠᠯᠬᠤᠮ ᠪᠠᠳᠠᠷᠠᠭᠤᠯᠵᠤ᠂ ᠬᠤᠶᠠᠷ ᠲᠠᠯ᠎ᠠ ᠶᠢᠨ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ᠂ ᠨᠡᠭᠦᠷᠡᠰᠦ ᠪᠠᠷ ᠲᠣᠰᠣ ᠦᠢᠯᠡᠳᠬᠦ | ᠮᠡᠷᠭᠡᠵᠢᠯ ᠢ ᠲᠠᠰ ᠳᠡᠪᠰᠢᠭᠦᠯᠬᠦ᠂ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠳᠤᠯᠤᠨ ᠨᠡᠭᠡᠭᠡᠬᠦ ᠵᠡᠷᠭᠡ ᠬᠦᠷᠢᠶᠡᠨ ᠳᠠᠬᠢ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ | ᠬᠦᠴᠦᠨ ᠢᠶᠠᠷ ᠢᠶᠠᠨ ᠳᠡᠮᠵᠢᠨ᠎ᠡ ᠭᠡᠪᠡ᠃ | ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ᠃ | | |